ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠣᠶ᠋ᠢᠷ ᠬᠣᠲᠠ ᠵᠢᠨ ᠬᠠᠶ᠋ᠢᠯᠠᠷ᠎ᠤᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠪᠣᠯᠤᠨ ᠰᠢᠶᠠᠩᠭ᠋ᠠᠩ᠎ᠤᠨ ᠴᠤᠸᠠᠩ ᡁᠢ ᠳᠤᠮᠳᠠᠳᠤ ᠰᠤᠷᠭ᠋ᠠᠭᠤᠯᠢ ᠡᠭᠡᠴᠢ ᠦᠬᠢᠨ ᠳᠡᠭᠦᠦ ᠰᠤᠷᠭ᠋ᠠᠭᠤᠯᠢ ᠵᠢᠨ ᠬᠠᠷᠢᠴᠠᠭ᠎ᠠ ᠪᠠᠶ᠋ᠢᠭᠤᠯᠪᠠ
ᠨᠡᠶ᠋ᠢᠲᠡᠯᠡᠭᠰᠡᠨ ᠴᠠᠭ᠄ 2024-08-07

      ᠣᠶ᠋ᠢᠷ᠎ᠠ᠎ᠳᠤ᠂ ᠥᠪᠥᠷ ᠮᠣᠩᠭᠣᠯ ᠰᠢᠶᠠᠩᠭ᠋ᠠᠩ᠎ᠤᠨ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠵᠢ ᠠᠬᠢᠭᠤᠯᠬᠤ ᠵᠢᠨ ᠲᠥᠯᠥᠭᠡ᠂ ᠰᠢᠶᠠᠩᠭ᠋ᠠᠩ᠎ᠤᠨ ᠴᠤᠸᠠᠩ ᡁᠢ ᠳᠤᠮᠳᠠᠳᠤ ᠰᠤᠷᠭ᠋ᠠᠭᠤᠯᠢ ᠵᠢᠨ ᠪᠠᠢ᠌ᠴᠠᠭ᠋ᠠᠵᠤ ᠰᠣᠯᠢᠯᠴᠠᠬᠤ ᠪᠦᠯᠬᠦᠮ ᠬᠥᠯᠥᠨ ᠪᠤᠶ᠋ᠢᠷ ᠬᠣᠲᠠ᠎ᠳᠤ ᠬᠦᠷᠴᠦ ᠪᠠᠶ᠋ᠢᠴᠠᠭ᠋ᠠᠵᠤ ᠰᠣᠯᠢᠯᠴᠠᠨ᠂ ᠬᠠᠶ᠋ᠢᠯᠠᠷ᠎ᠤᠨ ᠬᠣᠶᠠᠳᠤᠭ᠋ᠠᠷ ᠳᠤᠮᠳᠠᠳᠤ ᠰᠤᠷᠭ᠋ᠠᠭᠤᠯᠢ᠎ᠲᠠᠢ ᠡᠭᠡᠴᠢ ᠦᠬᠢᠨ ᠳᠡᠭᠦᠦ ᠰᠤᠷᠭ᠋ᠠᠭᠤᠯᠢ ᠵᠢᠨ ᠬᠠᠷᠢᠴᠠᠭ᠎ᠠ ᠪᠠᠢ᠌ᠭᠤᠯᠪᠠ᠃

   

1.webp.png


       ᠰᠣᠯᠢᠯᠴᠠᠭ᠋ᠠᠨ᠎ᠤ ᠪᠦᠯᠬᠦᠮ᠎ᠤᠨ 36 ᠪᠠᠭᠰᠢ ᠬᠠᠶ᠋ᠢᠯᠠᠷ᠎ᠤᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠵᠢᠨ ᠲᠣᠭ᠋ᠠᠵᠢᠭᠤᠯᠤᠭᠰᠠᠨ ᠵᠢᠭ᠋ᠠᠨ ᠰᠤᠷᠭ᠋ᠠᠯᠲᠠ ᠵᠢᠨ ᠲᠥᠬᠥᠭᠡᠷᠦᠮᠵᠢ᠂ ᠰᠤᠷᠭ᠋ᠠᠭᠤᠯᠢ ᠵᠢᠨ ᠲᠡᠦᠬᠡ ᠵᠢᠨ ᠬᠤᠩᠭᠢᠯ᠎ᠢ ᠲᠣᠭᠣᠷᠢᠨ ᠦᠵᠡᠵᠦ ᠪᠠᠶ᠋ᠢᠴᠠᠭ᠋ᠠᠭᠰᠠᠨ ᠪᠥᠭᠡᠳ ᠰᠤᠷᠭ᠋ᠠᠨ ᠬᠥᠮᠦᠵᠢᠯ ᠎ᠤᠨ ᠣᠶ᠋ᠢᠯᠠᠭ᠋ᠠᠭᠳᠠᠬᠤᠨ᠎ᠢ  ᠦᠢ᠍ᠯᠡᠳᠦᠯᠭᠡᠵᠢᠭᠦᠯᠦᠭᠰᠡᠨ᠂ ᠪᠠᠭᠰᠢ ᠬᠥᠮᠥᠵᠢᠭᠦᠯᠬᠦ ᠵᠢ ᠬᠡᠷᠡᠭᠵᠢᠭᠦᠯᠦᠭᠰᠡᠨ᠂ ᠰᠤᠷᠤᠭᠴᠢᠳ᠎ᠤᠨ ᠠᠵᠢᠯᠯᠠᠭ᠎ᠠ ᠵᠢ ᠥᠷᠨᠢᠭᠦᠯᠦᠭᠰᠡᠨ ᠵᠡᠷᠭᠡ ᠲᠠᠯ᠎ᠠ᠎ᠪᠠᠷ ᠬᠠᠶ᠋ᠢᠯᠠᠷ᠎ᠤᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠵᠢᠨ ᠪᠠᠭᠰᠢ ᠨᠠᠷ᠎ᠲᠠᠢ ᠰᠠᠨᠠᠯ ᠵᠶ᠋ᠠᠨ ᠰᠣᠯᠢᠯᠴᠠᠪᠠ᠃ ᠡᠨᠡ ᠤᠳᠠᠭ᠋ᠠᠨ᠎ᠤ ᠰᠣᠯᠢᠯᠴᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠰᠢᠶᠠᠩᠭ᠋ᠠᠩ᠎ᠤᠨ ᠪᠠᠭᠰᠢ ᠮᠠᠨ᠎ᠤ ᠣᠷᠣᠨ᠎ᠤ ᠰᠠᠭᠤᠷᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠣᠨᠴᠠᠯᠢᠭ ᠪᠠ ᠣᠳᠣᠬᠢᠴᠢᠯᠠᠭᠰᠠᠨ ᠬᠥᠭᠵᠢᠯᠲᠡ ᠵᠢᠨ ᠦᠷ᠎ᠡ ᠪᠦᠲᠦᠮᠵᠢ ᠵᠢ ᠭᠦᠨᠵᠡᠭᠡᠢ ᠣᠶ᠋ᠢᠯᠠᠭ᠋ᠠᠵᠤ᠂ ᠥᠪᠥᠷ ᠮᠣᠩᠭᠣᠯ ᠰᠢᠶᠠᠩᠭ᠋ᠠᠩ᠎ᠤᠨ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠪᠠ ᠬᠠᠮᠲᠤᠷᠠᠯᠴᠠᠭ᠋ᠠᠨ᠎ᠤ ᠳᠠᠯᠳᠠ ᠬᠦᠴᠦᠨ᠎ᠢ ᠤᠯᠠᠮ ᠨᠢᠭᠡ ᠠᠯᠬᠤᠮ ᠬᠥᠭᠵᠢᠭᠡᠪᠡ᠃
      ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠮᠠᠨ᠎ᠤ ᠣᠷᠣᠨ᠎ᠤ ᠰᠤᠷᠭ᠋ᠠᠭᠤᠯᠢ ᠪᠣᠯᠤᠨ ᠰᠢᠶᠠᠩᠭ᠋ᠠᠩ ᠣᠣᠮᠧᠨ᠎ᠤ ᠰᠤᠷᠭ᠋ᠠᠭᠤᠯᠢ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠢᠳᠡᠪᠬᠢᠲᠡᠢ ᠠᠬᠢᠭᠤᠯᠵᠤ᠂ ᠣᠳᠣ ᠨᠢᠭᠡᠨᠲᠡ 3 ᠰᠤᠷᠭ᠋ᠠᠭᠤᠯᠢ ᠰᠢᠶᠠᠩᠭ᠋ᠠᠩ᠂ ᠣᠣᠮᠧᠨ᠎ᠤ ᠰᠤᠷᠭ᠋ᠠᠭᠤᠯᠢ᠎ᠯᠤᠭ᠎ᠠ ᠡᠭᠡᠴᠢ ᠥᠬᠢᠨ ᠳᠡᠭᠦᠦ ᠰᠤᠷᠭ᠋ᠠᠭᠤᠯᠢ ᠵᠢᠨ ᠬᠠᠷᠢᠴᠠᠭ᠎ᠠ           ᠪᠠᠢ᠌ᠭᠤᠯᠪᠠ᠃ ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠰᠣᠯᠢᠯᠴᠠᠭ᠋ᠠᠨ᠎ᠤ ᠲᠠᠪᠴᠠᠩ᠎ᠢ ᠦᠷᠭᠦᠯᠵᠢᠯᠡᠨ ᠲᠡᠭᠦᠯᠳᠡᠷᠵᠢᠭᠦᠯᠵᠦ᠂ ᠥᠪᠥᠷ ᠮᠣᠩᠭᠣᠯ ᠪᠣᠯᠤᠨ ᠰᠢᠶᠠᠩᠭ᠋ᠠᠩ᠂ ᠣᠣᠮᠧᠨ᠎ᠤ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ ᠠᠬᠢᠭᠤᠯᠤᠨ᠎ᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠣᠷᠳᠣᠰ ᠬᠤᠳᠠ ᠪᠠᠭᠰᠢ ᠨᠠᠷ᠎ᠲᠤ ᠲᠣᠬᠢᠷᠠᠭᠰᠠᠨ ᠲᠤᠰᠬᠠᠢ ᠠᠭ᠋ᠠᠷ᠎ᠤᠨ ᠠᠶᠠᠯᠠᠯ᠎ᠤᠨ ᠦᠢ᠍ᠯᠡᠳᠬᠦᠨ᠎ᠢ ᠡᠭᠦᠳᠴᠦ ᠪᠠᠭᠰᠢ ᠵᠢ ᠬᠦᠨᠳᠦᠯᠡᠨ ᠰᠤᠷᠭ᠋ᠠᠨ ᠬᠥᠮᠦᠵᠢᠯ᠎ᠢ ᠴᠢᠬᠤᠯᠠᠴᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠪᠠ
ᠦᠨᠳᠦᠰᠦᠨ ᠱᠠᠲᠤᠨ᠎ᠤ ᠭᠣᠣᠯᠯᠠᠭᠴᠢ ᠬᠦᠴᠦᠨ᠎ᠢ ᠬᠥᠮᠦᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ - ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠵᠢᠴᠢ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢ ᠬᠡᠷᠡᠭᠵᠢᠭᠦᠯᠵᠦ ᠪᠠᠢ᠌ᠭ᠎ᠠ ᠬᠡᠰᠡᠭ ᠣᠷᠣᠨ᠎ᠤ ᠰᠤᠷᠭ᠋ᠠᠭᠤᠯᠢ ᠡᠷᠬᠢᠯᠡᠭᠰᠡᠨ ᠲᠤᠷᠰᠢᠯᠭ᠎ᠠ᠎ᠪᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠵᠢ ᠡᠷᠬᠢᠯᠡᠪᠡ
ᠦᠬᠠᠶ ᠬᠣᠲᠠ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠠᠵᠢᠯᠯᠠᠭ᠎ᠠ ᠥᠷᠨᠢᠭᠦᠯᠪᠡ — ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠠᠵᠢᠯᠯᠠᠭ᠋ᠠᠨ᠎ᠤ ᠰᠠᠷ᠎ᠠ
ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠠᠮᠲᠤ ᠵᠢᠨ ᠴᠣᠭᠴᠠ ᠵᠢᠨ ᠠᠬᠤᠢ ᠲᠠᠯᠠᠪᠠᠢ ᠵᠢᠨ ᠵᠢᠭ᠋ᠠᠨ ᠰᠤᠷᠭ᠋ᠠᠯᠲᠠ᠂ ᠰᠣᠨᠣᠰᠴᠤ ᠦᠨᠡᠯᠡᠬᠦ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ᠎ᠤᠨ ᠠᠩᠭᠢ ᠵᠢ ᠡᠷᠭᠢᠯᠡᠪᠡ
ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ — ᠬᠥᠬᠡᠬᠣᠲᠠ ᠵᠢᠨ ᠲᠥᠮᠡᠳ ᠳᠤᠮᠳᠠᠳᠤ ᠰᠤᠷᠭ᠋ᠠᠭᠤᠯᠢ ᠵᠢᠨ ᠲᠠᠷᠢᠶᠠᠨ ᠵᠠᠬ᠎ᠠ᠎ᠳᠤ ᠰᠣᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ
 
             蒙ICP备05000248号