ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠠᠵᠢᠯᠯᠠᠭ᠎ᠠ ᠥᠷᠨᠢᠭᠦᠯᠪᠡ — ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠠᠵᠢᠯᠯᠠᠭ᠋ᠠᠨ᠎ᠤ ᠰᠠᠷ᠎ᠠ
ᠨᠡᠶ᠋ᠢᠲᠡᠯᠡᠭᠰᠡᠨ ᠴᠠᠭ᠄ 2024-09-30

     ᠡᠨᠡ ᠵᠢᠯ᠎ᠤᠨ 9 ᠰᠠᠷ᠎ᠠ ᠪᠣᠯ ᠪᠦᠬᠦ ᠣᠷᠣᠨ᠎ᠤ 41᠎ᠳᠠᠬᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯᠯᠠᠭ᠋ᠠᠨ᠎ᠤ ᠰᠠᠷ᠎ᠠ ᠪᠣᠯᠤᠨ᠎ᠠ᠂ ᠦᠬᠠᠢ ᠬᠤᠳᠠ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠰᠤᠷᠭ᠋ᠠᠭᠤᠯᠢ ᠡᠷᠬᠢᠯᠡᠵᠤ ᠰᠤᠷᠭ᠋ᠠᠭᠤᠯᠢ ᠵᠢ ᠵᠠᠰᠠᠬᠤ ᠡᠯ᠎ᠡ ᠬᠦᠷᠢᠶ᠎ᠡ ᠪᠣᠯᠤᠨ ᠪᠢᠴᠢᠭ ᠵᠢᠭ᠋ᠠᠵᠤ ᠬᠥᠮᠦᠨ ᠬᠥᠮᠦᠵᠢᠭᠦᠯᠬᠦ ᠪᠦᠬᠦ ᠶᠠᠪᠤᠴᠠ᠎ᠳᠤ ᠠᠭᠤᠰᠬᠠᠬᠤ ᠵᠢ ᠪᠠᠷᠢᠮᠲᠠᠯᠠᠨ᠂ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠵᠢ ᠵᠣᠬᠢᠶᠠᠨ ᠪᠠᠶ᠋ᠢᠭᠤᠯᠵᠤ 《ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠬᠡᠷ᠎ᠢ ᠰᠠᠶ᠋ᠢᠲᠤᠷ ᠶᠠᠷᠢᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠤᠶ᠎ᠠ》 ᠭᠡᠬᠦ ᠠᠵᠢᠯᠯᠠᠭ᠋ᠠᠨ᠎ᠤ ᠰᠠᠷ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ᠂ ᠠᠴᠢᠶᠠᠯᠠᠪᠤᠷᠢ ᠵᠢᠨ ᠬᠡᠯᠪᠡᠷᠢ ᠵᠢ ᠪᠠᠶᠠᠯᠢᠭᠵᠢᠭᠤᠯᠵᠤ᠂ ᠪᠦᠬᠦ ᠠᠵᠢᠯᠳᠠᠨ᠎ᠤ᠂ ᠪᠠᠢ᠌ᠩᠭᠤ ᠵᠢᠨ᠂ ᠲᠥᠷᠦᠯ ᠡᠲᠡᠭᠡᠳ ᠵᠶ᠋ᠡᠷ ᠬᠤᠪᠢᠶᠠᠨ ᠤᠬᠠᠭᠤᠯᠭ᠎ᠠ ᠬᠥᠮᠦᠵᠢᠯ ᠥᠷᠨᠢᠭᠦᠯᠵᠦ᠂ ᠥᠷᠭᠡᠨ ᠤᠯᠠᠨ ᠪᠠᠭᠰᠢ  ᠰᠤᠷᠤᠭᠴᠢ ᠵᠢ ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠤᠭᠴᠢ᠂ ᠬᠦᠷᠢᠶᠡᠯᠡᠭᠴᠢ ᠪᠠ ᠦᠢ᠍ᠯᠡᠳᠦᠯᠭᠡᠵᠢᠭᠦᠯᠦᠭᠴᠢ ᠪᠣᠯᠭ᠋ᠠᠪᠠ᠃


1.png


      ᠦᠬᠠᠶ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ 《ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠨᠢᠭᠲᠠᠷᠠᠭᠤᠯᠤᠨᠠᠮ》 ᠭᠡᠬᠦ ᠭᠤᠤᠯ ᠰᠡᠳᠦᠪ ᠵᠶ᠋ᠡᠷ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠵᠤ᠂ ᠰᠤᠷᠤᠭᠴᠢᠳ ᠪᠠ ᠥᠷᠭᠡᠨ ᠣᠯᠠᠨ ᠪᠠᠭᠰᠢ ᠵᠢᠨ ᠵᠣᠷᠢᠭᠲᠠᠶ ᠰᠦᠪᠡᠭᠴᠢᠯᠡᠵᠦ᠂ ᠵᠣᠷᠢᠭᠲᠠᠶ ᠦᠢ᠍ᠯᠡᠳᠦᠯᠭᠡᠵᠢᠭᠦᠯᠬᠦ ᠵᠣᠷᠢᠭ ᠰᠠᠨᠠᠭ᠎ᠠ ᠵᠢ ᠬᠥᠮᠦᠵᠢᠭᠦᠯᠪᠡ᠃ ᠰᠤᠷᠭ᠋ᠠᠭᠤᠯᠢ᠎ᠠᠴᠠ ᠪᠠᠰᠠ 《ᠬᠤᠪᠢᠰᠬᠠᠯ᠎ᠤᠨ ᠰᠣᠩᠭᠣᠳᠠᠭ》 ᠨᠣᠮ ᠤᠩᠰᠢᠵᠤ ᠬᠤᠪᠢᠶᠠᠯᠴᠠᠬᠤ ᠬᠤᠷᠠᠯ᠎ᠢ ᠡᠷᠬᠢᠯᠡᠨ᠂ ᠵᠠᠯᠠᠭᠤᠴᠤᠳ ᠵᠶ᠋ᠠᠷ ᠬᠤᠪᠢᠰᠬᠠᠯ᠎ᠤᠨ ᠦᠯᠢᠭᠡᠷ᠎ᠢ ᠰᠠᠶ᠋ᠢᠲᠤᠷ ᠶᠠᠷᠢᠭᠤᠯᠪᠠ᠃
      ᠦᠬᠠᠢ ᠬᠤᠳᠠ ᠵᠢᠨ ᠵᠢᠷᠭᠤᠳᠤᠭ᠋ᠠᠷ ᠳᠤᠮᠳᠠᠳᠤ ᠰᠤᠷᠭ᠋ᠠᠭᠤᠯᠢ 《ᠦᠨᠳᠦᠰᠦᠲᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠡᠬᠡ ᠣᠷᠣᠨᠴᠢ ᠦᠵᠡᠯ ᠰᠡᠳᠬᠢᠯᠭᠡ᠎ᠪᠠᠨ ᠲᠣᠳᠤᠷᠠᠭᠤᠯᠤᠶ᠎ᠠ》 ᠭᠡᠬᠦ ᠭᠣᠣᠯ ᠰᠡᠳᠦᠪᠲᠦ ᠠᠩᠬᠢ ᠵᠢᠨ ᠬᠤᠷᠠᠯ᠎ᠢ ᠥᠷᠨᠢᠭᠦᠯᠵᠦ᠂ ᠡᠯ᠎ᠡ ᠠᠩᠬᠢ ᠵᠢᠨ᠎ᠬᠢᠨ ᠨᠠᠷᠢᠨ ᠨᠢᠮᠪᠠᠢ ᠪᠡᠯᠡᠳᠭᠡᠨ᠂ ᠵᠠᠯᠠᠭᠤᠴᠤᠳ ᠪᠠᠭ᠋ᠠᠴᠤᠳ᠎ᠤᠨ ᠳᠤᠮᠳᠠ ᠭᠦᠨᠵᠡᠭᠡᠢ᠂ ᠤᠳᠠᠭ᠋ᠠᠨ ᠳᠠᠭ᠋ᠠᠭ᠋ᠠᠮᠠᠭ᠋ᠠᠢ᠂ ᠠᠮᠢᠳᠤᠯᠢᠭ ᠡᠬᠡ ᠣᠷᠣᠨᠴᠢ ᠦᠵᠡᠯ᠎ᠤᠨ ᠬᠥᠮᠦᠵᠢᠯ᠎ᠢ ᠥᠷᠨᠢᠭᠦᠯᠪᠡ᠃


2.png


      ᠦᠬᠠᠶ ᠬᠣᠲᠠ ᠵᠢᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠲᠥᠯᠥᠭᠡᠯᠡᠭᠴᠢ ᠤᠯᠤᠰ᠎ᠤᠨ ᠲᠣᠭ᠎ᠤᠨ ᠳᠤᠤᠷ᠎ᠠ ᠶᠠᠷᠢᠶ᠎ᠠ ᠲᠠᠯᠪᠢᠵᠤ᠂ ᠰᠤᠷᠭ᠋ᠠᠭᠤᠯᠢ ᠵᠢᠨ ᠵᠠᠬᠢᠷᠤᠯ ᠎ᠠᠴᠠ 《ᠬᠦᠰᠡᠯ ᠢᠷᠡᠭᠡᠳᠦᠶ ᠵᠢᠨ ᠵᠠᠮ᠎ᠢ ᠭᠡᠶ᠋ᠢᠭᠦᠯᠵᠦ ᠡᠷᠡᠮᠡᠬᠡᠶ᠋ᠢᠯᠡᠨ ᠲᠡᠮᠡᠴᠡᠵᠦ ᠬᠡᠷᠡᠯ ᠰᠠᠴᠤᠷᠠᠩᠭᠤᠶ ᠰᠢᠨ᠎ᠡ ᠠᠮᠵᠢᠯᠲᠠ ᠵᠢ ᠡᠭᠦᠳᠦᠨᠡᠮ》 ᠭᠡᠬᠦ ᠭᠤᠤᠯ ᠰᠡᠳᠦᠪ ᠵᠶ᠋ᠠᠷ ᠪᠥᠬᠥ ᠰᠤᠷᠭ᠋ᠠᠭᠤᠯᠢ ᠵᠢᠨ ᠪᠠᠭᠰᠢ ᠰᠤᠷᠤᠭᠴᠢᠳ᠎ᠲᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠪᠠ᠃


3.png


      ᠦᠬᠠᠶ ᠬᠣᠲᠠ ᠵᠢᠨ ᠲᠠᠪᠤᠳᠤᠭ᠋ᠠᠷ ᠳᠤᠮᠳᠠᠳᠤ ᠰᠤᠷᠭ᠋ᠠᠭᠤᠯᠢ ᠲᠣᠭ ᠮᠠᠨᠳᠤᠭᠤᠯᠬᠤ ᠶᠣᠰᠣᠯᠠᠯ ᠵᠢᠴᠢ ᠰᠤᠷᠭ᠋ᠠᠭᠤᠯᠢ ᠡᠬᠢᠯᠡᠭᠰᠡᠨ ᠦᠵᠡᠯ ᠰᠠᠨᠠᠭ᠎ᠠ ᠤᠯᠤᠰ ᠲᠥᠷᠥ ᠵᠢᠨ ᠠᠩᠬᠠᠨ᠎ᠤ ᠬᠢᠴᠢᠶᠡᠯ ᠎ᠢ ᠣᠷᠣᠵᠤ᠂ ᠰᠤᠷᠤᠭᠴᠢᠳ᠎ᠤᠨ ᠲᠥᠯᠥᠭᠡᠯᠡᠭᠴᠢ 《ᠤᠯᠤᠰ ᠵᠶ᠋ᠠᠨ ᠬᠦᠴᠦᠷᠬᠡᠭᠵᠢᠭᠦᠯᠦᠨ ᠮᠠᠨᠳᠤᠭᠤᠯᠬᠤ᠎ᠳᠤ ᠪᠢ ᠪᠣᠢ  ᠴᠠᠭ ᠦᠶ᠎ᠡ ᠵᠢᠨ ᠰᠢᠨ᠎ᠡ ᠬᠥᠮᠦᠨ ᠪᠣᠯᠬᠤ᠎ᠪᠠᠷ ᠴᠢᠷᠮᠠᠢ᠌ᠰᠤᠭ᠋ᠠᠢ》 ᠭᠡᠬᠦ ᠭᠤᠤᠯ ᠰᠡᠳᠦᠪ᠎ᠤᠨ ᠲᠣᠭᠣᠷᠢᠨ᠎ᠳᠤ ᠤᠯᠤᠰ᠎ᠤᠨ ᠲᠣᠭ᠎ᠤᠨ ᠳᠤᠤᠷ᠎ᠠ ᠶᠠᠷᠢᠶ᠎ᠠ ᠲᠠᠯᠪᠢᠵᠤ᠂ ᠰᠤᠷᠭ᠋ᠠᠭᠤᠯᠢ ᠵᠢᠨ ᠵᠠᠬᠢᠷᠤᠯ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠮᠠᠩᠯᠠᠢ᠌ᠯᠠᠭᠰᠠᠨ ᠥᠩᠭᠡᠷᠡᠯᠲᠡ᠎ᠪᠠᠷ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠬᠦᠴᠦᠨ ᠴᠢᠳᠠᠯ ᠵᠶ᠋ᠠᠨ  ᠡᠷᠭᠦᠰᠦᠭᠡᠢ ᠭᠡᠵᠦ ᠵᠣᠷᠢᠭᠵᠢᠭᠤᠯᠪᠠ᠃


4.png


      ᠦᠬᠠᠶ ᠬᠣᠲᠠ ᠵᠢᠨ ᠠᠷᠪᠠᠨ ᠵᠢᠷᠭᠤᠳᠤᠭ᠋ᠠᠷ ᠳᠤᠮᠳᠠᠳᠤ ᠰᠤᠷᠭ᠋ᠠᠭᠤᠯᠢ 《ᠠᠨᠠᠷ᠎ᠤᠨ ᠦᠷ᠎ᠡ ᠮᠡᠲᠦ ᠬᠡᠦᠬᠡᠳ ᠪᠥᠬᠦᠨ ᠰᠡᠳᠬᠢᠯ ᠨᠢᠭᠡᠲᠡᠢ》 ᠭᠡᠬᠦ ᠰᠤᠷᠭ᠋ᠠᠭᠤᠯᠢ᠎ᠳᠤ ᠣᠷᠣᠬᠤ ᠶᠣᠰᠣᠯᠠᠯ᠎ᠢ ᠡᠷᠬᠢᠯᠡᠨ᠂ 《ᠦᠰᠦᠨ ᠪᠣᠢ᠌ᠵᠢᠯᠲᠠ ᠵᠢᠨ ᠵᠠᠮ》᠎ᠢ ᠳᠤᠭᠤᠯᠬᠤ᠂ ᠠᠪᠤ ᠡᠵᠢ ᠪᠠᠭᠰᠢ᠎ᠳᠤ ᠎ᠪᠠᠨ ᠶᠣᠰᠣᠯᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠥᠷᠨᠢᠭᠦᠯᠵᠦ᠂ ᠪᠦᠯᠬᠦᠮᠳᠡᠨ ᠲᠡᠮᠡᠴᠡᠬᠦ ᠭᠤᠤᠯ ᠬᠥᠭ ᠠᠶᠠᠰ᠎ᠢ ᠴᠤᠤᠷᠢᠶᠠᠳᠤᠭᠤᠯᠤᠨ᠂ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠵᠢ ᠪᠠᠭᠰᠢ ᠰᠤᠷᠤᠭᠴᠢᠳ᠎ᠤᠨ ᠰᠡᠳᠬᠢᠯ᠎ᠳᠤ ᠪᠠᠲᠤ ᠦᠨᠳᠦᠰᠦᠯᠡᠭᠦᠯᠪᠡ᠃


5.png


      ᠦᠬᠠᠶ ᠬᠣᠲᠠ ᠵᠢᠨ ᠠᠷᠪᠠᠨ ᠨᠠᠢ᠍ᠮᠠᠳᠤᠭ᠋ᠠᠷ ᠳᠤᠮᠳᠠᠳᠤ ᠰᠤᠷᠭ᠋ᠠᠭᠤᠯᠢ 《ᠰᠤᠷᠭ᠋ᠠᠭᠤᠯᠢ ᠡᠬᠢᠯᠡᠭᠰᠡᠨ ᠠᠩᠬᠠᠨ᠎ᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠢ ᠣᠷᠣᠵᠤ᠂ ᠨᠠᠮ᠎ᠤᠨ ᠲᠡᠦᠬᠡ ᠵᠢᠨ ᠥᠯᠢᠭᠡᠷ ᠵᠶ᠋ᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠡᠯᠬᠡᠭᠯᠡᠨ ᠤᠷᠤᠭᠰᠢᠯᠠᠭᠰᠠᠨ ᠥᠩᠭᠡᠷᠡᠯᠲᠡ ᠵᠢ ᠠᠮᠢᠳᠤᠯᠢᠭ ᠵᠶ᠋ᠠᠷ ᠬᠠᠷᠠᠭᠤᠯᠪᠠ᠃


6.png


      ᠦᠬᠠᠶ ᠬᠣᠲᠠ ᠵᠢᠨ ᠬᠣᠷᠢᠨ ᠬᠣᠶᠠᠳᠤᠭ᠋ᠠᠷ ᠳᠤᠮᠳᠠᠳᠤ ᠰᠤᠷᠭ᠋ᠠᠭᠤᠯᠢ 《ᠤᠯᠤᠰ ᠵᠶ᠋ᠠᠨ ᠬᠦᠴᠦᠷᠬᠡᠭᠵᠢᠭᠦᠯᠦᠨ ᠮᠠᠨᠳᠤᠭᠤᠯᠬᠤ᠎ᠳᠤ ᠪᠢ ᠪᠣᠢ  ᠴᠠᠭ ᠦᠶ᠎ᠡ ᠵᠢᠨ ᠰᠢᠨ᠎ᠡ ᠬᠥᠮᠦᠨ ᠪᠣᠯᠬᠤ᠎ᠪᠠᠷ ᠴᠢᠷᠮᠠᠢ᠌ᠰᠤᠭ᠋ᠠᠢ》 ᠭᠡᠬᠦ ᠭᠤᠤᠯ ᠰᠡᠳᠦᠪ ᠵᠶ᠋ᠠᠷ ᠠᠩᠭᠢ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠵᠠᠯᠠᠭᠤᠴᠤᠳ ᠪᠠᠭ᠋ᠠᠴᠤᠳ᠎ᠤᠨ ᠰᠡᠳᠬᠢᠯ᠎ᠳᠤ ᠭᠦᠨ ᠬᠠᠳᠠᠩᠰᠢᠭᠤᠯᠪᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠠᠮᠲᠤ ᠵᠢᠨ ᠴᠣᠭᠴᠠ ᠵᠢᠨ ᠠᠬᠤᠢ ᠲᠠᠯᠠᠪᠠᠢ ᠵᠢᠨ ᠵᠢᠭ᠋ᠠᠨ ᠰᠤᠷᠭ᠋ᠠᠯᠲᠠ᠂ ᠰᠣᠨᠣᠰᠴᠤ ᠦᠨᠡᠯᠡᠬᠦ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ᠎ᠤᠨ ᠠᠩᠭᠢ ᠵᠢ ᠡᠷᠭᠢᠯᠡᠪᠡ
ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ — ᠬᠥᠬᠡᠬᠣᠲᠠ ᠵᠢᠨ ᠲᠥᠮᠡᠳ ᠳᠤᠮᠳᠠᠳᠤ ᠰᠤᠷᠭ᠋ᠠᠭᠤᠯᠢ ᠵᠢᠨ ᠲᠠᠷᠢᠶᠠᠨ ᠵᠠᠬ᠎ᠠ᠎ᠳᠤ ᠰᠣᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ
ᠬᠥᠯᠥᠨ ᠪᠤᠶ᠋ᠢᠷ ᠬᠣᠲᠠ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠠᠶ᠋ᠢᠭᠤᠯᠤᠭᠳᠠᠬᠤ ᠶᠡᠬᠡ ᠬᠤᠷᠠᠯ ᠵᠢᠴᠢ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠬᠥᠯᠥᠨ ᠪᠤᠶ᠋ᠢᠷ ᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠠᠭᠰᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠣᠨᠣᠯ᠎ᠤᠨ ᠮᠡᠳᠡᠯᠭᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
5 ᠲᠦᠮᠡᠨ ᠤᠶᠤᠲᠠᠳ᠎ᠢ ᠬᠥᠬᠡᠬᠤᠲᠠᠨ᠎ᠠ ᠬᠤᠴᠤᠷᠭ᠋ᠠᠵᠤ ᠠᠵᠢᠯᠯᠠᠭᠤᠯᠬᠤ᠎ᠳᠤ ᠬᠦᠴᠦᠨ ᠨᠡᠮᠡᠷᠢᠯᠡᠪᠡ ᠬᠥᠬᠡᠬᠤᠲᠠ ᠵᠢᠨ ᠡᠪᠯᠡᠯ᠎ᠤᠨ ᠬᠤᠷᠢᠶᠠᠨ᠎ᠤ᠎ᠬᠢᠨ ᠶᠡᠭᠡ ᠳᠡᠭᠡᠳᠦ ᠰᠤᠷᠭ᠋ᠠᠭᠤᠯᠢ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠪᠠ
 
             蒙ICP备05000248号