8 ᠰᠠᠷ᠎ᠠ ᠵᠢᠨ 27 - 30᠎ᠤ ᠡᠳᠦᠷ᠂ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠵᠢᠴᠢ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢ ᠬᠡᠷᠡᠭᠵᠢᠭᠦᠯᠵᠦ ᠪᠠᠢ᠌ᠭ᠎ᠠ ᠬᠡᠰᠡᠭ ᠣᠷᠣᠨ᠎ᠤ ᠰᠤᠷᠭ᠋ᠠᠭᠤᠯᠢ ᠡᠷᠬᠢᠯᠡᠭᠰᠡᠨ ᠲᠤᠷᠰᠢᠯᠭ᠎ᠠ᠎ᠪᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠵᠢ ᠰᠢᠯᠢ ᠵᠢᠨ ᠬᠣᠲᠠ᠎ᠳᠤ ᠶᠠᠪᠤᠭᠳᠠᠭᠤᠯᠪᠠ᠃

ᠡᠨᠡ ᠤᠳᠠᠭ᠋ᠠᠨ᠎ᠤ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠋ᠠᠨ᠎ᠤ ᠵᠣᠷᠢᠯᠲᠠ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢ ᠬᠡᠷᠡᠭᠵᠢᠭᠦᠯᠦᠭᠰᠡᠨ 20 ᠵᠢᠯ᠎ᠤᠨ ᠳᠤᠷᠰᠢᠬᠢ ᠰᠤᠷᠭ᠋ᠠᠭᠤᠯᠢ ᠡᠷᠬᠢᠯᠡᠭᠰᠡᠨ ᠦᠢ᠍ᠯᠡᠳᠦᠯᠭᠡ ᠵᠢ ᠳ᠋ᠦᠩᠨᠡᠵᠦ᠂ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠪᠠ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢᠨ ᠴᠢᠨᠠᠷᠯᠢᠭ ᠬᠥᠭᠵᠢᠯᠲᠡ ᠵᠢ ᠨᠢᠭᠡ ᠴᠣᠭᠴᠠᠵᠢᠭᠤᠯᠵᠤ ᠬᠠᠮᠵᠢᠯᠴᠠᠨ ᠠᠬᠢᠭᠤᠯᠬᠤ ᠰᠡᠳᠬᠢᠮᠵᠢ ᠠᠷᠭ᠎ᠠ ᠬᠡᠮᠵᠢᠶ᠎ᠡ ᠵᠢ ᠬᠠᠮᠲᠤ᠎ᠳᠤ᠎ᠪᠠᠨ ᠰᠦᠪᠡᠭᠴᠢᠯᠡᠨ᠎ᠡ᠃ ᠮᠤᠵᠢ ᠬᠣᠲᠠ ᠵᠢᠨ ᠬᠤᠪᠢᠶᠠᠷᠢ ᠰᠠᠯᠠᠭ᠎ᠠ ᠮᠥᠴᠢᠷ ᠪᠠ ᠬᠤᠪᠢᠶᠠᠷᠢ ᠰᠤᠷᠭ᠋ᠠᠭᠤᠯᠢ ᠰᠣᠯᠢᠯᠴᠠᠵᠤ ᠰᠣᠳᠤᠯᠤᠨ ᠶᠠᠷᠢᠯᠴᠠᠬᠤ ᠪᠠ ᠥᠪᠡᠷᠲᠡᠭᠡᠨ ᠵᠠᠰᠠᠬᠤ ᠣᠷᠣᠨ᠎ᠤ ᠲᠥᠷᠦᠯ ᠵᠦᠢ᠍ᠯ᠎ᠢ ᠬᠡᠷᠡᠭᠵᠢᠭᠦᠯᠬᠦ ᠦᠨᠳᠦᠰᠦᠨ ᠱᠠᠲᠤᠨ᠎ᠤ ᠨᠢᠭᠡᠴᠢ᠂ ᠲᠡᠭᠦᠰᠦᠭᠰᠡᠳ᠎ᠤᠨ ᠲᠥᠯᠥᠭᠡᠯᠡᠭᠴᠢ ᠪᠠ ᠲᠤᠰᠬᠠᠢ ᠮᠡᠷᠭᠡᠵᠢᠯᠲᠡᠨ ᠭᠦᠢ᠍ᠴᠡᠳ ᠰᠣᠯᠢᠯᠴᠠᠬᠤ᠂ ᠲᠤᠬᠠᠢ ᠵᠢᠨ ᠭᠠᠵᠠᠷ᠎ᠲᠤᠨᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠲᠣᠭᠣᠷᠢᠨ ᠦᠵᠡᠬᠦ᠎ᠪᠠᠷ ᠳᠠᠮᠵᠢᠭᠤᠯᠤᠨ᠂ ᠰᠤᠷᠭ᠋ᠠᠭᠤᠯᠢ ᠡᠷᠬᠢᠯᠡᠭᠰᠡᠨ ᠳᠤᠷᠰᠢᠯᠭ᠎ᠠ ᠪᠠ ᠦᠷ᠎ᠡ ᠪᠥᠲᠦᠮᠵᠢ ᠵᠶ᠋ᠡᠨ ᠤᠯᠠᠮ ᠨᠢᠭᠡ ᠠᠯᠬᠤᠮ ᠳ᠋ᠦᠩᠨᠡᠵᠦ᠂ ᠬᠠᠷᠢᠯᠴᠠᠨ ᠰᠤᠷᠤᠯᠴᠠᠵᠤ ᠲᠣᠯᠢᠯᠠᠭᠤᠯᠤᠨ᠂ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢᠨ ᠴᠢᠨᠠᠷᠯᠢᠭ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ᠂ ᠨᠡᠩ ᠣᠯᠠᠨ ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠎ᠳᠤ ᠬᠦᠴᠦᠨ ᠨᠡᠮᠡᠷᠢᠯᠡᠨ᠎ᠡ᠃
2004 ᠣᠨ᠎ᠠᠴᠠ ᠨᠠᠭ᠋ᠠᠰᠢ᠂ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠳᠣᠭᠲᠠᠯᠴᠠᠭ᠎ᠠ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠡᠳ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠥᠳᠡᠭᠡ ᠲᠣᠰᠬᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠰᠤᠷᠤᠯᠴᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ᠎ᠳᠤ ᠢᠳᠡᠪᠬᠢᠲᠡᠢ ᠪᠥᠭᠡᠳ ᠥᠪᠡᠷᠮᠢᠴᠡ ᠬᠤᠪᠢ ᠨᠡᠮᠡᠷᠢ ᠦᠵᠡᠭᠦᠯᠪᠡ᠃ ᠥᠪᠥᠷ ᠮᠣᠩᠭᠣᠯ᠎ᠤᠨ ᠨᠡᠭᠡᠭᠡᠯᠲᠡᠲᠦ ᠶᠡᠬᠡ ᠰᠤᠷᠭ᠋ᠠᠭᠤᠯᠢ ᠨᠡᠭᠡᠭᠡᠯᠲᠡᠲᠦ ᠰᠤᠷᠭ᠋ᠠᠨ ᠬᠥᠮᠥᠵᠢᠯ᠎ᠤᠨ ᠤᠯᠤᠰ᠎ᠤᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ ᠰᠢᠰᠲ᠋ᠧᠮ᠎ᠤᠨ ᠳᠠᠪᠠᠭᠤᠯᠢᠭ ᠪᠠ ᠦᠢ᠍ᠯᠡᠴᠢᠯᠡᠭᠡᠨ ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳ ᠪᠠᠳᠠᠷᠠᠭᠤᠯᠤᠨ᠂ ᠨᠠᠮ ᠵᠠᠰᠠᠭ ᠴᠢᠬᠤᠯᠠᠴᠢᠯᠠᠵᠤ᠂ ᠳᠡᠭᠡᠳᠦ ᠳᠣᠣᠷᠠᠳᠤ ᠱᠠᠲᠤ ᠬᠣᠯᠪᠣᠭ᠋ᠠᠯᠠᠨ ᠬᠥᠳᠡᠯᠵᠦ᠂ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ 《ᠨᠢᠭᠡ ᠲᠣᠰᠬᠣᠨ᠎ᠳᠤ ᠨᠢᠭᠡ ᠤᠶᠤᠲᠠᠳᠤ ᠲᠥᠯᠥᠪᠯᠡᠭᠡ》 ᠵᠢ ᠤᠳᠠᠭ᠋ᠠᠨ ᠳᠠᠭ᠋ᠠᠭ᠋ᠠᠮᠠᠭ᠋ᠠᠢ ᠶᠠᠪᠤᠭᠳᠠᠭᠤᠯᠬᠤ ᠵᠢ ᠠᠬᠢᠭᠤᠯᠵᠤ᠂ 《ᠴᠢᠳᠠᠪᠤᠷᠢᠲᠠᠨ᠎ᠢ ᠡᠭᠡᠭᠦᠯᠬᠦ》 ᠵᠢ ᠪᠦᠷᠢᠯᠳᠦᠭᠦᠯᠪᠡ᠃ ᠠᠩᠬᠠᠳᠠᠭᠴᠢ ᠪᠦᠯᠦᠭ᠎ᠤᠨ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢᠨ ᠲᠤᠷᠰᠢᠯᠲᠠ ᠵᠢᠨ ᠴᠡᠭ᠎ᠢ ᠬᠡᠷᠡᠭᠵᠢᠭᠦᠯᠦᠭᠰᠡᠨ ᠳᠡᠭᠡᠳᠦ ᠰᠤᠷᠭ᠋ᠠᠭᠤᠯᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠤᠨ ᠨᠡᠭᠡᠭᠡᠯᠲᠡᠲᠦ ᠶᠡᠬᠡ ᠰᠤᠷᠭ᠋ᠠᠭᠤᠯᠢ ᠢᠮᠠᠭᠲᠠ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢᠨ ᠲᠣᠭᠣᠷᠢᠨ᠎ᠳᠤ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠢᠳᠡᠪᠬᠢᠲᠡᠢ ᠦᠢ᠍ᠯᠡᠳᠦᠯᠭᠡᠵᠢᠭᠦᠯᠵᠦ᠂ ᠣᠳᠣ ᠦᠶ᠎ᠡ ᠵᠢᠨ ᠠᠯᠤᠰ ᠡᠵᠡᠮᠰᠢᠯᠲᠦ ᠰᠤᠷᠭ᠋ᠠᠨ ᠬᠥᠮᠦᠵᠢᠯ ᠪᠠ ᠨᠡᠭᠡᠭᠡᠯᠲᠡᠲᠦ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠰᠢᠰᠲ᠋ᠧᠮ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ᠎ᠳᠤ ᠬᠠᠨᠳᠤᠭᠤᠯᠤᠭᠰᠠᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠨᠡᠶ᠋ᠢᠭᠡᠮ᠎ᠤᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢ ᠥᠪᠥᠷ ᠮᠣᠩᠭᠣᠯ᠎ᠳᠤ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠬᠡᠰᠡᠭ ᠪᠦᠯᠦᠭ 《ᠨᠤᠲᠤᠭ ᠤᠰᠤᠨ᠎ᠠᠴᠠ᠎ᠪᠠᠨ ᠰᠠᠯᠬᠤ ᠦᠭᠡᠢ᠂ ᠭᠠᠵᠠᠷ ᠨᠤᠲᠤᠭ᠎ᠠᠴᠠ᠎ᠪᠠᠨ ᠰᠠᠯᠬᠤ ᠦᠭᠡᠢ᠂ ᠦᠯᠡᠳᠡᠭᠡᠵᠦ ᠳᠡᠶ᠋ᠢᠯᠬᠦ᠂ ᠬᠡᠷᠡᠭᠯᠡᠵᠦ ᠳᠡᠶ᠋ᠢᠯᠬᠦ》 ᠣᠶᠤᠲᠠᠨ᠎ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠣᠶᠤᠨ᠎ᠤ ᠳᠡᠮᠵᠢᠯᠭᠡ ᠪᠠ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠪᠠ᠃ ᠣᠳᠣ ᠪᠣᠯᠲᠠᠯ᠎ᠠ᠂ ᠪᠦᠬᠦ ᠣᠷᠣᠨ᠎ᠤ ᠨᠤᠲᠤᠭ᠎ᠲᠤ᠎ᠪᠠᠨ ᠪᠠᠢ᠌ᠭ᠎ᠠ ᠰᠤᠷᠤᠭᠴᠢ 9000 ᠰᠢᠬᠠᠮ ᠪᠣᠢ᠂ ᠪᠦᠬᠦ ᠣᠷᠣᠨ᠎ᠤ 12 ᠠᠶ᠋ᠢᠮᠠᠭ ᠬᠣᠲᠠ ᠵᠢ ᠬᠠᠮᠤᠷᠴᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠮᠠᠯᠵᠢᠬᠤ ᠲᠠᠷᠢᠶᠠᠯᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢ᠍ᠯᠡᠰ᠎ᠲᠤ 2.6 ᠲᠦᠮᠡ ᠭᠠᠷᠤᠢ ᠤᠷ᠎ᠠ ᠴᠢᠳᠠᠪᠤᠷᠢ ᠵᠢᠨ ᠬᠡᠯᠪᠡᠷᠢᠲᠦ᠂ ᠬᠡᠷᠡᠭᠯᠡᠭᠡᠨ᠎ᠤ ᠬᠡᠯᠪᠡᠷᠢᠲᠦ ᠳᠡᠭᠡᠳᠦ ᠵᠡᠷᠭᠡ ᠵᠢᠨ ᠲᠤᠰᠬᠠᠢ ᠴᠢᠳᠠᠪᠤᠷᠢᠲᠠᠨ᠎ᠢ ᠬᠥᠮᠦᠵᠢᠭᠦᠯᠵᠦ ᠥᠭᠭᠦᠭᠰᠡᠨ ᠪᠠᠶ᠋ᠢᠨ᠎ᠠ᠃
ᠰᠢᠨ᠎ᠡ ᠪᠠᠶ᠋ᠢᠳᠠᠯ᠂ ᠰᠢᠨ᠎ᠡ ᠡᠭᠦᠷᠭᠡ ᠵᠢᠨ ᠡᠮᠦᠨ᠎ᠡ᠂ ᠥᠪᠥᠷ ᠮᠣᠩᠭᠣᠯ᠎ᠤᠨ ᠨᠡᠭᠡᠭᠡᠯᠲᠡᠲᠦ ᠶᠡᠬᠡ ᠰᠤᠷᠭ᠋ᠠᠭᠤᠯᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠳᠠᠯᠳᠠ ᠬᠦᠴᠦᠨ ᠪᠠ ᠳᠠᠪᠠᠭᠤᠯᠢᠭ ᠵᠶ᠋ᠠᠨ ᠤᠯᠠᠮ ᠨᠢᠭᠡ ᠠᠯᠬᠤᠮ ᠪᠠᠳᠠᠷᠠᠭᠤᠯᠵᠤ᠂ ᠰᠤᠷᠭ᠋ᠠᠨ ᠬᠥᠮᠦᠵᠢᠯ᠎ᠤᠨ ᠲᠣᠭ᠋ᠠᠵᠢᠭᠤᠯᠤᠭᠰᠠᠨ ᠴᠠᠭ ᠦᠶ᠎ᠡ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠰᠢᠨ᠎ᠡ ᠱᠠᠭ᠋ᠠᠷᠳᠠᠯᠭ᠎ᠠ᠂ ᠰᠢᠨ᠎ᠡ ᠠᠷᠭ᠎ᠠ ᠵᠠᠮ᠂ ᠰᠢᠨ᠎ᠡ ᠵᠠᠭᠪᠤᠷ᠂ ᠰᠢᠨ᠎ᠡ ᠲᠣᠭᠲᠠᠴᠠ ᠵᠢ ᠬᠠᠮᠲᠤ᠎ᠳᠤ᠎ᠪᠠᠨ ᠰᠦᠪᠡᠭᠴᠢᠯᠡᠵᠦ᠂ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ᠎ᠳᠤ ᠣᠨᠣᠯ᠎ᠤᠨ ᠵᠢᠯᠣᠭᠣᠳᠤᠮᠵᠢ ᠪᠠ ᠠᠵᠢᠯᠯᠠᠭ᠋ᠠᠨ᠎ᠤ ᠵᠠᠮᠴᠢᠯᠠᠭᠤᠷᠢ ᠬᠠᠩᠭ᠋ᠠᠪᠠ᠃
ᠡᠨᠡ ᠤᠳᠠᠭ᠋ᠠᠨ᠎ᠤ ᠠᠵᠢᠯᠯᠠᠭ᠎ᠠ ᠵᠢ ᠤᠯᠤᠰ᠎ᠤᠨ ᠨᠡᠭᠡᠭᠡᠯᠲᠡᠲᠦ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠨᠡᠭᠡᠭᠡᠯᠲᠡᠲᠦ ᠶᠡᠬᠡ ᠰᠤᠷᠭ᠋ᠠᠭᠤᠯᠢ ᠬᠠᠮᠲᠤᠷᠠᠨ ᠡᠷᠬᠢᠯᠡᠵᠦ᠂ ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠰᠢᠯᠢ ᠵᠢᠨ ᠭᠣᠣᠯ ᠠᠶ᠋ᠢᠮᠠᠭ᠎ᠤᠨ ᠨᠡᠭᠡᠭᠡᠯᠲᠡᠲᠦ ᠶᠡᠬᠡ ᠰᠤᠷᠭ᠋ᠠᠭᠤᠯᠢ) ᠳᠠᠭ᠋ᠠᠭ᠋ᠠᠴᠢᠯᠠᠨ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ ᠵᠢᠴᠢ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠤᠯᠤᠰ᠎ᠤᠨ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠶᠡᠷᠦᠩᠬᠡᠢ ᠬᠡᠯᠲᠡᠰ ᠵᠢᠴᠢ ᠤᠮᠠᠷᠠᠲᠤ ᠣᠷᠣᠨ᠂ ᠵᠡᠭᠦᠨ ᠬᠣᠶ᠋ᠢᠲᠤ ᠣᠷᠣᠨ᠎ᠤ 12 ᠬᠤᠪᠢᠶᠠᠷᠢ ᠬᠡᠯᠲᠡᠰ᠎ᠤᠨ ᠰᠤᠷᠭ᠋ᠠᠭᠤᠯᠢ ᠵᠢᠨ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠰᠤᠳᠤᠯᠤᠨ ᠶᠠᠷᠢᠯᠴᠠᠬᠤ ᠠᠵᠢᠯᠯᠠᠭ᠎ᠠ᠎ᠳᠤ ᠣᠷᠣᠯᠴᠠᠪᠠ᠃