ᠲᠦᠷᠦᠭᠦᠬᠡᠨ᠂ ᠬᠥᠯᠥᠨ ᠪᠤᠶ᠋ᠢᠷ ᠬᠤᠲᠠ ᠵᠢᠨ ᠶᠡᠭᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠨᠢᠭᠡ ᠴᠤᠭᠴᠠᠵᠢᠭᠤᠯᠤᠨ ᠬᠥᠭᠵᠢᠭᠦᠯᠬᠦ ᠰᠤᠳᠤᠯᠭ᠋ᠠᠨ᠎ᠤ ᠲᠥᠪ᠎ᠤᠨ ᠫᠠᠶ᠋ᠢᠰᠠ ᠰᠡᠬᠦᠬᠦ ᠶᠣᠰᠣᠯᠠᠯ ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ᠂ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠳᠤ ᠠᠩᠬᠠᠷᠤᠯ ᠠᠩᠬᠠᠳᠠᠭᠴᠢ ᠲᠤᠰᠬᠠᠶ ᠮᠡᠷᠭᠡᠵᠢᠯ᠎ᠤᠨ ᠰᠤᠳᠤᠯᠭ᠋ᠠᠨ᠎ᠤ ᠪᠠᠶ᠋ᠢᠭᠤᠯᠤᠮᠵᠢ ᠪᠣᠯᠤᠭᠰᠠᠨ᠎ᠤ ᠬᠤᠪᠢ᠎ᠳᠤ᠂ ᠲᠣᠰ ᠰᠤᠳᠤᠯᠭ᠋ᠠᠨ᠎ᠤ ᠲᠥᠪ ᠪᠠᠶ᠋ᠢᠭᠤᠯᠤᠭᠳᠠᠭᠰᠠᠨ᠎ᠨᠢ ᠬᠥᠯᠥᠨ ᠪᠤᠶ᠋ᠢᠷ ᠬᠤᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ ᠬᠥᠯᠥᠨ ᠪᠤᠶ᠋ᠢᠷ ᠳᠡᠭᠡᠳᠦ ᠰᠤᠷᠭ᠋ᠠᠭᠤᠯᠢ ᠵᠢᠨ ᠰᠢᠨ᠎ᠡ ᠴᠠᠭ ᠦᠶ᠎ᠡ ᠵᠢᠨ ᠠᠬᠤᠶ ᠪᠠᠶ᠋ᠢᠳᠠᠯ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠠᠵᠢᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠬᠠᠮᠵᠢᠯᠴᠠᠨ ᠠᠬᠢᠭᠤᠯᠬᠤ᠂ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠥᠬᠦ ᠬᠤᠲᠠ ᠵᠢᠨ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠬᠠᠮᠵᠢᠯᠴᠠᠨ ᠰᠤᠳᠤᠯᠬᠤ ᠪᠠ ᠰᠣᠯᠢᠯᠴᠠᠬᠤ ᠲᠠᠪᠴᠠᠩ᠎ᠢ ᠪᠠᠶ᠋ᠢᠭᠤᠯᠵᠤ᠂ ᠡᠯ᠎ᠡ ᠰᠤᠷᠤᠯᠭ᠎ᠠ ᠵᠢᠨ ᠱᠠᠲᠤᠨ᠎ᠤ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠪᠦᠲᠦᠮᠵᠢᠲᠡᠶ ᠵᠣᠯᠭ᠋ᠠᠭᠤᠯᠬᠤ ᠦᠢ᠍ᠯᠡᠳᠦᠯᠭᠡ ᠵᠢᠨ ᠠᠷᠭ᠎ᠠ ᠵᠠᠮ᠎ᠢ ᠬᠦᠴᠦᠯᠡᠨ ᠰᠦᠪᠡᠭᠴᠢᠯᠡᠵᠦ᠂ ᠬᠠᠷᠠᠯᠲᠠ ᠂ ᠠᠷᠭ᠎ᠠ ᠬᠠᠮᠵᠢᠯᠴᠠᠭᠰᠠᠨ᠂ ᠬᠠᠮᠢᠶᠠᠷᠤᠯᠲᠠ ᠰᠢᠨᠵᠢᠯᠡᠬᠦ ᠤᠬᠠᠭ᠋ᠠᠨᠴᠢ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠪᠠᠶ᠋ᠢᠭᠤᠯᠬᠤ ᠵᠢᠨ ᠲᠥᠯᠥᠭᠡ ᠶᠤᠮ᠃
᠂ ᠬᠥᠯᠥᠨ ᠪᠤᠶ᠋ᠢᠷ ᠳᠡᠭᠡᠳᠦ ᠰᠤᠷᠭ᠋ᠠᠭᠤᠯᠢ ᠬᠥᠯᠥᠨ ᠪᠤᠶ᠋ᠢᠷ ᠬᠤᠲᠠ ᠵᠢᠨ ᠶᠡᠭᠡ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠥᠲᠥᠭᠡᠨ ᠪᠠᠶ᠋ᠢᠭᠤᠯᠤᠯᠲᠠ ᠨᠢᠭᠡᠴᠢ ᠵᠢᠨ ᠬᠠᠷᠢᠭᠤᠴᠠᠯᠭ᠎ᠠ ᠵᠢ ᠦᠷᠭᠦᠯᠵᠢᠯᠡᠨ ᠡᠭᠦᠷᠭᠡᠯᠡᠵᠦ᠂ ᠣᠨᠣᠯ᠎ᠤᠨ ᠰᠤᠳᠤᠯᠭ᠋ᠠᠨ᠎ᠤ ᠤ ᠪᠦᠯᠬᠦᠮ᠂ ᠪᠠᠭᠰᠢ ᠵᠢᠨ ᠦᠰᠦᠨ ᠪᠤᠶ᠋ᠢᠵᠢᠯᠲᠠ ᠵᠢᠨ ᠶᠡᠭᠡ ᠬᠢᠴᠢᠶᠡᠯ᠎ᠤᠨ ᠲᠠᠩᠬᠢᠮ᠎ᠢ ᠰᠠᠶ᠋ᠢᠲᠤᠷ ᠂ ᠡᠬᠢ ᠪᠠᠶᠠᠯᠢᠭ᠎ᠢ ᠡᠳ᠋ᠯᠡᠬᠦ ᠶᠡᠭᠡ ᠲᠠᠪᠴᠠᠩ᠎ᠢ ᠰᠠᠶ᠋ᠢᠲᠤᠷ ᠪᠠᠶ᠋ᠢᠭᠤᠯᠵᠤ᠂ ᠰᠤᠷᠤᠯᠭ᠎ᠠ ᠵᠢᠨ ᠱᠠᠲᠤ ᠠᠯᠤᠰᠯᠠᠨ ᠬᠥᠮᠦᠨ ᠬᠥᠮᠦᠵᠢᠭᠦᠯᠬᠦ ᠬᠦᠴᠦᠨ᠎ᠢ ᠲᠠᠰᠤᠷᠠᠯᠲᠠ ᠥᠬᠡᠶ ᠨᠢᠭᠲᠠᠷᠠᠭᠤᠯᠤᠨ᠂ ᠶᠣᠰᠣ ᠰᠤᠷᠲᠠᠬᠤᠨ ᠣᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠪᠥᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠥᠲᠥᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ ᠦᠵᠡᠯ ᠰᠠᠨᠠᠭ᠋ᠠᠨ᠎ᠤ ᠰᠠᠭᠤᠷᠢ ᠵᠢ ᠪᠠᠬᠢᠵᠢᠭᠦᠯᠵᠦ᠂ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠎ᠳᠤ ᠨᠠᠩ ᠣᠯᠠᠨ ᠰᠤᠷᠭ᠋ᠠᠨ ᠬᠥᠮᠦᠵᠢᠯ᠎ᠤᠨ ᠣᠶᠤᠨ ᠤᠬᠠᠭ᠋ᠠᠨ ᠪᠠ ᠦᠢ᠍ᠯᠡᠳᠦᠯᠭᠡ ᠵᠢᠨ ᠬᠥᠳᠡᠯᠭᠡᠬᠦ ᠬᠦᠴᠦᠨ᠎ᠢ ᠨᠡᠮᠡᠷᠢᠯᠡᠵᠦ᠂ ᠰᠢᠨ᠎ᠡ ᠴᠠᠭ ᠦᠶ᠎ᠡ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠬᠠᠮᠵᠢᠯᠴᠠᠨ ᠬᠥᠮᠦᠨ ᠬᠥᠮᠦᠵᠢᠭᠦᠯᠬᠦ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠨ᠎ᠡ᠃