12 ᠰᠠᠷ᠎ᠠ ᠵᠢᠨ 13 15᠎ᠤ ᠡᠳᠦᠷ᠂ 《2025 ᠬᠠᠲᠤᠨ ᠭᠤᠤᠯ ᠳᠠᠭ᠋ᠠᠤ ᠵᠢᠨ ᠶᠢᠰᠦᠨ ᠮᠤᠵᠢ (ᠣᠷᠣᠨ) ᠵᠢᠨ ᠡᠩ᠎ᠤᠨ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠤᠷᠢᠯᠭ᠎ᠠ ᠵᠢᠨ ᠤᠷᠤᠯᠳᠤᠭ᠋ᠠᠨ》 ᠱᠠᠨᠳᠦ᠋ᠩ᠎ᠤᠨ ᠴᠢᠩ ᠵᠧᠦ᠎ᠳᠤ ᠥᠨᠳᠥᠷᠯᠡᠪᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠭᠴᠠ ᠤᠷᠤᠯᠳᠤᠭ᠋ᠠᠨ᠎ᠳᠤ ᠣᠷᠣᠯᠴᠠᠭᠰᠠᠨ ᠲᠥᠯᠥᠭᠡᠯᠡᠭᠴᠢᠳ᠎ᠤᠨ ᠠᠩᠭᠢ ᠪᠣᠯᠤᠭᠰᠠᠨ᠎ᠤ ᠬᠤᠪᠢ᠎ᠳᠤ᠂ ᠬᠢᠩᠭ᠋ᠠᠨ ᠠᠶ᠋ᠢᠮᠠᠭ᠎ᠤᠨ ᠤᠯᠠᠭ᠋ᠠᠨᠬᠤᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠠᠩᠭᠢ 14 ᠡᠩᠨᠡᠭᠡ᠎ᠠᠴᠠ ᠴᠣᠯᠭᠤᠷᠠᠨ ᠭᠠᠷᠴᠤ᠂ ᠮᠠᠩᠯᠠᠶ᠋ᠢᠯᠠᠵᠤ᠂ ᠰᠤᠷᠭ᠋ᠠᠭᠤᠯᠢ 《ᠰᠢᠯᠢᠳᠡᠭ ᠵᠣᠬᠢᠶᠠᠨ ᠱᠠᠩᠨᠠᠯ》 ᠭᠥᠷᠳᠡᠪᠡ᠃ ᠬᠤᠸᠠᠩ ᠵᠠᠯᠭ᠋ᠠᠭ᠎ᠠ᠎ᠪᠠᠷ ᠭᠤᠷᠪᠠᠨ ᠲᠠᠯᠠᠪᠤᠷ 《 ᠲᠠᠯᠠᠪᠠᠢ ᠵᠢᠨ ᠬᠠᠮᠤᠭ 》 ᠃ ᠤᠳᠠᠭ᠎ᠠ ᠮᠠᠩᠯᠠᠶ᠋ᠢᠯᠠᠭᠰᠠᠨ᠎ᠨᠢ ᠲᠣᠰ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠬᠥᠮᠦᠵᠢᠭᠦᠯᠬᠦ ᠲᠠᠯ᠎ᠠ᠎ᠪᠠᠷ᠎ᠬᠢ ᠦᠷ᠎ᠡ ᠪᠦᠲᠦᠮᠵᠢ ᠵᠢ ᠢᠯᠡᠷᠡᠭᠦᠯᠦᠭᠰᠡᠨ ᠪᠥᠭᠡᠳ ᠪᠠᠰᠠ ᠮᠠᠨ᠎ᠤ ᠠᠬ᠎ᠠ ᠮᠤᠵᠢ ᠵᠢᠨ ᠡᠩ᠎ᠤᠨ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠭᠦᠨᠵᠡᠭᠡᠶ᠋ᠢᠷᠡᠭᠦᠯᠵᠦ᠂ ᠮᠠᠨ᠎ᠤ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠬᠦᠴᠦᠯᠡᠨ ᠴᠢᠷᠮᠠᠶ᠋ᠢᠵᠤ ᠥᠭᠡᠳᠡᠯᠡᠨ ᠳᠠᠪᠰᠢᠬᠤ᠂ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠭᠦᠯᠦᠭᠰᠡᠨ ᠪᠠᠶ᠋ᠢᠨ᠎ᠠ᠃

