ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠭᠦᠭᠡᠬᠤᠲᠠ᠄ ᠡᠷᠳᠡᠮᠲᠡᠨ ᠴᠢᠳᠠᠪᠤᠷᠢᠲᠠᠨ᠎ᠢ ᠴᠤᠭᠯᠠᠷᠠᠭᠤᠯᠵᠤ ᠬᠥᠭᠵᠢᠯᠲᠡ ᠵᠢᠨ ᠥᠨᠳᠦᠷᠯᠢᠭ᠎ᠢ ᠴᠣᠭᠴᠠᠯᠠᠨ᠎ᠠ
ᠨᠡᠶ᠋ᠢᠲᠡᠯᠡᠭᠰᠡᠨ ᠴᠠᠭ᠄ 2025-02-26

ᠣᠳᠣᠬᠠᠨ᠎ᠤ ᠬᠤᠷᠴᠠ ᠰᠢᠷᠦᠭᠦᠨ ᠬᠤᠲᠠ ᠵᠢᠨ ᠥᠷᠢᠰᠦᠯᠳᠦᠭᠡᠨ᠎ᠳᠤ ᠴᠢᠳᠠᠪᠤᠷᠢᠲᠠᠨ᠎ᠨᠢ ᠬᠥᠭᠵᠢᠯᠲᠡ ᠵᠢ ᠠᠬᠢᠭᠤᠯᠬᠤ ᠭᠤᠣᠯ ᠬᠦᠴᠦᠨ ᠪᠣᠯᠵᠠᠢ᠃ ᠣᠶ᠋ᠢᠷ᠎ᠠ ᠵᠢᠨ ᠵᠢᠯ᠎ᠳᠤ ᠭᠦᠭᠡᠬᠤᠲᠠ ᠴᠢᠳᠠᠪᠤᠷᠢᠲᠠᠨ ᠵᠶ᠋ᠠᠷ ᠬᠤᠲᠠ᠎ᠪᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠭᠤᠶ᠋ᠢᠪᠢᠰᠢ ᠦᠭᠡᠢ ᠬᠡᠷᠡᠭᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠭᠤᠶ᠋ᠢᠳᠠ ᠰᠠᠶ᠋ᠢᠬᠠᠨ ᠵᠢᠷᠤᠭ᠎ᠢ ᠵᠢᠷᠤᠭᠯᠠᠵᠤ ᠪᠠᠶ᠋ᠢᠨ᠎ᠠ᠃

ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠪᠣᠯ ᠴᠢᠳᠠᠪᠤᠷᠢᠲᠠᠨ᠎ᠢ ᠲᠠᠲᠠᠬᠤ 《ᠰᠣᠷᠢᠨᠵᠢᠨ》 ᠮᠥᠨ᠃ ᠭᠦᠭᠡᠬᠤᠲᠠ ᠰᠢᠰᠲ᠋ᠧᠮᠵᠢᠭᠰᠡᠨ᠂ ᠯᠤᠲᠤ ᠶᠡᠭᠡ ᠲᠠᠲᠠᠬᠤ ᠬᠦᠴᠦᠨ᠎ᠲᠠᠢ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠰᠡᠳᠬᠢᠯ ᠲᠠᠯᠪᠢᠨ ᠪᠠᠶ᠋ᠢᠭᠤᠯᠵᠤ᠂ ᠴᠢᠳᠠᠪᠤᠷᠢᠲᠠᠨ ᠎ᠤ ᠶᠡᠷᠦᠩᠬᠡᠢ ᠬᠡᠮᠵᠢᠶ᠎ᠡ ᠵᠢ ᠥᠷᠭᠡᠳᠬᠡᠬᠦ᠂ ᠲᠠᠰ ᠳᠠᠪᠬᠤᠷᠭ᠎ᠠ ᠵᠢ ᠳᠡᠭᠡᠭᠰᠢᠯᠡᠭᠦᠯᠭᠦ᠂ ᠠᠵᠤ ᠦᠢ᠍ᠯᠡᠰ ᠪᠠ ᠴᠢᠳᠠᠪᠤᠷᠢᠲᠠᠨ᠎ᠢ ᠠᠭᠤᠰᠤᠯᠴᠠᠭᠤᠯᠬᠤ ᠵᠡᠷᠭᠡ ᠵᠠᠩᠭᠢᠯᠠᠭ᠎ᠠ ᠵᠢᠨ ᠬᠦᠷᠢᠶᠡᠨ᠎ᠳᠤ 《ᠰᠢᠨ᠎ᠡ ᠴᠠᠭ ᠦᠶ᠎ᠡ ᠵᠢᠨ ᠣᠷᠣᠨ᠎ᠤ ᠲᠥᠪ᠎ᠤᠨ ᠴᠢᠳᠠᠪᠤᠷᠢᠲᠠᠨ᠎ᠤ ᠠᠵᠢᠯ᠎ᠢ ᠴᠢᠨᠠᠷ ᠰᠠᠶ᠋ᠢᠲᠠᠢ ᠠᠬᠢᠭᠤᠯᠬᠤ ᠲᠤᠬᠠᠢ ᠰᠠᠨᠠᠯ》᠂ ᠲᠤᠬᠠᠶ᠋ᠢᠯᠠᠪᠠᠯ 《ᠴᠢᠳᠠᠪᠤᠷᠢᠲᠠᠨ ᠵᠶ᠋ᠠᠷ ᠬᠤᠲᠠ᠎ᠪᠠᠨ ᠬᠦᠴᠦᠷᠬᠡᠭᠵᠢᠭᠦᠯᠬᠦ 25 ᠵᠤᠷᠪᠤᠰ》᠎ᠢ ᠨᠡᠶ᠋ᠢᠲᠡᠯᠡᠪᠡ᠃ ᠪᠦᠭᠦ ᠬᠤᠲᠠ ᠵᠢᠨ ᠳᠡᠭᠡᠳᠦ ᠲᠠᠰ᠎ᠤᠨ ᠴᠢᠳᠠᠪᠤᠷᠢᠲᠠᠨ᠎ᠢ ᠲᠥᠷᠥᠯ ᠬᠤᠪᠢᠶᠠᠨ ᠮᠠᠭ᠋ᠠᠳᠯᠠᠨ ᠲᠣᠭᠲᠠᠭ᠋ᠠᠬᠤ ᠠᠵᠢᠯ᠎ᠤᠨ ᠭᠥᠯᠢᠶᠡᠨ ᠠᠪᠴᠤ ᠰᠢᠢ᠍ᠳᠪᠦᠷᠢᠯᠡᠬᠦ ᠵᠠᠮ᠎ᠢ ᠨᠡᠭᠡᠭᠡᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠬᠤᠲᠠ ᠵᠢ ᠪᠦᠲᠦᠭᠡᠨ ᠪᠠᠶ᠋ᠢᠭᠤᠯᠵᠤ ᠣᠷᠣᠨ᠎ᠤ ᠲᠥᠪ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠴᠦ᠍ ᠵᠢᠩᠬᠢᠨᠢ᠎ᠪᠠᠷ ᠨᠠᠶ᠋ᠢᠳᠠᠪᠤᠷᠢᠵᠢᠭᠤᠯᠪᠠ᠃ 2024 ᠣᠨ᠎ᠳᠤ ᠲᠣᠭ᠋ᠠᠴᠢᠯᠠᠭᠰᠠᠨ ᠣᠷᠣᠨ᠎ᠤ ᠲᠥᠪ᠎ᠤᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠲᠠᠪᠴᠠᠩ ᠵᠶ᠋ᠠᠷ ᠳᠠᠮᠵᠢᠨ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠳ᠋ᠦᠩᠰᠢᠭᠤᠷ ᠲᠥᠭᠦᠷᠢᠭ᠎ᠤᠨ ᠴᠢᠳᠠᠪᠤᠷᠢᠲᠠᠨ᠎ᠤ ᠠᠵᠢᠯ᠎ᠤᠨ ᠵᠠᠷᠤᠳᠠᠯ ᠪᠠᠭᠤᠯᠭ᠋ᠠᠨ᠂ ᠴᠢᠳᠠᠪᠤᠷᠢᠲᠠᠨ᠎ᠤ ᠪᠠᠲᠤᠯᠠᠭ᠎ᠠ ᠵᠢᠨ ᠣᠷᠣᠨ ᠰᠠᠭᠤᠴᠠ ᠵᠢ 1.5 ᠲᠦᠮᠡ ᠭᠠᠷᠤᠢ ᠢᠵᠢ ᠬᠠᠩᠭ᠋ᠠᠪᠠ᠃

ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ ᠪᠣᠯ ᠴᠢᠳᠠᠪᠤᠷᠢᠲᠠᠨ᠎ᠤ ᠡᠷᠳᠡᠮ ᠴᠢᠳᠠᠪᠤᠷᠢ᠎ᠪᠠᠨ ᠪᠠᠳᠠᠷᠠᠭᠤᠯᠬᠤ 《ᠲᠣᠮᠣ ᠲᠠᠪᠴᠠᠩ》 ᠮᠥᠨ᠃ ᠭᠦᠭᠡᠬᠤᠳᠠ ᠵᠢᠨ ᠬᠤᠷᠢᠨᠭᠡᠷ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠠᠮᠢᠵᠢᠷᠠᠯ᠎ᠤᠨ ᠬᠦᠴᠦᠨ ᠵᠶ᠋ᠠᠷ ᠪᠢᠯᠬᠠᠵᠤ᠂ ᠰᠢ ᠠᠨ᠎ᠤ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠢᠨ ᠣᠶᠤᠨᠴᠢ ᠦᠢ᠍ᠯᠡᠳᠬᠦ ᠦᠢ᠍ᠯᠡᠰ᠎ᠤᠨ ᠰᠤᠳᠤᠯᠭ᠋ᠠᠨ᠎ᠤ ᠬᠦᠷᠢᠶᠡᠯᠡᠩ᠎ᠤᠨ ᠪᠣᠳᠠᠲᠤ ᠴᠣᠭᠴᠠ ᠵᠢᠨ ᠡᠵᠡᠩᠨᠡᠯᠲᠡ ᠵᠢ ᠪᠦᠭᠦ ᠬᠦᠴᠦᠨ ᠵᠶ᠋ᠠᠷ ᠵᠶ᠋ᠠᠨ ᠳᠡᠮᠵᠢᠨ ᠲᠤᠰ ᠰᠤᠷᠭ᠋ᠠᠭᠤᠯᠢ ᠵᠢᠨ ᠨᠠᠷᠢᠯᠢᠭ ᠪᠢᠴᠢᠯ ᠦᠢ᠍ᠯᠡᠳᠬᠦ ᠮᠡᠷᠭᠡᠵᠢᠯ᠎ᠤᠨ ᠪᠦᠭᠦ ᠤᠯᠤᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠪᠦᠯᠭᠦᠮ᠎ᠢ ᠣᠷᠣᠭᠤᠯᠤᠨ ᠠᠪᠴᠢᠷᠠᠵᠤ᠂ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠳᠡᠯᠡᠬᠡᠢ ᠵᠢᠨ ᠲᠡᠷᠢᠭᠦᠨ᠎ᠤ ᠪᠠᠷᠢᠮᠵᠢᠶ᠎ᠠ ᠪᠦᠬᠦᠢ ᠠᠭ᠋ᠠᠷ ᠣᠭᠲᠠᠷᠭᠤᠢ ᠵᠢᠨ ᠠᠯᠭ᠋ᠠᠰᠠᠯ ᠬᠡᠮᠵᠢᠯᠲᠡ ᠵᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭ᠋ᠠᠨ᠎ᠤ ᠲᠣᠨᠣᠭᠯᠠᠯ ᠪᠠ ᠬᠡᠮᠵᠢᠯᠲᠡ ᠵᠢᠨ ᠰᠠᠭᠤᠷᠢ ᠪᠠᠷᠢᠮᠵᠢᠶᠠᠲᠤ ᠲᠠᠰ᠎ᠤᠨ ᠥᠨᠳᠥᠷ ᠴᠢᠳᠠᠪᠬᠢᠲᠤ ᠭᠡᠷᠡᠯ᠎ᠤᠨ ᠰᠠᠷᠠᠯᠵᠢ ᠵᠢ ᠰᠤᠳᠤᠯᠤᠨ ᠨᠡᠭᠡᠭᠡᠵᠦ ᠦᠢ᠍ᠯᠡᠳᠬᠦ ᠰᠠᠭᠤᠷᠢᠨ᠎ᠢ ᠪᠠᠶ᠋ᠢᠭᠤᠯᠪᠠ᠃ 2024 ᠣᠨ᠎ᠳᠤ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠬᠤᠸᠠᠩ ᠸᠧᠢ᠂ ᠰᠢ ᠠᠨ᠎ᠤ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠢᠨ ᠫᠷᠤᠹᠧᠰᠰᠤᠷ ᠯᠢᠦ ᠬᠤᠩ ᠵᠦᠩ ᠵᠡᠷᠭᠡ ᠳᠡᠭᠡᠳᠦ ᠲᠡᠰ᠎ᠤᠨ ᠴᠢᠳᠠᠪᠤᠷᠢᠲᠠᠨ᠎ᠤ ᠪᠦᠯᠭᠦᠮ᠎ᠢ ᠵᠠᠯᠭ᠋ᠠᠭ᠎ᠠ᠎ᠪᠠᠷ ᠣᠷᠣᠭᠤᠯᠤᠨ ᠠᠪᠴᠢᠷᠠᠵᠤ᠂ ᠪᠦᠭᠦ ᠵᠢᠯ᠎ᠳᠤ ᠰᠢᠨ᠎ᠡ᠎ᠪᠠᠷ 10 ᠴᠢᠳᠠᠪᠤᠷᠢᠲᠠᠨ᠎ᠤ ᠪᠦᠯᠭᠦᠮ ᠨᠡᠮᠡᠭᠳᠡᠭᠡᠳ ᠶᠡᠷᠦᠩᠬᠡᠢ ᠲᠤᠭ᠎ᠠ᠎ᠨᠢ 52 ᠪᠣᠯᠵᠤ᠂ ᠰᠢᠨ᠎ᠡ᠎ᠪᠠᠷ ᠨᠡᠮᠡᠭᠳᠡᠭᠰᠡᠨ ᠴᠢᠳᠠᠪᠤᠷᠢᠲᠠᠨ 1300 ᠪᠠᠶ᠋ᠢᠵᠤ᠂ ᠶᠡᠷᠦᠩᠬᠡᠢ ᠲᠤᠭ᠎ᠠ᠎ᠨᠢ 1.94 ᠲᠦᠮᠡ᠎ᠳᠤ ᠬᠦᠷᠴᠡᠢ᠃

《ᠤᠯᠤᠰ᠎ᠤᠨ ᠨᠡᠷᠡᠮᠵᠢᠲᠤ》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠪᠴᠠᠩ ᠪᠣᠯ ᠴᠢᠳᠠᠪᠤᠷᠢᠲᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠣᠨᠳᠣᠣᠰᠢᠭᠤᠯᠬᠤ 《ᠠᠯᠳᠠᠨ ᠬᠥᠭᠦᠷᠭᠡ》 ᠮᠥᠨ᠃ ᠭᠦᠭᠡᠬᠤᠳᠠ᠎ᠳᠤ ᠪᠠᠶ᠋ᠢᠭ᠎ᠠ ᠤᠯᠤᠰ᠎ᠤᠨ ᠰᠦ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠦᠷᠢᠨ ᠲᠡᠭᠦᠯᠳᠡᠷ ᠵᠠᠬ᠎ᠠ ᠳᠡᠯᠭᠡᠭᠦᠷᠴᠢᠯᠡᠭᠰᠡᠨ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠪᠡᠯᠡ ᠮᠥᠩᠭᠦ ᠨᠡᠪᠴᠢᠭᠦᠯᠬᠦ ᠲᠠᠲᠠᠭ᠋ᠠᠯ ᠪᠠᠶ᠋ᠢᠭᠤᠯᠤᠨ᠂ ᠳᠡᠭᠡᠳᠦ ᠳᠣᠣᠷᠠᠳᠤ ᠤᠷᠤᠰᠬᠠᠯ᠎ᠤᠨ 123 ᠠᠵᠤ ᠠᠬᠤᠶ᠋ᠢᠯᠠᠯ᠎ᠢ ᠪᠦᠳᠤᠮᠵᠢᠳᠠᠢ ᠬᠤᠯᠪᠣᠵᠤ᠂ 239 ᠲᠥᠷᠥᠯ ᠵᠦᠢ᠍ᠯ᠎ᠢ ᠬᠡᠷᠡᠭᠵᠢᠭᠦᠯᠦᠨ᠂ 10 ᠵᠦᠢ᠍ᠯ᠎ᠤᠨ ᠳᠡᠯᠡᠬᠡᠢ ᠵᠢᠨ ᠲᠡᠷᠢᠭᠦᠨ᠎ᠤ ᠲᠦᠪᠰᠢᠨ ᠪᠦᠬᠦᠢ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠣᠯᠣᠭᠰᠠᠨ ᠪᠥᠭᠡᠳ ᠠᠵᠤ ᠦᠢ᠍ᠯᠡᠰᠵᠢᠯᠲᠡ ᠵᠢ ᠪᠡᠶᠡᠯᠡᠭᠦᠯᠪᠡ; ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠡᠯ᠎ᠡ ᠲᠠᠯ᠎ᠠ ᠵᠢᠨ ᠠᠵᠢᠯ ᠯᠠᠪᠳᠠᠭᠤᠨ ᠲᠣᠭᠲᠠᠭᠤᠨ ᠵᠶ᠋ᠠᠷ ᠤᠷᠤᠭᠰᠢ ᠠᠬᠢᠵᠤ᠂ ᠪᠦᠭᠦ ᠤᠯᠤᠰ᠎ᠤᠨ ᠡᠪᠡᠰᠦᠨ᠎ᠤ ᠠᠵᠤ ᠦᠢ᠍ᠯᠡᠰ᠎ᠤᠨ ᠠᠩᠬᠠᠳᠠᠭᠴᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠵᠡᠩᠨᠡᠯᠲᠡ ᠵᠢᠨ ᠲᠥᠪ ᠪᠣᠯᠣᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠣᠷᠣ ᠴᠠᠷᠭ᠋ᠠᠰᠤ ᠵᠢᠨ ᠠᠮᠢᠳᠤ ᠪᠣᠳᠠᠰ᠎ᠤᠨ ᠠᠮᠤᠷ ᠲᠦᠪᠰᠢᠨ᠎ᠤ ᠦᠨᠡᠯᠡᠯᠲᠡ ᠵᠢᠨ ᠵᠠᠪᠰᠠᠷ᠎ᠤᠨ ᠲᠤᠷᠰᠢᠯᠲᠠ ᠵᠢᠨ ᠰᠠᠭᠤᠷᠢᠨ ᠵᠶ᠋ᠠᠷ ᠵᠥᠪᠰᠢᠶᠡᠷᠡᠭᠳᠡᠵᠦ᠂ ᠮᠧᠩ ᠼᠤᠤ ᠺᠤᠮᠫᠠᠨᠢ ᠲᠦᠷᠦᠭᠦᠯᠡᠨ ᠡᠯ᠎ᠡ ᠲᠠᠯ᠎ᠠ  ᠵᠢᠨ᠎ᠬᠢᠨ᠎ᠲᠠᠢ ᠬᠤᠯᠪᠤᠭ᠋ᠠᠯᠠᠨ ᠰᠢᠨ᠎ᠡ ᠵᠢ ᠡᠭᠦᠳᠬᠦ ᠬᠤᠯᠪᠣᠭ᠋ᠠᠲᠤ ᠴᠣᠭᠴᠠ ᠵᠢ ᠵᠣᠬᠢᠶᠠᠨ ᠪᠠᠶ᠋ᠢᠭᠤᠯᠵᠤ᠂ ᠴᠠᠷᠭ᠋ᠠᠰᠤ ᠵᠢᠨ ᠶᠠᠰᠤ ᠴᠢᠨᠠᠷ᠎ᠤᠨ ᠰᠤᠳᠤᠯᠭ᠋ᠠᠨ ᠥᠷᠨᠢᠭᠦᠯᠵᠦ ᠪᠠᠶ᠋ᠢᠨ᠎ᠠ; ᠬᠠᠭ᠋ᠠᠰ ᠳᠠᠮᠵᠢᠭᠤᠯᠤᠭᠴᠢ ᠵᠢᠨ ᠮᠠᠲ᠋ᠧᠷᠢᠶᠠᠯ᠎ᠤᠨ ᠰᠢᠨ᠎ᠡ ᠵᠢ ᠡᠭᠦᠳᠬᠦ ᠲᠥᠪ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠵᠥᠩ ᠬᠤᠸᠠᠨ ᠯᠢᠩ ᠰᠢᠶᠠᠨ᠎ᠤ ᠯᠧᠦ ᠵᠥᠩ ᠱ᠌ᠢ ᠬᠤᠲᠠ ᠵᠢᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠴᠢᠳᠠᠪᠤᠷᠢᠲᠠᠨ ᠵᠶ᠋ᠠᠷ ᠦᠨᠡᠯᠡᠭᠳᠡᠵᠦ᠂ ᠵᠥᠩ ᠬᠤᠸᠠᠨ ᠲᠠᠯᠠᠰᠲᠤ ᠪᠡᠶ᠎ᠡ ᠪᠠ ᠵᠥᠩ ᠬᠤᠸᠠᠨ ᠭᠡᠷᠡᠯᠴᠢ ᠴᠡᠨᠡᠭ᠎ᠢ ᠰᠤᠳᠤᠯᠤᠨ ᠨᠡᠭᠡᠭᠡᠵᠦ ᠰᠢᠨ᠎ᠡ ᠵᠢ ᠡᠭᠦᠳᠬᠦ ᠪᠦᠯᠭᠦᠮ ᠴᠦ᠍ ᠲᠣᠰ ᠲᠣᠰ ᠬᠤᠲᠠ ᠵᠢᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠪᠦᠯᠭᠦᠮ ᠵᠶ᠋ᠠᠷ ᠰᠣᠩᠭᠤᠭᠳᠠᠪᠠ᠃

ᠤᠳᠤ ᠭᠦᠭᠡᠬᠤᠲᠠ᠎ᠳᠤ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 594᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠡᠯᠪᠡᠷᠢ ᠵᠢᠨ ᠳᠤᠮᠳᠠ ᠪᠠᠭ᠎ᠠ ᠠᠵᠤ ᠠᠬᠤᠶ᠋ᠢᠯᠠᠯ 852᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ 8᠂ ᠬᠤᠲᠠ ᠵᠢᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ 44 ᠪᠤᠶ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ + ᠠᠵᠤ ᠠᠬᠤᠶ᠋ᠢᠯᠠᠯ》᠎ᠤᠨ ᠦᠢ᠍ᠯᠡᠴᠢᠯᠡᠭᠡᠨ᠎ᠤ ᠵᠠᠭᠪᠤᠷ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠳᠠᠩᠰᠠᠯᠠᠭᠤᠯᠤᠭᠰᠠᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠎ᠤᠨ ᠠᠵᠢᠯ᠎ᠤᠨ ᠥᠷᠲᠡᠭᠡ 32 ᠪᠣᠯᠵᠤ᠂ ᠥᠷᠲᠡᠭᠡᠨ᠎ᠳᠤ ᠣᠷᠣᠭᠰᠠᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ 853 ᠪᠣᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠡᠯᠪᠡᠷᠢ ᠵᠢᠨ ᠠᠵᠤ ᠠᠬᠤᠶ᠋ᠢᠯᠠᠯ᠎ᠤᠨ 《ᠨᠢᠭᠡ ᠰᠤᠳᠤᠯᠤᠨ ᠨᠡᠭᠡᠭᠡᠬᠦ ᠪᠠᠶ᠋ᠢᠭᠤᠯᠤᠮᠵᠢ ᠪᠠᠶ᠋ᠢᠭᠤᠯᠬᠤ + ᠨᠢᠭᠡ ᠰᠢᠨ᠎ᠡ ᠵᠢ ᠡᠭᠦᠳᠬᠦ ᠪᠦᠯᠭᠦᠮ ᠨᠡᠶ᠋ᠢᠲᠡ ᠵᠢ ᠬᠥᠮᠥᠵᠢᠭᠦᠯᠬᠦ》 ᠬᠥᠭᠵᠢᠯᠲᠡ ᠵᠢᠨ ᠵᠠᠭᠪᠤᠷ᠎ᠢ ᠪᠤᠶ ᠪᠤᠯᠭ᠋ᠠᠬᠤ᠎ᠳᠤ ᠬᠦᠴᠦᠨ ᠨᠡᠮᠡᠷᠢᠯᠡᠪᠡ᠃

2024 ᠣᠨ᠎ᠤ 12 ᠰᠠᠷ᠎ᠠ ᠵᠢᠨ 26᠎ᠤ ᠡᠳᠦᠷ᠂ ᠭᠦᠭᠡᠬᠤᠲᠠ 《ᠭᠦᠭᠡᠬᠤᠲᠠ ᠵᠢᠨ ᠴᠢᠳᠠᠪᠤᠷᠢᠲᠠᠨ ᠵᠶ᠋ᠠᠷ ᠬᠤᠲᠠ᠎ᠪᠠᠨ ᠬᠦᠴᠦᠷᠬᠡᠭᠵᠢᠭᠦᠯᠬᠦ 25 ᠵᠤᠷᠪᠤᠰ》᠎ᠢ ᠵᠢᠩᠬᠢᠨᠢ᠎ᠪᠠᠷ ᠨᠡᠶ᠋ᠢᠲᠡᠯᠡᠭᠰᠡᠨ ᠪᠥᠭᠡᠳ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ᠪᠠ ᠪᠣᠳᠠᠲᠠᠢ ᠭᠦᠢ᠍ᠴᠡᠳᠬᠡᠬᠦ ᠳᠡᠰ ᠳᠠᠷᠠᠭ᠋ᠠᠯᠠᠯ᠎ᠢ ᠵᠠᠯᠭ᠋ᠠᠭ᠎ᠠ᠎ᠪᠠᠷ ᠨᠡᠶ᠋ᠢᠲᠡᠯᠡᠪᠡ᠃ ᠭᠦᠭᠡᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠲᠥᠷᠥ ᠵᠢᠨ ᠪᠣᠳᠣᠯᠭ᠎ᠠ᠎ᠲᠠᠢ ᠤᠶᠠᠯᠳᠤᠭᠤᠯᠤᠨ 《ᠦᠢ᠍ᠯᠡᠴᠢᠯᠡᠭᠡ ᠬᠤᠭᠤᠰᠤᠨ ᠬᠦᠷᠢᠶ᠎ᠡ》 ᠪᠠ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ 《ᠬᠠᠯᠠᠮᠰᠢᠯ ᠬᠦᠷᠢᠶ᠎ᠡ》 ᠵᠢ ᠭᠦᠨᠵᠡᠭᠡᠢ ᠠᠭᠤᠳᠠᠯᠤᠨ᠂ ᠴᠢᠳᠠᠪᠤᠷᠢᠲᠠᠨ᠎ᠤ ᠦᠢ᠍ᠯᠡᠴᠢᠯᠡᠭᠡ ᠵᠢ ᠨᠢᠭᠡ ᠴᠣᠭᠴᠠᠵᠢᠭᠤᠯᠬᠤ ᠲᠠᠪᠴᠠᠩ᠎ᠤᠨ ᠬᠤᠶᠠᠳᠤᠭ᠋ᠠᠷ ᠬᠤᠭᠤᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠪᠠ᠃ ᠳᠡᠭᠡᠳᠦ ᠲᠠᠰ᠎ᠤᠨ ᠴᠢᠳᠠᠪᠤᠷᠢᠲᠠᠨ᠎ᠢ ᠲᠥᠷᠥᠯ ᠬᠤᠪᠢᠶᠠᠨ ᠮᠠᠭ᠋ᠠᠳᠯᠠᠨ ᠲᠣᠭᠲᠠᠭ᠋ᠠᠬᠤ ᠵᠢ ᠠᠬᠢᠭᠤᠯᠵᠤ᠂ ᠠᠵᠢᠯᠯᠠᠭ᠋ᠠᠨ᠎ᠤ ᠵᠦᠭᠯᠡᠭᠦᠷ ᠨᠡᠶ᠋ᠢᠲᠡᠯᠡᠨ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠠᠯᠠᠭ᠎ᠠ ᠮᠥᠴᠢᠷ ᠠᠩᠬᠠᠨ᠎ᠤ ᠬᠢᠨᠠᠯᠲᠠ ᠬᠢᠵᠦ ᠳᠠᠭᠢᠨ ᠬᠢᠨᠠᠬᠤ ᠲᠠᠰ ᠳᠠᠷᠠᠭ᠋ᠠᠯᠠᠯ᠎ᠢ ᠬᠡᠷᠡᠭᠵᠢᠭᠦᠯᠪᠡ᠃ ᠣᠷᠣᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ  ᠵᠢ ᠠᠬᠢᠭᠤᠯᠵᠤ᠂ ᠨᠥᠬᠦᠴᠡᠯ᠎ᠳᠤ ᠨᠡᠶ᠋ᠢᠴᠡᠬᠦ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠵᠢᠨ ᠣᠶᠤᠲᠠᠨ᠂ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠬ᠍ᠴᠢ ᠵᠢᠨ ᠣᠷᠣᠨ ᠰᠠᠭᠤᠴᠠ ᠬᠤᠳᠠᠯᠳᠤᠨ ᠠᠪᠬᠤ᠎ᠳᠤ ᠲᠣᠰᠪᠦᠷᠢ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠪᠠ 2 ᠲᠦᠮᠡᠨ ᠲᠥᠭᠦᠷᠢᠭ ᠨᠥᠬᠦᠪᠦᠷᠢᠯᠡᠵᠦ᠂ ᠣᠷᠣᠨ ᠰᠠᠭᠤᠴᠠ ᠲᠦᠷᠢᠶᠡᠰᠦᠯᠡᠬᠦ᠎ᠳᠤ 24 ᠰᠠᠷ᠎ᠠ ᠵᠢᠨ ᠳᠣᠲᠣᠷ᠎ᠠ ᠲᠣᠰ ᠲᠣᠰ ᠰᠠᠷ᠎ᠠ ᠪᠦᠷᠢ 1000 ᠲᠥᠭᠦᠷᠢᠭ᠂ 800 ᠲᠥᠭᠦᠷᠢᠭ᠂ 500 ᠲᠥᠭᠦᠷᠢᠭ ᠪᠠ 300 ᠲᠥᠭᠦᠷᠢᠭ᠎ᠤᠨ ᠨᠥᠬᠦᠪᠦᠷᠢ ᠥᠭᠴᠦ ᠪᠤᠢ᠃ ᠡᠨᠡ ᠵᠢᠯ᠎ᠤᠨ 2 ᠰᠠᠷ᠎ᠠ ᠵᠢᠨ ᠳᠤᠮᠳᠠᠴᠢ ᠪᠤᠯᠲᠠᠯ᠎ᠠ ᠨᠢᠭᠡᠨᠲᠡ 177 ᠬᠥᠮᠥᠨ ᠤᠳᠠᠭ᠎ᠠ ᠵᠢᠨ ᠭᠡᠷ ᠪᠠᠶ᠋ᠢᠰᠢᠩ ᠬᠤᠳᠠᠯᠳᠤᠨ ᠠᠪᠬᠤ ᠨᠥᠬᠦᠪᠦᠷᠢ ᠵᠢᠨ ᠭᠤᠶᠤᠴᠢᠯᠠᠯ᠂ 78 ᠬᠥᠮᠥᠨ ᠤᠳᠠᠭ᠎ᠠ ᠵᠢᠨ ᠭᠡᠷ ᠪᠠᠶ᠋ᠢᠰᠢᠩ ᠲᠦᠷᠢᠶᠡᠰᠦᠯᠡᠬᠦ ᠨᠥᠬᠦᠪᠦᠷᠢ ᠵᠢᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠵᠦ᠂ ᠵᠢᠱ᠌ᠢᠯᠲᠡ᠎ᠪᠠᠷ ᠵᠢᠯ᠎ᠤᠨ ᠰᠡᠭᠦᠯᠴᠢ ᠪᠤᠯᠲᠠᠯ᠎ᠠ 1000 ᠣᠷᠴᠢᠮ ᠬᠥᠮᠥᠨ᠎ᠳᠤ ᠨᠥᠬᠦᠪᠦᠷᠢ ᠣᠯᠭᠤᠬᠤ ᠪᠣᠯᠣᠨ᠎ᠠ᠃

ᠭᠦᠭᠡᠬᠤᠲᠠ ᠳᠦᠷᠢᠮ᠎ᠤᠨ ᠰᠢᠨ᠎ᠡ ᠡᠭᠦᠳᠦᠯᠲᠡ᠎ᠪᠠᠷ ᠴᠢᠳᠠᠪᠤᠷᠢᠲᠠᠨ᠎ᠢ ᠴᠤᠭᠯᠠᠷᠠᠭᠤᠯᠤᠨ᠂ ᠴᠢᠳᠠᠪᠤᠷᠢᠲᠠᠨ᠎ᠤ ᠳᠠᠪᠠᠭᠤᠯᠢᠭ᠎ᠢ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠵᠠᠮ ᠵᠶ᠋ᠠᠷ ᠡᠷᠡᠮᠡᠬᠡᠶ᠋ᠢᠯᠡᠨ ᠤᠷᠤᠭᠰᠢᠯᠠᠵᠤ᠂ ᠴᠠᠭ ᠦᠶ᠎ᠡ ᠵᠢᠨ ᠬᠠᠮᠤᠭ᠎ᠤᠨ ᠬᠦᠴᠦᠷᠬᠡᠭ ᠳᠠᠭᠤᠨ᠎ᠢ ᠬᠠᠩᠭᠢᠨᠠᠭᠤᠯᠪᠠ᠃ ᠢᠷᠡᠭᠡᠳᠦᠢ᠎ᠳᠤ ᠭᠦᠭᠡᠬᠤᠲᠠ ᠦᠷᠭᠦᠯᠵᠢᠯᠡᠨ ᠴᠢᠳᠠᠪᠤᠷᠢᠲᠠᠨ ᠵᠶ᠋ᠠᠷ ᠬᠥᠳᠡᠯᠭᠡᠭᠦᠷ ᠪᠣᠯᠭ᠋ᠠᠨ ᠬᠤᠲᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠠᠶᠠᠨ᠎ᠳᠤ ᠲᠠᠰᠤᠷᠠᠯᠲᠠ ᠦᠭᠡᠢ ᠰᠢᠨ᠎ᠡ ᠥᠨᠳᠥᠷᠴᠡ᠎ᠳᠤ ᠭᠠᠷᠴᠤ᠂ ᠨᠠᠩ ᠰᠠᠶ᠋ᠢᠨ ᠰᠠᠶ᠋ᠢᠬᠠᠨ ᠮᠠᠷᠭ᠋ᠠᠰᠢ ᠲᠡᠶ᠋ᠢᠰᠢ ᠡᠷᠡᠯᠬᠡᠭᠯᠡᠨ ᠤᠷᠤᠭᠰᠢᠯᠠᠬᠤ ᠪᠣᠯᠣᠨ᠎ᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠤᠰᠬᠠᠢ ᠬᠢᠨᠠᠨ ᠵᠢᠯᠣᠭᠣᠳᠬᠤ ᠠᠵᠢᠯᠯᠠᠭ᠎ᠠ ᠥᠷᠨᠢᠭᠦᠯᠪᠡ
ᠴᠠᠭᠳᠠᠭ᠎ᠠ ᠰᠤᠷᠭ᠋ᠠᠭᠤᠯᠢ ᠬᠠᠮᠵᠢᠯᠴᠠᠨ ᠠᠮᠤᠷ ᠲᠠᠢ᠌ᠪᠤᠭᠤᠨ᠎ᠢ ᠴᠣᠭᠴᠠᠯᠠᠵᠤ ᠠᠮᠤᠷ ᠲᠦᠪᠰᠢᠨ᠎ᠤ ᠰᠠᠬᠢᠨ ᠬᠠᠮᠠᠭ᠋ᠠᠯᠠᠯᠲᠠ ᠳᠣᠣᠷ᠎ᠠ ᠥᠰᠦᠨ ᠪᠣᠢ᠌ᠵᠢᠨᠠᠮ
ᠡᠵᠡᠨ ᠬᠤᠷᠤᠭ᠎ᠠ ᠬᠤᠰᠢᠭᠤ᠎ᠨᠢ ᠪᠡᠭᠡᠵᠢᠩ ᠶᠡᠭᠡ ᠰᠤᠷᠭ᠋ᠠᠭᠤᠯᠢ ᠵᠢᠨ ᠬᠠᠷᠢᠶᠠᠳᠤ ᠰᠤᠷᠭ᠋ᠠᠭᠤᠯᠢ᠎ᠯᠤᠭ᠎ᠠ ᠬᠠᠮᠲᠤᠷᠠᠯᠴᠠᠨ ᠰᠤᠷᠭ᠋ᠠᠭᠤᠯᠢ ᠡᠷᠬᠢᠯᠡᠬᠦ ᠵᠢ ᠢᠳᠡᠪᠬᠢᠳᠡᠢ ᠲᠦᠯᠬᠢᠨ ᠠᠬᠢᠭᠤᠯᠵᠤ ᠪᠣᠢ
ᠲᠦᠩᠯᠢᠶᠣᠤ ᠬᠤᠲᠠ ᠭᠤᠷᠪᠠᠨ ᠠᠷᠭ᠎ᠠ ᠬᠡᠮᠵᠢᠶ᠎ᠡ᠎ᠪᠠᠷ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠶᠠᠰᠤ ᠴᠢᠨᠠᠷ᠎ᠢ᠎ᠨᠢ ᠳᠡᠭᠡᠭᠰᠢᠯᠡᠭᠦᠯᠦᠨ ᠦᠷ᠎ᠡ ᠠᠰᠢᠭ ᠵᠶ᠋ᠠᠨ ᠨᠡᠮᠡᠭᠳᠡᠭᠦᠯᠵᠦ ᠪᠣᠢ
ᠳᠤᠮᠳᠠᠳᠤ ᠤᠯᠤᠰ᠎ᠲᠤ ᠰᠤᠷᠤᠯᠴᠠᠵᠤ ᠪᠠᠶ᠋ᠢᠭ᠎ᠠ ᠰᠤᠷᠤᠭᠴᠢᠳ ᠣᠷᠳᠣᠰ ᠬᠣᠲᠠ ᠵᠢᠨ ᠡᠩᠬᠡᠪᠡᠢ ᠠᠮᠢ ᠠᠬᠤᠢ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠲᠤ ᠮᠣᠳᠣ ᠳᠠᠷᠢᠪᠠ
 
             蒙ICP备05000248号