ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠤᠰᠬᠠᠢ ᠬᠢᠨᠠᠨ ᠵᠢᠯᠣᠭᠣᠳᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-03-20

3 ᠳ᠋ᠤᠭ᠋ᠠᠷ ᠰᠠᠷ᠎ᠠ ᠵᠢᠨ 10 - 11᠎ᠤ ᠡᠳᠦᠷ᠂ ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠱ᠌ᠢ ᠭᠦᠸᠧ ᠶᠤᠸᠠᠨ ᠠᠩᠭᠢ ᠳᠠᠭ᠋ᠠᠭᠤᠯᠤᠨ᠂ ᠠᠯᠠᠱ᠌ᠠ ᠵᠡᠭᠦᠨ ᠬᠣᠰᠢᠭᠤᠨ᠎ᠤ ᠬᠡᠰᠡᠭ ᠰᠤᠷᠭ᠋ᠠᠭᠤᠯᠢ᠎ᠳᠤ ᠬᠦᠷᠴᠦ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠤᠰᠬᠠᠢ ᠬᠢᠨᠠᠨ ᠵᠢᠯᠣᠭᠣᠳᠬᠤ ᠠᠵᠢᠯᠯᠠᠭ᠎ᠠ ᠵᠢ ᠥᠷᠨᠢᠭᠦᠯᠵᠦ᠂ ᠡᠯ᠎ᠡ ᠰᠤᠷᠭ᠋ᠠᠭᠤᠯᠢ ᠵᠢᠨ ᠬᠠᠪᠤᠷ ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠭᠰᠡᠨ᠎ᠤ ᠳᠠᠷᠠᠭ᠋ᠠᠬᠢ ᠡᠯ᠎ᠡ ᠵᠦᠢ᠍ᠯ᠎ᠤᠨ ᠠᠵᠢᠯ᠎ᠤᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠵᠤ ᠣᠶ᠋ᠢᠯᠠᠭ᠋ᠠᠭᠰᠠᠨ ᠪᠥᠭᠡᠳ ᠡᠮᠦᠨ᠎ᠡ ᠬᠤᠭᠤᠴᠠᠭ᠋ᠠᠨ᠎ᠤ ᠪᠦᠬᠦ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠠᠮᠤᠷ ᠲᠦᠪᠰᠢᠨ᠎ᠤ ᠠᠵᠢᠯ᠎ᠤᠨ ᠬᠤᠷᠠᠯ᠎ᠠᠴᠠ ᠪᠠᠶ᠋ᠢᠷᠢᠯᠠᠭᠤᠯᠤᠭᠰᠠᠨ ᠬᠠᠮᠢᠶ᠎ᠠ ᠪᠦᠬᠦᠢ ᠡᠭᠦᠷᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠤᠬᠠᠢ ᠵᠢᠨ ᠭᠠᠵᠠᠷ᠎ᠲᠤ᠎ᠨᠢ ᠪᠠᠶ᠋ᠢᠴᠠᠭ᠋ᠠᠪᠠ᠃ ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠠᠯᠠᠱ᠌ᠠ ᠵᠡᠭᠦᠨ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠣᠷᠣᠯᠴᠠᠵᠠᠢ᠃

ᠱ᠌ᠢ ᠭᠦᠸᠧ ᠶᠤᠸᠠᠨ ᠨᠠᠷ ᠤᠷᠢᠳ ᠬᠣᠵᠢᠳ ᠠᠯᠠᠱ᠌ᠠ ᠵᠡᠭᠦᠨ ᠬᠣᠰᠢᠭᠤᠨ᠎ᠤ ᠮᠣᠩᠭᠣᠯ ᠦᠨᠳᠦᠰᠦᠲᠡᠨ᠎ᠤ ᠰᠤᠷᠭ᠋ᠠᠭᠤᠯᠢ᠂ ᠪᠠᠷᠠᠭᠤᠨ ᠪᠡᠯ ᠰᠤᠷᠭ᠋ᠠᠭᠤᠯᠢ᠂ ᠪᠠᠷᠠᠭᠤᠨ ᠪᠡᠯ ᠬᠡᠦᠬᠡᠳ᠎ᠤᠨ ᠴᠡᠴᠡᠷᠯᠢᠭ᠎ᠤᠨ ᠵᠢᠭ᠋ᠠᠨ ᠰᠤᠷᠭ᠋ᠠᠯᠲᠠ ᠵᠢᠨ ᠠᠰᠠᠷ᠂ ᠴᠢᠳᠠᠮᠵᠢᠲᠤ ᠲᠠᠰᠤᠭ᠂ ᠰᠤᠷᠤᠭᠴᠢ ᠵᠢᠨ ᠪᠠᠶ᠋ᠢᠷᠢ᠂ ᠬᠣᠭᠣᠯᠠᠨ ᠭᠡᠷ ᠵᠡᠷᠭᠡ ᠭᠠᠵᠠᠷ᠎ᠲᠤ ᠬᠦᠷᠴᠦ᠂ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ ᠪᠠ ᠢᠳᠡᠭᠡᠨ᠎ᠤ ᠵᠠᠷᠤᠳᠠᠯ᠎ᠤᠨ ᠬᠠᠮᠢᠶᠠᠷᠤᠯᠲᠠ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠂ ᠰᠤᠷᠤᠭᠴᠢᠳ᠎ᠢ ᠬᠠᠯᠠᠮᠵᠢᠯᠠᠨ ᠬᠠᠶ᠋ᠢᠷᠠᠯᠠᠬᠤ ᠵᠡᠷᠭᠡ ᠪᠠᠶ᠋ᠢᠳᠠᠯ᠎ᠢ ᠭᠣᠣᠯᠳᠠᠯᠭ᠎ᠠ᠎ᠲᠠᠢ ᠣᠶ᠋ᠢᠯᠠᠭ᠋ᠠᠵᠤ᠂ ᠰᠤᠷᠭ᠋ᠠᠭᠤᠯᠢ ᠵᠢᠨ ᠬᠠᠷᠢᠭᠤᠴᠠᠯᠭ᠋ᠠᠲᠠᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠠᠬᠤᠢ ᠲᠠᠯᠠᠪᠠᠢ᠎ᠳᠤ ᠰᠣᠨᠣᠰᠬᠤ ᠵᠢᠨ ᠬᠠᠮᠲᠤ ᠰᠤᠷᠭ᠋ᠠᠭᠤᠯᠢ ᠵᠢᠨ ᠡᠳᠦᠷ ᠲᠤᠲᠤᠮ᠎ᠤᠨ ᠬᠠᠮᠢᠶᠠᠷᠤᠯᠲᠠ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠡᠷᠭᠡ ᠠᠵᠢᠯ᠎ᠢ ᠪᠠᠶ᠋ᠢᠴᠠᠭ᠋ᠠᠨ ᠰᠣᠳᠤᠯᠵᠤ᠂ ᠳᠠᠷᠠᠭ᠎ᠠ ᠠᠯᠬᠤᠮ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃

 

1.webp.png

 

ᡁᠢ ᠭᠦᠸᠧ ᠶᠤᠸᠠᠨ᠂ ᠬᠠᠷᠢᠶ᠎ᠠ ᠭᠠᠵᠠᠷ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠡᠯ᠎ᠡ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠤᠳᠠᠭ᠋ᠠᠨ ᠳᠠᠭ᠋ᠠᠭ᠋ᠠᠮᠠᠭ᠋ᠠᠢ ᠪᠦᠲᠦᠮᠵᠢᠲᠡᠢ ᠲᠣᠭᠲᠠᠴᠠ ᠵᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠤᠷᠭ᠋ᠠᠭᠤᠯᠢ ᠵᠢᠨ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠬᠠᠮᠲᠤ ᠬᠣᠭᠣᠯᠠᠯᠠᠬᠤ ᠵᠡᠷᠭᠡ ᠡᠯ᠎ᠡ ᠵᠦᠢ᠍ᠯ᠎ᠤᠨ ᠳᠦᠷᠢᠮ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠪᠠᠭᠰᠢ ᠰᠤᠷᠤᠭᠴᠢᠳ᠎ᠤᠨ ᠡᠷᠡᠭᠦᠯ ᠮᠡᠨᠳᠦ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠨᠡᠨ ᠬᠦ᠌ ᠪᠡᠬᠢᠵᠢᠭᠦᠯᠬᠦ ᠬᠡᠷᠡᠭᠲᠡᠢ᠃ ᠬᠢᠴᠢᠶᠡᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠴᠢᠨᠠᠷ ᠴᠢᠨᠰᠠᠭ᠎ᠠ᠎ᠪᠠᠷ ᠭᠣᠣᠯ ᠪᠣᠯᠭ᠋ᠠᠬᠤ ᠵᠢ ᠢᠮᠠᠭᠲᠠ ᠪᠠᠷᠢᠮᠲᠠᠯᠠᠬᠤ ᠵᠢᠨ ᠬᠠᠮᠲᠤ ᠠᠯᠠᠱ᠌ᠠ ᠠᠶ᠋ᠢᠮᠠᠭ᠎ᠤᠨ ᠭᠠᠵᠠᠷ ᠣᠷᠣᠨ ᠎ᠤ ᠣᠨᠴᠠᠯᠢᠭ᠎ᠲᠠᠢ ᠤᠶᠠᠯᠳᠤᠭᠤᠯᠤᠨ᠂ ᠰᠤᠷᠭ᠋ᠠᠭᠤᠯᠢ ᠵᠢᠨ ᠣᠯᠠᠨ ᠡᠰᠢᠵᠢᠭᠦᠯᠦᠭᠰᠡᠨ ᠬᠢᠴᠢᠶᠡᠯ᠎ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠪᠠᠭᠰᠢ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠪᠠᠶ᠋ᠢᠳᠠᠯ᠎ᠢ ᠨᠢᠭᠲᠠ ᠠᠩᠬᠠᠷᠴᠤ᠂ ᠬᠠᠯᠠᠮᠵᠢᠯᠠᠨ ᠬᠠᠶ᠋ᠢᠷᠠᠯᠠᠬᠤ ᠡᠯ᠎ᠡ ᠵᠦᠢ᠍ᠯ᠎ᠤᠨ ᠠᠵᠢᠯ᠎ᠢ ᠪᠣᠳᠠᠲᠠᠢ ᠪᠥᠭᠡᠳ ᠨᠠᠷᠢᠯᠢᠭ ᠬᠢᠵᠦ᠂ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠤᠷᠤᠭᠴᠢᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ᠂ ᠪᠦᠬᠦ ᠲᠠᠯ᠎ᠠ᠎ᠪᠠᠷ ᠬᠥᠭᠵᠢᠬᠦ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

 

2.webp.png

 

ᠬᠢᠨᠠᠨ ᠵᠢᠯᠣᠭᠣᠳᠬᠤ ᠶᠠᠪᠤᠴᠠ᠎ᠳᠤ᠂ ᠱ᠌ᠢ ᠭᠦᠸᠧ ᠶᠤᠸᠠᠨ ᠠᠯᠠᠱ᠌ᠠ ᠵᠡᠭᠦᠨ ᠬᠣᠰᠢᠭᠤᠨ ᠎ᠤ ᠮᠣᠩᠭᠣᠯ ᠦᠨᠳᠦᠰᠦᠲᠡᠨ᠎ᠤ ᠰᠤᠷᠭ᠋ᠠᠭᠤᠯᠢ᠂ ᠪᠠᠷᠠᠭᠤᠨ ᠪᠡᠯ ᠰᠤᠷᠭ᠋ᠠᠭᠤᠯᠢ ᠵᠢᠨ ᠬᠠᠮᠲᠤ ᠬᠣᠭᠣᠯᠠᠯᠠᠬᠤ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠤᠰ ᠲᠤᠰ ᠰᠤᠭᠤᠴᠢᠨ ᠪᠠᠶ᠋ᠢᠴᠠᠭ᠋ᠠᠵᠤ᠂ ᠬᠣᠭᠣᠯᠠᠨ ᠭᠡᠷ᠎ᠤᠨ ᠠᠷᠢᠭᠤᠨ ᠴᠡᠪᠡᠷ᠂ ᠬᠣᠭᠣᠯᠠᠨ᠎ᠤ ᠬᠡᠷᠡᠭᠰᠡᠯ᠎ᠢ ᠠᠷᠢᠭᠤᠳᠬᠠᠭᠰᠠᠨ ᠵᠡᠷᠭᠡ ᠪᠠᠶ᠋ᠢᠳᠠᠯ᠎ᠢ ᠪᠠᠶ᠋ᠢᠴᠠᠭ᠋ᠠᠨ ᠦᠵᠡᠭᠰᠡᠨ ᠪᠥᠭᠡᠳ ᠪᠠᠭᠰᠢ ᠰᠤᠷᠤᠭᠴᠢᠳ᠎ᠲᠠᠢ ᠬᠠᠮᠲᠤ ᠬᠣᠭᠣᠯᠠᠯᠠᠵᠤ᠂ ᠰᠤᠷᠭ᠋ᠠᠭᠤᠯᠢ ᠵᠢᠨ ᠬᠣᠭᠣᠯᠠ ᠰᠤᠷᠤᠭᠴᠢᠳ᠎ᠲᠤ ᠲᠠᠭ᠋ᠠᠯᠠᠭᠳᠠᠬᠤ ᠡᠰᠡᠬᠦ ᠵᠢ ᠨᠠᠷᠢᠨ ᠠᠰᠠᠭᠤᠵᠤ᠂ ᠬᠣᠭᠣᠯᠠᠨ᠎ᠤ ᠠᠮᠲᠠ᠂ ᠦᠨ᠎ᠡ ᠬᠠᠩᠰᠢ᠂ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠲᠤᠬᠠᠢ ᠦᠨᠡᠯᠡᠯᠲᠡ ᠪᠠ ᠰᠠᠨᠠᠭᠤᠯᠭ᠎ᠠ ᠵᠢ ᠰᠣᠨᠣᠰᠪᠠ᠃

 

3.webp.png

 

ᠳᠠᠷᠠᠭ᠎ᠠ ᠠᠯᠬᠤᠮ᠎ᠳᠤ᠂ ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ 《ᠳᠥᠷᠪᠡᠨ ᠥᠬᠡᠶ ᠬᠣᠶᠠᠷ ᠰᠢᠭᠤᠳ》 ᠵᠢᠨ ᠠᠷᠭ᠎ᠠ ᠬᠡᠯᠪᠡᠷᠢ ᠵᠢ ᠦᠷᠭᠦᠯᠵᠢᠯᠡᠨ ᠬᠡᠷᠡᠭᠯᠡᠵᠦ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠭᠣᠣᠯᠳᠠᠯᠭ᠎ᠠ᠎ᠲᠠᠢ ᠠᠵᠢᠯ ᠵᠶ᠋ᠡᠨ ᠨᠠᠶ᠋ᠢᠳᠠᠪᠤᠷᠢᠵᠢᠭᠤᠯᠤᠭᠰᠠᠨ ᠦᠷ᠎ᠡ ᠪᠦᠲᠦᠮᠵᠢ ᠵᠢ ᠮᠥᠷᠳᠡᠨ ᠠᠰᠠᠭᠤᠵᠤ᠂ ᠡᠯ᠎ᠡ ᠵᠦᠢ᠍ᠯ᠎ᠤᠨ ᠡᠭᠦᠷᠭᠡ ᠵᠢ  ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠎ᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠴᠠᠭᠳᠠᠭ᠎ᠠ ᠰᠤᠷᠭ᠋ᠠᠭᠤᠯᠢ ᠬᠠᠮᠵᠢᠯᠴᠠᠨ ᠠᠮᠤᠷ ᠲᠠᠢ᠌ᠪᠤᠭᠤᠨ᠎ᠢ ᠴᠣᠭᠴᠠᠯᠠᠵᠤ ᠠᠮᠤᠷ ᠲᠦᠪᠰᠢᠨ᠎ᠤ ᠰᠠᠬᠢᠨ ᠬᠠᠮᠠᠭ᠋ᠠᠯᠠᠯᠲᠠ ᠳᠣᠣᠷ᠎ᠠ ᠥᠰᠦᠨ ᠪᠣᠢ᠌ᠵᠢᠨᠠᠮ
ᠡᠵᠡᠨ ᠬᠤᠷᠤᠭ᠎ᠠ ᠬᠤᠰᠢᠭᠤ᠎ᠨᠢ ᠪᠡᠭᠡᠵᠢᠩ ᠶᠡᠭᠡ ᠰᠤᠷᠭ᠋ᠠᠭᠤᠯᠢ ᠵᠢᠨ ᠬᠠᠷᠢᠶᠠᠳᠤ ᠰᠤᠷᠭ᠋ᠠᠭᠤᠯᠢ᠎ᠯᠤᠭ᠎ᠠ ᠬᠠᠮᠲᠤᠷᠠᠯᠴᠠᠨ ᠰᠤᠷᠭ᠋ᠠᠭᠤᠯᠢ ᠡᠷᠬᠢᠯᠡᠬᠦ ᠵᠢ ᠢᠳᠡᠪᠬᠢᠳᠡᠢ ᠲᠦᠯᠬᠢᠨ ᠠᠬᠢᠭᠤᠯᠵᠤ ᠪᠣᠢ
ᠲᠦᠩᠯᠢᠶᠣᠤ ᠬᠤᠲᠠ ᠭᠤᠷᠪᠠᠨ ᠠᠷᠭ᠎ᠠ ᠬᠡᠮᠵᠢᠶ᠎ᠡ᠎ᠪᠠᠷ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠶᠠᠰᠤ ᠴᠢᠨᠠᠷ᠎ᠢ᠎ᠨᠢ ᠳᠡᠭᠡᠭᠰᠢᠯᠡᠭᠦᠯᠦᠨ ᠦᠷ᠎ᠡ ᠠᠰᠢᠭ ᠵᠶ᠋ᠠᠨ ᠨᠡᠮᠡᠭᠳᠡᠭᠦᠯᠵᠦ ᠪᠣᠢ
ᠳᠤᠮᠳᠠᠳᠤ ᠤᠯᠤᠰ᠎ᠲᠤ ᠰᠤᠷᠤᠯᠴᠠᠵᠤ ᠪᠠᠶ᠋ᠢᠭ᠎ᠠ ᠰᠤᠷᠤᠭᠴᠢᠳ ᠣᠷᠳᠣᠰ ᠬᠣᠲᠠ ᠵᠢᠨ ᠡᠩᠬᠡᠪᠡᠢ ᠠᠮᠢ ᠠᠬᠤᠢ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠲᠤ ᠮᠣᠳᠣ ᠳᠠᠷᠢᠪᠠ
ᠪᠤᠭᠤᠲᠤ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠪᠦᠬᠦ ᠤᠯᠤᠰ᠎ᠲᠤ ᠳᠡᠳ᠋ᠯᠡᠪᠡ
 
             蒙ICP备05000248号