ᠲᠦᠩᠯᠢᠶᠣᠤ ᠬᠤᠲᠠ ᠭᠤᠷᠪᠠᠨ ᠠᠷᠭ᠎ᠠ ᠬᠡᠮᠵᠢᠶ᠎ᠡ᠎ᠪᠠᠷ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠶᠠᠰᠤ ᠴᠢᠨᠠᠷ᠎ᠢ᠎ᠨᠢ ᠳᠡᠭᠡᠭᠰᠢᠯᠡᠭᠦᠯᠦᠨ ᠦᠷ᠎ᠡ ᠠᠰᠢᠭ ᠵᠶ᠋ᠠᠨ ᠨᠡᠮᠡᠭᠳᠡᠭᠦᠯᠵᠦ ᠪᠠᠶ᠋ᠢᠨ᠎ᠠ᠃ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠪᠠᠳᠠᠷᠠᠭᠤᠯᠪᠠ᠃ ᠨᠢᠭᠡᠳᠦᠭᠡᠷ ᠤᠯᠠᠷᠢᠯ᠎ᠳᠤ᠂ 73 ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠲᠣᠭᠲᠠᠪᠤᠷᠢᠵᠢᠭᠤᠯᠤᠭᠰᠠᠨ᠎ᠳᠤ ᠪᠤᠴᠠᠭ᠋ᠠᠨ ᠥᠭᠬᠦ ᠨᠥᠬᠦᠪᠥᠷᠢ ᠵᠢ 470.12 ᠲᠦᠮᠡᠨ ᠲᠦᠭᠦᠷᠢᠭ ᠣᠯᠭᠤᠵᠣ᠂ 7493 ᠠᠵᠢᠯᠲᠠᠨ ᠠᠵᠢᠯᠴᠢᠨ᠎ᠳᠤ ᠠᠰᠢᠭ ᠬᠦᠷᠲᠡᠭᠡᠪᠡ; ᠮᠡᠷᠭᠡᠵᠢᠯ ᠴᠢᠳᠠᠪᠤᠷᠢ ᠵᠢ᠎ᠨᠢ ᠳᠡᠭᠡᠭᠰᠢᠯᠡᠭᠦᠯᠬᠦ ᠨᠡᠮᠡᠭᠦᠷᠢ ᠵᠢ 115.87 ᠲᠦᠮᠡᠨ ᠲᠥᠭᠦᠷᠢᠭ ᠣᠯᠭᠤᠵᠤ᠂ 934 ᠬᠥᠮᠦᠨ᠎ᠳᠤ ᠠᠰᠢᠭ ᠬᠦᠷᠲᠡᠭᠡᠪᠡ; ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠬᠦ ᠵᠢ 1725.26 ᠲᠦᠮᠡᠨ ᠲᠦᠭᠦᠷᠢᠭ ᠣᠯᠭᠤᠪᠠ᠃ ᠬᠤᠶᠠᠷ᠎ᠲᠤ᠂ ᠣᠨᠣᠴᠠᠲᠠᠶ ᠪᠣᠯᠪᠠᠰᠤᠷᠠᠯ᠎ᠢ ᠥᠷᠨᠢᠭᠦᠯᠪᠡ᠃ 《ᠠᠵᠢᠯ᠎ᠤᠨ ᠪᠠᠶ᠋ᠢᠷᠢ ᠵᠢᠨ ᠱᠠᠭ᠋ᠠᠷᠳᠠᠯᠭ᠎ᠠ + ᠮᠡᠷᠭᠡᠵᠢᠯ ᠴᠢᠳᠠᠪᠤᠷᠢ ᠵᠢᠨ ᠪᠣᠯᠪᠠᠰᠤᠷᠠᠯ + ᠮᠡᠷᠭᠡᠵᠢᠯ ᠴᠢᠳᠠᠪᠤᠷᠢ ᠵᠢᠨ ᠦᠨᠡᠯᠡᠯᠲᠡ + ᠠᠵᠢᠯ ᠣᠯᠭᠤᠯᠲᠠ ᠵᠢᠨ ᠦᠢ᠍ᠯᠡᠴᠢᠯᠡᠭᠡ》 ᠵᠢ ᠨᠢᠭᠡ ᠴᠣᠭᠴᠠᠵᠢᠭᠤᠯᠤᠭᠰᠠᠨ ᠪᠣᠯᠪᠠᠰᠤᠷᠠᠯ᠎ᠤᠨ ᠬᠡᠪ ᠵᠠᠭᠪᠤᠷ᠎ᠢ ᠬᠡᠷᠡᠭᠵᠢᠭᠦᠯᠵᠦ᠂ ᠪᠣᠯᠪᠠᠰᠤᠷᠠᠯ ᠬᠦᠷᠲᠡᠭᠰᠡᠳ᠎ᠤᠨ ᠠᠵᠢᠯ ᠣᠯᠬᠤ ᠨᠣᠷᠮ᠎ᠠ ᠵᠢ ᠳᠡᠭᠡᠭᠰᠢᠯᠡᠭᠦᠯᠪᠡ᠃ ᠨᠢᠭᠡᠳᠦᠭᠡᠷ ᠤᠯᠠᠷᠢᠯ᠎ᠳᠤ ᠭᠤᠣᠯᠳᠠᠯᠭ᠎ᠠ ᠪᠣᠯᠬᠤ 109 ᠠᠵᠤ ᠠᠬᠤᠶ᠋ᠢᠯᠠᠯ᠎ᠯᠤᠭ᠎ᠠ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠯᠴᠠᠵᠤ᠂ ᠠᠵᠢᠯᠴᠢᠨ ᠬᠡᠷᠡᠭᠯᠡᠬᠦ ᠬᠡᠷᠡᠭᠴᠡᠭᠡ 4317 ᠪᠠᠶ᠋ᠢᠬᠤ ᠵᠢ ᠡᠵᠡᠮᠰᠢᠵᠦ᠂ 1982 ᠬᠦᠮᠦᠨ᠎ᠳᠤ ᠠᠵᠢᠯ ᠣᠯᠬᠤ ᠤᠷ᠎ᠠ ᠴᠢᠳᠠᠪᠤᠷᠢ ᠵᠢᠨ ᠪᠣᠯᠪᠠᠰᠤᠷᠠᠯ ᠥᠷᠨᠢᠭᠦᠯᠵᠦ᠂ ᠮᠡᠷᠭᠡᠵᠢᠯ᠎ᠤᠨ ᠴᠢᠳᠠᠪᠤᠷᠢᠲᠠᠨ᠎ᠢ 4062 ᠰᠢᠨ᠎ᠡ᠎ᠪᠠᠷ ᠨᠡᠮᠡᠭᠳᠡᠭᠦᠯᠵᠦ᠂ ᠠᠵᠢᠯ ᠤᠯᠬᠤ ᠰᠠᠨᠠᠮᠵᠢ ᠲᠣᠭᠲᠠᠭᠰᠠᠨ ᠬᠦᠮᠦᠨ 2568 ᠬᠥᠮᠦᠨ ᠤᠳᠠᠭ᠎ᠠ᠎ᠳᠤ ᠬᠦᠷᠪᠡ᠃ ᠭᠤᠷᠪᠠ᠎ᠳᠤ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠵᠢᠷᠤᠮᠵᠢᠭᠰᠠᠨ ᠪᠥᠭᠡᠳ ᠨᠢᠭᠡᠳᠦᠯᠲᠡᠶ ᠦᠢ᠍ᠯᠡᠴᠢᠯᠡᠭᠡᠨ᠎ᠤ ᠪᠠᠷᠢᠮᠵᠢᠶ᠎ᠠ ᠵᠢ ᠬᠡᠷᠡᠭᠵᠢᠭᠦᠯᠵᠦ᠂ ᠠᠵᠢᠯ ᠣᠯᠭᠤᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠪᠡ᠃ ᠨᠢᠭᠡᠳᠦᠭᠡᠷ ᠤᠯᠠᠷᠢᠯ᠎ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ ᠡᠯᠰᠡᠬᠦ ᠠᠵᠢᠯᠯᠠᠭ᠎ᠠ ᠵᠢ 189 ᠲᠠᠯᠠᠪᠤᠷ ᠥᠷᠨᠢᠭᠦᠯᠵᠦ᠂ ᠠᠵᠢᠯ᠎ᠤᠨ ᠪᠠᠶ᠋ᠢᠷᠢ ᠵᠢ 5 ᠲᠦᠮᠡ ᠭᠠᠷᠤᠶ ᠬᠠᠩᠭ᠋ᠠᠵᠤ᠂ ᠠᠵᠢᠯ ᠣᠯᠬᠤ ᠰᠠᠨᠠᠮᠵᠢ ᠳᠣᠬᠢᠷᠠᠯᠴᠠᠭᠰᠠᠨ ᠬᠦᠮᠦᠨ᠎ᠤ ᠲᠤᠭ᠎ᠠ ᠠᠩᠬ᠎ᠠ ᠠᠯᠬᠤᠮ 7000 ᠭᠠᠷᠤᠶ ᠬᠥᠮᠦᠨ ᠤᠳᠠᠭ᠎ᠠ᠎ᠳᠤ ᠬᠦᠷᠪᠡ; ᠪᠥᠬᠦ ᠬᠤᠲᠠ᠎ᠳᠤ ᠦᠢ᠍ᠯᠡᠰ ᠪᠣᠰᠬᠠᠬᠤ ᠬᠦᠷᠢᠶᠡᠯᠡᠩ ᠲᠣᠭᠤᠷᠢᠭ᠎ᠢ 21 ᠪᠠᠶ᠋ᠢᠭᠤᠯᠵᠤ᠂ ᠦᠢ᠍ᠯᠡᠰ ᠪᠣᠰᠬᠠᠬᠤ ᠬᠦᠮᠦᠷᠭᠡ᠎ᠳᠤ ᠣᠷᠤᠭᠤᠯᠤᠭᠰᠠᠨ ᠲᠦᠷᠦᠯ ᠵᠦᠢ᠍ᠯ 1000 ᠣᠷᠴᠢᠮ ᠪᠠᠶ᠋ᠢᠵᠤ᠂ ᠦᠢ᠍ᠯᠡᠰ ᠪᠣᠰᠬᠠᠬᠤ ᠵᠢᠭᠡᠯᠡᠯᠭᠡ ᠵᠢ 1611.5 ᠲᠦᠮᠡᠨ ᠲᠦᠭᠦᠷᠢᠭ ᠲᠠᠯᠪᠢᠵᠤ᠂ 300 ᠭᠠᠷᠤᠶ ᠬᠥᠮᠦᠨ᠎ᠤ ᠠᠵᠢᠯ ᠣᠯᠬᠤ ᠵᠢ ᠳᠠᠶ᠋ᠢᠴᠢᠯᠠᠪᠠ᠃ (ᠲᠦᠩᠯᠢᠶᠣᠣ ᠬᠤᠲᠠ ᠵᠢᠨ ᠵᠠᠰᠠᠭ᠎ᠤᠨ ᠣᠷᠳᠣᠨ)