ᠡᠵᠡᠨ ᠬᠤᠷᠤᠭ᠎ᠠ ᠬᠤᠰᠢᠭᠤ᠎ᠨᠢ ᠪᠡᠭᠡᠵᠢᠩ ᠶᠡᠭᠡ ᠰᠤᠷᠭ᠋ᠠᠭᠤᠯᠢ ᠵᠢᠨ ᠬᠠᠷᠢᠶᠠᠳᠤ ᠰᠤᠷᠭ᠋ᠠᠭᠤᠯᠢ᠎ᠯᠤᠭ᠎ᠠ ᠬᠠᠮᠲᠤᠷᠠᠯᠴᠠᠨ ᠰᠤᠷᠭ᠋ᠠᠭᠤᠯᠢ ᠡᠷᠬᠢᠯᠡᠬᠦ ᠵᠢ ᠢᠳᠡᠪᠬᠢᠳᠡᠢ ᠲᠦᠯᠬᠢᠨ ᠠᠬᠢᠭᠤᠯᠵᠤ ᠪᠣᠢ᠃ 2 ᠳ᠋ᠤᠭ᠋ᠠᠷ ᠰᠠᠷ᠎ᠠ ᠵᠢᠨ 28᠎ᠤ ᠡᠳᠤᠷ᠂ ᠤᠷᠳᠤᠰ ᠬᠤᠳᠠ ᠵᠢᠨ ᠵᠠᠰᠠᠭ᠎ᠤᠨ ᠤᠷᠳᠤᠨ ᠵᠢᠴᠢ ᠡᠵᠡᠨ ᠬᠤᠷᠤᠭ᠎ᠠ ᠬᠤᠰᠢᠭᠤᠨ᠎ᠤ ᠵᠠᠰᠠᠭ᠎ᠤᠨ ᠤᠷᠳᠤᠨ᠎ᠨᠢ ᠪᠡᠭᠡᠵᠢᠩ ᠶᠡᠭᠡ ᠰᠤᠷᠭ᠋ᠠᠭᠤᠯᠢ ᠵᠢᠴᠢ ᠬᠠᠮᠢᠶ᠎ᠠ ᠪᠦᠬᠦᠢ ᠬᠠᠷᠢᠶᠠᠳᠤ ᠰᠤᠷᠭ᠋ᠠᠭᠤᠯᠢ᠎ᠨᠤᠭᠤᠳ (ᠪᠡᠭᠡᠵᠢᠩ ᠶᠡᠭᠡ ᠰᠤᠷᠭ᠋ᠠᠭᠤᠯᠢ ᠵᠢᠨ ᠬᠠᠷᠢᠶᠠᠳᠤ ᠳᠤᠮᠳᠠᠳᠤ ᠰᠤᠷᠭ᠋ᠠᠭᠤᠯᠢ᠂ ᠬᠠᠷᠢᠶᠠᠳᠤ ᠪᠠᠭ᠎ᠠ ᠰᠤᠷᠭ᠋ᠠᠭᠤᠯᠢ᠂ ᠬᠠᠷᠢᠶᠠᠳᠤ ᠬᠡᠦᠬᠡᠳ᠎ᠤᠨ ᠴᠡᠴᠡᠷᠯᠢᠭ)᠎ᠯᠤᠭ᠎ᠠ ᠬᠠᠮᠲᠤᠷᠠᠯᠴᠠᠨ ᠰᠤᠷᠭ᠋ᠠᠭᠤᠯᠢ ᠡᠷᠬᠢᠯᠡᠬᠦ ᠵᠦᠪᠯᠡᠯᠴᠡᠭᠡᠷ ᠳᠣᠬᠢᠷᠠᠯᠴᠠᠪᠠ᠃ ᠡᠵᠡᠨ ᠬᠤᠷᠤᠭ᠎ᠠ ᠬᠤᠰᠢᠭᠤ᠎ᠨᠢ ᠪᠡᠭᠡᠵᠢᠩ ᠶᠡᠭᠡ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠰᠢᠯᠢᠳᠡᠭ ᠡᠬᠢ ᠪᠠᠶᠠᠯᠢᠭ᠎ᠢ ᠣᠷᠣᠭᠤᠯᠤᠨ ᠠᠪᠴᠢᠷᠠᠭ᠋ᠠᠳ 《3 ᠵᠢᠯ (ᠬᠡᠤᠬᠡᠳ᠎ᠤᠨ ᠴᠡᠴᠡᠷᠯᠢᠭ) + 6 ᠵᠢᠯ (ᠪᠠᠭ᠎ᠠ ᠰᠤᠷᠭ᠋ᠠᠭᠤᠯᠢ) + 3 ᠵᠢᠯ (ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ) + 3 ᠵᠢᠯ (ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ)》 ᠵᠶ᠋ᠠᠷ ᠲᠥᠪᠯᠡᠷᠡᠭᠦᠯᠵᠦ ᠪᠠᠶ᠋ᠢᠭ᠋ᠠᠳ ᠰᠣᠳᠣᠨ ᠴᠢᠳᠠᠪᠤᠷᠢᠲᠠᠨ᠎ᠢ ᠬᠥᠮᠦᠵᠢᠭᠦᠯᠬᠦ ᠲᠥᠯᠥᠪᠯᠡᠭᠡ ᠵᠢ ᠴᠣᠭᠴᠠᠯᠠᠬᠤ᠎ᠪᠠᠷ ᠪᠣᠢ᠃ ᠣᠳᠣᠬᠠᠨ᠎ᠳᠤ᠂ ᠪᠡᠭᠡᠵᠢᠩ ᠶᠡᠭᠡ ᠰᠤᠷᠭ᠋ᠠᠭᠤᠯᠢ ᠵᠢᠨ ᠬᠠᠷᠢᠶᠠᠲᠤ ᠪᠠᠭ᠎ᠠ ᠰᠤᠷᠭ᠋ᠠᠭᠤᠯᠢ ᠵᠢᠨ ᠣᠷᠳᠣᠰ᠎ᠲᠠᠬᠢ ᠬᠤᠪᠢᠶᠠᠷᠢ ᠰᠤᠷᠭ᠋ᠠᠭᠤᠯᠢ ᠪᠠ ᠪᠡᠭᠡᠵᠢᠩ ᠶᠡᠭᠡ ᠰᠤᠷᠭ᠋ᠠᠭᠤᠯᠢ ᠵᠢᠨ ᠬᠠᠷᠢᠶᠠᠲᠤ ᠬᠡᠤᠬᠡᠳ᠎ᠤᠨ ᠴᠡᠴᠡᠷᠯᠢᠭ᠎ᠤᠨ ᠣᠷᠳᠣᠰ᠎ᠲᠠᠬᠢ ᠬᠤᠪᠢᠶᠠᠷᠢ ᠴᠡᠴᠡᠷᠯᠢᠭ᠎ᠨᠢ 2025 ᠣᠨ᠎ᠤ ᠰᠤᠷᠤᠯᠭ᠎ᠠ ᠵᠢᠨ ᠵᠢᠯ᠎ᠤᠨ ᠳᠡᠭᠡᠳᠦ ᠬᠤᠭᠤᠴᠠᠭ᠋ᠠᠨ᠎ᠠᠴᠠ ᠡᠬᠢᠯᠡᠨ ᠵᠢᠩᠬᠢᠨᠢ᠎ᠪᠠᠷ ᠰᠣᠷᠣᠭᠴᠢ ᠡᠯᠰᠡᠬᠦ ᠪᠠᠷ ᠲᠣᠭᠲᠠᠵᠤ᠂ ᠲᠦᠷᠦᠭᠦᠤ ᠪᠦᠯᠦᠭ᠎ᠤᠨ ᠬᠠᠮᠢᠶᠠᠷᠤᠯᠲᠠ ᠵᠢᠨ ᠪᠦᠯᠬᠦᠮ᠎ᠤᠨ ᠭᠡᠰᠢᠭᠦᠳ᠂ ᠭᠤᠤᠯᠯᠠᠭᠴᠢ ᠪᠠᠭᠰᠢ ᠪᠠ ᠰᠢᠨᠵᠢᠯᠡᠭᠡᠨ᠎ᠤ ᠰᠠᠯᠠᠭ᠋ᠠᠨ᠎ᠤ ᠳᠠᠭ᠋ᠠᠭᠤᠯᠤᠭᠴᠢᠳᠨᠢ 2025 ᠣᠨ᠎ᠤ ᠰᠤᠷᠤᠯᠭ᠎ᠠ ᠵᠢᠨ ᠵᠢᠯ᠎ᠤᠨ ᠳᠡᠭᠡᠳᠦ ᠬᠤᠭᠤᠴᠠᠭ᠋ᠠᠨ᠎ᠳᠤ ᠲᠤᠰᠬᠠᠢ ᠲᠤᠰᠢᠶᠠᠯᠲᠤ ᠪᠠᠭᠰᠢ ᠨᠠᠷ ᠠᠵᠢᠯ ᠤᠨ ᠪᠠᠶ᠋ᠢᠷᠢ᠎ᠳᠤ᠎ᠪᠠᠨ ᠭᠠᠷᠤᠨ᠎ᠠ; ᠪᠦᠬᠦ ᠤᠯᠤᠰ᠎ᠤᠨ ᠬᠡᠪᠴᠢᠶᠡᠨ᠎ᠳᠤ ᠰᠢᠯᠢᠳᠡᠭ ᠪᠠᠭᠰᠢ ᠵᠢ ᠡᠯᠰᠡᠬᠦ ᠠᠵᠢᠯ ᠵᠶ᠋ᠠᠨ ᠨᠢᠭᠡᠨᠲᠡ ᠡᠬᠢᠯᠡᠭᠦᠯᠪᠡ᠃ ᠪᠡᠭᠡᠵᠢᠩ ᠶᠡᠭᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠣᠷᠳᠣᠰ᠎ᠲᠠᠬᠢ ᠰᠤᠷᠭ᠋ᠠᠭᠤᠯᠢ ᠵᠢ 2026 ᠣᠨ᠎ᠤ ᠰᠤᠷᠤᠯᠭ᠎ᠠ ᠵᠢᠨ ᠵᠢᠯ᠎ᠤᠨ ᠳᠡᠭᠡᠳᠦ ᠬᠤᠭᠤᠴᠠᠭ᠋ᠠᠨ᠎ᠳᠤ ᠵᠢᠩᠬᠢᠨᠢ᠎ᠪᠠᠷ ᠠᠰᠢᠭᠯᠠᠯᠲᠠ᠎ᠳᠤ ᠣᠷᠤᠭᠤᠯᠬᠤ᠎ᠪᠠᠷ ᠵᠢᠱ᠌ᠢᠵᠦ ᠪᠣᠢ᠃ (ᠡᠵᠡᠨ ᠬᠤᠷᠤᠭ᠎ᠠ ᠬᠤᠰᠢᠭᠤᠨ᠎ᠤ ᠵᠠᠰᠠᠭ᠎ᠤᠨ ᠣᠷᠳᠣᠨ)