4 ᠳ᠋ᠦ᠍ᠭᠡᠷ ᠰᠠᠷ᠎ᠠ ᠵᠢᠨ 13᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠠᠮᠲᠤᠷᠠᠨ ᠡᠷᠬᠢᠯᠡᠵᠦ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠣᠷᠳᠣᠰ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠠᠴᠠ ᠳᠠᠭ᠋ᠠᠭ᠋ᠠᠴᠢᠯᠠᠨ ᠡᠷᠬᠢᠯᠡᠭᠰᠡᠨ 《ᠬᠠᠮᠲᠤ᠎ᠳᠤ᠎ᠪᠠᠨ ᠨᠣᠭᠣᠭ᠋ᠠᠷᠠᠭᠤᠯᠵᠤ ᠬᠠᠮᠲᠤ᠎ᠳᠤ᠎ᠪᠠᠨ ᠪᠣᠯᠪᠠᠰᠤᠨ᠎ᠢ ᠴᠣᠭᠴᠠᠯᠠᠶ᠎ᠠ》 — ᠳᠤᠮᠳᠠᠳᠤ ᠤᠯᠤᠰ᠎ᠲᠤ ᠰᠤᠷᠤᠯᠴᠠᠵᠤ ᠪᠠᠢ᠌ᠭ᠎ᠠ ᠰᠤᠷᠤᠭᠴᠢᠳ᠎ᠤᠨ ᠮᠣᠳᠣ ᠲᠠᠷᠢᠬᠤ ᠠᠵᠢᠯᠯᠠᠭ᠎ᠠ ᠵᠢ ᠣᠷᠳᠣᠰ ᠬᠣᠲᠠ ᠵᠢᠨ ᠡᠩᠬᠡᠪᠡᠢ ᠠᠮᠢ ᠠᠬᠤᠢ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠲᠤ ᠶᠠᠪᠤᠭᠳᠠᠭᠤᠯᠪᠠ᠃

ᠳᠤᠮᠳᠠᠳᠤ ᠤᠯᠤᠰ᠎ᠲᠤ ᠰᠤᠷᠤᠯᠴᠠᠵᠤ ᠪᠠᠢ᠌ᠭ᠎ᠠ ᠰᠤᠷᠤᠭᠴᠢᠳ ᠡᠩᠬᠡᠪᠡᠢ ᠠᠮᠢ ᠠᠬᠤᠢ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠲᠤ ᠮᠣᠳᠣ ᠲᠠᠷᠢᠵᠤ ᠪᠠᠢ᠌ᠭ᠎ᠠ᠎ᠨᠢ
ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠡᠷᠭᠡ ᠶᠡᠬᠡ ᠳᠡᠭᠡᠳᠦ ᠰᠤᠷᠭ᠋ᠠᠭᠤᠯᠢ᠎ᠳᠤ ᠰᠤᠷᠤᠯᠴᠠᠵᠤ ᠪᠠᠶ᠋ᠢᠭ᠎ᠠ ᠮᠣᠩᠭᠣᠯ᠂ ᠣᠷᠣᠰ᠂ ᠫᠠᠺᠢᠰᠲ᠋ᠠᠨ ᠵᠡᠷᠭᠡ 7 ᠤᠯᠤᠰ ᠤᠨ ᠳᠤᠮᠳᠠᠳᠤ ᠤᠯᠤᠰ᠎ᠲᠤ ᠰᠤᠷᠤᠯᠴᠠᠵᠤ ᠪᠠᠢ᠌ᠭ᠎ᠠ 70 ᠭᠠᠷᠤᠢ ᠰᠤᠷᠤᠭᠴᠢ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠳᠤᠮᠳᠠᠳᠤ ᠤᠯᠤᠰ᠎ᠲᠤ ᠰᠤᠷᠤᠯᠴᠠᠵᠤ ᠪᠠᠢ᠌ᠭ᠎ᠠ ᠰᠤᠷᠤᠭᠴᠢᠳ ᠡᠯᠡᠰᠦᠨ ᠴᠥᠯ᠎ᠤᠨ ᠰᠢᠨᠵᠢᠯᠡᠬᠦ ᠤᠬᠠᠭ᠋ᠠᠨ᠎ᠤ ᠣᠷᠳᠣᠨ (ᠮᠦᠽᠧᠢ)᠂ ᠡᠯᠡᠰᠦᠨ ᠴᠥᠯ᠎ᠤᠨ ᠠᠮᠢ ᠠᠬᠤᠢ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠵᠡᠭᠦᠯᠭᠡ ᠵᠢᠨ ᠲᠥᠪ᠎ᠢ ᠲᠣᠭᠣᠷᠢᠨ ᠦᠵᠡᠵᠦ᠂ ᠭᠠᠩ ᠬᠠᠭᠤᠷᠠᠢ ᠭᠠᠵᠠᠷ ᠣᠷᠣᠨ᠎ᠤ ᠴᠦᠯᠯᠡᠷᠭᠡᠭᠵᠢᠯ᠎ᠢ ᠵᠠᠰᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠪᠣᠯᠤᠨ ᠡᠩᠭᠡᠪᠡᠢ ᠵᠢᠨ ᠠᠮᠢ ᠠᠬᠤᠢ ᠵᠢᠨ ᠵᠠᠰᠠᠯᠲᠠ ᠵᠢᠨ ᠠᠮᠵᠢᠯᠲᠠ ᠣᠯᠤᠭᠰᠠᠨ ᠬᠡᠷᠡᠭ᠎ᠤᠨ ᠵᠢᠱ᠌ᠢᠶ᠎ᠡ ᠵᠢ ᠣᠶ᠋ᠢᠯᠠᠭ᠋ᠠᠪᠠ᠃ ᠡᠭᠦᠨ᠎ᠤ ᠬᠠᠮᠲᠤ᠂ ᠮᠣᠳᠣ ᠲᠠᠷᠢᠬᠤ ᠠᠵᠢᠯᠯᠠᠭ᠎ᠠ᠎ᠪᠠᠷ ᠳᠠᠮᠵᠢᠭᠤᠯᠤᠨ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠠᠮᠢᠳᠤᠯᠢᠭ ᠦᠢ᠍ᠯᠡᠳᠦᠯᠭᠡ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠡᠷᠭᠡ ᠴᠢᠬᠤᠯᠠ ᠣᠶ᠋ᠢᠯᠠᠭ᠋ᠠᠭᠳᠠᠬᠤᠨ᠎ᠢ ᠪᠡᠶᠡᠴᠢᠯᠡᠨ ᠣᠢ᠌ᠯᠠᠭ᠋ᠠᠪᠠ᠃

ᠳᠤᠮᠳᠠᠳᠤ ᠤᠯᠤᠰ᠎ᠲᠤ ᠰᠤᠷᠤᠯᠴᠠᠵᠤ ᠪᠠᠶ᠋ᠢᠭ᠎ᠠ ᠰᠤᠷᠤᠭᠴᠢᠳ ᠡᠩᠬᠡᠪᠡᠢ ᠡᠯᠡᠰᠦᠨ ᠴᠥᠯ᠎ᠤᠨ ᠠᠮᠢ ᠠᠬᠤᠢ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠵᠡᠭᠦᠯᠭᠡ ᠵᠢᠨ ᠲᠥᠪ᠎ᠢ ᠲᠣᠭᠣᠷᠢᠨ ᠦᠵᠡᠪᠡ

ᠳᠤᠮᠳᠠᠳᠤ᠎ᠳᠤ ᠰᠤᠷᠤᠯᠴᠠᠵᠤ ᠪᠠᠢ᠌ᠭ᠎ᠠ ᠰᠤᠷᠤᠭᠴᠢᠳ ᠡᠩᠬᠡᠪᠡᠢ ᠡᠯᠡᠰᠦᠨ ᠴᠥᠯ᠎ᠤᠨ ᠰᠢᠨᠵᠢᠯᠡᠬᠦ ᠤᠬᠠᠭ᠋ᠠᠨ᠎ᠤ ᠣᠷᠳᠣᠨ᠎ᠢ ᠲᠣᠭᠣᠷᠢᠨ ᠦᠵᠡᠪᠡ
ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠳᠤᠮᠳᠠᠳᠤ ᠤᠯᠤᠰ᠎ᠲᠤ ᠰᠤᠷᠤᠯᠴᠠᠵᠤ ᠪᠠᠢ᠌ᠭ᠎ᠠ ᠰᠤᠷᠤᠭᠴᠢᠳ᠎ᠤᠨ ᠦᠢ᠍ᠯᠡᠳᠦᠯᠭᠡ ᠵᠢ ᠪᠡᠶᠡᠴᠢᠯᠡᠨ ᠣᠶ᠋ᠢᠯᠠᠭ᠋ᠠᠬᠤ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ᠎ᠲᠤ ᠰᠤᠷᠤᠯᠴᠠᠵᠤ ᠪᠠᠢ᠌ᠭ᠎ᠠ ᠰᠤᠷᠤᠭᠴᠢᠳ᠎ᠢ ᠬᠠᠪᠰᠤᠷᠤᠨ ᠦᠨᠡᠨ ᠪᠣᠳᠠᠲᠠᠢ᠂ ᠪᠣᠰᠣᠭ᠎ᠠ ᠴᠣᠭᠴᠠᠲᠤ᠂ ᠪᠦᠬᠦ ᠲᠠᠯ᠎ᠠ ᠵᠢᠨ ᠳᠤᠮᠳᠠᠳᠤ ᠤᠯᠤᠰ᠎ᠢ ᠣᠶ᠋ᠢᠯᠠᠭ᠋ᠠᠭᠤᠯᠤᠨᠠ᠃