3 ᠰᠠᠷ᠎ᠠ ᠵᠢᠨ 31᠎ᠤ ᠡᠳᠦᠷ᠂ ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤᠨ᠎ᠤ ᠰᠤᠷᠭ᠋ᠠᠨ ᠬᠥᠮᠦᠵᠢᠯ᠎ᠤᠨ ᠲᠣᠪᠴᠢᠶ᠎ᠠ ᠪᠣᠯᠤᠨ ᠤᠷᠠᠳ᠎ᠤᠨ ᠳᠤᠮᠳᠠᠳᠤ ᠬᠣᠰᠢᠭᠤᠨ᠎ᠤ ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ ᠬᠠᠮᠲᠤᠷᠠᠨ 《ᠤᠯᠤᠰ᠎ᠤᠨ ᠠᠮᠤᠷ ᠲᠦᠪᠰᠢᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠭᠣᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠬᠤᠭᠤᠴᠠᠭ᠋ᠠᠨ᠎ᠳᠤ᠂ ᠠᠷᠠᠳ᠎ᠤᠨ ᠴᠠᠭᠳᠠᠭ᠎ᠠ ᠠᠮᠤᠷ ᠲᠦᠪᠰᠢᠨ᠎ᠤ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠬᠤ᠂ ᠴᠠᠭᠳᠠᠭ᠋ᠠᠨ᠎ᠤ ᠬᠡᠷᠡᠭᠯᠡᠭᠡᠨ᠎ᠤ ᠲᠣᠨᠣᠭᠯᠠᠯ᠎ᠢ ᠳᠡᠯᠭᠡᠨ ᠦᠵᠡᠭᠦᠯᠬᠦ᠂ ᠬᠠᠷᠢᠯᠴᠠᠨ ᠦᠢ᠍ᠯᠡᠳᠦᠯᠴᠡᠬᠦ ᠳᠠᠭᠤᠷᠢᠶᠠᠮᠠᠯ ᠦᠨᠡᠨ᠎ᠢ ᠪᠡᠶᠡᠴᠢᠯᠡᠨ ᠣᠢ᠌ᠯᠠᠭ᠋ᠠᠬᠤ ᠵᠡᠷᠭᠡ ᠭᠣᠭᠴᠣᠭ᠎ᠠ᠎ᠪᠠᠷ ᠳᠠᠮᠵᠢᠭᠤᠯᠤᠨ᠂ ᠰᠤᠷᠤᠭᠴᠢᠳ᠎ᠲᠤ ᠥᠪᠡᠷᠮᠢᠴᠡ ᠣᠨᠴᠠᠯᠢᠭ᠎ᠲᠠᠢ 《ᠠᠮᠤᠷ ᠲᠦᠪᠰᠢᠨ᠎ᠤ ᠵᠠᠪᠠᠯ ᠰᠤᠷᠬᠤ ᠬᠢᠴᠢᠶᠡᠯ》᠎ᠢ ᠣᠷᠣᠪᠠ᠃

ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠦᠵᠡᠭᠳᠡᠯᠲᠦ ᠵᠦᠴᠦᠭᠡ ᠵᠢᠨ ᠸᠢᠳᠢᠤ᠋ ᠪᠠ ᠦᠨᠡᠨ ᠪᠣᠳᠠᠲᠠᠢ ᠬᠡᠷᠡᠭ᠎ᠤᠨ ᠵᠢᠱ᠌ᠢᠶ᠎ᠡ᠎ᠪᠠᠷ ᠳᠠᠮᠵᠢᠭᠤᠯᠤᠨ᠂ ᠠᠬᠤᠢ ᠲᠠᠯᠠᠪᠠᠢ᠎ᠳᠤ ᠦᠨᠳᠦᠰᠦᠨ ᠠᠶᠤᠯ᠎ᠠᠴᠠ ᠮᠤᠯᠲᠤᠷᠠᠬᠤ ᠠᠷᠭ᠎ᠠ᠂ ᠭᠡᠳᠡᠷᠭᠦ ᠲᠠᠭ᠋ᠠᠷᠢᠬᠤ ᠤᠷ᠎ᠠ ᠮᠡᠷᠭᠡᠵᠢᠯ᠎ᠢ ᠵᠢᠭ᠋ᠠᠵᠤ᠂ ᠰᠤᠷᠤᠭᠴᠢᠳ᠎ᠲᠤ ᠮᠡᠬᠡᠯᠡᠯ᠎ᠢ ᠰᠡᠷᠭᠡᠶ᠋ᠢᠯᠡᠬᠦ᠂ ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ᠎ᠢ ᠰᠡᠷᠭᠡᠶ᠋ᠢᠯᠡᠬᠦ ᠤᠷ᠎ᠠ ᠮᠡᠷᠭᠡᠵᠢᠯ᠎ᠢ ᠲᠠᠢ᠌ᠯᠪᠤᠷᠢᠯᠠᠨ᠂ ᠰᠤᠷᠭ᠋ᠠᠭᠤᠯᠢ ᠵᠢᠨ ᠬᠦᠷᠢᠶᠡᠨ᠎ᠤ ᠬᠦᠴᠦᠷᠬᠡᠭᠯᠡᠯ᠎ᠢ ᠠᠷᠭ᠋ᠠᠴᠠᠬᠤ ᠬᠡᠷᠡᠭᠯᠡᠭᠡᠨ᠎ᠤ ᠤᠷ᠎ᠠ ᠮᠡᠷᠭᠡᠵᠢᠯ᠎ᠢ ᠰᠤᠷᠭ᠋ᠠᠪᠠ᠃ ᠰᠤᠷᠤᠭᠴᠢᠳ ᠪᠠᠰᠠ ᠬᠦᠴᠦᠷᠬᠡᠭᠯᠡᠯ᠎ᠢ ᠰᠡᠷᠭᠡᠶ᠋ᠢᠯᠡᠬᠦ ᠪᠠᠮᠪᠠᠶ ᠪᠣᠯᠤᠨ ᠪᠣᠯᠣᠳ ᠰᠡᠷᠡᠭᠡ ᠵᠢ ᠬᠠᠮᠲᠤ ᠬᠡᠷᠡᠭᠯᠡᠬᠦ ᠵᠢ ᠪᠡᠶᠡᠴᠢᠯᠡᠨ ᠣᠶ᠋ᠢᠯᠠᠭ᠋ᠠᠵᠤ᠂ ᠪᠠᠭ᠋ᠠᠵᠢ ᠬᠡᠷᠡᠭᠰᠡᠯ᠎ᠢ ᠶᠠᠭ᠋ᠠᠬᠢᠵᠤ ᠠᠰᠢᠭᠯᠠᠵᠤ ᠬᠠᠯᠬᠠᠪᠴᠢ ᠪᠣᠯᠭ᠋ᠠᠬᠤ ᠵᠢ ᠰᠤᠷᠴᠠᠢ᠃ ᠠᠷᠠᠳ᠎ᠤᠨ ᠴᠠᠭᠳᠠᠭ᠎ᠠ ᠴᠠᠬᠢᠯᠭ᠋ᠠᠨ ᠳᠠᠭ᠋ᠠᠷᠢᠯᠲᠠ ᠫᠤᠤ᠂ ᠬᠦᠴᠦᠷᠬᠡᠭᠯᠡᠯ᠎ᠢ ᠰᠡᠷᠭᠡᠶ᠋ᠢᠯᠡᠬᠦ ᠪᠠᠮᠪᠠᠶ᠂ ᠤᠯᠠᠭ᠋ᠠᠨ᠎ᠤ ᠭᠠᠳᠠᠨᠠᠬᠢ ᠰᠥᠨᠢ ᠬᠠᠷᠠᠬᠤ ᠰᠢᠯ ᠵᠡᠷᠭᠡ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠨᠤᠭᠯᠠᠯᠢ ᠳᠡᠯᠭᠡᠨ ᠦᠵᠡᠭᠦᠯᠦᠭᠰᠡᠨ᠎ᠤ ᠬᠠᠮᠲᠤ ᠭᠠᠪᠠ᠂ ᠴᠠᠭᠳᠠᠭ᠋ᠠᠨ᠎ᠤ ᠪᠣᠷᠤᠤᠬᠠᠢ ᠵᠡᠷᠭᠡ ᠪᠠᠭ᠋ᠠᠵᠢ ᠬᠡᠷᠡᠭᠰᠡᠯ᠎ᠤᠨ ᠴᠢᠳᠠᠮᠵᠢ ᠵᠢ ᠨᠠᠷᠢᠨ ᠲᠠᠶ᠋ᠢᠯᠪᠤᠷᠢᠯᠠᠵᠠᠢ᠃
ᠡᠨᠡ ᠤᠳᠠᠭ᠋ᠠᠨ᠎ᠤ ᠠᠵᠢᠯᠯᠠᠭ᠎ᠠ᠎ᠨᠢ ᠰᠤᠷᠤᠭᠴᠢᠳ᠎ᠤᠨ ᠤᠯᠤᠰ᠎ᠤᠨ ᠠᠮᠤᠷ ᠲᠦᠪᠰᠢᠨ᠎ᠤ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠭᠴᠢᠳ᠎ᠤᠨ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ ᠪᠠ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠵᠤ᠂ ᠠᠮᠤᠷ ᠲᠦᠪᠰᠢᠨ᠎ᠤ ᠦᠵᠡᠯᠲᠡ ᠵᠢ ᠰᠡᠳᠬᠢᠯ᠎ᠳᠤ᠎ᠨᠢ ᠪᠠᠲᠤ ᠦᠨᠳᠦᠰᠦᠯᠡᠭᠦᠯᠪᠡ᠃