ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠥᠳᠡᠯᠮᠦᠷᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2025-05-20

ᠣᠶ᠋ᠢᠷ᠎ᠠ᠎ᠳᠤ᠂ ᠪᠤᠭᠤᠲᠤ ᠬᠣᠲᠠ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠥᠳᠡᠯᠮᠦᠷᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠶᠠᠪᠤᠭᠳᠠᠭᠤᠯᠵᠤ᠂ ᠪᠦᠬᠦ ᠬᠣᠲᠠ ᠵᠢᠨ 10 ᠬᠣᠰᠢᠭᠤ ᠰᠢᠶᠠᠨ ᠲᠣᠭᠣᠷᠢᠭ᠎ᠤᠨ 64 ᠳᠤᠭᠤᠢ᠌ᠯᠠᠩ ᠎ᠤᠨ 551 ᠰᠤᠷᠤᠭᠴᠢ ᠤᠷᠤᠯᠳᠤᠭ᠋ᠠᠨ᠎ᠳᠤ ᠣᠷᠣᠯᠴᠠᠪᠠ᠃

ᠤᠷᠤᠯᠳᠤᠭ᠋ᠠᠨ᠎ᠨᠢ ᠪᠠᠭ᠎ᠠ ᠰᠤᠷᠭ᠋ᠠᠭᠤᠯᠢ ᠵᠢᠨ ᠭᠤᠷᠪᠠ᠂ ᠳᠥᠷᠪᠡᠳᠦᠭᠡᠷ ᠣᠨ᠂ ᠪᠠᠭ᠎ᠠ ᠰᠤᠷᠭ᠋ᠠᠭᠤᠯᠢ ᠵᠢᠨ ᠲᠠᠪᠤᠳᠤᠭ᠋ᠠᠷ᠂ ᠵᠢᠷᠭᠤᠳᠤᠭ᠋ᠠᠷ ᠣᠨ ᠪᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠠᠩᠭᠢ ᠭᠡᠵᠦ ᠭᠤᠷᠪᠠᠨ ᠳᠤᠭᠤᠶ᠋ᠢᠯᠠᠩ ᠬᠤᠪᠢᠶᠠᠵᠤ᠂ ᠡᠳᠦᠷ ᠲᠤᠲᠤᠮ᠎ᠤᠨ ᠠᠮᠢᠳᠤᠷᠠᠯ᠎ᠳᠠᠬᠢ ᠡᠩ᠎ᠤᠨ ᠬᠥᠳᠡᠯᠮᠦᠷᠢ ᠪᠣᠯᠤᠨ ᠦᠢ᠍ᠯᠡᠳᠪᠦᠷᠢᠯᠡᠯ ᠬᠥᠳᠡᠯᠮᠦᠷᠢ ᠭᠡᠬᠦ ᠬᠣᠶᠠᠷ ᠶᠡᠬᠡ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 9 ᠤᠷᠤᠯᠳᠤᠭ᠋ᠠᠨ᠎ᠤ ᠲᠥᠷᠥᠯ ᠵᠦᠢ᠍ᠯ ᠎ᠢ ᠲᠣᠬᠢᠷᠠᠭᠤᠯᠤᠨ᠂ ᠦᠨᠡᠨ ᠪᠣᠳᠠᠲᠠᠢ ᠬᠥᠳᠡᠯᠮᠦᠷᠢ᠎ᠠᠴᠠ ᠰᠡᠳᠦᠪᠯᠡᠵᠦ᠂ ᠰᠤᠷᠤᠭᠴᠢᠳ᠎ᠢ ᠬᠥᠲᠥᠯᠥᠨ ᠵᠢᠯᠣᠭᠣᠳᠴᠤ ᠦᠢ᠍ᠯᠡᠳᠦᠯᠭᠡ ᠵᠢᠨ ᠶᠠᠪᠤᠴᠠ᠎ᠳᠤ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠵᠦ᠂ ᠬᠥᠳᠡᠯᠮᠦᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠪᠡ᠃

   

1.jpg

 

ᠤᠷᠤᠯᠳᠤᠭ᠋ᠠᠨ᠎ᠤ ᠲᠠᠯᠠᠪᠠᠢ᠎ᠳᠤ᠂ ᠡᠯ᠎ᠡ ᠲᠥᠷᠥᠯ ᠵᠦᠢ᠍ᠯ ᠥᠪᠡᠷ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠪᠠᠴᠢᠮ ᠶᠠᠭ᠋ᠠᠷᠠᠯᠲᠠᠢ ᠮᠥᠷᠲᠡᠭᠡᠨ ᠬᠠᠯᠠᠭᠤᠨ ᠳᠤᠯᠠᠭ᠋ᠠᠨ ᠠᠭᠤᠷ ᠠᠮᠢᠰᠬᠤᠯ᠎ᠤᠨ ᠳᠤᠮᠳᠠ᠂ ᠤᠷᠤᠯᠳᠤᠭ᠋ᠠᠨ᠎ᠳᠤ ᠣᠷᠣᠯᠴᠠᠭᠰᠠᠳ ᠠᠭᠤᠵᠢᠭᠤ ᠲᠠᠢ᠌ᠪᠤᠭᠤᠨ ᠮᠥᠷᠲᠡᠭᠡᠨ ᠢᠲᠡᠭᠡᠯ ᠲᠡᠭᠦᠯᠳᠡᠷ ᠪᠠᠶ᠋ᠢᠵᠤ᠂ ᠯᠠᠪᠳᠠᠭᠤᠨ ᠪᠠᠲᠤᠲᠠᠢ ᠬᠥᠳᠡᠯᠮᠦᠷᠢ ᠵᠢᠨ ᠤᠷ᠎ᠠ ᠴᠢᠳᠠᠪᠤᠷᠢ ᠪᠣᠯᠤᠨ ᠰᠢᠨ᠎ᠡ  ᠵᠢ ᠡᠭᠦᠳᠬᠦ ᠰᠡᠳᠬᠢᠮᠵᠢ ᠵᠢ ᠢᠯᠡᠷᠡᠭᠦᠯᠪᠡ᠃ ᠲᠥᠷᠥᠯ ᠵᠦᠢ᠍ᠯ᠎ᠢ ᠬᠤᠷᠢᠶᠠᠨ ᠠᠪᠴᠤ ᠡᠮᠬᠢᠯᠡᠬᠦ ᠶᠠᠪᠤᠴᠠ᠎ᠳᠤ᠂ ᠲᠠᠮᠢᠷᠴᠢᠳ ᠬᠤᠷᠴᠠ ᠰᠡᠷᠭᠡᠭ ᠣᠷᠣᠨ ᠵᠠᠢ ᠵᠢᠨ ᠮᠡᠳᠡᠷᠡᠬᠦ ᠴᠢᠳᠠᠪᠤᠷᠢ᠎ᠳᠤ᠎ᠪᠠᠨ ᠲᠦᠰᠢᠭᠯᠡᠨ᠂ ᠣᠯᠠᠨ ᠵᠦᠢ᠍ᠯ᠎ᠤᠨ ᠠᠮᠢᠳᠤᠷᠠᠯ᠎ᠤᠨ ᠡᠳ᠋ ᠪᠣᠳᠠᠰ᠎ᠢ ᠨᠠᠷᠢᠯᠢᠭ ᠲᠥᠷᠥᠯ ᠬᠤᠪᠢᠶᠠᠵᠤ᠂ ᠣᠨᠣᠴᠠᠲᠠᠢ ᠣᠷᠣᠨ ᠪᠠᠶ᠋ᠢᠷᠢ᠎ᠳᠤ᠎ᠨᠢ ᠣᠷᠣᠭᠤᠯᠪᠠ᠃ ᠬᠥᠨᠵᠢᠯᠡ ᠡᠪᠬᠡᠬᠦ ᠦᠶ᠎ᠡ᠎ᠳᠤ᠂ ᠬᠤᠷᠳᠤᠨ ᠱᠠᠯᠠᠮᠠᠭ᠋ᠠᠢ ᠬᠠᠭ᠋ᠠᠰ ᠵᠶ᠋ᠠᠷ ᠨᠤᠭᠤᠯᠬᠤ᠂  ᠳᠠᠷᠤᠰᠢᠭᠤᠯᠬᠤ᠂ ᠲᠡᠭᠰᠢᠯᠡᠬᠦ ᠤᠷ᠎ᠠ ᠳᠡᠮ᠂ ᠬᠤᠪᠴᠠᠰᠤ ᠡᠪᠬᠡᠬᠦ᠂ ᠬᠠᠶ᠋ᠢᠷᠴᠠᠭ ᠡᠮᠬᠢᠯᠡᠬᠦ᠂ ᠣᠷᠣ ᠳᠡᠪᠢᠰᠬᠦ ᠵᠡᠷᠭᠡ ᠦᠵᠡᠬᠦ᠎ᠳᠤ ᠡᠩ᠎ᠤᠨ ᠢᠬᠢᠷ ᠰᠢᠬᠢᠷ ᠶᠠᠪᠤᠳᠠᠯ᠎ᠨᠢ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠥᠰᠦᠨ ᠪᠣᠶ᠋ᠢᠵᠢᠬᠤ ᠠᠮᠢᠳᠤᠯᠢᠭ ᠬᠢᠴᠢᠶᠡᠯ ᠪᠣᠯᠤᠭᠰᠠᠨ ᠪᠠᠶ᠋ᠢᠨ᠎ᠠ᠃

   

2.jpg

 

ᠠᠮᠲᠠᠲᠤ ᠬᠣᠭᠣᠯᠠ ᠬᠢᠬᠦ ᠤᠷᠤᠯᠳᠤᠭ᠋ᠠᠨ᠎ᠤ ᠲᠣᠭᠣᠷᠢᠭ 《ᠬᠡᠯᠡᠨ᠎ᠤ ᠦᠵᠦᠭᠦᠷ ᠳᠡᠭᠡᠷᠡᠬᠢ ᠬᠥᠳᠡᠯᠮᠦᠷᠢ ᠵᠢᠨ ᠬᠢᠴᠢᠶᠡᠯ》 ᠪᠣᠯᠪᠠ᠃ ᠤᠷᠤᠯᠳᠤᠭ᠋ᠠᠨ᠎ᠳᠤ ᠣᠷᠣᠯᠴᠠᠭᠰᠠᠳ᠎ᠤᠨ ᠬᠢᠲᠤᠭ᠎ᠠ ᠡᠷᠭᠢᠭᠦᠯᠦᠨ ᠨᠢᠳᠦ ᠢᠷᠮᠡᠬᠦ ᠵᠠᠭᠤᠷ᠎ᠠ ᠱᠤᠭᠤᠵᠤ ᠭᠠᠷᠭ᠋ᠠᠭᠰᠠᠨ ᠵᠢᠮᠢᠰ ᠪᠠ ᠢᠳᠡᠰᠢᠨ ᠨᠣᠭᠣᠭ᠋ᠠᠨ᠎ᠤ ᠭᠣᠶᠣ ᠰᠠᠶ᠋ᠢᠬᠠᠨ ᠪᠦᠲᠦᠭᠡᠯ᠎ᠤᠳ ᠭᠠᠶ᠋ᠢᠬᠠᠯᠲᠠᠢ ᠰᠠᠢ᠌ᠠᠬᠠᠨ ᠬᠠᠷᠠᠭᠳᠠᠨ᠎ᠠ᠃ ᠣᠷᠣᠨ ᠨᠤᠲᠤᠭ᠎ᠤᠨ ᠣᠨᠴᠠᠯᠢᠭᠲᠤ ᠬᠦᠢ᠍ᠲᠡᠨ ᠱᠥᠯᠥ᠎ᠲᠠᠢ ᠲᠥᠮᠥᠰᠦᠨ ᠪᠥᠮᠪᠥᠯᠢᠭ᠎ᠢ ᠦᠢ᠍ᠯᠡᠳᠬᠦ ᠶᠠᠪᠤᠴᠠ᠎ᠳᠤ᠂  ᠣᠷᠣᠯᠴᠠᠭᠰᠠᠳ ᠲᠥᠮᠥᠰᠥ ᠵᠢᠨ ᠬᠠᠯᠢᠰᠤ ᠵᠢ ᠠᠷᠢᠯᠭ᠋ᠠᠵᠤ᠂ ᠰᠢᠷᠬᠡᠭᠯᠡᠵᠦ᠂ ᠭᠤᠯᠢᠷ᠎ᠲᠤ ᠪᠣᠭᠣᠵᠤ᠂ ᠵᠢᠩᠨᠡᠬᠦ᠎ᠠᠴᠠ ᠱᠥᠯᠥ ᠬᠢᠬᠦ ᠬᠦᠷᠲᠡᠯ᠎ᠡ᠂ ᠠᠯᠬᠤᠮ ᠳᠠᠷᠠᠭ᠎ᠠ  ᠨᠢᠭᠡ ᠪᠦᠷᠢ ᠡᠮᠬᠢ ᠵᠢᠷᠤᠮ᠎ᠲᠠᠢ ᠪᠠᠢ᠌ᠵᠤ᠂ 《ᠪᠢᠩ ᠾᠥᠸᠧ ᠵᠢᠶᠣᠣ ᡁᠢ》 ᠬᠢᠬᠦ ᠶᠠᠪᠤᠴᠠ᠎ᠳᠤ ᠪᠠᠷᠠᠭᠤᠨ ᠬᠣᠶ᠋ᠢᠲᠤ ᠵᠢᠨ ᠦᠨᠦᠷ ᠠᠮᠲᠠᠲᠤ ᠢᠳᠡᠭᠡᠨ᠎ᠤ ᠥᠪᠡᠷᠮᠢᠴᠡ ᠷᠢᠳᠢ ᠰᠢᠳᠢ ᠵᠢ ᠪᠦᠷᠢᠨ ᠭᠦᠢ᠍ᠴᠡᠳ ᠬᠠᠷᠠᠭᠤᠯᠪᠠ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ ᠨᠡᠩ ᠴᠤ᠌ ᠰᠢᠨ᠎ᠡ ᠵᠢ ᠡᠭᠦᠳᠬᠦ ᠪᠠ ᠲᠣᠬᠢᠷᠠᠭᠤᠯᠬᠤ ᠬᠣᠣᠰ ᠱᠤᠭᠤᠮ ᠵᠶ᠋ᠠᠷ ᠡᠭᠦᠷᠭᠡ᠎ᠪᠠᠨ ᠪᠡᠶᠡᠯᠡᠭᠦᠯᠬᠦ᠎ᠪᠠᠷ ᠦᠷᠢᠰᠦᠯᠳᠦᠵᠦ᠂ ᠣᠷᠣᠯᠴᠠᠭᠰᠠᠳ ᠥᠪᠡᠰᠦᠪᠡᠨ ᠪᠠᠩᠰᠢ ᠵᠢᠩᠨᠡᠬᠦ ᠵᠢᠨ ᠬᠠᠮᠲᠤ ᠬᠣᠭᠣᠯᠠ ᠬᠦᠷᠭᠡᠬᠦ ᠮᠠᠰᠢᠨ ᠬᠥᠮᠦᠨ ᠬᠠᠷᠰᠢ ᠰᠠᠭ᠋ᠠᠳ᠎ᠠᠴᠠ ᠵᠠᠶ᠋ᠢᠯᠠᠬᠤ ᠳᠡᠰ ᠳᠠᠷᠠᠭ᠋ᠠᠯᠠᠯ᠎ᠢ ᠨᠠᠶ᠋ᠢᠷᠠᠭᠤᠯᠤᠨ ᠪᠢᠴᠢᠪᠡ᠃ ᠬᠠᠪ ᠬᠠᠯᠠᠭᠤᠨ ᠪᠠᠩᠰᠢ ᠵᠢ ᠮᠠᠰᠢᠨ ᠬᠥᠮᠦᠨ ᠬᠣᠭᠣᠯᠠᠨ ᠰᠢᠷᠡᠭᠡᠨ᠎ᠳᠤ ᠠᠮᠵᠢᠯᠲᠠᠲᠠᠢ ᠬᠦᠷᠭᠡᠵᠦ ᠴᠢᠳᠠᠭᠰᠠᠨ᠎ᠨᠢ ᠤᠯᠠᠮᠵᠢᠯᠠᠯᠲᠤ ᠲᠣᠭᠣᠭ᠋ᠠᠨ ᠭᠡᠷ᠎ᠤᠨ ᠤᠷᠠᠯᠢᠭ ᠪᠣᠯᠤᠨ ᠣᠳᠣ ᠦᠶ᠎ᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠭᠤᠰᠤᠯᠴᠠᠭ᠎ᠠ ᠵᠢ ᠬᠠᠷᠠᠭᠤᠯᠵᠤ᠂ ᠰᠢᠨ᠎ᠡ ᠴᠠᠭ ᠦᠶ᠎ᠡ ᠵᠢᠨ ᠬᠥᠳᠡᠯᠮᠦᠷᠢ ᠵᠢᠨ ᠬᠥᠮᠦᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠠᠮᠢᠳᠤᠯᠢᠭ ᠳᠤᠰᠬᠠᠪᠠ᠃

   

3.jpg

 

ᠤᠯᠠᠮᠵᠢᠯᠠᠯᠲᠤ ᠭᠠᠷ ᠤᠷᠠᠯᠠᠯ᠎ᠤᠨ ᠦᠢ᠍ᠯᠡᠳᠬᠦ ᠤᠷᠤᠯᠳᠤᠭ᠋ᠠᠨ᠎ᠤ ᠲᠠᠯᠠᠪᠠᠢ᠎ᠳᠤ᠂ ᠡᠭᠡᠯ ᠪᠣᠷᠣᠭᠵᠢᠭᠤᠨ ᠪᠠ ᠤᠷᠠᠨ ᠳᠠᠷᠬᠠᠨ᠎ᠤ ᠰᠡᠳᠬᠢᠯ ᠬᠣᠯᠪᠣᠯᠳᠤᠪᠠ᠃ ᠳᠣᠣᠷ᠎ᠠ ᠣᠨ᠎ᠤ ᠣᠷᠣᠯᠴᠠᠭᠰᠠᠳ ᠲᠣᠪᠴᠢ ᠬᠠᠳᠠᠨ᠂ ᠬᠤᠪᠴᠠᠰᠤ ᠬᠤᠨᠠᠷ ᠨᠥᠬᠥᠵᠦ᠂ ᠪᠢᠷ᠎ᠤᠨ ᠤᠭᠤᠲᠠ ᠣᠶᠣᠪᠠ; ᠳᠡᠭᠡᠷ᠎ᠡ ᠣᠨ᠎ᠤ ᠣᠷᠣᠯᠴᠠᠭᠰᠠᠳ ᠬᠠᠷᠢᠨ ᠬᠠᠲᠠᠭ᠋ᠠᠭᠰᠠᠨ ᠵᠢᠮᠢᠰ᠎ᠢ ᠲᠥᠷᠥᠯ ᠬᠤᠪᠢᠶᠠᠨ ᠬᠤᠷᠢᠶᠠᠬᠤ ᠬᠠᠶ᠋ᠢᠷᠴᠠᠭ᠂ ᠴᠣᠮᠣ ᠵᠢᠨ ᠳᠡᠪᠢᠰᠭᠡᠷ᠂ ᠪᠣᠬᠢᠷᠳᠤᠯ ᠦᠭᠡᠢ ᠭᠠᠷ ᠤᠭᠤᠲᠠ ᠵᠡᠷᠭᠡ ᠵᠢ ᠨᠠᠷᠢᠨ ᠨᠢᠮᠪᠠᠢ ᠦᠢ᠍ᠯᠡᠳᠪᠡ᠃ ᠨᠢᠭᠡ ᠵᠡᠭᠦᠦ ᠨᠢᠭᠡ ᠤᠲᠠᠰᠤ᠎ᠪᠠᠷ ᠣᠶᠣᠵᠤ᠂ ᠨᠢᠭᠡ ᠨᠢᠭᠡ᠎ᠪᠠᠷ ᠡᠰᠬᠡᠵᠦ ᠬᠠᠢ᠌ᠴᠢᠯᠠᠬᠤ ᠳᠠᠰᠤᠭ᠎ᠲᠠᠬᠢ᠂ ᠪᠦᠲᠦᠭᠡᠯ ᠨᠢᠭᠡ ᠪᠦᠷᠢ᠎ᠠᠴᠠ 《ᠭᠠᠷ᠎ᠤ ᠡᠷᠳᠡᠮ᠎ᠠᠴᠠ ᠭᠠᠵᠠᠷ ᠳᠣᠣᠷᠠᠬᠢ ᠵᠠᠮ ᠵᠤᠷᠠᠢ᠌ᠬᠤ》 ᠣᠶᠤᠨ ᠤᠬᠠᠭ᠋ᠠᠨ ᠪᠢᠯᠬᠠᠷᠠᠵᠤ ᠪᠠᠢ᠌ᠪᠠ᠃ ᠬᠠᠷᠢᠨ ᠪᠣᠬᠢᠷᠳᠤᠯ ᠦᠭᠡᠢ ᠵᠢᠵᠢᠭ ᠮᠠᠰᠢᠨ ᠪᠠ ᠰᠢᠩᠭᠡᠨ ᠳᠠᠷᠤᠴᠠᠲᠤ ᠤᠬᠤᠭᠤᠷ ᠮᠠᠰᠢᠨ ᠭᠡᠬᠦ ᠬᠣᠶᠠᠷ ᠶᠡᠬᠡ ᠤᠷᠤᠯᠳᠤᠭ᠋ᠠᠨ᠎ᠤ ᠵᠦᠢ᠍ᠯ ᠭ᠋ᠱ᠌ᠠᠨ ᠵᠠᠭᠤᠷ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠷᠢᠳᠢ ᠰᠢᠳᠢ ᠵᠢ ᠭᠠᠢ᠌ᠬᠠᠭᠤᠯᠪᠠ᠃ ᠮᠣᠳᠣᠨ ᠲᠡᠷᠭᠡ ᠪᠣᠯᠤᠨ ᠡᠷᠴᠢᠯᠡᠭᠦᠷ ᠬᠥᠷᠳᠦ᠎ᠨᠢ ᠬᠦᠨᠳᠦ ᠵᠢᠨ ᠬᠦᠴᠦᠨ ᠪᠠ ᠪᠠᠢ᠌ᠷᠢ ᠵᠢᠨ ᠡᠨᠧᠷᠭᠢ ᠵᠢ ᠥᠨᠳᠥᠷ ᠪᠦᠲᠦᠮᠵᠢᠲᠡᠢ ᠬᠤᠪᠢᠷᠠᠭᠤᠯᠵᠤ᠂ 10 ᠮᠧᠲᠷ ᠦᠷᠭᠦᠯᠵᠢᠯᠡᠨ ᠠᠶᠠᠯᠠᠬᠤ ᠵᠢ ᠪᠡᠶᠡᠯᠡᠭᠦᠯᠪᠡ; ᠰᠢᠩᠭᠡᠨ ᠳᠠᠷᠤᠴᠠ᠎ᠪᠠᠷ ᠬᠥᠳᠡᠯᠭᠡᠭᠦᠷ ᠪᠣᠯᠭ᠋ᠠᠭᠰᠠᠨ ᠮᠧᠬᠠᠨᠢᠭ ᠭᠠᠷ ᠬᠡᠳᠦ ᠨᠠᠷᠢᠯᠢᠭ ᠣᠨᠣᠴᠠᠲᠠᠢ᠎ᠪᠠᠷ ᠪᠣᠳᠠᠰ᠎ᠢ ᠬᠠᠪᠴᠢᠨ ᠠᠪᠴᠤ᠂ ᠪᠠᠭ᠋ᠠᠴᠤᠳ ᠎ᠤᠨ ᠬᠥᠳᠡᠯᠮᠦᠷᠢ ᠵᠢᠨ ᠰᠢᠨ᠎ᠡ ᠵᠢ ᠡᠭᠦᠳᠬᠦ ᠦᠢ᠍ᠯᠡᠳᠦᠯᠭᠡ 《ᠳᠤᠮᠳᠠᠳᠤ ᠤᠯᠤᠰ᠎ᠤᠨ ᠣᠶᠤᠨ᠎ᠤ ᠡᠭᠦᠳᠦᠯᠲᠡ》 ᠵᠢᠨ ᠰᠠᠶ᠋ᠢᠨ ᠰᠠᠶ᠋ᠢᠬᠠᠨ ᠢᠷᠡᠭᠡᠳᠦᠢ ᠵᠢ ᠵᠢᠷᠤᠭᠯᠠᠵᠠᠢ᠃

ᠡᠨᠡ ᠤᠳᠠᠭ᠋ᠠᠨ᠎ᠤ ᠬᠥᠳᠡᠯᠮᠦᠷᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠥᠳᠡᠯᠮᠦᠷᠢ ᠵᠢᠨ ᠤᠷ᠎ᠠ ᠴᠢᠳᠠᠪᠤᠷᠢ ᠵᠢᠨ 《ᠮᠥᠷᠦ᠋ᠢ᠍ᠴᠡᠭᠡᠨ》᠎ᠤ ᠲᠠᠯᠠᠪᠤᠷ ᠪᠣᠯᠤᠭᠰᠠᠨ᠎ᠪᠠᠷ ᠪᠠᠷᠠᠬᠤ ᠦᠭᠡᠢ᠂ ᠨᠡᠩ ᠴᠤ᠌ ᠪᠤᠭᠤᠲᠤ ᠬᠣᠲᠠ ᠵᠢᠨ ᠬᠥᠳᠡᠯᠮᠦᠷᠢ ᠵᠢᠨ  ᠬᠥᠮᠦᠵᠢᠯ᠎ᠤᠨ ᠦᠷ᠎ᠡ ᠪᠦᠲᠦᠭᠡᠯ᠎ᠤᠨ 《ᠦᠵᠡᠭᠦᠯᠭᠡ ᠵᠢᠨ ᠴᠣᠩᠬᠣ》 ᠪᠣᠯᠪᠠ᠃ ᠣᠶ᠋ᠢᠷ᠎ᠠ ᠵᠢᠨ ᠵᠢᠯ᠂ ᠪᠤᠭᠤᠲᠤ ᠬᠣᠲᠠ ᠵᠢᠨ  ᠡᠯ᠎ᠡ ᠭᠠᠵᠠᠷ᠎ᠤᠨ ᠡᠯ᠎ᠡ ᠰᠤᠷᠭ᠋ᠠᠭᠤᠯᠢ 《ᠬᠥᠳᠡᠯᠮᠦᠷᠢ ᠵᠢᠨ ᠳᠠᠳᠬᠠᠯ᠎ᠢ ᠬᠥᠮᠦᠵᠢᠭᠦᠯᠬᠦ ᠲᠥᠯᠥᠪᠯᠡᠭᠡ ᠵᠢ ᠬᠡᠷᠡᠭᠵᠢᠭᠦᠯᠬᠦ》 ᠵᠢ ᠪᠦᠬᠦ ᠬᠦᠴᠦᠨ ᠵᠶ᠋ᠠᠷ ᠠᠬᠢᠭᠤᠯᠵᠤ᠂ ᠪᠦᠬᠦ ᠰᠤᠷᠭ᠋ᠠᠭᠤᠯᠢ ᠵᠢᠨ ᠱᠠᠲᠤᠨ᠎ᠤ ᠬᠥᠳᠡᠯᠮᠦᠷᠢ ᠵᠢᠨ ᠬᠥᠮᠦᠵᠢᠯ᠎ᠤᠨ ᠵᠠᠪᠠᠯ ᠰᠤᠷᠬᠤ ᠬᠢᠴᠢᠶᠡᠯ ᠨᠡᠭᠡᠭᠡᠬᠦ ᠵᠢ ᠪᠠᠷᠢᠮᠲᠠᠯᠠᠬᠤ᠎ᠪᠠᠷ ᠳᠠᠮᠵᠢᠭᠤᠯᠤᠨ᠂ ᠲᠠᠰᠤᠷᠠᠯᠲᠠ ᠥᠬᠡᠶ ᠬᠥᠳᠡᠯᠮᠦᠷᠢ᠎ᠪᠠᠷ ᠬᠥᠮᠦᠨ ᠬᠥᠮᠦᠵᠢᠭᠦᠯᠬᠦ ᠵᠢᠨ ᠰᠢᠨ᠎ᠡ ᠵᠢ ᠡᠭᠦᠳᠴᠦ᠂ ᠬᠥᠳᠡᠯᠮᠦᠷᠢ᠎ᠪᠠᠷ ᠬᠥᠮᠦᠨ ᠬᠥᠮᠦᠵᠢᠭᠦᠯᠬᠦ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠯᠮᠦᠷᠢ ᠵᠢ ᠬᠠᠶ᠋ᠢᠷᠠᠯᠠᠬᠤ ᠵᠢ ᠦᠨᠡᠨ ᠬᠦ᠌ ᠰᠢᠨ᠎ᠡ ᠴᠠᠭ ᠦᠶ᠎ᠡ ᠵᠢᠨ ᠰᠤᠷᠤᠭᠴᠢᠳ᠎ᠤᠨ ᠠᠵᠢᠯᠯᠠᠭ᠋ᠠᠨ᠎ᠤ ᠤᠬᠠᠮᠰᠠᠷ ᠪᠣᠯᠭ᠋ᠠᠨ᠂ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠪᠠᠶ᠋ᠢᠨ᠎ᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠣᠷᠳᠣᠰ ᠬᠣᠲᠠ᠄ 《ᠬᠣᠲᠠ ᠵᠢᠨ ᠬᠡᠪᠴᠢᠶᠡᠨ᠎ᠳᠤ ᠨᠢᠭᠡ ᠴᠣᠭᠴᠠᠵᠢᠭᠤᠯᠬᠤ》 ᠰᠠᠭᠤᠷᠢ ᠰᠤᠷᠭ᠋ᠠᠨ ᠬᠥᠮᠦᠵᠢᠯ᠎ᠤᠨ ᠡᠷᠬᠡ ᠲᠡᠭᠰᠢ ᠴᠢᠨᠠᠷᠯᠢᠭ ᠬᠥᠭᠵᠢᠯᠲᠡ ᠵᠢ ᠠᠬᠢᠭᠤᠯᠪᠠ
ᠮᠠᠨᠵᠤᠤᠷ ᠬᠣᠲᠠ᠄ ᠣᠯᠠᠨ ᠡᠲᠡᠭᠡᠳ᠎ᠤᠨ᠎ᠬᠢᠨ ᠬᠣᠯᠪᠤᠯᠳᠤᠨ ᠬᠥᠳᠡᠯᠦᠯᠴᠡᠵᠦ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠪᠠ
ᠵᠠᠰᠠᠭ᠎ᠤᠨ ᠣᠷᠳᠣᠨ ᠰᠤᠷᠭ᠋ᠠᠭᠤᠯᠢ ᠠᠵᠤ ᠠᠬᠤᠶ᠋ᠢᠯᠠᠯ ᠬᠤᠯᠪᠣᠭ᠋ᠠᠯᠠᠨ ᠬᠥᠳᠡᠯᠦᠯᠴᠡᠵᠦ ᠣᠷᠳᠣᠰ ᠬᠤᠲᠠ ᠵᠢᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠬᠤ᠎ᠳᠤ᠎ᠨᠢ 《ᠳᠦᠭᠦᠮ ᠳᠦᠳᠡ ᠵᠠᠮ》᠎ᠢ ᠬᠠᠮᠲᠤ᠎ᠪᠠᠷ ᠳᠡᠪᠢᠰᠦᠨ ᠥᠭᠴᠦ ᠪᠣᠢ
ᠬᠥᠯᠥᠨ ᠪᠤᠶ᠋ᠢᠷ ᠳᠡᠭᠡᠳᠦ ᠰᠤᠷᠭ᠋ᠠᠭᠤᠯᠢ ᠪᠦᠬᠦ ᠤᠯᠤᠰ᠎ᠤᠨ ᠠᠭᠤᠳᠠᠮ ᠲᠠᠯᠠᠪᠠᠢ ᠵᠢᠨ ᠪᠥᠵᠢᠭ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠣᠶᠠᠷ ᠲᠥᠷᠥᠯ᠎ᠳᠤ ᠮᠠᠩᠯᠠᠢ᠌ᠯᠠᠪᠠ
ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠄ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠰᠢᠨ᠎ᠡ ᠵᠠᠭᠪᠤᠷ᠎ᠢ ᠪᠠᠢ᠌ᠭᠤᠯᠪᠠ
 
             蒙ICP备05000248号