ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠤᠲᠠ᠄ ᠰᠡᠳᠬᠢᠯ ᠨᠢᠭᠡᠳᠦᠨ ᠰᠦᠭ᠎ᠢ ᠱᠤᠭᠤᠵᠤ ᠰᠠᠭᠤᠷᠢ ᠵᠢ ᠪᠡᠬᠢᠵᠢᠭᠦᠯᠦᠨ ᠬᠡᠦᠬᠡᠳ ᠪᠠᠭ᠋ᠠᠴᠤᠳ ᠥᠰᠦᠨ ᠪᠣᠢ᠌ᠵᠢᠵᠦ ᠢᠷᠡᠭᠡᠳᠦᠢ ᠵᠦᠭ ᠲᠡᠮᠡᠦᠯᠦᠨᠡᠮ
ᠨᠡᠶ᠋ᠢᠲᠡᠯᠡᠭᠰᠡᠨ ᠴᠠᠭ᠄ 2025-05-20

ᠣᠶ᠋ᠢᠷ᠎ᠠ ᠵᠢᠨ ᠵᠢᠯ᠂ ᠤᠯᠠᠭ᠋ᠠᠨᠴᠠᠪ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠣᠷᠣᠨ ᠨᠤᠲᠤᠭ᠎ᠤᠨ ᠬᠤᠪᠢᠰᠬᠠᠯ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠵᠤ᠂ ᠬᠤᠪᠢᠰᠬᠠᠯ᠎ᠤᠨ ᠰᠣᠶᠣᠯ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠲᠠᠢ ᠭᠦᠨᠵᠡᠭᠡᠢ ᠠᠭᠤᠰᠬᠠᠬᠤ᠎ᠪᠠᠷ 《ᠬᠦᠴᠦᠯᠡᠬᠦ ᠴᠡᠭ》 ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠎ᠪᠠᠷ 《ᠴᠥᠮ᠎ᠡ》 ᠪᠣᠯᠭ᠋ᠠᠵᠤ᠂ 《ᠬᠢᠴᠢᠶᠡᠯ᠎ᠤᠨ ᠲᠠᠩᠬᠢᠮ᠎ᠳᠤ ᠠᠭᠤᠰᠬᠠᠵᠤ᠂ ᠨᠡᠶ᠋ᠢᠭᠡᠮ᠎ᠳᠤ ᠠᠭᠤᠰᠬᠠᠨ᠂ ᠲᠠᠪᠴᠠᠩ᠎ᠳᠤ ᠠᠭᠤᠰᠬᠠᠵᠤ᠂ ᠰᠣᠶᠣᠯ᠎ᠳᠤ ᠠᠭᠤᠰᠬᠠᠨ᠂ ᠰᠦᠯᠵᠢᠶ᠎ᠡ᠎ᠳᠤ ᠠᠭᠤᠰᠬᠠᠬᠤ》᠎ᠪᠠᠷ 《ᠲᠠᠪᠤᠨ ᠵᠢᠭᠦᠷ》 ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ  ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠲᠤᠰᠤᠯᠳᠠ ᠪᠣᠯᠭ᠋ᠠᠭᠰᠠᠨ 《ᠨᠢᠭᠡ ᠴᠥᠮ᠎ᠡ ᠲᠠᠪᠤᠨ ᠵᠢᠭᠦᠷ》᠎ᠤᠨ ᠵᠠᠭᠪᠤᠷ᠎ᠢ ᠡᠭᠦᠳᠴᠦ᠂ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠢ ᠴᠢᠩᠭ᠋ᠠᠳᠬᠠᠬᠤ 《ᠪᠡᠬᠢᠯᠡᠯᠲᠡ》 ᠵᠢ ᠪᠠᠢ᠌ᠭᠤᠯᠤᠨ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢᠳ᠎ᠤᠨ 《ᠰᠡᠳᠬᠢᠯ᠎ᠢ ᠬᠣᠯᠪᠣᠬᠤ ᠬᠥᠭᠥᠷᠭᠡ》 ᠵᠢ ᠪᠤᠰᠬᠠᠵᠤ᠂ ᠪᠣᠳᠠᠲᠤ ᠠᠵᠢᠯᠯᠠᠭ᠎ᠠ ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ 《ᠦᠨᠳᠦᠰᠦ》 ᠪᠠ 《ᠰᠦᠭ》᠎ᠢ ᠪᠠᠲᠤᠳᠬᠠᠪᠠ᠃

ᠬᠢᠴᠢᠶᠡᠯ᠎ᠤᠨ ᠲᠠᠩᠬᠢᠮ᠎ᠳᠤ ᠠᠭᠤᠰᠬᠠᠵᠤ᠂ ᠦᠵᠡᠯ ᠰᠠᠨᠠᠭ᠋ᠠᠨ᠎ᠤ ᠵᠢᠯᠣᠭᠣᠳᠣᠯᠭ᠎ᠠ ᠵᠢ ᠠᠬᠢᠭᠤᠯᠪᠠ ᠃ ᠨᠢᠭᠡ᠎ᠳᠤ᠂ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠵᠠᠩᠭᠢᠯᠠᠭ᠎ᠠ ᠵᠢᠨ ᠬᠢᠴᠢᠶᠡᠯ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ 《〈ᠵᠢᠷᠭᠤᠭ᠋ᠠᠨ ᠦᠭᠡ ᠥᠭᠦᠯᠡᠪᠦᠷᠢ〉 ᠵᠢᠨ ᠪᠣᠳᠠᠲᠤ ᠶᠠᠪᠤᠳᠠᠯ᠎ᠤᠨ ᠶᠣᠰᠣ  ᠵᠦᠢ》᠂ 《ᠲᠤᠯᠤᠭ᠋ᠠᠨ ᠵᠢᠱ᠌ᠢᠶᠡᠴᠢ ᠪᠣᠯᠬᠤ》 ᠵᠡᠷᠭᠡ ᠠᠭᠤᠯᠭ᠎ᠠ ᠵᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ᠎ᠳᠤ ᠠᠭᠤᠰᠬᠠᠵᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠱᠠᠲᠤᠨ᠎ᠳᠤ ᠠᠨᠠᠷ᠎ᠤᠨ ᠦᠷ᠎ᠡ ᠵᠢᠨ ᠵᠢᠷᠤᠭᠲᠤ ᠨᠣᠮ᠎ᠢ  ᠣᠩᠰᠢᠭᠤᠯᠵᠤ᠂ 《ᠶᠣᠰᠣ ᠰᠤᠷᠲᠠᠬᠤᠨ᠎ᠢ ᠪᠣᠢ ᠪᠣᠯᠭ᠋ᠠᠵᠤ ᠬᠡᠦᠬᠡᠳ᠎ᠢ ᠬᠥᠮᠥᠵᠢᠬᠦᠯᠬᠦ ᠪᠢᠴᠢᠯ ᠬᠢᠴᠢᠶᠡᠯ》᠎ᠢ ᠨᠡᠭᠡᠭᠡᠪᠡ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ 《ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠷᠤᠭᠴᠢᠳ᠎ᠤᠨ ᠣᠩᠰᠢᠭᠤ》᠂ 《ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ》᠂ 《ᠳᠤᠮᠳᠠᠳᠤ ᠵᠢᠨ ᠦᠨᠳᠦᠰᠦᠲᠡᠨ᠎ᠤ ᠶᠡᠬᠡ ᠪᠥᠯᠬᠦᠮᠳᠡᠯ》᠎ᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠎ᠳᠤ ᠣᠷᠣᠭᠤᠯᠵᠤ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠤ ᠦᠵᠡᠯ ᠰᠠᠨᠠᠭ᠎ᠠ ᠤᠯᠤᠰ ᠲᠥᠷᠥ᠂ ᠲᠡᠦᠬᠡ ᠵᠢᠨ ᠬᠢᠴᠢᠶᠡᠯ᠎ᠢ ᠰᠠᠶ᠋ᠢᠲᠤᠷ ᠶᠠᠷᠢᠵᠤ᠂ ᠲᠤᠰᠬᠠᠢ ᠰᠡᠳᠦᠪᠲᠦ ᠠᠩᠭᠢ (ᠪᠦᠯᠬᠦᠮ) ᠵᠢᠨ ᠬᠤᠷᠠᠯ᠎ᠢ ᠵᠣᠬᠢᠶᠠᠨ ᠪᠠᠶ᠋ᠢᠭᠤᠯᠪᠠ᠃ ᠬᠣᠶᠠᠷ᠎ᠲᠤ᠂ ᠬᠢᠴᠢᠶᠡᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠦᠬᠦ ᠬᠣᠲᠠ  ᠵᠢᠨ ᠠᠩᠬᠠᠳᠤᠭ᠋ᠠᠷ ᠬᠤᠭᠤᠴᠠᠭ᠋ᠠᠨ᠎ᠤ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ 《ᠠᠯᠲᠠᠨ ᠬᠢᠴᠢᠶᠡᠯ》᠎ᠢ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ ᠵᠢ ᠡᠷᠬᠢᠯᠡᠨ᠂ 85 《ᠠᠨᠠᠷ ᠤᠯᠠᠭ᠋ᠠᠨ》᠂ 《ᠰᠠᠨᠰᠠᠷ ᠬᠥᠬᠡ》᠂ 《ᠤᠮᠠᠷᠠᠲᠤ ᠬᠢᠯᠢ ᠨᠣᠭᠣᠭ᠋ᠠᠨ》 ᠵᠡᠷᠭᠡ ᠦᠵᠡᠯ ᠰᠠᠨᠠᠭ᠎ᠠ ᠤᠯᠤᠰ ᠲᠥᠷᠥ ᠵᠢᠨ ᠰᠢᠷᠢᠰ 《ᠠᠯᠲᠠᠨ ᠬᠢᠴᠢᠶᠡᠯ》᠎ᠢ ᠪᠠᠶ᠋ᠢᠭᠤᠯᠪᠠ᠃ ᠪᠦᠬᠦ ᠬᠣᠲᠠ ᠵᠢᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠠᠩᠬᠠᠳᠤᠭ᠋ᠠᠷ ᠬᠤᠭᠤᠴᠠᠭ᠋ᠠᠨ᠎ᠤ ᠲᠠᠢ᠌ᠰᠠᠨ ᠳᠡᠭᠡᠷᠡᠬᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠢᠯᠢᠳᠡᠭ ᠬᠢᠴᠢᠶᠡᠯ᠎ᠤᠨ ᠳᠡᠪᠲᠡᠷ᠎ᠤᠨ ᠵᠦᠴᠦᠭᠡ (ᠦᠵᠡᠭᠳᠡᠯᠲᠦ ᠵᠦᠴᠦᠭᠡ) ᠵᠢᠨ ᠤᠷᠤᠯᠳᠤᠭ᠋ᠠᠨ ᠪᠠ ᠪᠦᠬᠦ ᠬᠣᠲᠠ ᠵᠢᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠰᠤᠷᠤᠭᠴᠢ 《ᠤᠮᠠᠷᠠᠲᠤ ᠬᠢᠯᠢ ᠵᠢᠨ ᠬᠥᠪᠡᠭᠦᠳ ᠥᠬᠢᠳ ᠰᠡᠳᠬᠢᠯ ᠨᠠᠮ ᠵᠶ᠋ᠠᠨ᠎ᠲᠠᠭᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠪᠢ ᠶᠠᠷᠢᠶ᠎ᠠ》 ᠭᠡᠬᠦ ᠪᠢᠴᠢᠯ ᠸᠢᠳᠢᠣ᠋ ᠦᠢ᠍ᠯᠡᠳᠬᠦ ᠤᠷᠤᠯᠳᠤᠭ᠋ᠠᠨ᠎ᠢ ᠡᠷᠬᠢᠯᠡᠵᠦ᠂ 《ᠲᠠᠯ᠎ᠠ ᠨᠤᠲᠤᠭ᠎ᠤᠨ ᠡᠵᠢ ᠳᠦᠭᠢᠮ᠎ᠡ》 ᠵᠡᠷᠭᠡ 32 ᠰᠢᠯᠢᠳᠡᠭ ᠪᠦᠲᠦᠭᠡᠯ᠎ᠢ ᠰᠣᠩᠭᠣᠨ ᠭᠠᠷᠭ᠋ᠠᠪᠠ᠃ ᠰᠤᠷᠤᠭᠴᠢᠳ᠎ᠤᠨ ᠣᠶ᠋ᠢᠯᠠᠭ᠋ᠠᠯᠲᠠ ᠲᠥᠷᠥᠭᠳᠡᠯ᠎ᠢ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠰᠡᠳᠬᠢᠯ᠎ᠳᠤ᠎ᠨᠢ ᠰᠢᠩᠭᠡᠭᠡᠨ ᠲᠠᠷᠢᠬᠢᠨ᠎ᠳᠤ᠎ᠨᠢ ᠬᠠᠳᠠᠩᠰᠢᠭᠤᠯᠬᠤ ᠵᠢ ᠯᠠᠪᠳᠠᠭᠤᠨ ᠪᠠᠲᠤᠲᠠᠢ  ᠠᠬᠢᠭᠤᠯᠪᠠ᠃

   

1.jpg

ᠵᠢᠨᠢᠩ ᠲᠣᠭᠣᠷᠢᠭ᠎ᠤᠨ ᠶᠥᠩ ᠠᠨ ᠵᠠᠮ᠎ᠤᠨ ᠪᠠᠭ᠎ᠠ ᠰᠤᠷᠭ᠋ᠠᠭᠤᠯᠢ 《ᠤᠮᠠᠷᠠᠲᠤ ᠬᠢᠯᠢ ᠵᠢᠨ ᠰᠣᠶᠣᠯ᠎ᠢ ᠤᠯᠠᠮᠵᠢᠯᠠᠨ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ》 《ᠪᠢᠴᠢᠬᠠᠨ ᠮᠣᠩᠭᠣᠯ ᠮᠣᠷᠢ》 ᠶᠣᠰᠣ ᠰᠤᠷᠲᠠᠬᠤᠨ᠎ᠤ ᠬᠥᠮᠦᠵᠢᠯ᠎ᠤᠨ ᠦᠢ᠍ᠯᠡᠳᠦᠯᠭᠡ ᠵᠢᠨ ᠬᠢᠴᠢᠶᠡᠯ ᠎ᠢ ᠥᠷᠨᠢᠭᠦᠯᠪᠡ

 

2.jpg

ᠯᠢᠶᠠᠩᠴᠧᠩ ᠰᠢᠶᠠᠨ᠎ᠤ ᠨᠢᠭᠡᠳᠦᠭᠡᠷ ᠬᠡᠦᠬᠡᠳ᠎ᠤᠨ ᠴᠡᠴᠡᠷᠯᠢᠭ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ

 

3.png

ᠤᠯᠠᠭ᠋ᠠᠨᠴᠠᠪ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠦᠬᠦ ᠬᠣᠲᠠ ᠵᠢᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ 《ᠠᠩᠬᠠᠳᠤᠭ᠋ᠠᠷ ᠬᠤᠭᠤᠴᠠᠭ᠋ᠠᠨ᠎ᠤ ᠲᠠᠢ᠌ᠰᠠᠨ ᠳᠡᠭᠡᠷᠡᠬᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠢᠯᠢᠳᠡᠭ ᠬᠢᠴᠢᠶᠡᠯ᠎ᠤᠨ ᠳᠡᠪᠲᠡᠷ᠎ᠤᠨ ᠵᠦᠴᠦᠭᠡ (ᠦᠵᠡᠭᠳᠡᠯᠲᠦ ᠵᠦᠴᠦᠭᠡ) ᠵᠢᠨ ᠤᠷᠤᠯᠳᠤᠭ᠋ᠠᠨ᠎ᠢ ᠡᠷᠬᠢᠯᠡᠪᠡ

 

ᠨᠡᠶ᠋ᠢᠭᠡᠮ᠎ᠳᠤ ᠠᠭᠤᠰᠬᠠᠵᠤ᠂ ᠬᠤᠪᠢᠰᠬᠠᠯ᠎ᠤᠨ ᠤᠯᠠᠮᠵᠢᠯᠠᠯ᠎ᠢ ᠠᠬᠢᠭᠤᠯᠪᠠ᠃ ᠦᠢ᠍ᠯᠡᠳᠦᠯᠭᠡ ᠵᠢᠨ ᠬᠥᠮᠦᠵᠢᠯ᠎ᠢ ᠴᠢᠩᠭ᠋ᠠᠳᠬᠠᠵᠤ᠂ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠤᠯᠠᠭ᠋ᠠᠨᠴᠠᠪ ᠬᠣᠲᠠ ᠵᠢᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ 《ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠂ ᠬᠤᠪᠢᠰᠬᠠᠯ ᠎ᠤᠨ ᠳᠤᠷᠠᠰᠬᠠᠯ᠎ᠤᠨ ᠬᠦᠷᠢᠶᠡᠯᠡᠩ᠂ ᠮᠦᠽᠧᠢ᠂ ᠬᠤᠪᠢᠰᠬᠠᠯ᠎ᠤᠨ ᠬᠠᠭᠤᠴᠢᠨ ᠪᠠᠭᠤᠷᠢ ᠵᠡᠷᠭᠡ ᠡᠬᠢ ᠪᠠᠶᠠᠯᠢᠭ᠎ᠢ ᠠᠰᠢᠭᠯᠠᠵᠤ᠂ ᠲᠡᠭᠦᠨ᠎ᠳᠤ ᠠᠭᠤᠯᠤᠭᠳᠠᠵᠤ ᠪᠠᠶ᠋ᠢᠭ᠎ᠠ ᠰᠣᠶᠣᠯ᠂ ᠲᠡᠦᠬᠡ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠢᠯᠡᠷᠡᠭᠦᠯᠦᠨ᠂ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠵᠣᠬᠢᠶᠠᠨ ᠪᠠᠶ᠋ᠢᠭᠤᠯᠤᠨ 《ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠢ 1200 ᠭᠠᠷᠤᠢ ᠤᠳᠠᠭ᠎ᠠ ᠰᠤᠳᠤᠯᠤᠨ ᠰᠤᠷᠤᠯᠴᠠᠭᠤᠯᠵᠤ᠂ 《ᠶᠡᠬᠡ ᠦᠵᠡᠯ ᠰᠠᠨᠠᠭ᠎ᠠ ᠤᠯᠤᠰ ᠲᠥᠷᠥ》 ᠵᠢᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ 3᠎ᠢ ᠪᠠᠶ᠋ᠢᠭᠤᠯᠵᠤ᠂ ᠰᠤᠷᠭ᠋ᠠᠭᠤᠯᠢ ᠵᠢᠨ 《ᠪᠢᠴᠢᠯ ᠬᠢᠴᠢᠶᠡᠯ᠎ᠤᠨ ᠲᠠᠩᠬᠢᠮ》  ᠪᠣᠯᠤᠨ ᠨᠡᠶ᠋ᠢᠭᠡᠮ᠎ᠤᠨ 《ᠲᠣᠮᠣ ᠬᠢᠴᠢᠶᠡᠯ᠎ᠤᠨ ᠲᠠᠩᠬᠢᠮ》᠎ᠢ ᠣᠷᠭ᠋ᠠᠨᠢᠭ ᠵᠶ᠋ᠠᠷ ᠨᠡᠪᠲᠡᠷᠡᠭᠦᠯᠬᠦ ᠵᠢ ᠠᠬᠢᠭᠤᠯᠪᠠ᠃ ᠪᠡᠭᠡᠵᠢᠩ ᠥᠪᠥᠷ ᠮᠣᠩᠭᠣᠯ᠎ᠤᠨ ᠵᠠᠯᠠᠭᠤᠴᠤᠳ ᠪᠠᠭ᠋ᠠᠴᠤᠳ᠎ᠤᠨ 《ᠡᠷᠴᠢ ᠵᠣᠷᠢᠭ ᠵᠶ᠋ᠠᠨ ᠬᠥᠪᠴᠢᠯᠡᠨ ᠰᠤᠳᠤᠯᠤᠨ ᠰᠤᠷᠤᠯᠴᠠᠬᠤ》᠂ 《ᠠᠨᠠᠷ᠎ᠤᠨ ᠦᠷ᠎ᠡ ᠰᠢᠭ ᠰᠡᠳᠬᠢᠯ ᠨᠢᠭᠡᠳᠦᠨ ᠢᠷᠡᠭᠡᠳᠦᠢ ᠵᠦᠭ ᠲᠡᠮᠡᠦᠯᠬᠦ》᠂ 《ᠦᠨᠳᠦᠰᠦᠲᠡᠨ᠎ᠨᠦᠭᠦᠳ ᠪᠦᠯᠬᠦᠮᠳᠡᠨ ᠨᠢᠭᠡᠨ ᠭᠡᠷ᠎ᠤᠨ᠎ᠬᠢᠨ ᠮᠡᠲᠦ ᠳᠣᠲᠣᠨᠣ》᠂ 《ᠪᠡᠭᠡᠵᠢᠩ ᠥᠪᠥᠷ ᠮᠣᠩᠭᠣᠯ᠎ᠤᠨ ᠵᠠᠯᠠᠭᠤᠴᠤᠳ ᠪᠠᠭ᠋ᠠᠴᠤᠳ ᠬᠣᠷᠰᠢᠶᠠᠯᠠᠵᠤ᠂ ᠭᠠᠷ ᠬᠣᠯᠪᠣᠯᠴᠠᠬᠤ》 ᠵᠡᠷᠭᠡ ᠡᠯ᠎ᠡ ᠲᠥᠷᠥᠯ᠎ᠤᠨ ᠲᠣᠭᠣᠷᠢᠨ ᠦᠵᠡᠵᠦ ᠪᠡᠶᠡᠴᠢᠯᠡᠨ ᠣᠶ᠋ᠢᠯᠠᠭ᠋ᠠᠬᠤ᠂ ᠰᠤᠷᠤᠯᠴᠠᠨ ᠰᠣᠯᠢᠯᠴᠠᠬᠤ᠂ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠵᠢ 80 ᠭᠠᠷᠤᠢ ᠲᠠᠯᠠᠪᠤᠷ ᠢᠳᠡᠪᠬᠢᠲᠡᠢ ᠵᠣᠬᠢᠶᠠᠨ ᠪᠠᠶ᠋ᠢᠭᠤᠯᠤᠨ ᠥᠷᠨᠢᠭᠦᠯᠵᠦ᠂ 18600 ᠭᠠᠷᠤᠢ ᠵᠠᠯᠠᠭᠤᠴᠤᠳ ᠪᠠᠭ᠋ᠠᠴᠤᠳ᠎ᠢ ᠬᠠᠮᠤᠷᠪᠠ᠃ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠵᠤ ᠰᠡᠳᠬᠢᠵᠦ ᠦᠢ᠍ᠯᠡᠳᠦᠯᠭᠡᠵᠢᠭᠦᠯᠬᠦ ᠵᠢ  ᠭᠦᠨᠵᠡᠭᠡᠢ ᠠᠳᠬᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠪᠣᠳᠠᠲᠠᠢ ᠮᠥᠷᠲᠡᠭᠡᠨ ᠲᠥᠷᠥᠭᠳᠡᠯ᠎ᠲᠠᠢ ᠠᠬᠢᠭᠤᠯᠪᠠ᠃
   

4.png

ᠵᠢᠨᠢᠩ ᠲᠣᠭᠣᠷᠢᠭ᠎ᠤᠨ ᠳᠥᠷᠪᠡᠳᠦᠭᠡᠷ ᠳᠤᠮᠳᠠᠳᠤ ᠰᠤᠷᠭ᠋ᠠᠭᠤᠯᠢ 《ᠬᠤᠪᠢᠰᠬᠠᠯ᠎ᠤᠨ ᠳᠤᠷᠠᠰᠤᠮᠵᠢ ᠵᠢ ᠳᠠᠬᠢᠨ ᠡᠷᠭᠢᠴᠡᠭᠦᠯᠵᠦ ᠬᠤᠪᠢᠰᠬᠠᠯ᠎ᠤᠨ ᠵᠣᠷᠢᠭ ᠰᠠᠨᠠᠭ᠎ᠠ ᠵᠢ ᠤᠯᠠᠮᠵᠢᠯᠠᠬᠤ》 ᠭᠣᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ

 

5.png

ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ 《ᠪᠡᠭᠡᠵᠢᠩ ᠥᠪᠥᠷ ᠮᠣᠩᠭᠣᠯ ᠭᠠᠷ ᠬᠣᠯᠪᠤᠯᠴᠠᠵᠤ ᠬᠡᠦᠬᠡᠳ ᠪᠠᠭ᠋ᠠᠴᠤᠳ ᠳᠤᠮᠳᠠᠳᠤ᠎ᠪᠠᠨ ᠤᠶᠠᠩᠭ᠋ᠠᠯᠠᠨᠠᠮ》 ᠭᠣᠣᠯ ᠰᠡᠳᠦᠪᠲᠦ 《ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ

 

ᠲᠠᠪᠴᠠᠩ᠎ᠳᠤ ᠠᠭᠤᠰᠬᠠᠵᠤ᠂ ᠬᠥᠮᠦᠨ ᠬᠥᠮᠦᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ᠎ᠪᠠᠷ ᠵᠢᠯᠣᠭᠣᠳᠤᠭᠤᠯᠤᠨ᠂ ᠰᠤᠷᠤᠭᠴᠢᠳ᠎ᠤᠨ ᠦᠵᠡᠯ ᠰᠠᠨᠠᠭ᠋ᠠᠨ᠎ᠤ ᠵᠢᠯᠣᠭᠣᠳᠣᠯᠭ᠎ᠠ ᠪᠠ ᠰᠤᠷᠭ᠋ᠠᠨ ᠬᠥᠮᠦᠵᠢᠯ᠎ᠤᠨ ᠵᠢᠯᠣᠭᠣᠳᠣᠯᠭ᠎ᠠ ᠵᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ 《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠵᠢ ᠭᠦᠨᠵᠡᠭᠡᠶ᠋ᠢᠷᠡᠭᠦᠯᠬᠦ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ》᠎ᠢ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠵᠢᠯᠣᠭᠣᠳᠬᠤ ᠵᠥᠪᠯᠡᠯ᠎ᠤᠨ ᠦᠢ᠍ᠯᠡᠳᠦᠯ᠎ᠢ ᠪᠠᠳᠠᠷᠠᠭᠤᠯᠤᠨ᠂ ᠠᠳᠠᠯᠢ ᠪᠤᠰᠤ ᠰᠤᠷᠤᠯᠭ᠎ᠠ ᠵᠢᠨ ᠱᠠᠲᠤᠨ᠎ᠳᠤ ᠲᠤᠭᠤᠰᠢᠯᠠᠭᠤᠯᠬᠤ ᠰᠤᠳᠤᠯᠭ᠋ᠠᠨ᠎ᠢ ᠥᠷᠨᠢᠭᠦᠯᠵᠦ᠂ 《ᠭᠠᠷ ᠬᠣᠯᠪᠤᠯᠴᠠᠨ》 ᠬᠠᠮᠲᠤ᠎ᠳᠤ᠎ᠪᠠᠨ ᠬᠢᠴᠢᠶᠡᠯ ᠪᠡᠯᠡᠳᠬᠡᠬᠦ ᠪᠠ ᠳᠠᠭᠤᠷᠢᠶᠠᠯ ᠦᠵᠡᠭᠦᠯᠬᠦ ᠬᠢᠴᠢᠶᠡᠯ᠎ᠢ ᠳᠡᠯᠭᠡᠨ ᠦᠵᠡᠭᠦᠯᠬᠦ ᠠᠵᠢᠯᠯᠠᠭ᠎ᠠ ᠵᠢ ᠪᠠᠢ᠌ᠩᠭᠤ ᠥᠷᠨᠢᠭᠦᠯᠵᠦ᠂ ᠶᠡᠷᠦᠩᠬᠡᠢ ᠱᠦᠵᠢ ᠰᠢ᠎ᠵᠢᠨ᠎ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠵᠢ ᠬᠢᠴᠢᠶᠡᠯ᠎ᠤᠨ ᠲᠠᠩᠬᠢᠮ᠎ᠳᠤ ᠣᠷᠭ᠋ᠠᠨᠢᠭ ᠵᠶ᠋ᠠᠷ ᠠᠭᠤᠰᠬᠠᠵᠤ᠂ ᠦᠯᠢᠭᠡᠷ ᠶᠠᠷᠢᠬᠤ ᠠᠷᠭ᠎ᠠ ᠬᠡᠯᠪᠡᠷᠢ᠎ᠪᠠᠷ ᠶᠣᠰᠣ ᠤᠴᠢᠷ᠎ᠢ ᠭᠦᠨᠵᠡᠭᠡᠢ ᠶᠠᠷᠢᠵᠤ᠂ ᠨᠡᠪᠲᠡᠷᠬᠡᠢ ᠶᠠᠷᠢᠵᠤ᠂ ᠠᠮᠢᠳᠤᠯᠢᠭ  ᠶᠠᠷᠢᠪᠠ᠃ 《ᠶᠣᠰᠣ ᠰᠤᠷᠲᠠᠬᠤᠨ᠎ᠤ ᠬᠥᠮᠦᠵᠢᠯ᠎ᠤᠨ ᠳᠠᠪᠴᠠᠩ》᠂ 《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ》᠎ᠤᠨ ᠡᠬᠢ ᠪᠠᠶᠠᠯᠢᠭ᠎ᠤᠨ ᠲᠠᠪᠴᠠᠩ ᠪᠠ 《〈ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠲᠠᠢ᠌ᠯᠤᠨ》᠎ᠢ ᠰᠠᠶ᠋ᠢᠲᠤᠷ ᠬᠡᠷᠡᠭᠯᠡᠵᠦ᠂ ᠬᠣᠲᠠ ᠵᠢᠨ ᠨᠠᠮ᠎ᠤᠨ ᠬᠣᠷᠢᠶᠠᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ 《ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ 《ᠬᠢᠴᠢᠶᠡᠯ》᠎ᠤᠨ ᠰᠢᠨᠵᠢ ᠴᠢᠨᠠᠷ᠎ᠲᠤ ᠠᠩᠬᠠᠷᠤᠯ ᠵᠶ᠋ᠠᠨ ᠬᠠᠨᠳᠤᠭᠤᠯᠤᠨ᠂ 《ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠢ ᠣᠯᠠᠨ ᠬᠠᠷᠠᠭ᠋ᠠᠰᠤ᠂ ᠣᠯᠠᠨ ᠳᠡᠰ ᠳᠠᠪᠬᠤᠷᠭ᠎ᠠ᠂ ᠪᠣᠰᠣᠭ᠎ᠠ ᠴᠣᠭᠴᠠ᠎ᠪᠠᠷ ᠪᠦᠲᠦᠮᠵᠢᠲᠡᠢ ᠰᠠᠶ᠋ᠢᠲᠤᠷ ᠬᠡᠷᠡᠭᠯᠡᠵᠦ᠂ 4 ᠳᠤᠮᠳᠠᠳᠤ ᠪᠠᠭ᠎ᠠ ᠰᠤᠷᠭ᠋ᠠᠭᠤᠯᠢ ᠵᠢ ᠰᠣᠩᠭᠤᠨ ᠲᠤᠷᠰᠢᠯᠲᠠ ᠵᠢᠨ ᠴᠡᠭ᠎ᠤᠨ ᠰᠤᠷᠭ᠋ᠠᠭᠤᠯᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠠᠲᠤ  ᠴᠣᠭᠴᠠᠯᠠᠬᠤ ᠦᠵᠡᠭᠳᠡᠯᠲᠦ ᠬᠢᠴᠢᠶᠡᠯ᠎ᠤᠨ ᠭᠡᠷ ᠪᠣᠯᠭ᠋ᠠᠪᠠ᠃

ᠰᠣᠶᠣᠯ᠎ᠳᠤ ᠠᠭᠤᠰᠬᠠᠵᠤ ᠦᠵᠡᠯ ᠰᠠᠨᠠᠭ᠋ᠠᠨ᠎ᠤ ᠨᠡᠪᠴᠢᠯᠲᠡ ᠵᠢ ᠠᠬᠢᠭᠤᠯᠪᠠ ᠃ ᠤᠯᠠᠭ᠋ᠠᠨᠴᠠᠪ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ 《ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠢ ᠥᠪᠡᠰᠦᠪᠡᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠦᠬᠦ ᠬᠣᠲᠠ ᠵᠢᠨ 374 ᠳᠤᠮᠳᠠᠳᠤ ᠪᠠᠭ᠎ᠠ ᠰᠤᠷᠭ᠋ᠠᠭᠤᠯᠢ (ᠬᠡᠦᠬᠡᠳ᠎ᠤᠨ ᠴᠡᠴᠡᠷᠯᠢᠭ) ᠵᠢ ᠵᠣᠬᠢᠶᠠᠨ ᠪᠠᠶ᠋ᠢᠭᠤᠯᠤᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠢ ᠥᠪᠡᠰᠦᠪᠡᠨ ᠪᠠᠶ᠋ᠢᠴᠠᠭ᠋ᠠᠬᠤ ᠵᠢ ᠥᠷᠨᠢᠭᠦᠯᠵᠦ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠮᠣᠩᠭᠣᠯ ᠮᠣᠷᠢᠨ᠎ᠤ ᠵᠣᠷᠢᠭ ᠰᠠᠨᠠᠭ᠎ᠠ᠂ 《ᠭᠤᠷᠪᠠᠨ ᠤᠮᠠᠷᠠᠲᠤ ᠵᠢᠨ ᠵᠣᠷᠢᠭ ᠰᠠᠨᠠᠭ᠎ᠠ》 《ᠵᠢᠷᠭᠤᠭ᠋ᠠᠨ ᠦᠭᠡ ᠥᠭᠦᠯᠡᠪᠦᠷᠢ》᠎ᠤᠨ ᠪᠣᠳᠠᠲᠤ ᠶᠠᠪᠤᠳᠠᠯ᠎ᠤᠨ ᠶᠣᠰᠣ ᠵᠦᠢ ᠵᠡᠷᠭᠡ ᠠᠭᠤᠯᠭ᠎ᠠ ᠵᠢ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠶ᠋ᠢᠭᠤᠯᠤᠯᠲᠠ᠎ᠳᠤ ᠣᠷᠭ᠋ᠠᠨᠢᠭ ᠵᠶ᠋ᠠᠷ ᠠᠭᠤᠰᠬᠠᠨ᠂ ᠲᠤᠰ ᠲᠤᠰ᠎ᠤᠨ ᠣᠨᠴᠠᠯᠢᠭ᠎ᠲᠠᠢ ᠰᠣᠶᠣᠯ᠎ᠤᠨ ᠤᠷᠲᠤ ᠬᠣᠩᠭᠢᠯ ᠪᠠ ᠰᠣᠶᠣᠯ᠎ᠤᠨ ᠬᠡᠷᠡᠮ᠎ᠢ ᠡᠭᠦᠳᠦᠨ ᠪᠠᠶ᠋ᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠷᠠᠳᠢᠣ᠋ ᠨᠡᠪᠲᠡᠷᠡᠭᠦᠯᠭᠡ᠂ ᠴᠣᠩᠬᠣᠪᠴᠢ᠂ ᠬᠤᠩᠭᠢᠯ ᠵᠡᠷᠭᠡ ᠤᠬᠠᠭᠤᠯᠭ᠎ᠠ ᠵᠢᠨ ᠵᠠᠭᠤᠴᠢᠯᠠᠭᠤᠷ᠎ᠢ ᠰᠠᠶ᠋ᠢᠲᠤᠷ ᠬᠡᠷᠡᠭᠯᠡᠨ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢᠨ ᠭᠣᠣᠯ ᠰᠡᠳᠦᠪᠲᠦ ᠬᠡᠷᠡᠮ᠂ 《ᠮᠣᠩᠭᠣᠯ ᠮᠣᠷᠢᠨ᠎ᠤ ᠵᠣᠷᠢᠭ ᠰᠠᠨᠠᠭ᠎ᠠ》 ᠵᠢᠨ ᠲᠣᠮᠣ ᠴᠠᠭ᠋ᠠᠰᠤᠨ ᠬᠠᠶ᠋ᠢᠴᠢᠯᠠᠮᠠᠯ᠎ᠢ ᠪᠡᠶᠡᠯᠡᠭᠦᠯᠵᠦ᠂ 《ᠤᠮᠠᠷᠠᠲᠤ ᠬᠢᠯᠢ ᠵᠢᠨ ᠰᠤᠷᠭ᠋ᠠᠨ ᠬᠥᠮᠦᠵᠢᠯ ᠨᠠᠮ ᠵᠶ᠋ᠠᠨ ᠳᠠᠭ᠋ᠠᠨᠠᠮ》 ᠭᠡᠬᠦ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢ ᠨᠢᠭᠡ ᠴᠣᠭᠴᠠᠵᠢᠭᠤᠯᠤᠭᠰᠠᠨ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ 1200 ᠭᠠᠷᠤᠢ ᠲᠠᠯᠠᠪᠤᠷ ᠥᠷᠨᠢᠭᠦᠯᠪᠡ᠃ 《ᠳᠤᠮᠳᠠᠳᠤ ᠵᠢᠨ ᠦᠨᠳᠦᠰᠦᠲᠡᠨ ᠨᠢᠭᠡᠨ ᠭᠡᠷ᠎ᠤᠨ᠎ᠬᠢᠨ ᠮᠡᠲᠦ ᠳᠣᠲᠣᠨᠣ ᠰᠡᠳᠬᠢᠯ ᠨᠢᠭᠡᠳᠦᠨ ᠳᠤᠮᠳᠠᠳᠤ ᠵᠢᠨ ᠬᠦᠰᠡᠯ᠎ᠢ ᠬᠠᠮᠲᠤ ᠎ᠳᠤ᠎ᠪᠠᠨ ᠲᠡᠷᠭᠡᠯᠰᠢᠭᠦᠯᠬᠦ》᠎ᠪᠠᠷ ᠭᠣᠣᠯ ᠰᠡᠳᠦᠪ ᠪᠣᠯᠭ᠋ᠠᠭᠰᠠᠨ ᠰᠢᠯᠦᠭ᠎ᠤᠨ ᠤᠷᠤᠯᠳᠤᠭ᠋ᠠᠨ᠂ ᠵᠣᠬᠢᠶᠠᠯ ᠪᠦᠲᠦᠭᠡᠯ᠎ᠤᠨ ᠤᠷᠤᠯᠳᠤᠭ᠋ᠠᠨ᠂ ᠮᠡᠳᠡᠯᠭᠡ ᠵᠢᠨ ᠤᠷᠤᠯᠳᠤᠭ᠋ᠠᠨ᠂ ᠤᠷᠠᠨ ᠪᠢᠴᠢᠯᠭᠡ ᠵᠢᠨ ᠤᠷᠤᠯᠳᠤᠭ᠋ᠠᠨ ᠵᠡᠷᠭᠡ ᠵᠢ 1500 ᠭᠠᠷᠤᠢ ᠲᠠᠯᠠᠪᠤᠷ ᠥᠷᠨᠢᠭᠦᠯᠵᠦ᠂ 《ᠰᠤᠷᠭ᠋ᠠᠭᠤᠯᠢ ᠵᠢᠨ ᠬᠦᠷᠢᠶᠡᠨ᠎ᠳᠤ ᠳᠡᠯᠭᠡᠨ ᠦᠵᠡᠭᠦᠯᠭᠡ᠎ᠲᠠᠢ᠂ ᠬᠢᠴᠢᠶᠡᠯ᠎ᠤᠨ ᠲᠠᠩᠬᠢᠮ᠎ᠳᠤ ᠠᠭᠤᠯᠭ᠎ᠠ᠎ᠲᠠᠢ᠂ ᠰᠦᠯᠵᠢᠶᠡᠨ᠎ᠳᠤ ᠵᠢᠭᠰᠠᠭ᠋ᠠᠯ᠎ᠤᠨ ᠭᠠᠵᠠᠷ ᠲᠠᠢ》 ᠪᠠᠶ᠋ᠢᠬᠤ ᠵᠢ ᠪᠡᠶᠡᠯᠡᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠠᠭᠤᠷᠢᠶᠠᠯ ᠦᠵᠡᠭᠦᠯᠬᠦ ᠰᠤᠷᠭ᠋ᠠᠭᠤᠯᠢ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠰᠤᠷᠭ᠋ᠠᠭᠤᠯᠢ ᠵᠢᠨ ᠬᠦᠷᠢᠶᠡᠨ᠎ᠳᠤ ᠪᠠᠢ᠌ᠩᠭᠤᠵᠢᠭᠤᠯᠪᠠ᠃

ᠰᠦᠯᠵᠢᠶ᠎ᠡ᠎ᠳᠤ ᠠᠭᠤᠰᠬᠠᠵᠤ᠂ ᠡᠬᠢ ᠪᠠᠶᠠᠯᠢᠭ᠎ᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠵᠢ ᠠᠬᠢᠭᠤᠯᠪᠠ᠃ 《ᠢᠨᠲ᠋ᠧᠷ ᠰᠦᠯᠵᠢᠶ᠎ᠡ +》 ᠰᠦᠯᠵᠢᠶ᠎ᠡ᠎ᠪᠠᠷ ᠬᠥᠮᠦᠨ ᠬᠥᠮᠦᠵᠢᠭᠦᠯᠬᠦ ᠰᠠᠭᠤᠷᠢᠨ ᠭᠠᠵᠠᠷ᠎ᠢ ᠪᠠᠶ᠋ᠢᠭᠤᠯᠵᠤ᠂ ᠰᠤᠷᠤᠯᠴᠠᠯᠭ᠎ᠠ ᠵᠢᠨ ᠬᠦᠴᠦᠷᠬᠡᠭ ᠤᠯᠤᠰ᠎ᠤᠨ ᠲᠠᠪᠴᠠᠩ᠂ ᠸᠢᠴᠠᠲ ᠵᠢᠨ ᠣᠯᠠᠨ ᠨᠡᠶ᠋ᠢᠲᠡ ᠵᠢᠨ ᠳ᠋ᠤᠭ᠋ᠠᠷ᠂ ᠪᠢᠴᠢᠯ ᠸᠢᠳᠢᠣ᠋ ᠵᠡᠷᠭᠡ 《ᠡᠭᠦᠯᠡᠨ ᠲᠠᠪᠴᠠᠩ᠎ᠤᠨ ᠬᠢᠴᠢᠶᠡᠯ᠎ᠤᠨ ᠲᠠᠩᠬᠢᠮ》᠂ ᠰᠤᠷᠭ᠋ᠠᠭᠤᠯᠢ ᠵᠢᠨ ᠬᠦᠷᠢᠶᠡᠨ᠎ᠤ ᠰᠦᠯᠵᠢᠶᠡᠨ ᠥᠷᠲᠡᠭᠡ᠂ ᠡᠯᠧᠺᠲᠷᠣᠨ ᠳᠡᠯᠭᠡᠴᠡ ᠵᠡᠷᠭᠡ ᠠᠴᠢᠶᠠᠯᠠᠪᠤᠷᠢ ᠵᠢ ᠠᠰᠢᠭᠯᠠᠨ᠂ ᠪᠣᠰᠣᠭ᠎ᠠ ᠴᠣᠭᠴᠠᠲᠤ ᠮᠠᠶᠢᠭ᠎ᠤᠨ ᠪᠦᠬᠦᠨ᠎ᠢ ᠬᠠᠮᠤᠷᠤᠭᠰᠠᠨ ᠤᠬᠠᠭᠤᠯᠭ᠎ᠠ ᠵᠢᠨ ᠵᠢᠭᠰᠠᠭ᠋ᠠᠯ᠎ᠢ ᠪᠠᠶ᠋ᠢᠭᠤᠯᠵᠤ᠂ ᠰᠦᠯᠵᠢᠶᠡᠨ᠎ᠤ ᠲᠠᠪᠴᠠᠩ ᠵᠶ᠋ᠠᠷ ᠳᠠᠮᠵᠢᠭᠤᠯᠤᠨ ᠤᠬᠠᠭᠤᠯᠤᠨ ᠬᠦᠷᠭᠡᠬᠦ ᠵᠢ ᠴᠢᠩᠭ᠋ᠠᠳᠬᠠᠨ᠂ 《ᠪᠢᠴᠢᠯ ᠬᠡᠷᠡᠭ᠎ᠤᠨ ᠵᠢᠱ᠌ᠢᠶ᠎ᠡ》᠂ 《ᠪᠢᠴᠢᠯ ᠦᠯᠢᠭᠡᠷ》᠎ᠢ ᠰᠠᠶ᠋ᠢᠲᠤᠷ ᠶᠠᠷᠢᠵᠤ᠂ ᠰᠢᠨ᠎ᠡ ᠴᠠᠭ ᠦᠶ᠎ᠡ ᠵᠢᠨ ᠰᠢᠨ᠎ᠡ ᠬᠥᠮᠦᠰ ᠰᠢᠨ᠎ᠡ ᠨᠡᠶ᠋ᠢᠲᠡᠯᠢᠭ ᠵᠢᠱ᠌ᠢᠶ᠎ᠡ ᠵᠢ ᠪᠣᠢ ᠪᠣᠯᠭ᠋ᠠᠨ᠂ 20 ᠪᠢᠴᠢᠯ ᠬᠡᠷᠡᠭ᠎ᠤᠨ ᠵᠢᠱ᠌ᠢᠶ᠎ᠡ᠂ 40 ᠪᠢᠴᠢᠯ ᠦᠯᠢᠭᠡᠷ᠎ᠢ ᠪᠦᠷᠢᠯᠳᠦᠭᠦᠯᠵᠦ᠂ 《ᠲᠠᠯ᠎ᠠ ᠨᠤᠲᠤᠭ᠎ᠤᠨ ᠡᠵᠢ》  ᠳᠦᠭᠢᠮ᠎ᠠ᠂ 《ᠤᠮᠠᠷᠠᠲᠤ ᠵᠢᠨ ᠲᠡᠨᠡᠭ ᠡᠪᠦᠭᠡᠨ》 ᠳ᠋ᠦᠩ ᠾᠥᠩ ᠿᠦ᠍᠂ 《ᠤᠮᠠᠷᠠᠲᠤ ᠬᠢᠯᠢ  ᠵᠢᠨ ᠵᠢᠱ᠌ᠢᠶᠡᠴᠢ》 ᠭᠤᠸᠠᠨ ᠾᠦᠢ ᠮᠢᠩ᠂ 《ᠳᠤᠮᠳᠠᠳᠤ ᠵᠢᠨ ᠰᠠᠶ᠋ᠢᠨ ᠬᠥᠮᠦᠨ》 ᠭᠠᠩᠪᠣᠯᠤᠳ ᠵᠡᠷᠭᠡ ᠨᠢᠭᠡ ᠪᠦᠯᠦᠭ ᠰᠢᠨ᠎ᠡ ᠴᠠᠭ ᠦᠶ᠎ᠡ ᠵᠢᠨ ᠰᠢᠨ᠎ᠡ ᠨᠡᠶ᠋ᠢᠲᠡᠯᠢᠭ ᠵᠢᠱ᠌ᠢᠶ᠎ᠡ ᠵᠢ ᠭᠠᠷᠭ᠋ᠠᠵᠤ᠂ ᠦᠯᠢᠭᠡᠷ ᠳᠠᠭᠤᠷᠢᠶᠠᠯ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠨᠠᠩ ᠭᠦᠢ᠍ᠴᠡᠳ ᠪᠠᠳᠠᠷᠠᠭᠤᠯᠤᠨ᠂ ᠤᠬᠠᠭᠤᠯᠭ᠎ᠠ ᠵᠢᠨ ᠠᠭᠤᠯᠭ᠎ᠠ ᠵᠢ ᠠᠮᠢᠳᠤᠯᠢᠭᠵᠢᠭᠤᠯᠤᠨ᠂ ᠦᠷ᠎ᠡ ᠪᠦᠲᠦᠮᠵᠢ ᠵᠢ ᠪᠣᠳᠠᠲᠠᠶ᠋ᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠎ᠢ ᠪᠠᠲᠤ ᠴᠣᠭᠴᠠᠯᠠᠬᠤ ᠠᠵᠢᠯ᠎ᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠦᠨ᠂ ᠥᠷᠭᠡᠨ ᠣᠯᠠᠨ ᠪᠠᠭᠰᠢ ᠰᠤᠷᠤᠭᠴᠢᠳ᠎ᠤᠨ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠠᠶ᠋ᠢᠨ ᠰᠠᠶ᠋ᠢᠬᠠᠨ ᠭᠡᠷ ᠣᠷᠣᠨ ᠵᠶ᠋ᠠᠨ ᠬᠠᠮᠲᠤ᠎ᠳᠤ᠎ᠪᠠᠨ ᠪᠦᠲᠦᠭᠡᠨ ᠪᠠᠶ᠋ᠢᠭᠤᠯᠬᠤ ᠵᠢ ᠦᠷᠭᠦᠯᠵᠢᠯᠡᠨ ᠵᠣᠷᠢᠭᠵᠢᠭᠤᠯᠤᠨ ᠳᠠᠭ᠋ᠠᠭᠤᠯᠪᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠥᠳᠡᠯᠮᠦᠷᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠶᠠᠪᠤᠭᠳᠠᠭᠤᠯᠪᠠ
ᠣᠷᠳᠣᠰ ᠬᠣᠲᠠ᠄ 《ᠬᠣᠲᠠ ᠵᠢᠨ ᠬᠡᠪᠴᠢᠶᠡᠨ᠎ᠳᠤ ᠨᠢᠭᠡ ᠴᠣᠭᠴᠠᠵᠢᠭᠤᠯᠬᠤ》 ᠰᠠᠭᠤᠷᠢ ᠰᠤᠷᠭ᠋ᠠᠨ ᠬᠥᠮᠦᠵᠢᠯ᠎ᠤᠨ ᠡᠷᠬᠡ ᠲᠡᠭᠰᠢ ᠴᠢᠨᠠᠷᠯᠢᠭ ᠬᠥᠭᠵᠢᠯᠲᠡ ᠵᠢ ᠠᠬᠢᠭᠤᠯᠪᠠ
ᠮᠠᠨᠵᠤᠤᠷ ᠬᠣᠲᠠ᠄ ᠣᠯᠠᠨ ᠡᠲᠡᠭᠡᠳ᠎ᠤᠨ᠎ᠬᠢᠨ ᠬᠣᠯᠪᠤᠯᠳᠤᠨ ᠬᠥᠳᠡᠯᠦᠯᠴᠡᠵᠦ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠪᠠ
ᠵᠠᠰᠠᠭ᠎ᠤᠨ ᠣᠷᠳᠣᠨ ᠰᠤᠷᠭ᠋ᠠᠭᠤᠯᠢ ᠠᠵᠤ ᠠᠬᠤᠶ᠋ᠢᠯᠠᠯ ᠬᠤᠯᠪᠣᠭ᠋ᠠᠯᠠᠨ ᠬᠥᠳᠡᠯᠦᠯᠴᠡᠵᠦ ᠣᠷᠳᠣᠰ ᠬᠤᠲᠠ ᠵᠢᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠬᠤ᠎ᠳᠤ᠎ᠨᠢ 《ᠳᠦᠭᠦᠮ ᠳᠦᠳᠡ ᠵᠠᠮ》᠎ᠢ ᠬᠠᠮᠲᠤ᠎ᠪᠠᠷ ᠳᠡᠪᠢᠰᠦᠨ ᠥᠭᠴᠦ ᠪᠣᠢ
ᠬᠥᠯᠥᠨ ᠪᠤᠶ᠋ᠢᠷ ᠳᠡᠭᠡᠳᠦ ᠰᠤᠷᠭ᠋ᠠᠭᠤᠯᠢ ᠪᠦᠬᠦ ᠤᠯᠤᠰ᠎ᠤᠨ ᠠᠭᠤᠳᠠᠮ ᠲᠠᠯᠠᠪᠠᠢ ᠵᠢᠨ ᠪᠥᠵᠢᠭ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠣᠶᠠᠷ ᠲᠥᠷᠥᠯ᠎ᠳᠤ ᠮᠠᠩᠯᠠᠢ᠌ᠯᠠᠪᠠ
 
             蒙ICP备05000248号