ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠣᠲᠠ᠄ 《ᠬᠣᠲᠠ ᠵᠢᠨ ᠬᠡᠪᠴᠢᠶᠡᠨ᠎ᠳᠤ ᠨᠢᠭᠡ ᠴᠣᠭᠴᠠᠵᠢᠭᠤᠯᠬᠤ》 ᠰᠠᠭᠤᠷᠢ ᠰᠤᠷᠭ᠋ᠠᠨ ᠬᠥᠮᠦᠵᠢᠯ᠎ᠤᠨ ᠡᠷᠬᠡ ᠲᠡᠭᠰᠢ ᠴᠢᠨᠠᠷᠯᠢᠭ ᠬᠥᠭᠵᠢᠯᠲᠡ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2025-05-27

ᠣᠶ᠋ᠢᠷ᠎ᠠ ᠵᠢᠨ ᠵᠢᠯ᠂ ᠣᠷᠳᠣᠰ ᠬᠤᠳᠠ ᠪᠦᠬᠦ ᠤᠯᠤᠰ᠎ᠤᠨ ᠰᠠᠭᠤᠷᠢ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠎ᠢ ᠪᠦᠲᠦᠭᠡᠨ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠰᠠᠭᠤᠷᠢ ᠰᠤᠷᠭ᠋ᠠᠨ ᠬᠥᠮᠦᠵᠢᠯ᠎ᠢ ᠡᠷᠬᠡ ᠲᠡᠭᠰᠢ ᠴᠢᠨᠠᠷᠯᠢᠭ ᠬᠥᠭᠵᠢᠭᠦᠯᠬᠦ ᠶᠠᠪᠤᠴᠠ᠎ᠳᠠᠬᠢ ᠰᠢᠷᠢᠰ ᠳᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠬᠣᠲᠠ ᠵᠢᠨ ᠬᠡᠪᠴᠢᠶᠡᠨ᠎ᠳᠤ ᠨᠢᠭᠡᠳᠦᠯᠲᠡᠢ ᠲᠥᠯᠥᠪᠯᠡᠬᠦ᠂ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠬᠦ ᠪᠠ ᠬᠣᠲᠠ ᠬᠥᠳᠡᠭᠡ ᠵᠢ ᠨᠢᠭᠡᠳᠦᠯᠲᠡᠢ ᠲᠥᠯᠥᠪᠯᠡᠬᠦ ᠵᠢ ᠬᠦᠴᠦᠯᠡᠨ ᠴᠢᠩᠭ᠋ᠠᠳᠬᠠᠵᠤ᠂ ᠰᠠᠭᠤᠷᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠪᠠᠢ᠌ᠷᠢᠰᠢᠯᠠᠭᠤᠯᠤᠯᠲᠠ ᠵᠢ ᠰᠢᠶᠠᠨ᠎ᠤ ᠬᠡᠪᠴᠢᠶᠡᠨ᠎ᠤ 《ᠪᠠᠭ᠎ᠠ ᠡᠷᠭᠢᠯᠲᠡ》᠎ᠠᠴᠠ ᠬᠣᠲᠠ ᠵᠢᠨ ᠬᠡᠪᠴᠢᠶᠡᠨ᠎ᠤ 《ᠶᠡᠬᠡ ᠬᠠᠮᠵᠢᠯᠴᠠᠭ᠎ᠠ》 ᠲᠡᠢ᠌ᠰᠢ ᠬᠤᠪᠢᠷᠠᠭᠤᠯᠬᠤ ᠵᠢ ᠠᠬᠢᠭᠤᠯᠪᠠ᠃

ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠵᠶ᠋ᠠᠷ ᠬᠣᠲᠠ ᠵᠢ ᠨᠢᠭᠡᠳᠦᠯᠲᠡᠢ ᠲᠥᠯᠥᠪᠯᠡᠬᠦ ᠡᠷᠴᠢᠮ᠎ᠢ ᠴᠢᠩᠭ᠋ᠠᠷᠠᠭᠤᠯᠵᠤ᠂ ᠪᠦᠬᠦ ᠬᠣᠲᠠ᠎ᠪᠠᠷ ᠵᠶ᠋ᠡᠨ ᠨᠢᠭᠡ ᠬᠥᠯᠭᠡ ᠰᠢᠲᠠᠷ᠎ᠠ ᠵᠢ ᠰᠠᠢ᠌ᠨ ᠲᠠᠯᠪᠢᠪᠠ᠃ ᠨᠢᠭᠡ᠎ᠳᠤ᠂ ᠰᠤᠷᠭ᠋ᠠᠨ ᠬᠥᠮᠦᠵᠢᠯ᠎ᠤᠨ ᠵᠠᠷᠤᠳᠠᠯ᠎ᠢ ᠬᠣᠲᠠ ᠵᠢᠨ ᠬᠡᠪᠴᠢᠶᠡᠨ᠎ᠳᠤ ᠨᠢᠭᠡᠳᠦᠯᠲᠡᠢ ᠲᠥᠯᠥᠪᠯᠡᠬᠦ ᠡᠷᠴᠢᠮ᠎ᠢ  ᠴᠢᠩᠭ᠋ᠠᠷᠠᠭᠤᠯᠪᠠ᠃ ᠡᠯ᠎ᠡ ᠬᠣᠰᠢᠭᠤ ᠲᠣᠭᠣᠷᠢᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠥᠪᠡᠷ᠎ᠤᠨ ᠥᠷᠲᠡᠭ ᠪᠠ ᠡᠳ᠋᠎ᠤᠨ ᠬᠦᠴᠦᠨ᠎ᠤ ᠵᠥᠷᠢᠶ᠎ᠡ ᠵᠢ ᠦᠨᠳᠦᠰᠦᠯᠡᠨ᠂ ᠬᠣᠲᠠ ᠪᠠ ᠬᠣᠰᠢᠭᠤ ᠲᠣᠭᠣᠷᠢᠭ᠎ᠤᠨ ᠬᠠᠮᠲᠤ ᠵᠢᠨ ᠡᠳ᠋᠎ᠤᠨ ᠵᠠᠰᠠᠭ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠨ ᠡᠭᠦᠷᠭᠡᠯᠡᠬᠦ ᠬᠠᠷᠢᠴᠠᠯ᠎ᠢ ᠳᠥᠷᠪᠡᠨ ᠳᠡᠰ ᠬᠤᠪᠢᠶᠠᠵᠤ᠂ ᠡᠳ᠋᠎ᠤᠨ ᠬᠦᠴᠦᠨ ᠵᠶ᠋ᠠᠷ ᠪᠠᠭᠤᠷᠠᠢ ᠬᠣᠰᠢᠭᠤ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠡᠯᠡ ᠣᠷᠣᠭᠤᠯᠤᠯᠲᠠ ᠵᠢᠨ ᠳᠠᠷᠤᠯᠲᠠ ᠵᠢ ᠶᠡᠬᠡ᠎ᠪᠠᠷ ᠬᠥᠩᠭᠡᠷᠡᠭᠦᠯᠦᠨ᠂ ᠰᠤᠷᠭ᠋ᠠᠭᠤᠯᠢ ᠡᠷᠬᠢᠯᠡᠬᠦ ᠨᠥᠬᠥᠴᠡᠯ᠎ᠢ ᠪᠦᠬᠦ ᠬᠣᠲᠠ ᠵᠡᠷᠭᠡ᠎ᠪᠠᠷ ᠠᠬᠢᠭᠤᠯᠬᠤ ᠵᠢ ᠪᠠᠲᠤᠯᠠᠪᠠ᠃ ᠬᠣᠶᠠᠷ᠎ᠲᠤ᠂ ᠰᠤᠷᠭ᠋ᠠᠨ ᠬᠥᠮᠦᠵᠢᠯ᠎ᠤᠨ ᠲᠣᠭ᠋ᠠᠵᠢᠭᠤᠯᠤᠭᠰᠠᠨ ᠬᠣᠲᠠ ᠵᠢ ᠨᠢᠭᠡᠳᠦᠯᠲᠡᠢ  ᠲᠥᠯᠦᠪᠯᠡᠬᠦ ᠡᠷᠴᠢᠮ᠎ᠢ ᠴᠢᠩᠭ᠋ᠠᠷᠠᠭᠤᠯᠪᠠ᠃ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠢ ᠪᠦᠬᠦ ᠠᠵᠢᠯᠲᠠᠨ ᠪᠦᠬᠦ ᠬᠡᠪᠴᠢᠶᠡᠨ᠎ᠳᠤ ᠬᠡᠷᠡᠭᠯᠡᠬᠦ ᠵᠢ ᠪᠦᠬᠦ ᠲᠠᠯ᠎ᠠ᠎ᠪᠠᠷ ᠠᠬᠢᠭᠤᠯᠵᠤ᠂ ᠪᠠᠭᠰᠢ ᠰᠤᠷᠤᠭᠴᠢᠳ᠎ᠤᠨ ᠳᠠᠩᠰᠠᠯᠠᠭᠤᠯᠤᠭᠰᠠᠨ ᠨᠣᠷᠮ᠎ᠠ 100%᠂ ᠰᠤᠷᠪᠤᠯᠵᠢᠯᠠᠭᠰᠠᠨ ᠬᠡᠮᠵᠢᠶ᠎ᠡ 2.3 ᠳ᠋ᠦᠩᠰᠢᠭᠤᠷ ᠤᠳᠠᠭ᠎ᠠ ᠬᠦᠷᠴᠦ᠂ ᠡᠯ᠎ᠡ ᠵᠦᠢ᠍ᠯ᠎ᠤᠨ ᠬᠡᠷᠡᠭᠯᠡᠭᠡᠨ᠎ᠤ ᠭᠦᠢ᠍ᠴᠡᠳᠬᠡᠯ ᠲᠣᠭ᠎ᠠ ᠴᠥᠮ ᠥᠪᠡᠷᠲᠡᠭᠡᠨ ᠵᠠᠰᠠᠬᠤ ᠣᠷᠣᠨ᠎ᠳᠤ ᠲᠦᠷᠦᠭᠦᠯᠡᠵᠦ᠂ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠢ ᠦᠨᠡᠨ ᠬᠦ᠌ ᠨᠢᠭᠡᠳᠦᠭᠡᠷ 《ᠲᠥᠯᠦᠪᠦᠷᠢ ᠦᠭᠡᠢ ᠭᠡᠷ᠎ᠤᠨ ᠪᠠᠭᠰᠢ》 ᠪᠣᠯᠭ᠋ᠠᠪᠠ᠃ ᠪᠦᠬᠦ ᠬᠣᠲᠠ᠎ᠳᠤ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠰᠦᠯᠵᠢᠶ᠎ᠡ ᠪᠠ ᠰᠤᠷᠭ᠋ᠠᠨ ᠬᠥᠮᠦᠵᠢᠯ᠎ᠤᠨ ᠡᠭᠦᠯᠡᠨ ᠲᠠᠪᠴᠠᠩ᠎ᠢ ᠨᠢᠭᠡᠳᠦᠯᠲᠡᠢ ᠪᠠᠶ᠋ᠢᠭᠤᠯᠵᠤ᠂ ᠰᠤᠷᠭ᠋ᠠᠨ ᠬᠥᠮᠦᠵᠢᠯ᠎ᠤᠨ ᠲᠤᠰᠬᠠᠢ ᠰᠦᠯᠵᠢᠶᠡᠨ᠎ᠤ ᠬᠣᠲᠠ ᠵᠢᠨ ᠲᠣᠭᠣᠷᠢᠭ᠎ᠤᠨ ᠰᠤᠷᠭ᠋ᠠᠭᠤᠯᠢ᠎ᠳᠤ ᠲᠦᠮᠡᠨ ᠮᠧᠭ᠎ᠠ᠂ ᠮᠠᠯᠵᠢᠬᠤ ᠲᠠᠷᠢᠶᠠᠯᠠᠬᠤ ᠣᠷᠣᠨ᠎ᠤ ᠰᠤᠷᠭ᠋ᠠᠭᠤᠯᠢ᠎ᠳᠤ ᠮᠢᠩᠭ᠋ᠠᠨ ᠮᠧᠭ᠎ᠠ ᠵᠢ  ᠵᠠᠯᠭ᠋ᠠᠬᠤ ᠵᠢ ᠪᠡᠶᠡᠯᠡᠭᠦᠯᠵᠦ᠂ ᠬᠣᠲᠠ ᠵᠢᠨ ᠰᠤᠷᠭ᠋ᠠᠨ ᠬᠥᠮᠦᠵᠢᠯ᠎ᠤᠨ ᠡᠭᠦᠯᠡᠨ ᠲᠠᠪᠴᠠᠩ᠎ᠳᠤ 40 ᠭᠠᠷᠤᠢ ᠵᠦᠢ᠍ᠯ᠎ᠤᠨ ᠡᠬᠢ ᠪᠠᠶᠠᠯᠢᠭ ᠪᠠ ᠬᠡᠷᠡᠭᠯᠡᠭᠡᠨ᠎ᠤ ᠦᠢ᠍ᠯᠡᠴᠢᠯᠡᠭᠡ ᠬᠠᠩᠭ᠋ᠠᠵᠤ᠂ ᠲᠣᠭ᠋ᠠᠵᠢᠭᠤᠯᠤᠭᠰᠠᠨ ᠰᠤᠷᠭ᠋ᠠᠭᠤᠯᠢ ᠵᠢᠨ ᠬᠦᠷᠢᠶ᠎ᠡ ᠵᠢ ᠣᠶᠤᠨᠴᠢ ᠰᠤᠷᠭ᠋ᠠᠭᠤᠯᠢ ᠵᠢᠨ ᠬᠦᠷᠢᠶ᠎ᠡ ᠲᠡᠢ᠌ᠰᠢ ᠰᠢᠯᠵᠢᠭᠦᠯᠬᠦ ᠵᠢ ᠠᠬᠢᠭᠤᠯᠪᠠ᠃ ᠭᠤᠷᠪᠠ᠎ᠳᠤ᠂ ᠪᠠᠭᠰᠢ ᠬᠥᠮᠥᠵᠢᠭᠦᠯᠬᠦ ᠬᠣᠲᠠ ᠵᠢ ᠨᠢᠭᠡᠳᠦᠯᠲᠡᠢ ᠲᠥᠯᠦᠪᠯᠡᠬᠦ ᠡᠷᠴᠢᠮ᠎ᠢ ᠴᠢᠩᠭ᠋ᠠᠷᠠᠭᠤᠯᠪᠠ᠃ ᠡᠯ᠎ᠡ ᠲᠠᠯ᠎ᠠ ᠵᠢᠨ ᠨᠡᠶ᠋ᠢᠭᠡᠮ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠠᠰᠢᠭᠯᠠᠨ᠂ ᠪᠡᠭᠡᠵᠢᠩ ᠪᠠᠭᠰᠢ ᠵᠢᠨ ᠶᠡᠬᠡ ᠰᠤᠷᠭ᠋ᠠᠭᠤᠯᠢ᠂ ᠱᠠᠨᠰᠢ ᠪᠠᠭᠰᠢ ᠵᠢᠨ ᠶᠡᠬᠡ ᠰᠤᠷᠭ᠋ᠠᠭᠤᠯᠢ ᠵᠡᠷᠭᠡ ᠶᠡᠬᠡ ᠳᠡᠭᠡᠳᠦ ᠰᠤᠷᠭ᠋ᠠᠭᠤᠯᠢ᠎ᠯᠤᠭ᠎ᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠶᠡᠬᠡ ᠳᠡᠭᠡᠳᠦ ᠰᠤᠷᠭ᠋ᠠᠭᠤᠯᠢ ᠵᠢᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠬᠠᠮᠲᠤ᠎ᠳᠤ᠎ᠪᠠᠨ ᠪᠠᠶ᠋ᠢᠭᠤᠯᠵᠤ᠂ ᠲᠥᠪᠯᠡᠷᠡᠭᠦᠯᠦᠨ ᠰᠤᠳᠤᠯᠤᠨ ᠰᠤᠷᠤᠯᠴᠠᠬᠤ᠂ ᠰᠤᠷᠭ᠋ᠠᠭᠤᠯᠢ᠎ᠳᠤ ᠣᠷᠣᠵᠤ ᠵᠢᠯᠣᠭᠣᠳᠬᠤ᠂ ᠭᠠᠳᠠᠭᠰᠢ ᠭᠠᠷᠴᠤ ᠠᠵᠢᠯ᠎ᠤᠨ ᠪᠠᠶ᠋ᠢᠷᠢ ᠳᠠᠭ᠋ᠠᠵᠤ ᠰᠤᠷᠤᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠦᠬᠦ ᠬᠣᠲᠠ ᠵᠢᠨ ᠭᠣᠣᠯᠯᠠᠭᠴᠢ ᠪᠠᠭᠰᠢ ᠵᠢᠨ ᠦᠶᠡᠯᠡᠯ᠎ᠤᠨ ᠴᠢᠨᠠᠷᠲᠠᠢ ᠪᠣᠯᠪᠠᠰᠤᠷᠠᠯ᠎ᠢ ᠪᠦᠬᠦᠨ᠎ᠢ ᠬᠠᠮᠤᠷᠠᠭᠤᠯᠬᠤ ᠵᠢ ᠦᠨᠡᠨ ᠬᠦ᠌ ᠪᠠᠲᠤᠯᠠᠵᠤ᠂ ᠬᠣᠲᠠ ᠵᠢᠨ ᠳᠡᠰ᠎ᠤᠨ ᠨᠡᠷᠡᠲᠦ ᠪᠠᠭᠰᠢ 200᠂ ᠨᠡᠷᠡᠲᠦ ᠠᠩᠭᠢ ᠵᠢᠨ ᠡᠷᠬᠢᠯᠡᠭᠴᠢ 75᠂ ᠨᠡᠷᠡᠲᠦ ᠰᠤᠷᠭ᠋ᠠᠭᠤᠯᠢ (ᠬᠡᠦᠬᠡᠳ᠎ᠤᠨ ᠴᠡᠴᠡᠷᠯᠢᠭ) ᠵᠢᠨ ᠳᠠᠷᠤᠭ᠎ᠠ 40 ᠵᠢ ᠬᠥᠮᠥᠵᠢᠭᠦᠯᠪᠡ᠃

ᠬᠦᠷᠢᠶ᠎ᠡ ᠴᠠᠷᠠᠭ᠎ᠠ ᠠᠯᠤᠰᠯᠠᠨ ᠬᠠᠮᠵᠢᠯᠴᠠᠨ ᠬᠥᠳᠡᠯᠦᠯᠴᠡᠬᠦ ᠵᠢ ᠴᠢᠩᠭ᠋ᠠᠳᠬᠠᠵᠤ᠂ ᠡᠯ᠎ᠡ ᠰᠠᠯᠠᠭ᠎ᠠ ᠮᠥᠴᠢᠷ ᠨᠢᠭᠲᠠᠷᠠᠨ ᠪᠦᠯᠬᠦᠮᠳᠡᠪᠡ᠃ ᠨᠢᠭᠡ᠎ᠳᠤ᠂ ᠰᠤᠷᠭ᠋ᠠᠨ ᠬᠥᠮᠥᠵᠢᠯ᠎ᠤᠨ ᠬᠥᠮᠦᠨ ᠬᠡᠷᠡᠭᠯᠡᠬᠦ ᠵᠢ ᠡᠵᠡᠨ ᠮᠡᠳᠡᠬᠦ ᠴᠢᠳᠠᠪᠤᠷᠢ ᠵᠢ ᠴᠢᠩᠭ᠋ᠠᠳᠬᠠᠪᠠ᠃ ᠣᠷᠣᠨ ᠲᠣᠭ᠎ᠠ ᠵᠢᠴᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠬᠥᠮᠦᠨ ᠬᠡᠷᠡᠭᠯᠡᠬᠦ ᠵᠢ ᠡᠵᠡᠨ ᠮᠡᠳᠡᠬᠦ ᠡᠷᠬᠡ ᠵᠢ ᠴᠢᠩᠭ᠋ᠠᠷᠠᠭᠤᠯᠵᠤ᠂ ᠣᠷᠣᠨ ᠲᠣᠭ᠎ᠠ ᠵᠢᠨ ᠬᠠᠮᠢᠶᠠᠷᠤᠯᠲᠠ ᠬᠡᠲᠦᠷᠬᠡᠢ ᠦᠬᠦᠮᠡᠯ᠂ ᠬᠡᠷᠡᠭᠯᠡᠬᠦ ᠦᠷ᠎ᠡ ᠠᠰᠢᠭ ᠥᠨᠳᠥᠷ ᠪᠢᠰᠢ᠂ ᠰᠢᠨ᠎ᠡ᠎ᠪᠠᠷ ᠤᠷᠢᠭᠰᠠᠨ ᠪᠠᠭᠰᠢ ᠬᠡᠷᠡᠭᠯᠡᠬᠦ᠎ᠳᠤ ᠲᠣᠬᠢᠷᠠᠮᠵᠢ ᠦᠭᠡᠢ ᠮᠥᠷᠲᠡᠭᠡᠨ ᠪᠤᠴᠠᠭ᠋ᠠᠬᠤ᠎ᠳᠤ ᠪᠡᠷᠬᠡ ᠠᠰᠠᠭᠤᠳᠠᠯ᠎ᠢ ᠰᠢᠢ᠍ᠳᠪᠦᠷᠢᠯᠡᠪᠡ᠃ ᠣᠷᠣᠨ ᠲᠣᠭ᠎ᠠ ᠵᠢᠨ ᠰᠠᠯᠠᠭ᠎ᠠ ᠮᠥᠴᠢᠷ ᠰᠤᠷᠤᠭᠴᠢ ᠵᠢᠨ ᠢᠷᠡᠯᠲᠡ ᠵᠢᠨ ᠬᠤᠪᠢᠷᠠᠯᠲᠠ ᠵᠢ ᠦᠨᠳᠦᠰᠦᠯᠡᠨ ᠣᠷᠣᠨ ᠲᠣᠭ᠎ᠠ ᠵᠢᠨ ᠶᠡᠷᠦᠩᠬᠡᠢ ᠬᠡᠮᠵᠢᠶ᠎ᠡ ᠵᠢ ᠳᠠᠷᠤᠢ᠎ᠳᠤ᠎ᠨᠢ ᠲᠣᠬᠢᠷᠠᠭᠤᠯᠤᠨ ᠬᠥᠳᠡᠯᠦᠩᠭᠦᠢ ᠬᠢᠨᠠᠨ ᠲᠣᠭᠲᠠᠭ᠋ᠠᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠠᠵᠢᠯ᠎ᠤᠨ ᠪᠠᠶ᠋ᠢᠷᠢ ᠵᠢᠨ ᠪᠦᠲᠦᠴᠡ ᠵᠢ ᠲᠣᠭᠲᠠᠭ᠋ᠠᠨ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠣᠷᠣᠨ ᠲᠣᠭ᠎ᠠ ᠪᠠ ᠠᠵᠢᠯ᠎ᠤᠨ ᠪᠠᠶ᠋ᠢᠷᠢ ᠵᠢᠨ ᠲᠣᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠯᠡᠨ ᠬᠤᠪᠢᠶᠠᠷᠢᠯᠠᠵᠤ᠂ ᠬᠡᠷᠡᠭᠴᠡᠭᠡ ᠶᠣᠰᠣᠭ᠋ᠠᠷ ᠰᠤᠷᠭ᠋ᠠᠭᠤᠯᠢ᠎ᠠᠴᠠ ᠵᠣᠬᠢᠶᠠᠨ ᠪᠠᠢ᠌ᠭᠤᠯᠵᠤ ᠡᠵᠡᠨ ᠮᠡᠳᠡᠨ ᠤᠷᠢᠬᠤ ᠵᠢ ᠥᠷᠨᠢᠭᠦᠯᠵᠦ᠂ ᠬᠥᠮᠦᠨ ᠪᠠ ᠠᠵᠢᠯ᠎ᠤᠨ ᠪᠠᠶ᠋ᠢᠷᠢ ᠵᠢ ᠬᠠᠷᠢᠯᠴᠠᠨ ᠵᠣᠬᠢᠴᠠᠭᠤᠯᠬᠤ ᠵᠢ ᠪᠡᠶᠡᠯᠡᠭᠦᠯᠪᠡ᠃ ᠬᠣᠶᠠᠷ᠎ᠲᠤ᠂ ᠬᠢᠷᠢ ᠪᠦᠲᠦᠮᠵᠢ ᠵᠢᠨ ᠴᠠᠯᠢᠩ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠵᠢ ᠬᠡᠷᠡᠭᠵᠢᠭᠦᠯᠪᠡ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠᠭᠰᠢ ᠵᠢᠨ ᠴᠠᠯᠢᠩ ᠪᠠ ᠬᠠᠷᠠᠭ᠋ᠠᠯᠵᠠᠯ᠎ᠢ ᠢᠳᠡᠪᠬᠢᠲᠡᠢ ᠨᠡᠮᠡᠵᠦ᠂ ᠪᠠᠭᠰᠢ ᠵᠢᠨ ᠠᠵᠢᠯ ᠮᠡᠷᠭᠡᠵᠢᠯ᠎ᠤᠨ ᠲᠠᠲᠠᠬᠤ ᠬᠦᠴᠦᠨ ᠬᠦᠷᠦᠯᠴᠡᠬᠦ ᠦᠭᠡᠢ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠪᠡ᠃ 2023 ᠣᠨ᠎ᠤ 9 ᠰᠠᠷ᠎ᠠ᠎ᠠᠴᠠ ᠡᠬᠢᠯᠡᠨ᠂ ᠳᠤᠮᠳᠠᠳᠤ ᠪᠠᠭ᠎ᠠ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠵᠢᠨ ᠠᠵᠢᠯ᠎ᠤᠨ ᠬᠢᠷᠢ ᠪᠦᠲᠦᠮᠵᠢ ᠵᠢᠨ ᠴᠠᠯᠢᠩ᠎ᠤᠨ ᠶᠡᠷᠦᠩᠬᠡᠢ ᠬᠡᠮᠵᠢᠶ᠎ᠡ ᠵᠢ ᠠᠵᠢᠯ ᠦᠢ᠍ᠯᠡᠰ᠎ᠤᠨ ᠨᠢᠭᠡᠴᠢ ᠵᠢᠨ ᠠᠵᠢᠯ᠎ᠤᠨ ᠬᠢᠷᠢ ᠪᠦᠲᠦᠮᠵᠢ ᠵᠢᠨ ᠴᠠᠯᠢᠩ᠎ᠤᠨ ᠰᠠᠭᠤᠷᠢ ᠪᠠᠷᠢᠮᠵᠢᠶ᠎ᠠ ᠵᠢᠨ 2 ᠳᠠᠬᠢᠨ (8 ᠲᠦᠮᠡᠨ ᠲᠥᠭᠥᠷᠢᠭ) ᠬᠦᠷᠲᠡᠯ᠎ᠡ ᠳᠡᠭᠡᠭᠰᠢᠯᠡᠭᠦᠯᠵᠦ᠂ ᠡᠭᠦᠨ᠎ᠳᠤ ᠰᠢᠶᠠᠨ᠎ᠤ ᠬᠡᠪᠴᠢᠶᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠪᠠ ᠮᠠᠯᠵᠢᠬᠤ ᠲᠠᠷᠢᠶᠠᠯᠠᠬᠤ ᠣᠷᠣᠨ᠎ᠤ ᠪᠠᠭᠰᠢ ᠵᠢ 2.5 ᠳᠠᠬᠢᠨ (10 ᠲᠦᠮᠡᠨ ᠲᠥᠭᠥᠷᠢᠭ) ᠪᠣᠯᠭ᠋ᠠᠨ ᠳᠡᠭᠡᠭᠰᠢᠯᠡᠭᠦᠯᠵᠦ᠂  ᠬᠢᠷᠢ ᠪᠦᠲᠦᠮᠵᠢ ᠵᠢᠨ ᠴᠠᠯᠢᠩ᠎ᠤᠨ ᠬᠤᠪᠢᠶᠠᠷᠢᠯᠠᠯᠲᠠ ᠵᠢ ᠨᠢᠭᠡᠳᠦᠭᠡᠷ ᠹᠷᠣᠨᠲ᠎ᠤᠨ ᠪᠠᠭᠰᠢ ᠲᠡᠢ᠌ᠰᠢ ᠬᠡᠯᠪᠡᠶ᠋ᠢᠯᠭᠡᠬᠦ ᠵᠢ ᠪᠠᠷᠢᠮᠲᠠᠯᠠᠨ᠂ ᠪᠠᠭᠰᠢ ᠵᠢᠨ ᠠᠵᠢᠯ᠎ᠤᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠪᠠ᠃ ᠭᠤᠷᠪᠠ᠎ᠳᠤ᠂ ᠰᠤᠷᠭ᠋ᠠᠨ ᠬᠥᠮᠦᠵᠢᠯ᠎ᠤᠨ ᠣᠷᠣᠨ ᠵᠠᠢ ᠵᠢᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠰᠢᠯᠢᠳᠡᠭᠵᠢᠭᠦᠯᠪᠡ᠃ ᠬᠥᠭᠵᠢᠭᠦᠯᠦᠯᠲᠡ ᠥᠭᠡᠷᠡᠴᠢᠯᠡᠯᠲᠡ᠂ ᠲᠥᠯᠦᠪᠵᠢᠭᠦᠯᠭᠡ ᠪᠠ ᠪᠠᠢ᠌ᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠡᠷᠭᠡ ᠰᠠᠯᠠᠭ᠎ᠠ ᠮᠥᠴᠢᠷ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠨᠢᠭᠲᠠ ᠬᠠᠮᠵᠢᠯᠴᠠᠨ᠂ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠠᠴᠢᠮ᠂ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ᠎ᠨᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠵᠡᠷᠭᠡ ᠠᠰᠠᠭᠤᠳᠠᠯ᠎ᠢ ᠰᠢᠢ᠍ᠳᠪᠦᠷᠢᠯᠡᠪᠡ᠃ ᠲᠥᠯᠥᠪᠵᠢᠭᠦᠯᠭᠡ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠰᠤᠷᠭ᠋ᠠᠨ ᠬᠥᠮᠦᠵᠢᠯ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠤᠷᠢᠳ ᠵᠶ᠋ᠠᠷ ᠪᠠᠲᠤᠯᠠᠵᠤ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠂ ᠢᠷᠡᠭᠡᠳᠦᠢ ᠵᠢᠨ ᠰᠤᠷᠭ᠋ᠠᠭᠤᠯᠢ ᠵᠢᠨ ᠵᠠᠬᠢᠷᠤᠯ ᠰᠤᠷᠭ᠋ᠠᠭᠤᠯᠢ ᠵᠢ ᠲᠥᠯᠦᠪᠵᠢᠭᠦᠯᠬᠦ ᠵᠢᠷᠤᠭ ᠲᠥᠯᠥᠪᠯᠡᠭᠡ ᠵᠢᠨ ᠪᠥᠬᠦ ᠶᠠᠪᠤᠴᠠ᠎ᠳᠤ ᠣᠷᠣᠯᠴᠠᠵᠤ᠂ ᠡᠯ᠎ᠡ ᠵᠦᠢ᠍ᠯ᠎ᠤᠨ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠪᠠᠶᠡᠯᠡᠭᠦᠯᠪᠡ᠃

ᠰᠤᠷᠭ᠋ᠠᠭᠤᠯᠢ ᠡᠷᠬᠢᠯᠡᠬᠦ ᠬᠠᠮᠢᠶᠠᠷᠤᠯᠲᠠ ᠵᠢ 《ᠣᠯᠠᠨ ᠡᠰᠢᠵᠢᠬᠦᠯᠦᠨ ᠨᠡᠪᠲᠡᠷᠡᠭᠦᠯᠬᠦ》 ᠲᠣᠭᠲᠠᠴᠠ ᠵᠢᠨ ᠰᠢᠨ᠎ᠡ ᠵᠢ ᠡᠭᠦᠳᠴᠦ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠨ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠳᠤ᠎ᠪᠠᠨ ᠪᠠᠶ᠋ᠢᠭᠤᠯᠵᠤ ᠬᠠᠮᠲᠤ ᠎ᠳᠤ᠎ᠪᠠᠨ ᠬᠤᠪᠢᠶᠠᠯᠴᠠᠨ ᠡᠳ᠋ᠯᠡᠬᠦ ᠵᠢ ᠠᠬᠢᠭᠤᠯᠪᠠ᠃ 《ᠬᠣᠰᠢᠭᠤ ᠲᠣᠭᠣᠷᠢᠭ ᠨᠢᠭᠡ ᠪᠦᠷᠢ ᠵᠢ ᠨᠢᠭᠡ ᠨᠡᠷᠡᠲᠦ ᠰᠤᠷᠭ᠋ᠠᠭᠤᠯᠢ ᠬᠥᠲᠥᠯᠥᠨ ᠳᠠᠭ᠋ᠠᠭᠤᠯᠬᠤ》 ᠰᠡᠳᠬᠢᠮᠵᠢ ᠶᠣᠰᠣᠭ᠋ᠠᠷ᠂ ᠬᠣᠲᠠ ᠵᠢᠨ ᠱᠠᠲᠤᠨ᠎ᠠᠴᠠ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ ᠵᠡᠷᠭᠡ ᠭᠠᠵᠠᠷ᠎ᠤᠨ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠣᠷᠣᠭᠤᠯᠤᠨ ᠠᠪᠴᠢᠷᠠᠵᠤ᠂ 《ᠨᠡᠷᠡᠲᠦ ᠰᠤᠷᠭ᠋ᠠᠭᠤᠯᠢ +》 ᠰᠤᠷᠭ᠋ᠠᠭᠤᠯᠢ ᠡᠷᠬᠢᠯᠡᠬᠦ ᠵᠠᠭᠪᠤᠷ᠎ᠢ ᠪᠠᠶ᠋ᠢᠭᠤᠯᠤᠨ᠂ ᠣᠳᠣᠬᠢᠴᠢᠯᠠᠭᠰᠠᠨ ᠰᠤᠷᠭ᠋ᠠᠨ ᠬᠥᠮᠦᠵᠢᠯ᠎ᠤᠨ ᠣᠨᠣᠯᠵᠢᠬᠤᠨ᠂ ᠬᠢᠴᠢᠶᠡᠯ᠎ᠤᠨ ᠳᠣᠭᠲᠠᠯᠴᠠᠭ᠎ᠠ᠂ ᠬᠠᠮᠢᠶᠠᠷᠤᠯᠲᠠ ᠵᠢᠨ ᠲᠣᠭᠲᠠᠴᠠ ᠪᠠ ᠰᠤᠷᠭ᠋ᠠᠨ ᠬᠥᠮᠦᠵᠢᠯ᠎ᠤᠨ ᠠᠮᠢ ᠠᠬᠤᠢ ᠵᠢ ᠳᠠᠬᠢᠨ ᠪᠤᠢ ᠪᠣᠯᠭ᠋ᠠᠪᠠ᠃ ᠨᠢᠭᠡ᠎ᠳᠤ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠴᠢᠨᠠᠷᠯᠢᠭ ᠮᠥᠷᠲᠡᠭᠡᠨ  ᠣᠨᠴᠠᠯᠢᠭᠲᠤ ᠬᠥᠭᠵᠢᠯᠲᠡ ᠵᠢ ᠠᠬᠢᠭᠤᠯᠪᠠ᠃ 《ᠣᠨᠴᠠᠯᠢᠭᠲᠤ ᠰᠢᠨᠵᠢᠯᠡᠭᠡᠨ᠎ᠤ ᠰᠠᠯᠠᠭ᠎ᠠ + ᠣᠨᠴᠠᠯᠢᠭᠲᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ》 ᠵᠢᠨ ᠰᠤᠷᠭ᠋ᠠᠭᠤᠯᠢ ᠡᠷᠬᠢᠯᠡᠬᠦ ᠵᠠᠭᠪᠤᠷ᠎ᠢ ᠭᠦᠨᠵᠡᠭᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠠᠭᠤᠷᠢᠶᠠᠯ ᠦᠵᠡᠭᠦᠯᠬᠦ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ 5% ᠵᠢᠨ ᠡᠵᠡᠨ ᠮᠡᠳᠡᠵᠦ ᠰᠤᠷᠤᠭᠴᠢ ᠡᠯᠰᠡᠬᠦ ᠲᠥᠯᠥᠪᠯᠡᠭᠡ ᠵᠢ ᠣᠯᠭᠣᠵᠤ᠂ ᠰᠢᠨᠵᠢᠯᠡᠭᠡᠨ᠎ᠤ ᠰᠠᠯᠠᠭ᠎ᠠ ᠵᠢᠨ ᠣᠨᠴᠠ ᠴᠢᠳᠠᠪᠤᠷᠢᠲᠠᠨ᠎ᠢ ᠰᠣᠩᠭᠣᠵᠤ᠂ ᠣᠷᠣᠨ ᠪᠦᠰᠡ ᠵᠢᠨ ᠴᠢᠨᠠᠷᠯᠢᠭ ᠶᠡᠬᠡ ᠰᠤᠷᠭ᠋ᠠᠭᠤᠯᠢ ᠎ᠲᠠᠢ ᠬᠣᠯᠪᠣᠭ᠋ᠠᠯᠠᠨ ᠰᠢᠨᠵᠢᠯᠡᠭᠡᠨ᠎ᠤ ᠰᠠᠯᠠᠭ᠎ᠠ ᠵᠢᠨ ᠲᠤᠰᠬᠠᠢ ᠮᠡᠷᠭᠡᠵᠢᠯ᠎ᠤᠨ ᠲᠤᠷᠰᠢᠯᠲᠠ ᠵᠢᠨ ᠲᠠᠰᠤᠭ᠎ᠢ ᠬᠠᠮᠲᠤ᠎ᠳᠤ᠎ᠪᠠᠨ ᠪᠠᠶ᠋ᠢᠭᠤᠯᠵᠤ᠂ 《ᠬᠣᠣᠰ ᠵᠢᠯᠣᠭᠣᠳᠣᠭᠴᠢ ᠪᠠᠭᠰᠢ ᠵᠢᠨ ᠳᠦᠷᠢᠮ》᠎ᠤᠨ ᠬᠥᠮᠦᠵᠢᠭᠦᠯᠬᠦ ᠵᠠᠭᠪᠤᠷ᠎ᠢ ᠬᠡᠷᠡᠭᠯᠡᠨ᠂ ᠰᠤᠷᠤᠭᠴᠢ ᠵᠢᠨ ᠣᠯᠠᠨ ᠶᠠᠩᠵᠤᠴᠢᠯᠠᠭᠰᠠᠨ᠂ ᠴᠢᠨᠠᠷᠯᠢᠭ ᠰᠤᠷᠭ᠋ᠠᠨ ᠬᠥᠮᠦᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠡᠩ ᠰᠠᠶ᠋ᠢᠲᠤᠷ ᠬᠠᠩᠭ᠋ᠠᠪᠠ᠃ ᠬᠣᠶᠠᠷ᠎ᠲᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ ᠠᠬᠢᠭᠤᠯᠪᠠ᠃ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢᠨ ᠳᠠᠭᠤᠷᠢᠶᠠᠯ ᠦᠵᠡᠭᠦᠯᠬᠦ ᠬᠣᠲᠠ ᠵᠢ ᠡᠭᠦᠳᠦᠨ ᠪᠠᠶ᠋ᠢᠭᠤᠯᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠵᠤ᠂ 2 ᠬᠣᠰᠢᠭᠤ ᠲᠣᠭᠣᠷᠢᠭ ᠨᠢᠭᠡᠨᠲᠡ ᠤᠯᠤᠰ᠎ᠤᠨ ᠦᠨᠡᠯᠡᠨ ᠵᠢᠱ᠌ᠢᠵᠦ ᠮᠠᠭ᠋ᠠᠳᠯᠠᠨ ᠳᠣᠭᠲᠠᠭ᠋ᠠᠬᠤ᠎ᠳᠤ ᠬᠢᠷᠢ ᠲᠡᠩᠴᠡᠵᠦ᠂ 2026 ᠣᠨ᠎ᠳᠤ ᠪᠦᠬᠦ ᠬᠣᠲᠠ ᠵᠢᠨ ᠡᠯ᠎ᠡ ᠬᠣᠰᠢᠭᠤ ᠲᠣᠭᠣᠷᠢᠭ ᠴᠥᠮ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠬᠦ ᠵᠢ ᠵᠣᠷᠢᠵᠤ ᠪᠣᠢ᠃ ᠵᠢᠯ ᠪᠦᠷᠢ ᠬᠣᠲᠠ ᠵᠢᠨ ᠭᠣᠣᠯ ᠲᠣᠭᠣᠷᠢᠭ᠎ᠤᠨ ᠰᠢᠨᠵᠢᠯᠡᠭᠡᠨ᠎ᠤ ᠰᠠᠯᠠᠭ᠋ᠠᠨ᠎ᠤ ᠳᠠᠭ᠋ᠠᠭᠤᠯᠤᠭᠴᠢ ᠪᠠ ᠨᠡᠷᠡᠲᠦ ᠰᠢᠯᠢᠳᠡᠭ ᠪᠠᠭᠰᠢ ᠵᠢ ᠰᠣᠩᠭᠣᠨ ᠲᠣᠮᠢᠯᠠᠵᠤ ᠠᠵᠢᠯ ᠲᠥᠷᠥᠯ ᠵᠶ᠋ᠠᠷ ᠪᠠᠷᠠᠭᠤᠨ ᠬᠡᠰᠡᠭ᠎ᠤᠨ ᠳᠥᠷᠪᠡᠨ ᠬᠣᠰᠢᠭᠤᠨ᠎ᠤ ᠰᠤᠷᠭ᠋ᠠᠨ ᠬᠥᠮᠦᠵᠢᠯ᠎ᠢ ᠳᠡᠮᠵᠢᠵᠦ᠂ ᠰᠢᠯᠢᠳᠡᠭ ᠳᠡᠳ᠋ ᠵᠠᠬᠢᠷᠤᠯ᠎ᠢ ᠪᠠᠷᠠᠭᠤᠨ ᠣᠷᠣᠨ᠎ᠤ ᠳᠥᠷᠪᠡᠨ ᠬᠣᠰᠢᠭᠤᠨ᠎ᠤ ᠵᠠᠬᠢᠷᠤᠯ᠎ᠲᠠᠢ ᠰᠣᠯᠪᠢᠴᠠᠭᠤᠯᠤᠨ ᠲᠤᠰᠢᠶᠠᠯ ᠡᠭᠦᠷᠭᠡᠯᠡᠭᠦᠯᠬᠦ ᠠᠵᠢᠯ᠎ᠢ ᠥᠷᠨᠢᠭᠦᠯᠵᠦ᠂ ᠣᠷᠣᠨ ᠪᠦᠰᠡ ᠠᠯᠤᠰᠯᠠᠨ ᠰᠤᠷᠭ᠋ᠠᠨ ᠬᠥᠮᠦᠵᠢᠯ᠎ᠤᠨ ᠪᠦᠯᠦᠭᠯᠡᠯ᠎ᠢ ᠵᠣᠬᠢᠶᠠᠨ ᠪᠠᠶ᠋ᠢᠭᠤᠯᠵᠤ᠂ ᠪᠠᠭᠰᠢ ᠵᠢ ᠬᠠᠷᠢᠯᠴᠠᠨ ᠲᠣᠮᠢᠯᠠᠬᠤ᠂ ᠡᠬᠢ ᠪᠠᠶᠠᠯᠢᠭ᠎ᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ᠂ ᠨᠢᠭᠡᠳᠦᠯᠲᠡᠢ ᠵᠢᠭ᠋ᠠᠨ ᠰᠤᠷᠭ᠋ᠠᠬᠤ᠂ ᠬᠠᠮᠲᠤ᠎ᠳᠤ᠎ᠪᠠᠨ ᠬᠢᠨᠠᠨ ᠰᠢᠯᠭ᠋ᠠᠬᠤ ᠵᠢ ᠬᠡᠷᠡᠭᠵᠢᠭᠦᠯᠵᠦ᠂ ᠪᠦᠬᠦ ᠬᠣᠲᠠ ᠵᠢᠨ ᠬᠡᠪᠴᠢᠶᠡᠨ᠎ᠳᠤ ᠵᠡᠷᠭᠡ᠎ᠪᠠᠷ ᠴᠢᠨᠠᠷᠯᠢᠭ ᠲᠡᠩᠴᠡᠭᠦᠷᠢᠲᠡᠢ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠪᠠ᠃ ᠬᠢᠶ᠎ᠠ ᠪᠠᠭᠰᠢ ᠲᠣᠭᠣᠷᠢᠭ᠎ᠤᠨ ᠭᠤᠷᠪᠠᠳᠤᠭ᠋ᠠᠷ ᠪᠠᠭ᠎ᠠ ᠰᠤᠷᠭ᠋ᠠᠭᠤᠯᠢ᠎ᠯᠤᠭ᠎ᠠ ᠬᠣᠷᠰᠢᠶᠠᠯᠠᠭᠰᠠᠨ ᠬᠠᠩᠭᠢᠨ ᠬᠣᠰᠢᠭᠤᠨ᠎ᠤ ᠵᠢᠷᠭ᠋ᠠᠯᠲᠤ ᠪᠠᠭ᠎ᠠ ᠰᠤᠷᠭ᠋ᠠᠭᠤᠯᠢ ᠵᠢᠨ ᠬᠣᠶᠠᠷ ᠵᠢᠯ᠎ᠤᠨ ᠳᠣᠲᠣᠷᠠᠬᠢ ᠣᠯᠠᠨ ᠵᠦᠢ᠍ᠯ᠎ᠤᠨ ᠵᠢᠭ᠋ᠠᠨ ᠰᠤᠷᠭ᠋ᠠᠯᠲᠠ ᠵᠢᠨ ᠭᠦᠢ᠍ᠴᠡᠳᠬᠡᠯ ᠲᠣᠭ᠎ᠠ ᠬᠣᠲᠠ ᠵᠢᠨ ᠲᠣᠭᠣᠷᠢᠭ᠎ᠤᠨ ᠰᠤᠷᠭ᠋ᠠᠭᠤᠯᠢ᠎ᠠᠴᠠ ᠳᠠᠪᠠᠭᠤᠯᠢᠭ ᠪᠠᠶ᠋ᠢᠵᠤ᠂ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠲᠡᠷᠢᠭᠦᠨ᠎ᠤ ᠬᠠᠮᠲᠤ ᠨᠡᠢ᠌ᠲᠡ᠎ᠪᠠᠷ ᠦᠨᠡᠯᠡᠭᠳᠡᠪᠡ᠃ ᠭᠤᠷᠪᠠ᠎ᠳᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠴᠢᠨᠠᠷᠯᠢᠭ ᠲᠥᠭᠡᠮᠡᠯ  ᠬᠠᠷᠠᠭ᠋ᠠᠯᠵᠠᠯ᠎ᠤᠨ ᠬᠥᠭᠵᠢᠯᠲᠡ ᠵᠢ ᠠᠬᠢᠭᠤᠯᠪᠠ᠃ ᠲᠦᠭᠡᠮᠡᠯ ᠬᠠᠷᠠᠭ᠋ᠠᠯᠵᠠᠯᠲᠤ  ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠦᠷᠭᠦᠯᠵᠢᠯᠡᠨ ᠥᠷᠭᠡᠳᠬᠡᠵᠦ᠂ 《ᠨᠢᠭᠡ ᠭᠠᠵᠠᠷ ᠨᠢᠭᠡ ᠪᠣᠳᠣᠯᠭ᠎ᠠ》᠂ 《ᠨᠢᠭᠡ ᠰᠤᠷᠭ᠋ᠠᠭᠤᠯᠢ ᠨᠢᠭᠡ ᠲᠥᠰᠦᠯ》᠎ᠤᠨ ᠡᠭᠦᠳᠦᠨ ᠪᠠᠶ᠋ᠢᠭᠤᠯᠬᠤ ᠲᠥᠰᠦᠯ᠎ᠢ ᠲᠣᠭᠲᠠᠭ᠋ᠠᠵᠤ᠂ 3 ᠬᠣᠰᠢᠭᠤ ᠨᠢᠭᠡᠨᠲᠡ ᠤᠯᠤᠰ᠎ᠤᠨ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯᠲᠤ ᠰᠢᠶᠠᠨ᠎ᠢ ᠪᠠᠶ᠋ᠢᠭᠤᠯᠵᠤ᠂ 2027 ᠣᠨ ᠪᠣᠯᠬᠤ᠎ᠳᠤ ᠪᠦᠬᠦ ᠬᠣᠲᠠ ᠵᠢᠨ ᠡᠯ᠎ᠡ ᠬᠣᠰᠢᠭᠤ ᠲᠣᠭᠣᠷᠢᠭ ᠴᠥᠮ ᠰᠢᠯᠭ᠋ᠠᠨ ᠠᠪᠬᠤ᠎ᠳᠤ ᠬᠢᠷᠢ ᠲᠡᠩᠴᠡᠬᠦ ᠵᠢ ᠵᠣᠷᠢᠵᠤ ᠪᠣᠢ᠃

ᠳᠠᠷᠠᠭ᠎ᠠ ᠠᠯᠬᠤᠮ᠎ᠳᠤ᠂ ᠣᠷᠳᠣᠰ ᠬᠣᠲᠠ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠥᠲᠥᠯᠪᠦᠷᠢ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠦᠬᠦ ᠬᠣᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠲᠣᠭᠲᠠᠭ᠋ᠠᠵᠤ᠂ ᠬᠣᠲᠠ ᠰᠢᠶᠠᠨ᠎ᠢ ᠤᠶᠠᠯᠳᠤᠭᠤᠯᠤᠭᠰᠠᠨ ᠰᠠᠭᠤᠷᠢ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠬᠣᠲᠠ ᠵᠢᠨ ᠱᠠᠲᠤᠨ᠎ᠤ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠣᠷᠣᠨ ᠪᠦᠰᠡ ᠠᠯᠤᠰᠯᠠᠨ ᠲᠣᠬᠢᠷᠠᠭᠤᠯᠬᠤ᠂ ᠬᠠᠮᠢᠶᠠᠷᠬᠤ ᠺᠠᠳ᠋ᠷ᠎ᠢ ᠰᠣᠩᠭᠣᠨ ᠬᠡᠷᠡᠭᠯᠡᠬᠦ᠂ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ᠂ ᠰᠤᠷᠭ᠋ᠠᠭᠤᠯᠢ ᠡᠷᠬᠢᠯᠡᠬᠦ ᠦᠢ᠍ᠯᠡ ᠠᠵᠢᠯᠯᠠᠭ᠎ᠠ ᠵᠢᠨ ᠵᠢᠷᠤᠮᠵᠢᠯ ᠵᠡᠷᠭᠡ ᠲᠠᠯ᠎ᠠ᠎ᠪᠠᠷ᠎ᠬᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠡᠷᠴᠢᠮ᠎ᠢ ᠴᠢᠩᠭ᠋ᠠᠷᠠᠭᠤᠯᠤᠨ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠪᠥᠬᠦ ᠰᠤᠷᠤᠯᠭ᠎ᠠ ᠵᠢᠨ ᠱᠠᠲᠤ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠲᠣᠭᠲᠠᠴᠠ᠂ ᠪᠠᠷᠠᠭᠤᠨ ᠣᠷᠣᠨ᠎ᠤ ᠳᠥᠷᠪᠡᠨ ᠬᠣᠰᠢᠭᠤᠨ᠎ᠤ ᠪᠠᠭ᠎ᠠ ᠠᠩᠭᠢ ᠵᠢᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ᠂ ᠰᠢᠶᠠᠨ᠎ᠤ ᠬᠡᠪᠴᠢᠶᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ 《ᠬᠣᠲᠠ ᠬᠠᠮᠢᠶᠠᠷᠴᠤ ᠰᠤᠷᠭ᠋ᠠᠭᠤᠯᠢ ᠤᠷᠢᠬᠤ》᠂ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》 ᠵᠢᠨ ᠪᠦᠲᠦᠭᠡᠨ ᠪᠠᠶ᠋ᠢᠭᠤᠯᠤᠯᠲᠠ ᠵᠡᠷᠭᠡ ᠠᠵᠢᠯ᠎ᠢ ᠭᠣᠣᠯᠳᠠᠯᠭ᠎ᠠ᠎ᠲᠠᠢ ᠠᠬᠢᠭᠤᠯᠵᠤ᠂ ᠬᠣᠲᠠ ᠵᠢᠨ ᠪᠦᠬᠦ ᠣᠷᠴᠢᠨ᠎ᠤ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠰᠢᠨ᠎ᠡ ᠲᠣᠭᠲᠠᠴᠠ ᠵᠢ ᠬᠦᠴᠦᠯᠡᠨ ᠪᠠᠶ᠋ᠢᠭᠤᠯᠵᠤ᠂ ᠪᠠᠷᠠᠭᠤᠨ ᠣᠷᠣᠨ᠎ᠤ ᠰᠤᠷᠭ᠋ᠠᠨ ᠬᠥᠮᠦᠵᠢᠯ᠎ᠤᠨ ᠬᠦᠴᠦᠷᠬᠡᠭ ᠬᠣᠲᠠ ᠵᠢ ᠲᠦᠷᠭᠡᠳᠬᠡᠨ ᠪᠠᠶ᠋ᠢᠭᠤᠯᠤᠨ᠎ᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠮᠠᠨᠵᠤᠤᠷ ᠬᠣᠲᠠ᠄ ᠣᠯᠠᠨ ᠡᠲᠡᠭᠡᠳ᠎ᠤᠨ᠎ᠬᠢᠨ ᠬᠣᠯᠪᠤᠯᠳᠤᠨ ᠬᠥᠳᠡᠯᠦᠯᠴᠡᠵᠦ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠪᠠ
ᠵᠠᠰᠠᠭ᠎ᠤᠨ ᠣᠷᠳᠣᠨ ᠰᠤᠷᠭ᠋ᠠᠭᠤᠯᠢ ᠠᠵᠤ ᠠᠬᠤᠶ᠋ᠢᠯᠠᠯ ᠬᠤᠯᠪᠣᠭ᠋ᠠᠯᠠᠨ ᠬᠥᠳᠡᠯᠦᠯᠴᠡᠵᠦ ᠣᠷᠳᠣᠰ ᠬᠤᠲᠠ ᠵᠢᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠬᠤ᠎ᠳᠤ᠎ᠨᠢ 《ᠳᠦᠭᠦᠮ ᠳᠦᠳᠡ ᠵᠠᠮ》᠎ᠢ ᠬᠠᠮᠲᠤ᠎ᠪᠠᠷ ᠳᠡᠪᠢᠰᠦᠨ ᠥᠭᠴᠦ ᠪᠣᠢ
ᠬᠥᠯᠥᠨ ᠪᠤᠶ᠋ᠢᠷ ᠳᠡᠭᠡᠳᠦ ᠰᠤᠷᠭ᠋ᠠᠭᠤᠯᠢ ᠪᠦᠬᠦ ᠤᠯᠤᠰ᠎ᠤᠨ ᠠᠭᠤᠳᠠᠮ ᠲᠠᠯᠠᠪᠠᠢ ᠵᠢᠨ ᠪᠥᠵᠢᠭ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠣᠶᠠᠷ ᠲᠥᠷᠥᠯ᠎ᠳᠤ ᠮᠠᠩᠯᠠᠢ᠌ᠯᠠᠪᠠ
ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠄ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠰᠢᠨ᠎ᠡ ᠵᠠᠭᠪᠤᠷ᠎ᠢ ᠪᠠᠢ᠌ᠭᠤᠯᠪᠠ
ᠥᠪᠥᠷ ᠮᠣᠩᠭᠣᠯ᠎ᠤᠨ ᠣᠷᠳᠣᠰ ᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠶᠡᠬᠡ᠎ᠪᠠᠷ ᠠᠬᠢᠭᠤᠯᠪᠠ
 
             蒙ICP备05000248号