ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠮᠠᠨᠵᠤᠤᠷ ᠬᠣᠲᠠ᠄ ᠣᠯᠠᠨ ᠡᠲᠡᠭᠡᠳ᠎ᠤᠨ᠎ᠬᠢᠨ ᠬᠣᠯᠪᠤᠯᠳᠤᠨ ᠬᠥᠳᠡᠯᠦᠯᠴᠡᠵᠦ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠪᠠ
ᠨᠡᠶ᠋ᠢᠲᠡᠯᠡᠭᠰᠡᠨ ᠴᠠᠭ᠄ 2025-05-28

ᠣᠶ᠋ᠢᠷ᠎ᠠ ᠵᠢᠨ ᠵᠢᠯ᠂ ᠮᠠᠨᠵᠤᠤᠷ ᠬᠣᠲᠠ ᠨᠥᠬᠥᠴᠡᠯ᠎ᠤᠨ ᠪᠠᠲᠤᠯᠠᠭ᠎ᠠ ᠵᠢ ᠦᠷᠭᠦᠯᠵᠢᠯᠡᠨ ᠴᠢᠩᠭ᠋ᠠᠷᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠶ᠋ᠢᠷᠢᠯᠠᠭᠤᠯᠤᠯᠲᠠ ᠵᠢ ᠨᠢᠭᠡᠳᠦᠯᠲᠡᠢ ᠲᠥᠯᠥᠪᠯᠡᠨ ᠵᠠᠰᠠᠪᠤᠷᠢ ᠣᠷᠣᠭᠤᠯᠵᠤ᠂ ᠡᠷᠳᠡᠮ᠎ᠤᠨ ᠴᠣᠯᠠ ᠵᠢᠨ ᠬᠠᠩᠭ᠋ᠠᠯᠭ᠎ᠠ ᠵᠢ ᠪᠠᠲᠤᠯᠠᠨ᠂ ᠬᠠᠯᠠᠮᠵᠢᠯᠠᠨ ᠬᠠᠶ᠋ᠢᠷᠠᠯᠠᠬᠤ ᠡᠷᠴᠢᠮ᠎ᠢ ᠴᠢᠩᠭ᠋ᠠᠳᠬᠠᠵᠤ᠂ ᠡᠯ᠎ᠡ ᠰᠠᠯᠠᠭ᠎ᠠ ᠮᠥᠴᠢᠷ᠎ᠤᠨ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠡᠭᠦᠷᠭᠡ ᠬᠠᠷᠢᠭᠤᠴᠠᠯᠭ᠎ᠠ ᠵᠢ ᠲᠣᠳᠤᠷᠬᠠᠢ᠌ᠯᠠᠵᠤ᠂ ᠬᠣᠯᠪᠤᠯᠳᠤᠨ ᠬᠥᠳᠡᠯᠦᠯᠴᠡᠬᠦ ᠬᠠᠮ ᠬᠦᠴᠦᠨ᠎ᠢ ᠪᠣᠢ ᠪᠣᠯᠭ᠋ᠠᠨ᠂ 《ᠲᠡᠭ ᠰᠤᠷᠤᠯᠭ᠎ᠠ᠎ᠪᠠᠨ ᠵᠣᠭᠰᠣᠬᠤ》 ᠵᠢ ᠪᠠᠲᠤᠯᠠᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ᠎ᠳᠤ ᠣᠷᠣᠬᠤ ᠨᠠᠰᠤᠨ᠎ᠤ ᠬᠡᠦᠬᠡᠳ ᠡᠷᠬᠡ ᠲᠡᠭᠰᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠬᠦᠷᠲᠡᠬᠦ ᠡᠷᠬᠡ ᠵᠢ ᠦᠨᠡᠨ ᠬᠦ᠌ ᠪᠠᠲᠤᠯᠠᠪᠠ᠃

ᠪᠠᠲᠤᠯᠠᠭ᠎ᠠ ᠵᠢ ᠴᠢᠩᠭ᠋ᠠᠳᠬᠠᠵᠤ᠂ ᠬᠠᠮᠢᠶᠠᠷᠤᠯᠲᠠ ᠵᠢᠨ ᠳᠡᠰ ᠳᠠᠷᠠᠭ᠋ᠠᠯᠠᠯ᠎ᠢ ᠵᠢᠷᠤᠮᠵᠢᠭᠤᠯᠪᠠ ᠃ ᠡᠷᠳᠡᠮ᠎ᠤᠨ ᠴᠣᠯᠠ ᠵᠢᠨ ᠬᠠᠩᠭ᠋ᠠᠯᠭ᠎ᠠ ᠵᠢ ᠭᠦᠢ᠍ᠴᠡᠳ ᠪᠠᠲᠤᠯᠠᠬᠤ ᠵᠢᠨ ᠲᠥᠯᠦᠭᠡ᠂ ᠮᠠᠨᠵᠤᠤᠷ ᠬᠣᠲᠠ 2023 - 2025 ᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠢ᠌ᠷᠢᠰᠢᠯᠠᠭᠤᠯᠤᠯᠲᠠ ᠵᠢᠨ ᠲᠥᠯᠥᠪᠵᠢᠭᠦᠯᠭᠡ ᠵᠢ ᠨᠢᠭᠡᠳᠦᠯᠲᠡᠢ ᠲᠥᠯᠥᠪᠯᠡᠨ ᠵᠠᠰᠠᠪᠤᠷᠢ ᠣᠷᠣᠭᠤᠯᠵᠤ᠂ ᠬᠥᠮᠦᠨ ᠠᠮᠠ ᠵᠢᠨ ᠬᠤᠪᠢᠷᠠᠯᠲᠠ᠎ᠲᠠᠢ ᠵᠣᠬᠢᠴᠠᠭᠰᠠᠨ ᠣᠯᠠᠨ ᠨᠡᠶ᠋ᠢᠲᠡ  ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠵᠢ ᠬᠠᠩᠭ᠋ᠠᠬᠤ ᠲᠣᠭᠲᠠᠴᠠ ᠵᠢ ᠢᠳᠡᠪᠬᠢᠲᠡᠢ ᠪᠠᠢ᠌ᠭᠤᠯᠤᠨ᠂ ᠣᠶ᠋ᠢᠷ᠎ᠠ ᠬᠠᠪᠢ ᠪᠠ ᠬᠠᠷᠢᠴᠠᠩᠭᠤᠢ ᠣᠶ᠋ᠢᠷ᠎ᠠ ᠬᠠᠪᠢ ᠵᠢᠨ ᠰᠤᠷᠭ᠋ᠠᠭᠤᠯᠢ᠎ᠳᠤ ᠣᠷᠣᠬᠤ ᠵᠢ ᠦᠨᠡᠨ ᠬᠦ᠌ ᠪᠠᠲᠤᠯᠠᠵᠤ᠂ ᠨᠡᠭᠦᠳᠡᠯ ᠬᠥᠮᠦᠨ ᠠᠮᠠ ᠵᠢᠨ ᠦᠷ᠎ᠡ ᠬᠡᠦᠬᠡᠳ ᠰᠤᠷᠭ᠋ᠠᠭᠤᠯᠢ᠎ᠳᠤ ᠣᠷᠣᠵᠤ ᠰᠤᠷᠭ᠋ᠠᠭᠤᠯᠢ ᠳᠡᠪᠰᠢᠬᠦ ᠪᠣᠯᠤᠨ ᠬᠣᠲᠠ ᠵᠢᠨ᠎ᠬᠢᠨ᠎ᠲᠠᠢ ᠠᠳᠠᠯᠢ ᠬᠠᠷᠠᠭ᠋ᠠᠯᠵᠠᠯ ᠭᠦᠷᠲᠡᠬᠦ ᠵᠢ ᠪᠠᠲᠤᠯᠠᠪᠠ᠃ ᠡᠭᠦᠨ᠎ᠠᠴᠠ ᠭᠠᠳᠠᠨ᠎ᠠ᠂ ᠬᠥᠳᠡᠯᠦᠩᠭᠦᠢ ᠬᠢᠨᠠᠨ ᠪᠠᠢ᠌ᠴᠠᠭ᠋ᠠᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠰᠤᠷᠭ᠋ᠠᠭᠤᠯᠢ ᠵᠢᠨ ᠬᠠᠷᠢᠶᠠᠯᠠᠯ᠎ᠤᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠂ ᠰᠤᠷᠭ᠋ᠠᠭᠤᠯᠢ ᠵᠢᠨ ᠬᠠᠷᠢᠶᠠᠯᠠᠯ᠎ᠤᠨ ᠡᠳᠦᠷ ᠲᠤᠲᠤᠮ᠎ᠤᠨ ᠲᠣᠭ᠎ᠠ ᠪᠠᠷᠢᠮᠲᠠ ᠵᠢ ᠰᠢᠨᠡᠳᠬᠡᠬᠦ ᠵᠢᠴᠢ ᠬᠠᠮᠢᠶᠠᠷᠬᠤ ᠵᠢ ᠵᠢᠷᠤᠮᠵᠢᠭᠤᠯᠵᠤ᠂ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭ᠋ᠠᠬᠤ᠂ ᠰᠤᠷᠤᠯᠭ᠎ᠠ᠎ᠪᠠᠨ ᠲᠦᠷ ᠵᠣᠭᠰᠤᠬᠤ᠂ ᠰᠤᠷᠤᠯᠭ᠎ᠠ᠎ᠪᠠᠨ ᠰᠡᠷᠭᠦᠭᠡᠬᠦ ᠵᠡᠷᠭᠡ ᠲᠣᠭ᠎ᠠ ᠪᠠᠷᠢᠮᠲᠠ ᠵᠢ ᠪᠦᠬᠦ ᠲᠠᠯ᠎ᠠ᠎ᠪᠠᠷ ᠡᠵᠡᠮᠰᠢᠨ᠂ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠪᠦᠷᠢᠨ ᠭᠦᠢ᠍ᠴᠡᠳ᠂ ᠭᠠᠷ ᠭᠦᠢ᠍ᠴᠡᠳᠬᠡᠯ ᠪᠦᠷᠢᠨ ᠲᠡᠭᠦᠯᠳᠡᠷ᠂ ᠠᠵᠢᠯᠯᠠᠬᠤ ᠵᠢᠷᠤᠮᠵᠢᠯ᠎ᠲᠠᠢ ᠪᠠᠶ᠋ᠢᠬᠤ ᠵᠢ ᠪᠡᠶᠡᠯᠡᠭᠦᠯᠵᠦ᠂ ᠰᠤᠷᠭ᠋ᠠᠭᠤᠯᠢ᠎ᠳᠤ ᠪᠠᠶ᠋ᠢᠭ᠎ᠠ ᠪᠣᠳᠠᠲᠠᠢ ᠬᠥᠮᠦᠨ᠎ᠤ ᠲᠣᠭ᠎ᠠ ᠵᠢ ᠴᠠᠭ ᠲᠤᠬᠠᠢ᠎ᠳᠤ᠎ᠨᠢ ᠡᠵᠡᠮᠰᠢᠨ᠂ ᠡᠯ᠎ᠡ ᠰᠤᠷᠭ᠋ᠠᠭᠤᠯᠢ ᠵᠢ ᠰᠠᠷ᠎ᠠ ᠪᠦᠷᠢ ᠰᠤᠷᠤᠭᠴᠢᠳ᠎ᠤᠨ ᠰᠤᠷᠭ᠋ᠠᠭᠤᠯᠢ ᠵᠢᠨ ᠬᠠᠷᠢᠶᠠᠯᠠᠯ᠎ᠤᠨ ᠬᠤᠪᠢᠷᠠᠯᠲᠠ ᠵᠢᠨ ᠪᠠᠶ᠋ᠢᠳᠠᠯ᠎ᠤᠨ ᠬᠦᠰᠦᠨᠦᠭᠲᠦ ᠵᠢ ᠳᠡᠭᠡᠭᠰᠢ ᠮᠡᠳᠡᠭᠦᠯᠵᠦ᠂ ᠰᠤᠷᠤᠯᠭ᠎ᠠ ᠎ᠪᠠᠨ ᠵᠣᠭᠰᠣᠭᠰᠠᠨ ᠰᠤᠷᠤᠭᠴᠢ ᠵᠢ ᠴᠢᠩᠭ᠎ᠠ ᠠᠩᠬᠠᠷᠴᠤ᠂ ᠲᠣᠬᠢᠶᠠᠯᠳᠤᠯ ᠵᠶ᠋ᠠᠷ ᠰᠤᠭᠤᠴᠢᠨ ᠪᠠᠶ᠋ᠢᠴᠠᠭ᠋ᠠᠬᠤ᠂ ᠲᠤᠰᠬᠠᠢ ᠪᠠᠢ᠌ᠴᠠᠭ᠋ᠠᠬᠤ᠂ 《ᠪᠤᠴᠠᠨ ᠬᠠᠷᠠᠬᠤ》 ᠵᠡᠷᠭᠡ ᠠᠷᠭ᠎ᠠ ᠮᠠᠶᠢᠭ  ᠵᠶ᠋ᠠᠷ ᠰᠤᠷᠭ᠋ᠠᠭᠤᠯᠢ ᠵᠢᠨ ᠬᠠᠷᠢᠶᠠᠯᠠᠯ᠎ᠢ ᠬᠢᠨᠠᠨ ᠪᠠᠶ᠋ᠢᠴᠠᠭ᠋ᠠᠵᠤ᠂  ᠰᠤᠷᠤᠭᠴᠢ ᠪᠠ ᠬᠠᠷᠢᠶᠠᠯᠠᠯ ᠨᠢᠭᠡᠳᠦᠯᠲᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠰᠤᠷᠤᠭᠴᠢ ᠵᠢᠨ 《ᠨᠡᠷ᠎ᠡ᠎ᠨᠢ ᠪᠠᠢ᠌ᠭ᠋ᠠᠳ ᠬᠥᠮᠦᠨ᠎ᠨᠢ ᠪᠠᠶ᠋ᠢᠬᠤ ᠦᠭᠡᠢ》 ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠠ ᠬᠠᠮᠢᠶᠠᠷᠤᠯᠲᠠ᠎ᠠᠴᠠ ᠰᠠᠯᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ ᠭᠡᠵᠦ ᠱᠠᠭ᠋ᠠᠷᠳᠠᠪᠠ᠃

ᠲᠥᠪᠯᠡᠷᠡᠭᠦᠯᠦᠨ ᠵᠢᠭᠰᠠᠭ᠋ᠠᠨ ᠪᠠᠶ᠋ᠢᠴᠠᠭ᠋ᠠᠵᠤ᠂ ᠰᠤᠷᠤᠭᠴᠢᠳ᠎ᠤᠨ ᠡᠬᠡ ᠳᠠᠩᠰᠠ ᠵᠢ ᠲᠡᠭᠦᠯᠳᠡᠷᠵᠢᠭᠦᠯᠪᠡ᠃ ᠣᠨᠴᠠᠭ᠋ᠠᠢ ᠪᠠᠢ᠌ᠳᠠᠯ᠎ᠲᠠᠢ ᠰᠤᠷᠤᠭᠴᠢᠳ᠎ᠢ ᠬᠠᠯᠠᠮᠵᠢᠯᠠᠨ ᠬᠠᠶ᠋ᠢᠷᠠᠯᠠᠬᠤ ᠠᠵᠢᠯ᠎ᠢ ᠰᠠᠶ᠋ᠢᠲᠤᠷ ᠬᠢᠵᠦ᠂ ᠰᠡᠳᠬᠢᠴᠡ ᠵᠢᠨ ᠠᠰᠠᠭᠤᠳᠠᠯ᠎ᠲᠠᠢ ᠰᠤᠷᠤᠭᠴᠢ᠂ ᠭᠡᠷ᠎ᠲᠤ᠎ᠪᠠᠨ ᠦᠯᠡᠳᠡᠭᠰᠡᠨ ᠬᠡᠦᠬᠡᠳ᠂ ᠳᠠᠭ᠋ᠠᠵᠤ ᠨᠡᠭᠦᠵᠦ ᠢᠷᠡᠭᠰᠡᠨ ᠬᠡᠦᠬᠡᠳ᠂ ᠠᠵᠤ ᠠᠬᠤᠢ᠎ᠨᠢ ᠬᠦᠴᠢᠷᠳᠡᠯᠲᠡᠢ ᠭᠡᠷ ᠪᠦᠯᠢ ᠵᠢᠨ ᠬᠡᠦᠬᠡᠳ ᠵᠡᠷᠭᠡ ᠰᠤᠷᠤᠭᠴᠢᠳ᠎ᠤᠨ ᠪᠠᠶ᠋ᠢᠳᠠᠯ᠎ᠢ ᠨᠠᠷᠢᠨ ᠨᠢᠮᠪᠠᠢ ᠤᠶ᠋ᠢᠯᠠᠭ᠋ᠠᠨ ᠵᠢᠭᠰᠠᠭ᠋ᠠᠵᠤ᠂ ᠣᠨᠴᠠᠭ᠋ᠠᠢ ᠪᠠᠶ᠋ᠢᠳᠠᠯ᠎ᠲᠠᠢ ᠰᠤᠷᠤᠭᠴᠢ ᠵᠢ ᠲᠥᠷᠥᠯ ᠬᠤᠪᠢᠶᠠᠬᠤ ᠡᠬᠡ ᠳᠠᠩᠰᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠠ 《ᠨᠢᠭᠡ᠎ᠪᠠᠷ ᠨᠢᠭᠡ ᠵᠢ ᠳᠠᠭ᠋ᠠᠭᠤᠯᠬᠤ᠂ ᠨᠢᠭᠡ᠎ᠪᠠᠷ ᠣᠯᠠᠨ᠎ᠢ ᠳᠠᠭ᠋ᠠᠭᠤᠯᠬᠤ》 ᠬᠠᠪᠰᠤᠷᠤᠨ ᠲᠡᠳᠬᠦᠬᠦ ᠠᠵᠢᠯ᠎ᠢ ᠨᠠᠢ᠌ᠳᠠᠪᠤᠷᠢᠵᠢᠭᠤᠯᠪᠠ᠃ ᠰᠤᠷᠤᠯᠭ᠎ᠠ᠎ᠪᠠᠨ ᠵᠣᠭᠰᠣᠬᠤ᠂ ᠰᠤᠷᠤᠯᠭ᠎ᠠ᠎ᠪᠠᠨ ᠵᠣᠭᠰᠣᠬᠤ ᠰᠡᠵᠢᠭᠯᠡᠯ᠎ᠲᠠᠢ᠂ ᠰᠤᠷᠤᠯᠭ᠎ᠠ᠎ᠪᠠᠨ ᠨᠢᠭᠡ ᠵᠢᠯ᠎ᠠᠴᠠ ᠳᠡᠭᠡᠭᠰᠢ ᠲᠦᠷ ᠵᠣᠭᠰᠤᠭᠰᠠᠨ ᠵᠢᠴᠢ ᠰᠤᠷᠤᠯᠭ᠎ᠠ᠎ᠪᠠᠨ ᠵᠣᠭᠰᠤᠬᠤ ᠲᠦᠭᠰᠢᠭᠦᠷᠢ᠎ᠲᠠᠢ ᠪᠤᠰᠤᠳ ᠰᠤᠷᠤᠭᠴᠢᠳ᠎ᠲᠤ ᠬᠠᠨᠳᠤᠭᠤᠯᠤᠨ᠂ 《ᠨᠢᠭᠡ ᠰᠤᠷᠤᠭᠴᠢ ᠨᠢᠭᠡ ᠳᠠᠩᠰᠠ ᠡᠪᠬᠡᠮᠡᠯ》 ᠎ᠢ ᠪᠠᠶ᠋ᠢᠭᠤᠯᠵᠤ᠂ ᠰᠤᠷᠤᠯᠭ᠎ᠠ᠎ᠪᠠᠨ ᠵᠣᠭᠰᠣᠭᠰᠠᠨ ᠰᠤᠷᠤᠭᠴᠢᠳ᠎ᠲᠤ ᠴᠢᠭᠯᠡᠭᠦᠯᠦᠨ᠂ ᠤᠲᠠᠰᠤ ᠨᠡᠪᠲᠡᠷᠡᠬᠦ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠠᠢ ᠬᠠᠮᠲᠤᠷᠠᠨ ᠭᠡᠷ᠎ᠲᠤ᠎ᠨᠢ ᠬᠦᠷᠴᠦ ᠭᠡᠷ ᠪᠦᠯᠢ ᠵᠢᠨ ᠰᠤᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ 《ᠨᠢᠭᠡ ᠬᠥᠮᠦᠨ ᠨᠢᠭᠡ ᠬᠡᠷᠡᠭ》᠎ᠢ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ᠃ ᠵᠡᠮᠳᠡᠭ ᠰᠤᠷᠤᠭᠴᠢᠳ᠎ᠤᠨ ᠰᠤᠷᠭ᠋ᠠᠭᠤᠯᠢ᠎ᠳᠤ ᠣᠷᠣᠬᠤ ᠶᠣᠰᠣᠲᠠᠢ ᠵᠢ ᠪᠦᠬᠦᠨ᠎ᠢ ᠣᠷᠣᠭᠤᠯᠬᠤ ᠵᠢ ᠪᠠᠲᠤᠯᠠᠨ᠂ ᠵᠡᠮᠳᠡᠭᠴᠦᠳ᠎ᠤᠨ ᠬᠣᠯᠪᠣᠭ᠎ᠠ᠎ᠯᠤᠭ᠎ᠠ ᠲᠣᠭ᠎ᠠ ᠪᠠᠷᠢᠮᠲᠠ ᠵᠢ ᠬᠠᠷᠢᠴᠠᠭᠤᠯᠬᠤ ᠠᠵᠢᠯ᠎ᠢ ᠰᠠᠶ᠋ᠢᠲᠤᠷ ᠬᠢᠵᠦ᠂ ᠨᠠᠷᠢᠯᠢᠭ ᠣᠨᠣᠴᠠᠲᠠᠢ ᠡᠬᠡ ᠳᠠᠩᠰᠠ ᠪᠠᠢ᠌ᠭᠤᠯᠤᠨ᠂ ᠠᠩᠭᠢ ᠳᠠᠭ᠋ᠠᠵᠤ ᠰᠤᠷᠤᠯᠴᠠᠬᠤ᠂ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠵᠡᠮᠳᠡᠭ ᠬᠡᠦᠬᠡᠳ ᠪᠠᠭ᠋ᠠᠴᠤᠳ᠎ᠤᠨ ᠰᠤᠷᠭ᠋ᠠᠭᠤᠯᠢ᠎ᠳᠤ ᠣᠷᠣᠬᠤ ᠨᠣᠷᠮ᠎ᠠ ᠵᠢ ᠦᠨᠡᠨ ᠬᠦ᠌ ᠪᠠᠲᠤᠯᠠᠪᠠ᠃  ᠪᠡᠶ᠎ᠡ ᠮᠠᠬᠠᠪᠣᠳ ᠵᠡᠷᠭᠡ ᠰᠢᠯᠲᠠᠭ᠋ᠠᠨ᠎ᠠᠴᠠ ᠪᠣᠯᠵᠤ ᠰᠤᠷᠤᠯᠭ᠎ᠠ ᠬᠣᠢ᠌ᠰᠢᠯᠠᠭᠤᠯᠤᠭᠰᠠᠨ ᠵᠡᠮᠳᠡᠭ ᠬᠡᠦᠬᠡᠳ᠎ᠤᠨ ᠬᠠᠮᠢᠶ᠎ᠠ ᠪᠦᠬᠦᠢ ᠭᠠᠷᠳᠠᠮ ᠪᠠ ᠮᠠᠲ᠋ᠧᠷᠢᠶᠠᠯ᠎ᠢ ᠳᠠᠩᠰᠠᠯᠠᠵᠤ᠂ ᠰᠤᠷᠤᠯᠭ᠎ᠠ ᠵᠢ ᠠᠬᠢᠭᠤᠯᠬᠤ ᠠᠷᠭ᠎ᠠ ᠬᠡᠮᠵᠢᠶ᠎ᠡ ᠵᠢ ᠲᠣᠭᠲᠠᠭ᠋ᠠᠨ᠂ ᠳᠡᠮᠵᠢᠯᠭᠡ ᠪᠠ ᠪᠠᠲᠤᠯᠠᠭ᠎ᠠ ᠬᠠᠩᠭ᠋ᠠᠪᠠ᠃ ᠭᠡᠷ᠎ᠲᠤ ᠎ᠪᠠᠨ ᠦᠯᠡᠳᠡᠭᠰᠡᠨ ᠬᠡᠦᠬᠡᠳ᠎ᠤᠨ ᠪᠠᠲᠤᠯᠠᠭ᠋ᠠᠨ᠎ᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠭᠡᠷ᠎ᠲᠤ᠎ᠪᠠᠨ ᠦᠯᠡᠳᠡᠭᠰᠡᠨ ᠬᠡᠦᠬᠡᠳ᠎ᠤᠨ ᠳᠠᠩᠰᠠ ᠡᠪᠬᠡᠮᠡᠯ᠎ᠢ ᠪᠠᠶ᠋ᠢᠭᠤᠯᠤᠨ᠂ ᠭᠡᠷ᠎ᠲᠤ᠎ᠪᠠᠨ ᠦᠯᠡᠳᠡᠭᠰᠡᠨ ᠬᠡᠦᠬᠡᠳ᠎ᠤᠨ ᠠᠰᠠᠷᠠᠨ ᠬᠠᠮᠠᠭ᠋ᠠᠯᠠᠭᠴᠢ ᠵᠢᠨ ᠪᠠᠶ᠋ᠢᠳᠠᠯ᠂ ᠡᠵᠢ ᠠᠪᠤ ᠵᠢᠨ ᠠᠵᠢᠯ᠎ᠤᠨ ᠪᠠᠶ᠋ᠢᠳᠠᠯ᠂ ᠰᠤᠷᠤᠯᠭ᠎ᠠ ᠠᠮᠢᠳᠤᠷᠠᠯ᠎ᠤᠨ ᠪᠠᠶ᠋ᠢᠳᠠᠯ ᠵᠡᠷᠭᠡ ᠵᠢ ᠣᠨᠣᠪᠴᠢᠲᠠᠢ ᠡᠵᠡᠮᠰᠢᠵᠦ᠂ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠪᠡ᠃ 《ᠣᠨᠴᠠᠭ᠋ᠠᠢ ᠰᠤᠷᠤᠭᠴᠢ》  ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠳᠠᠩᠰᠠ ᠡᠪᠬᠡᠮᠡᠯ᠎ᠢ ᠲᠡᠭᠦᠯᠳᠡᠷᠵᠢᠭᠦᠯᠪᠡ᠃ 《ᠮᠠᠨᠵᠤᠤᠷ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢ ᠵᠢᠯᠣᠭᠣᠳᠬᠤ ᠠᠵᠢᠯ᠎ᠤᠨ ᠲᠥᠰᠦᠯ》᠎ᠢ ᠲᠣᠭᠲᠠᠭ᠋ᠠᠵᠤ᠂ ᠰᠤᠷᠤᠯᠭ᠎ᠠ ᠵᠢᠨ ᠵᠢᠯ ᠪᠦᠷᠢ ᠨᠢᠭᠡ ᠤᠳᠠᠭ᠎ᠠ ᠪᠠᠭ᠎ᠠ ᠰᠤᠷᠭ᠋ᠠᠭᠤᠯᠢ ᠵᠢᠨ ᠳᠤᠮᠳᠠ᠂ ᠳᠡᠭᠡᠷ᠎ᠡ ᠣᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠣᠷᠣᠯᠴᠠᠬᠤ ᠨᠣᠷᠮ᠎ᠠ 100% ᠵᠢᠨ 《ᠰᠡᠳᠬᠢᠴᠡ ᠵᠢᠨ ᠡᠷᠡᠭᠦᠯ ᠮᠡᠨᠳᠦ ᠵᠢᠨ ᠰᠢᠯᠭ᠋ᠠᠯᠲᠠ》 ᠵᠢᠨ ᠪᠠᠶ᠋ᠢᠳᠠᠯ᠎ᠢ ᠣᠶ᠋ᠢᠯᠠᠭ᠋ᠠᠨ ᠵᠢᠭᠰᠠᠭ᠋ᠠᠨ ᠪᠠᠶ᠋ᠢᠴᠠᠭ᠋ᠠᠬᠤ ᠵᠢ ᠥᠷᠨᠢᠭᠦᠯᠵᠦ᠂ 《ᠣᠨᠴᠠᠭ᠋ᠠᠢ ᠰᠤᠷᠤᠭᠴᠢ》 ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠳᠠᠩᠰᠠ ᠡᠪᠬᠡᠮᠡᠯ᠎ᠢ ᠪᠠᠢ᠌ᠭᠤᠯᠪᠠ᠃

ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠬᠠᠯᠠᠮᠵᠢᠯᠠᠨ ᠬᠠᠶ᠋ᠢᠷᠠᠯᠠᠬᠤ ᠡᠷᠴᠢᠮ᠎ᠢ ᠴᠢᠩᠭ᠋ᠠᠷᠠᠭᠤᠯᠪᠠ᠃ ᠮᠠᠨᠵᠤᠤᠷ ᠬᠣᠲᠠ ᠵᠢᠨ ᠵᠠᠰᠠᠭ᠎ᠤᠨ ᠣᠷᠳᠣᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠵᠢ ᠴᠢᠩᠭ᠋ᠠᠳᠬᠠᠵᠤ᠂ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠠᠵᠢᠯ᠎ᠤᠨ ᠱᠠᠭ᠋ᠠᠷᠳᠠᠯᠭ᠎ᠠ ᠵᠢ ᠳᠤᠷᠠᠳᠴᠤ᠂ ᠵᠡᠭᠡᠯᠢ ᠭᠤᠳᠤᠮᠵᠢ ᠵᠢᠨ᠎ᠬᠢᠨ ᠲᠣᠭᠲᠠᠮᠠᠯ ᠬᠤᠭᠤᠴᠠᠭ᠎ᠠ᠎ᠲᠠᠢ ᠬᠠᠷᠢᠶ᠎ᠠ ᠣᠷᠣᠨ᠎ᠤ᠎ᠪᠠᠨ ᠵᠣᠬᠢᠬᠤ ᠨᠠᠰᠤᠨ᠎ᠤ ᠬᠥᠮᠦᠨ ᠠᠮᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠭᠦᠷᠲᠡᠭᠰᠡᠨ ᠦᠭᠡᠢ ᠪᠠᠶ᠋ᠢᠳᠠᠯ᠎ᠢ ᠵᠢᠭᠰᠠᠭ᠋ᠠᠨ ᠪᠠᠢ᠌ᠴᠠᠭ᠋ᠠᠵᠤ ᠲᠣᠳᠤᠷᠬᠠᠢ᠌ᠯᠠᠪᠠ; ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠬᠣᠲᠠ ᠬᠥᠳᠡᠭᠡ ᠵᠢᠨ ᠠᠮᠢᠳᠤᠷᠠᠯ᠎ᠤᠨ ᠬᠠᠮᠤᠭ᠎ᠤᠨ ᠳᠣᠣᠷ᠎ᠠ ᠪᠠᠲᠤᠯᠠᠭ᠎ᠠ ᠬᠦᠷᠲᠡᠵᠦ ᠪᠠᠶ᠋ᠢᠭ᠎ᠠ ᠭᠡᠷ ᠪᠦᠯᠢ ᠵᠢᠨ ᠰᠤᠷᠤᠭᠴᠢ᠂ ᠣᠨᠴᠠ ᠬᠦᠴᠢᠷᠳᠡᠯᠲᠡᠢ ᠲᠡᠵᠢᠭᠡᠯᠭᠡᠵᠦ ᠪᠠᠶ᠋ᠢᠭ᠎ᠠ ᠰᠤᠷᠤᠭᠴᠢ᠂ ᠥᠨᠥᠴᠢᠨ ᠬᠡᠦᠬᠡᠳ (ᠪᠣᠳᠠᠲᠠᠢ ᠲᠡᠵᠢᠭᠡᠬᠦ ᠬᠥᠮᠦᠨ ᠦᠭᠡᠢ ) ᠰᠤᠷᠤᠭᠴᠢ ᠵᠢᠨ ᠲᠣᠭ᠎ᠠ ᠪᠠᠷᠢᠮᠲᠠ ᠮᠡᠳᠡᠭᠡ ᠵᠠᠩᠭᠢ ᠵᠢ ᠬᠠᠷᠢᠭᠤᠴᠠᠨ ᠬᠠᠩᠭ᠋ᠠᠪᠠ; ᠵᠡᠮᠳᠡᠭᠴᠦᠳ᠎ᠤᠨ ᠬᠣᠯᠪᠣᠭ᠎ᠠ ᠵᠢᠨ ᠰᠠᠯᠠᠭ᠎ᠠ ᠮᠥᠴᠢᠷ᠎ᠠᠴᠠ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠵᠡᠮᠳᠡᠭ ᠰᠤᠷᠤᠭᠴᠢ᠂ ᠵᠡᠮᠳᠡᠭᠴᠦᠳ᠎ᠤᠨ ᠦᠷ᠎ᠡ ᠬᠡᠦᠬᠡᠳ᠎ᠤᠨ ᠲᠣᠭ᠎ᠠ ᠪᠠᠷᠢᠮᠲᠠ ᠮᠡᠳᠡᠭᠡ ᠵᠠᠩᠭᠢ ᠵᠢ ᠬᠠᠷᠢᠭᠤᠴᠠᠨ ᠬᠠᠩᠭ᠋ᠠᠪᠠ; ᠡᠭᠦᠨ᠎ᠤ ᠬᠠᠮᠲᠤ᠂ ᠳᠣᠲᠣᠭ᠋ᠠᠳᠤ ᠵᠢ ᠬᠠᠮᠠᠭ᠋ᠠᠯᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠢ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠢ᠌ᠭ᠎ᠠ ᠪᠦᠬᠦᠯᠢ ᠠᠷᠪᠠᠨ ᠵᠢᠷᠭᠤᠭ᠋ᠠᠨ ᠨᠠᠰᠤ ᠬᠦᠷᠦᠭᠡᠳᠦᠢ ᠰᠤᠷᠤᠯᠭ᠎ᠠ᠎ᠪᠠᠨ ᠵᠣᠭᠰᠣᠭᠰᠠᠨ ᠰᠤᠷᠤᠭᠴᠢᠳ᠎ᠢ ᠣᠯᠵᠤ ᠮᠡᠳᠡᠪᠡᠯ᠂ ᠬᠣᠯᠪᠤᠭᠳᠠᠬᠤ ᠪᠠᠶ᠋ᠢᠳᠠᠯ᠎ᠢ ᠳᠠᠷᠤᠢ᠎ᠳᠤ᠎ᠨᠢ ᠮᠡᠳᠡᠭᠦᠯᠬᠦ ᠬᠡᠷᠡᠭᠲᠡᠢ ᠭᠡᠵᠦ ᠱᠠᠭ᠋ᠠᠷᠳᠠᠪᠠ; ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠡᠯ᠎ᠡ ᠲᠠᠯ᠎ᠠ ᠵᠢᠨ ᠡᠮᠬᠢᠯᠡᠵᠦ ᠭᠠᠷᠭ᠋ᠠᠭᠰᠠᠨ ᠣᠨᠴᠠᠭ᠋ᠠᠢ ᠬᠠᠮᠲᠤᠯᠢᠭ᠎ᠤᠨ ᠪᠠᠶ᠋ᠢᠳᠠᠯ᠎ᠢ ᠣᠶ᠋ᠢᠯᠠᠭ᠋ᠠᠬᠤ ᠠᠵᠢᠯ᠎ᠢ ᠰᠠᠶ᠋ᠢᠲᠤᠷ ᠬᠢᠵᠦ᠂ ᠬᠠᠮᠢᠶ᠎ᠠ ᠪᠦᠬᠦᠢ ᠨᠢᠭᠡᠴᠢ᠎ᠲᠠᠢ ᠬᠣᠯᠪᠣᠭ᠋ᠠᠯᠠᠨ ᠭᠡᠷ᠎ᠲᠤ᠎ᠨᠢ ᠬᠦᠷᠴᠦ ᠰᠤᠷᠪᠤᠯᠵᠢᠯᠠᠨ᠂ ᠵᠣᠬᠢᠬᠤ ᠨᠠᠰᠤᠨ᠎ᠤ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠶᠣᠰᠣᠲᠠᠢ ᠵᠢ ᠴᠥᠮ ᠣᠷᠣᠭᠤᠯᠬᠤ  ᠵᠢ ᠪᠠᠲᠤᠯᠠᠪᠠ; ᠨᠡᠶ᠋ᠢᠭᠡᠮ᠎ᠤᠨ ᠡᠯ᠎ᠡ ᠡᠲᠡᠭᠡᠳ᠎ᠢ ᠬᠥᠲᠥᠯᠥᠨ ᠵᠢᠯᠣᠭᠣᠳᠴᠤ 《ᠪᠦᠬᠦ ᠠᠵᠢᠯᠲᠠᠨ ᠬᠥᠮᠦᠨ ᠬᠥᠮᠦᠵᠢᠭᠦᠯᠬᠦ ᠵᠢᠯᠣᠭᠣᠳᠣᠭᠴᠢ ᠪᠠᠭᠰᠢ ᠵᠢᠨ ᠳᠦᠷᠢᠮ》᠎ᠢ ᠨᠠᠶ᠋ᠢᠳᠠᠪᠤᠷᠢᠵᠢᠭᠤᠯᠵᠤ᠂ ᠭᠡᠷ ᠪᠥᠯᠢ ᠰᠤᠷᠭ᠋ᠠᠭᠤᠯᠢ ᠬᠠᠮᠵᠢᠯᠴᠠᠨ ᠬᠥᠮᠦᠨ ᠬᠥᠮᠥᠵᠢᠭᠦᠯᠬᠦ ᠬᠠᠮᠲᠤᠯᠢᠭ᠎ᠢ ᠪᠠᠢ᠌ᠭᠤᠯᠤᠨ᠂ ᠭᠡᠷ ᠪᠦᠯᠢ ᠵᠢᠴᠢ ᠬᠠᠤᠯᠢ᠎ᠪᠠᠷ ᠲᠣᠭᠲᠠᠭ᠋ᠠᠭᠰᠠᠨ ᠠᠰᠠᠷᠠᠨ ᠬᠠᠮᠠᠭ᠋ᠠᠯᠠᠭᠴᠢ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠪᠠᠭᠰᠢ᠎ᠲᠠᠢ ᠬᠠᠮᠵᠢᠯᠴᠠᠨ ᠬᠥᠮᠦᠨ ᠬᠥᠮᠦᠵᠢᠭᠦᠯᠬᠦ ᠦᠵᠡᠯ ᠤᠬᠠᠮᠰᠠᠷ᠎ᠢ ᠳᠡᠭᠡᠭᠰᠢᠯᠡᠭᠦᠯᠪᠡ᠃ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ᠂ ᠪᠦᠬᠦ ᠨᠡᠶ᠋ᠢᠭᠡᠮ ᠵᠶ᠋ᠠᠷ ᠵᠶ᠋ᠠᠨ ᠣᠷᠣᠯᠴᠠᠭᠰᠠᠨ᠂ ᠡᠯ᠎ᠡ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ ᠲᠣᠳᠣᠷᠬᠠᠢ᠂ ᠮᠠᠨᠵᠤᠤᠷ ᠬᠣᠲᠠ ᠵᠢᠨ 《ᠵᠠᠰᠠᠭ ᠰᠤᠷᠭ᠋ᠠᠭᠤᠯᠢ ᠨᠡᠶ᠋ᠢᠭᠡᠮ》 ᠣᠯᠠᠨ ᠲᠠᠯ᠎ᠠ ᠵᠢᠨ᠎ᠬᠢᠨ ᠬᠠᠮᠵᠢᠯᠴᠠᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠬᠤ ᠳᠣᠭᠲᠠᠯᠴᠠᠭ᠎ᠠ ᠠᠭ᠋ᠠᠵᠢᠮ ᠵᠶ᠋ᠠᠷ ᠪᠦᠷᠢᠯᠳᠦᠵᠦ ᠪᠠᠶ᠋ᠢᠨ᠎ᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠵᠠᠰᠠᠭ᠎ᠤᠨ ᠣᠷᠳᠣᠨ ᠰᠤᠷᠭ᠋ᠠᠭᠤᠯᠢ ᠠᠵᠤ ᠠᠬᠤᠶ᠋ᠢᠯᠠᠯ ᠬᠤᠯᠪᠣᠭ᠋ᠠᠯᠠᠨ ᠬᠥᠳᠡᠯᠦᠯᠴᠡᠵᠦ ᠣᠷᠳᠣᠰ ᠬᠤᠲᠠ ᠵᠢᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠬᠤ᠎ᠳᠤ᠎ᠨᠢ 《ᠳᠦᠭᠦᠮ ᠳᠦᠳᠡ ᠵᠠᠮ》᠎ᠢ ᠬᠠᠮᠲᠤ᠎ᠪᠠᠷ ᠳᠡᠪᠢᠰᠦᠨ ᠥᠭᠴᠦ ᠪᠣᠢ
ᠬᠥᠯᠥᠨ ᠪᠤᠶ᠋ᠢᠷ ᠳᠡᠭᠡᠳᠦ ᠰᠤᠷᠭ᠋ᠠᠭᠤᠯᠢ ᠪᠦᠬᠦ ᠤᠯᠤᠰ᠎ᠤᠨ ᠠᠭᠤᠳᠠᠮ ᠲᠠᠯᠠᠪᠠᠢ ᠵᠢᠨ ᠪᠥᠵᠢᠭ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠣᠶᠠᠷ ᠲᠥᠷᠥᠯ᠎ᠳᠤ ᠮᠠᠩᠯᠠᠢ᠌ᠯᠠᠪᠠ
ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠄ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠰᠢᠨ᠎ᠡ ᠵᠠᠭᠪᠤᠷ᠎ᠢ ᠪᠠᠢ᠌ᠭᠤᠯᠪᠠ
ᠥᠪᠥᠷ ᠮᠣᠩᠭᠣᠯ᠎ᠤᠨ ᠣᠷᠳᠣᠰ ᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠶᠡᠬᠡ᠎ᠪᠠᠷ ᠠᠬᠢᠭᠤᠯᠪᠠ
ᠣᠷᠳᠣᠰ ᠬᠣᠲᠠ ᠵᠢᠨ ᠳᠠᠯᠠᠳ ᠬᠣᠰᠢᠭᠤ᠄ ᠣᠨᠴᠠᠭ᠋ᠠᠢ ᠬᠠᠮᠲᠤᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠦᠨ ᠬᠣᠲᠠ ᠬᠥᠳᠡᠭᠡ ᠵᠢ ᠠᠭᠤᠰᠬᠠᠨ ᠪᠥᠬᠦ ᠬᠡᠯᠬᠢᠶ᠎ᠡ᠎ᠳᠤ ᠦᠢ᠍ᠯᠡᠴᠢᠯᠡᠬᠦ ᠳᠣᠭᠲᠠᠯᠴᠠᠭ᠎ᠠ ᠵᠢ ᠪᠠᠶ᠋ᠢᠭᠤᠯᠪᠠ
 
             蒙ICP备05000248号