5 ᠰᠠᠷ᠎ᠠ ᠵᠢᠨ 4᠎ᠤ ᠡᠳᠦᠷ᠂ ᠳᠤᠮᠳᠠᠳᠤ ᠤᠯᠤᠰ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠬᠣᠯᠪᠣᠭ᠋ᠠᠲᠤ ᠬᠤᠷᠠᠯ᠂ ᠳᠤᠮᠳᠠᠳᠤ ᠤᠯᠤᠰ᠎ᠤᠨ ᠠᠯᠠᠭ᠋ᠠᠳᠠᠬᠤ ᠪᠥᠮᠪᠥᠭᠡ ᠵᠢᠨ ᠨᠡᠶ᠋ᠢᠭᠡᠮᠯᠢᠭ᠎ᠠᠴᠠ ᠬᠠᠮᠲᠤᠷᠠᠨ ᠡᠷᠬᠢᠯᠡᠭᠰᠡᠨ 2025 ᠣᠨ᠎ᠤ ᠳᠤᠮᠳᠠᠳᠤ ᠤᠯᠤᠰ᠎ᠤᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠠᠯᠠᠭ᠋ᠠᠳᠠᠬᠤ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ (ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ) ᠾᠧᠪᠧᠢ ᠵᠢᠨ ᠴᠥᠩ ᠯᠢᠳᠤ ᠥᠨᠳᠦᠷᠯᠡᠵᠦ᠂ ᠪᠤᠭᠤᠲᠤ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ᠎ᠪᠠᠷ ᠤᠷᠤᠯᠳᠤᠭ᠋ᠠᠨ᠎ᠳᠤ ᠭᠠᠪᠰᠢᠭ᠋ᠠᠢ᠌ᠯᠠᠵᠤ ᠪᠦᠬᠦ ᠤᠯᠤᠰ᠎ᠲᠤ ᠳᠡᠳ᠋ᠯᠡᠪᠡ᠃


ᠡᠨᠡ ᠤᠳᠠᠭ᠋ᠠᠨ᠎ᠤ ᠤᠷᠤᠯᠳᠤᠭ᠋ᠠᠨ᠎ᠳᠤ ᠪᠦᠬᠦ ᠤᠯᠤᠰ᠎ᠤᠨ 55 ᠲᠥᠯᠥᠭᠡᠯᠡᠭᠴᠢᠳ᠎ᠤᠨ ᠠᠩᠭᠢ ᠣᠷᠣᠯᠴᠠᠵᠤ᠂ ᠡᠭᠦᠨ᠎ᠳᠤ ᠡᠮᠡᠭᠲᠡᠢ ᠵᠢᠨ ᠳᠤᠭᠤᠶ᠋ᠢᠯᠠᠩ 30᠂ ᠡᠷᠡᠭᠲᠡᠢ ᠵᠢᠨ ᠳᠤᠭᠤᠶ᠋ᠢᠯᠠᠩ 25 ᠪᠤᠢ᠃ ᠮᠠᠨ᠎ᠤ ᠣᠷᠣᠨ᠎ᠠᠴᠠ 4 ᠡᠮᠡᠭᠲᠡᠢ ᠵᠢᠨ ᠠᠩᠭᠢ᠂ 3 ᠡᠷᠡᠭᠲᠡᠢ ᠵᠢᠨ ᠠᠩᠭᠢ ᠤᠷᠤᠯᠳᠤᠭ᠋ᠠᠨ᠎ᠳᠤ ᠣᠷᠣᠯᠴᠠᠪᠠ᠃
ᠳᠤᠭᠤᠶ᠋ᠢᠯᠠᠩ᠎ᠤᠨ ᠤᠷᠤᠯᠳᠤᠭ᠋ᠠᠨ᠎ᠳᠤ᠂ ᠪᠤᠭᠤᠲᠤ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠨᠠᠷᠢᠨ ᠨᠢᠭᠲᠠ ᠪᠥᠮᠪᠥᠭᠡᠨ ᠮᠡᠷᠭᠡᠵᠢᠯ ᠪᠠ ᠭᠠᠷᠮᠠᠭ᠋ᠠᠢ ᠰᠠᠢ᠌ᠨ ᠪᠦᠯᠬᠦᠮ᠎ᠤᠨ ᠬᠠᠮᠵᠢᠯᠴᠠᠭ᠎ᠠ᠎ᠳᠤ ᠲᠦᠰᠢᠭᠯᠡᠨ᠂ ᠳᠤᠭᠤᠶ᠋ᠢᠯᠠᠩ᠎ᠤᠨ ᠤᠷᠤᠯᠳᠤᠭ᠋ᠠᠨ᠎ᠳᠤ ᠲᠦᠷᠦᠭᠦᠯᠡᠨ ᠡᠮᠦᠨ᠎ᠡ ᠨᠠᠢ᠍ᠮᠠᠳᠤᠭ᠋ᠠᠷ᠎ᠲᠤ ᠣᠮᠣᠭ ᠲᠡᠭᠦᠯᠳᠡᠷ ᠳᠠᠪᠰᠢᠨ ᠣᠷᠣᠵᠠᠢ᠃ ᠳᠥᠷᠪᠡᠨ᠎ᠤ ᠨᠢᠭᠡ ᠵᠢᠨ ᠰᠢᠢ᠍ᠳᠪᠦᠷᠢᠲᠦ ᠤᠷᠤᠯᠳᠤᠭ᠋ᠠᠨ᠎ᠳᠤ ᠲᠡᠳᠡ 3᠄ 0 ᠵᠢᠨ ᠬᠠᠷᠢᠴᠠᠯ ᠵᠶ᠋ᠠᠷ ᠴᠦᠩᠴᠢᠩ᠎ᠤᠨ ᠨᠠᠢ᠍ᠮᠠᠳᠤᠭ᠋ᠠᠷ ᠳᠤᠮᠳᠠᠳᠤ ᠰᠤᠷᠭ᠋ᠠᠭᠤᠯᠢ ᠵᠢ ᠠᠮᠵᠢᠯᠲᠠ᠎ᠲᠠᠢ ᠢᠯᠠᠵᠤ᠂ ᠳᠥᠷᠪᠡᠨ ᠬᠦᠴᠦᠷᠬᠡᠭ᠎ᠲᠤ ᠲᠣᠳᠤᠷᠠᠵᠠᠢ᠃ ᠬᠠᠭ᠋ᠠᠰ ᠰᠢᠢ᠍ᠳᠪᠦᠷᠢᠲᠦ ᠤᠷᠤᠯᠳᠤᠭ᠋ᠠᠨ᠎ᠳᠤ ᠸᠧᠨᠵᠧᠦ ᠵᠢᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ᠎ᠲᠠᠢ ᠮᠥᠷᠦᠢ᠌ᠴᠡᠵᠦ᠂ ᠡᠮᠡᠭᠲᠡᠢ ᠵᠢᠨ ᠠᠯᠠᠭ᠋ᠠᠳᠠᠬᠤ ᠪᠥᠮᠪᠦᠭᠡ ᠵᠢᠨ ᠠᠩᠭᠢ ᠵᠢᠨ ᠥᠬᠢᠳ ᠰᠢᠷᠭ᠋ᠠᠭᠤ ᠬᠠᠲᠠᠭᠤᠵᠢᠯᠲᠠᠢ ᠮᠥᠷᠦᠢ᠌ᠴᠡᠵᠦ᠂ 3᠄ 1 ᠵᠢᠨ ᠬᠠᠷᠢᠴᠠᠯ ᠵᠶ᠋ᠠᠷ ᠡᠰᠡᠷᠭᠦ ᠡᠲᠡᠭᠡᠳ ᠵᠶ᠋ᠠᠨ ᠢᠯᠠᠵᠤ᠂ ᠰᠢᠢ᠍ᠳᠪᠦᠷᠢᠲᠦ ᠤᠷᠤᠯᠳᠤᠭ᠋ᠠᠨ᠎ᠳᠤ ᠣᠷᠣᠵᠠᠢ᠃ ᠰᠢᠢ᠍ᠳᠪᠦᠷᠢᠲᠦ ᠤᠷᠤᠯᠳᠤᠭ᠋ᠠᠨ᠎ᠳᠤ᠂ ᠪᠤᠭᠤᠲᠤ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠹᠦᠵᠧᠦ ᠵᠢᠨ ᠠᠷᠪᠠᠨ ᠵᠢᠷᠭᠤᠳᠤᠭ᠋ᠠᠷ ᠳᠤᠮᠳᠠᠳᠤ ᠰᠤᠷᠭ᠋ᠠᠭᠤᠯᠢ᠎ᠲᠠᠢ ᠬᠤᠷᠴᠠ ᠰᠢᠷᠦᠭᠦᠨ ᠮᠥᠷᠦᠢ᠌ᠴᠡᠵᠦ᠂ ᠡᠴᠦᠰ᠎ᠲᠤ᠂ ᠪᠤᠭᠤᠲᠤ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠬᠣᠶᠠᠷ ᠬᠤᠪᠢ ᠵᠢᠨ ᠵᠥᠷᠢᠶ᠎ᠡ᠎ᠪᠠᠷ ᠢᠯᠠᠭᠳᠠᠭᠰᠠᠨ ᠪᠣᠯᠪᠠᠴᠤ ᠨᠢᠭᠡ ᠯᠡ ᠬᠥᠭ ᠵᠶ᠋ᠡᠷ ᠨᠤᠭᠤᠷᠠᠰᠢ ᠦᠭᠡᠢ ᠲᠡᠮᠡᠴᠡᠵᠦ ᠤᠷᠤᠯᠳᠤᠭ᠋ᠠᠨ᠎ᠳᠤ ᠳᠡᠳ᠋ᠯᠡᠪᠡ᠃
ᠡᠭᠦᠨ᠎ᠠᠴᠠ ᠡᠮᠦᠨ᠎ᠡ᠂ 4 ᠰᠠᠷ᠎ᠠ ᠵᠢᠨ 24᠎ᠤ ᠡᠳᠦᠷ ᠥᠨᠳᠦᠷᠯᠡᠭᠰᠡᠨ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠯᠠᠭ᠋ᠠᠳᠠᠬᠤ ᠪᠥᠮᠪᠥᠭᠡ ᠵᠢᠨ ᠬᠢᠷᠢ ᠭᠡᠮ᠎ᠤᠨ ᠤᠷᠤᠯᠳᠤᠭ᠋ᠠᠨ᠎ᠳᠤ᠂ ᠪᠤᠭᠤᠲᠤ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠥᠪᠥᠷ ᠮᠣᠩᠭᠣᠯ᠎ᠤᠨ ᠵᠠᠯᠠᠭᠤ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠵᠢ ᠲᠥᠯᠥᠭᠡᠯᠡᠨ U20 ᠵᠢᠴᠢ U18 ᠳᠤᠭᠤᠶ᠋ᠢᠯᠠᠩ᠎ᠤᠨ ᠤᠷᠤᠯᠳᠤᠭ᠋ᠠᠨ᠎ᠳᠤ ᠲᠤᠰ ᠲᠤᠰ ᠭᠠᠷᠮᠠᠭ᠋ᠠᠢ᠌ᠯᠠᠵᠤ᠂ ᠴᠥᠮ ᠰᠢᠢ᠍ᠳᠪᠦᠷᠢᠲᠦ ᠤᠷᠤᠯᠳᠤᠭ᠋ᠠᠨ᠎ᠳᠤ ᠳᠠᠪᠰᠢᠨ ᠣᠷᠣᠵᠤ᠂ ᠲᠡᠦᠬᠡᠲᠦ ᠴᠢᠨᠠᠷᠲᠠᠢ ᠰᠢᠪᠲᠤᠯᠤᠯᠲᠠ᠎ᠲᠠᠢ ᠪᠣᠯᠵᠠᠢ᠃


ᠪᠤᠭᠤᠲᠤ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠵᠢᠨ ᠥᠬᠢᠳ᠎ᠤᠨ 《ᠤᠳᠠᠭ᠋ᠠᠨ ᠡᠳᠦᠷ ᠵᠤᠵᠠᠭ᠋ᠠᠨ ᠬᠣᠨᠤᠭ》᠎ᠤᠨ ᠪᠠᠷᠢᠮᠲᠠᠯᠠᠯ ᠪᠠ ᠰᠢᠪᠲᠤᠯᠤᠯᠲᠠ᠎ᠨᠢ ᠪᠤᠭᠤᠲᠤ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠵᠶ᠋ᠡᠷ ᠬᠥᠮᠦᠨ ᠬᠥᠮᠥᠵᠢᠭᠦᠯᠬᠦ ᠡᠯᠪᠡᠭ ᠪᠠᠶᠠᠯᠢᠭ ᠦᠷ᠎ᠡ ᠪᠦᠲᠦᠭᠡᠯ᠎ᠢ ᠢᠯᠡᠷᠡᠭᠦᠯᠦᠭᠰᠡᠨ ᠵᠶ᠋ᠠᠷ ᠪᠠᠷᠠᠬᠤ ᠦᠭᠡᠢ᠂ ᠨᠡᠩ ᠴᠤ᠌ ᠮᠠᠨ᠎ᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠶᠣᠰᠣ ᠮᠣᠷᠠᠯ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠠᠶ᠋ᠢᠨ ᠰᠠᠶ᠋ᠢᠬᠠᠨ ᠳᠦᠷᠰᠦ ᠪᠠᠶ᠋ᠢᠳᠠᠯ᠎ᠢ ᠬᠠᠷᠠᠭᠤᠯᠵᠤ᠂ ᠮᠠᠨ᠎ᠤ ᠣᠷᠣᠨ᠎ᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠥᠷᠨᠢᠭᠦᠨ ᠬᠥᠭᠵᠢᠯᠲᠡ ᠵᠢ ᠠᠬᠢᠭᠤᠯᠬᠤ ᠳᠤ ᠬᠦᠴᠦᠨ ᠨᠡᠮᠡᠷᠢᠯᠡᠪᠡ᠃