ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠄ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠰᠢᠨ᠎ᠡ ᠵᠠᠭᠪᠤᠷ᠎ᠢ ᠪᠠᠢ᠌ᠭᠤᠯᠪᠠ
ᠨᠡᠶ᠋ᠢᠲᠡᠯᠡᠭᠰᠡᠨ ᠴᠠᠭ᠄ 2025-06-10

ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠡᠯ᠎ᠡ ᠲᠤᠰᠬᠠᠢ ᠮᠡᠷᠭᠡᠵᠢᠯ᠎ᠤᠨ ᠣᠨᠴᠠᠯᠢᠭ᠎ᠲᠠᠢ ᠨᠢᠭᠲᠠ ᠤᠶᠠᠯᠳᠤᠭᠤᠯᠤᠨ᠂ ᠤᠷ᠎ᠠ ᠴᠢᠳᠠᠪᠤᠷᠢ ᠵᠢ ᠪᠣᠢ᠌ᠵᠢᠭᠤᠯᠬᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠨᠡᠶ᠋ᠢᠲᠡ ᠵᠢᠨ ᠠᠰᠠᠷᠠᠮᠵᠢ ᠵᠢᠨ ᠦᠢ᠍ᠯᠡᠳᠦᠯᠭᠡ᠎ᠠᠴᠠ ᠭᠠᠷᠳᠠᠵᠤ᠂ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠢ ᠪᠠᠶ᠋ᠢᠭᠤᠯᠵᠤ᠂ ᠲᠡᠭᠦᠨ᠎ᠢ ᠳᠡᠭᠡᠳᠦ ᠰᠤᠷᠭ᠋ᠠᠭᠤᠯᠢ ᠵᠢᠨ ᠬᠥᠮᠦᠨ ᠬᠥᠮᠦᠵᠢᠭᠦᠯᠬᠦ ᠰᠠᠭᠤᠷᠢᠨ ᠭᠠᠵᠠᠷ᠂ ᠰᠤᠷᠤᠭᠴᠢᠳ᠎ᠤᠨ ᠣᠶᠤᠨ ᠰᠠᠨᠠᠭ᠋ᠠᠨ᠎ᠤ ᠭᠡᠷ ᠣᠷᠣᠨ ᠪᠣᠯᠭ᠋ᠠᠪᠠ᠃

ᠣᠶ᠋ᠢᠷ᠎ᠠ ᠵᠢᠨ ᠵᠢᠯ᠂ ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ ᠶᠠᠪᠤᠴᠠ᠎ᠳᠤ᠂ ᠨᠠᠮ᠎ᠤᠨ ᠪᠠᠶ᠋ᠢᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠨ᠂ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠤᠨ ᠨᠠᠮ᠎ᠤᠨ ᠶᠡᠷᠦᠩᠬᠡᠢ ᠡᠭᠦᠷ᠎ᠢ ᠪᠠᠢ᠌ᠭᠤᠯᠤᠨ᠂ ᠰᠤᠷᠤᠭᠴᠢ ᠵᠢᠨ ᠨᠡᠶ᠋ᠢᠲᠡ ᠵᠢᠨ ᠪᠠᠶ᠋ᠢᠷᠢ ᠵᠢᠨ ᠠᠰᠠᠷ᠎ᠤᠨ ᠨᠠᠮ᠎ᠤᠨ ᠡᠭᠦᠷ 6 ᠵᠢ ᠪᠠᠶ᠋ᠢᠭᠤᠯᠵᠤ᠂ ᠨᠡᠶ᠋ᠢᠭᠡᠮ ᠲᠣᠭᠣᠷᠢᠭ᠎ᠤᠨ ᠨᠠᠮ᠎ᠤᠨ ᠡᠭᠦᠷ  ᠵᠶ᠋ᠠᠷ ᠳᠠᠶ᠋ᠢᠴᠢᠨ ᠪᠡᠬᠢᠯᠡᠯᠲᠡ ᠪᠣᠯᠭ᠋ᠠᠨ᠂ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ; ᠨᠠᠮ᠎ᠳᠤ ᠣᠷᠣᠬᠤ ᠢᠳᠡᠪᠬᠢᠲᠡᠨ᠂ ᠰᠢᠯᠢᠳᠡᠭ ᠡᠪᠯᠡᠯ᠎ᠤᠨ ᠭᠡᠰᠢᠭᠦᠨ᠎ᠢ ᠵᠣᠬᠢᠶᠠᠨ ᠪᠠᠶ᠋ᠢᠭᠤᠯᠤᠨ 《ᠥᠪᠡᠷ᠎ᠢ ᠵᠶ᠋ᠠᠨ ᠲᠠᠨᠢᠭᠤᠯᠵᠤ᠂ ᠬᠡᠪ ᠳᠠᠭᠤᠷᠢᠶᠠᠯ ᠦᠵᠡᠭᠦᠯᠦᠨ᠂ ᠦᠯᠢᠭᠡᠷ ᠳᠠᠭᠤᠷᠢᠶᠠᠯ ᠪᠣᠯᠬᠤ》᠎ᠪᠠᠷ ᠵᠣᠬᠢᠶᠠᠨ ᠪᠠᠶ᠋ᠢᠭᠤᠯᠵᠤ᠂ ᠨᠠᠮ᠎ᠤᠨ ᠪᠠᠶ᠋ᠢᠭᠤᠯᠤᠯᠲᠠ ᠵᠢ ᠨᠡᠶ᠋ᠢᠭᠡᠮ ᠲᠣᠭᠣᠷᠢᠭ᠎ᠤᠨ ᠬᠥᠮᠦᠨ ᠬᠥᠮᠦᠵᠢᠭᠦᠯᠬᠦ ᠠᠵᠢᠯ᠎ᠳᠤ ᠲᠤᠭᠤᠰᠢᠯᠠᠭᠤᠯᠤᠨ᠂ 《ᠰᠤᠷᠤᠭᠴᠢᠳ ᠬᠠᠮᠢᠭ᠎ᠠ ᠪᠠᠶ᠋ᠢᠪᠠᠯ᠂ ᠨᠠᠮ᠎ᠤᠨ ᠬᠥᠲᠦᠯᠦᠨ ᠳᠠᠭ᠋ᠠᠭᠤᠯᠬᠤ ᠲᠡᠨᠳᠡ ᠪᠠᠢ᠌ᠬᠤ》 ᠵᠢ ᠪᠠᠷᠢᠮᠲᠠᠯᠠᠪᠠ᠃

ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠᠰᠠ ᠦᠵᠡᠯ ᠰᠠᠨᠠᠭ᠎ᠠ ᠤᠯᠤᠰ ᠲᠥᠷᠥ ᠵᠢᠨ ᠪᠠᠭᠰᠢ᠂ ᠰᠤᠷᠤᠭᠴᠢ ᠵᠢᠨ ᠵᠢᠯᠤᠭᠤᠳᠤᠭᠴᠢ ᠪᠠᠭᠰᠢ᠂ ᠬᠠᠪᠰᠤᠷᠤᠨ ᠵᠢᠯᠣᠭᠣᠳᠣᠭᠴᠢ (ᠠᠩᠭᠢ ᠵᠢᠨ ᠡᠷᠬᠢᠯᠡᠭᠴᠢ)᠂ ᠠᠵᠢᠯ ᠣᠯᠵᠤ ᠦᠢ᠍ᠯᠡᠰ ᠪᠣᠰᠬᠠᠬᠤ ᠵᠢ ᠵᠢᠯᠣᠭᠣᠳᠬᠤ ᠲᠤᠰᠬᠠᠢ ᠮᠡᠷᠭᠡᠵᠢᠯ᠎ᠤᠨ ᠬᠦᠴᠦᠨ᠂ ᠰᠡᠳᠬᠢᠴᠡ ᠵᠢ ᠬᠠᠪᠰᠤᠷᠤᠨ ᠵᠢᠯᠣᠭᠣᠳᠬᠤ ᠲᠤᠰᠬᠠᠢ ᠮᠡᠷᠭᠡᠵᠢᠯ᠎ᠤᠨ ᠠᠵᠢᠯᠲᠠᠨ᠂ ᠠᠷᠤ ᠲᠠᠯ᠎ᠠ ᠵᠢᠨ ᠪᠠᠲᠤᠯᠠᠭ᠎ᠠ ᠵᠢᠨ ᠡᠩᠨᠡᠭᠡ ᠵᠢ ᠵᠣᠬᠢᠶᠠᠨ ᠪᠠᠶ᠋ᠢᠭᠤᠯᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠲᠤ ᠰᠠᠭᠤᠯᠭ᠋ᠠᠵᠤ᠂ ᠰᠤᠷᠤᠭᠴᠢᠳ᠎ᠤᠨ ᠪᠠᠶ᠋ᠢᠳᠠᠯ ᠪᠠ ᠡᠯ᠎ᠡ ᠲᠥᠷᠥᠯ᠎ᠤᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠡᠵᠡᠮᠰᠢᠵᠦ᠂ ᠰᠤᠷᠤᠭᠴᠢᠳ᠎ᠢ ᠬᠥᠲᠥᠯᠥᠨ ᠵᠢᠯᠣᠭᠣᠳᠴᠤ ᠡᠯ᠎ᠡ ᠵᠦᠢ᠍ᠯ᠎ᠤᠨ ᠬᠠᠷᠢᠴᠠᠭ᠎ᠠ᠂ ᠠᠮᠢᠳᠤᠷᠠᠯ ᠰᠤᠷᠤᠯᠴᠠᠯᠭ᠎ᠠ ᠵᠢᠨ ᠶᠠᠪᠤᠴᠠ᠎ᠳᠤ ᠲᠤᠯᠭ᠋ᠠᠷᠠᠭᠰᠠᠨ ᠬᠦᠴᠢᠷᠳᠡᠯ᠎ᠢ ᠵᠥᠪ ᠵᠶ᠋ᠠᠷ ᠰᠢᠢ᠍ᠳᠪᠦᠷᠢᠯᠡᠪᠡ; ᠰᠤᠷᠤᠭᠴᠢᠳ ᠵᠶ᠋ᠠᠷ ᠦᠵᠡᠯ ᠰᠠᠨᠠᠭ᠎ᠠ ᠣᠨᠣᠯ᠎ᠤᠨ ᠬᠥᠮᠦᠵᠢᠯ᠂ ᠦᠵᠡᠯ ᠰᠠᠨᠠᠭ᠎ᠠ ᠶᠣᠰᠣ ᠰᠤᠷᠲᠠᠬᠤᠨ᠎ᠤ ᠬᠥᠮᠦᠵᠢᠯ ᠪᠠ ᠬᠥᠮᠦᠨ ᠨᠡᠶ᠋ᠢᠭᠡᠮ᠎ᠤᠨ ᠬᠡᠪ ᠴᠢᠨᠠᠷ᠎ᠤᠨ ᠬᠥᠮᠦᠵᠢᠯ ᠬᠢᠯᠭᠡᠵᠦ᠂ ᠰᠤᠷᠤᠭᠴᠢᠳ᠎ᠢ ᠬᠥᠲᠥᠯᠥᠨ ᠵᠢᠯᠣᠭᠣᠳᠴᠤ ᠢᠷᠡᠭᠡᠳᠦᠢ ᠵᠢᠨ ᠠᠵᠢᠯ ᠮᠡᠷᠭᠡᠵᠢᠯ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠰᠠᠶ᠋ᠢᠲᠤᠷ ᠬᠢᠯᠭᠡᠨ᠂ ᠨᠡᠶ᠋ᠢᠭᠡᠮ  ᠳᠡᠭᠡᠷ᠎ᠡ ᠤᠷᠤᠭᠰᠢᠲᠠᠢ ᠭᠠᠷᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠪᠡ᠃

ᠡᠯ᠎ᠡ ᠵᠦᠢ᠍ᠯ᠎ᠤᠨ ᠡᠪᠯᠡᠯ ᠪᠦᠯᠬᠦᠮ ᠪᠠᠶ᠋ᠢᠭᠤᠯᠵᠤ᠂ ᠡᠯᠪᠡᠭ ᠪᠠᠶᠠᠯᠢᠭ ᠠᠭᠤᠯᠭ᠎ᠠ᠎ᠲᠠᠢ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ ᠰᠤᠷᠤᠭᠴᠢᠳ᠎ᠤᠨ ᠰᠢᠨ᠎ᠡ ᠵᠢ ᠡᠭᠦᠳᠬᠦ ᠴᠢᠳᠠᠪᠤᠷᠢ ᠪᠠ ᠦᠢ᠍ᠯᠡᠳᠦᠯᠭᠡ ᠵᠢᠨ ᠴᠢᠳᠠᠪᠤᠷᠢ ᠵᠢ ᠬᠥᠮᠦᠵᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠶ᠋ᠢᠭᠤᠯᠤᠯᠲᠠ ᠵᠢ ᠠᠬᠢᠭᠤᠯᠤᠨ᠂ ᠵᠠᠯᠠᠭᠤ ᠨᠠᠰᠤᠨ᠎ᠤ ᠬᠦᠴᠦᠨ᠎ᠢ ᠨᠢᠭᠲᠠᠷᠠᠭᠤᠯᠵᠤ᠂ ᠵᠠᠯᠠᠭᠤ ᠨᠠᠰᠤᠨ᠎ᠤ ᠴᠣᠭ ᠵᠢᠪᠬᠤᠭ᠎ᠠ ᠵᠢ ᠢᠯᠡᠷᠡᠭᠦᠯᠪᠡ᠃ ᠰᠤᠷᠤᠭᠴᠢᠳ᠎ᠢ ᠵᠣᠬᠢᠶᠠᠨ ᠪᠠᠶ᠋ᠢᠭᠤᠯᠤᠨ ᠡᠯ᠎ᠡ ᠲᠥᠷᠥᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠠᠵᠢᠯᠴᠢ ᠠᠷᠪᠢᠴᠢ᠎ᠪᠠᠷ ᠰᠤᠷᠭ᠋ᠠᠭᠤᠯᠢ ᠡᠷᠬᠢᠯᠡᠬᠦ ᠵᠡᠷᠭᠡ ᠬᠥᠳᠡᠯᠮᠦᠷᠢ ᠵᠢᠨ ᠦᠢ᠍ᠯᠡᠳᠦᠯᠭᠡ᠎ᠳᠤ ᠣᠷᠣᠯᠴᠠᠭᠤᠯᠤᠨ᠂ ᠰᠤᠷᠤᠭᠴᠢᠳ᠎ᠢ ᠬᠥᠳᠡᠯᠮᠦᠷᠢᠯᠡᠬᠦ ᠶᠠᠪᠤᠴᠠ᠎ᠳᠤ ᠴᠢᠳᠠᠪᠤᠷᠢ᠎ᠪᠠᠨ ᠨᠡᠮᠡᠭᠳᠡᠭᠦᠯᠦᠨ᠂ ᠣᠯᠤᠯᠲᠠ ᠲᠥᠷᠥᠭᠳᠡᠯ᠎ᠲᠠᠢ ᠪᠣᠯᠭ᠋ᠠᠬᠤ᠎ᠪᠠᠷ ᠬᠥᠲᠦᠯᠦᠨ ᠵᠢᠯᠣᠭᠣᠳᠪᠠ᠃

       

1.jpg

 

《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠵᠠᠭᠪᠤᠷ᠎ᠢ ᠪᠠᠢ᠌ᠭᠤᠯᠬᠤ ᠶᠠᠪᠤᠴᠠ᠎ᠳᠤ ᠰᠤᠷᠤᠭᠴᠢᠳ᠎ᠤᠨ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ ᠵᠢᠨ ᠲᠥᠯᠥᠭᠡ᠂ ᠳᠡᠭᠡᠳᠦ ᠰᠤᠷᠭ᠋ᠠᠭᠤᠯᠢ᠎ᠠᠴᠠ ᠰᠤᠷᠤᠭᠴᠢ ᠨᠠᠮ᠎ᠤᠨ ᠭᠡᠰᠢᠭᠦᠨ᠂ ᠨᠠᠮ᠎ᠳᠤ ᠣᠷᠣᠬᠤ ᠢᠳᠡᠪᠬᠢᠲᠡᠨ᠂ ᠰᠢᠯᠢᠳᠡᠭ ᠡᠪᠯᠡᠯ᠎ᠤᠨ ᠭᠡᠰᠢᠭᠦᠨ᠂ ᠰᠤᠷᠤᠭᠴᠢ ᠵᠢᠨ ᠭᠣᠣᠯᠯᠠᠭᠴᠢ ᠬᠦᠴᠦᠨ ᠵᠡᠷᠭᠡ ᠵᠢ ᠰᠣᠩᠭᠣᠵᠤ᠂ ᠰᠤᠷᠤᠭᠴᠢᠳ᠎ᠢ ᠨᠡᠶ᠋ᠢᠭᠡᠮ ᠲᠣᠭᠣᠷᠢᠭ᠎ᠤᠨ ᠲᠣᠣᠷᠵᠢᠭᠤᠯᠤᠭᠰᠠᠨ ᠬᠠᠮᠢᠶᠠᠷᠤᠯᠲᠠ ᠵᠢᠨ ᠡᠩᠨᠡᠭᠡ᠎ᠳᠤ ᠣᠷᠣᠭᠤᠯᠵᠤ᠂ ᠰᠤᠷᠤᠭᠴᠢᠳ᠎ᠤᠨ ᠥᠪᠡᠷ᠎ᠢ᠎ᠪᠠᠨ ᠬᠠᠮᠢᠶᠠᠷᠴᠤ ᠥᠪᠡᠷ᠎ᠤᠨ ᠪᠡᠶ᠎ᠡ᠎ᠳᠤ᠎ᠪᠠᠨ ᠦᠢ᠍ᠯᠡᠴᠢᠯᠡᠬᠦ᠎ᠪᠠᠷ ᠳᠠᠮᠵᠢᠭᠤᠯᠤᠨ᠂ ᠶᠡᠬᠡ ᠶᠠᠪᠤᠳᠠᠯ ᠪᠠᠭ᠎ᠠ ᠶᠠᠪᠤᠳᠠᠯ ᠳᠡᠷᠭᠡᠳᠡᠬᠢ ᠶᠠᠪᠤᠳᠠᠯ᠎ᠢ 《ᠨᠢᠭᠡ ᠥᠷᠲᠡᠭᠡ ᠮᠠᠶᠢᠭ》 ᠵᠶ᠋ᠠᠷ ᠰᠢᠢ᠍ᠳᠪᠦᠷᠢᠯᠡᠬᠦ ᠵᠢ ᠪᠡᠶᠡᠯᠡᠭᠦᠯᠪᠡ᠃

 

2.jpg

 

ᠡᠭᠦᠨ᠎ᠠᠴᠠ ᠭᠠᠳᠠᠨ᠎ᠠ᠂ ᠳᠡᠭᠡᠳᠦ ᠰᠤᠷᠭ᠋ᠠᠭᠤᠯᠢ ᠪᠠᠰᠠ ᠨᠡᠶ᠋ᠢᠲᠡ ᠵᠢᠨ ᠪᠠᠶ᠋ᠢᠷᠢ ᠵᠢᠨ ᠠᠰᠠᠷ ᠎ᠤᠨ ᠡᠷᠭᠢᠨ ᠲᠣᠭᠣᠷᠢᠨ᠎ᠤ ᠵᠢᠵᠢᠭ ᠣᠷᠣᠨ ᠵᠠᠢ ᠵᠢ ᠭᠦᠢ᠍ᠴᠡᠳ  ᠠᠰᠢᠭᠯᠠᠨ᠂ ᠨᠡᠶ᠋ᠢᠭᠡᠮ ᠲᠣᠭᠣᠷᠢᠭ᠎ᠤᠨ ᠴᠢᠳᠠᠮᠵᠢᠲᠤ ᠭᠡᠷ᠎ᠤᠨ ᠬᠠᠨ᠎ᠠ ᠵᠢᠨ ᠰᠣᠶᠣᠯ᠎ᠤᠨ ᠪᠠᠶ᠋ᠢᠭᠤᠯᠤᠯᠲᠠ ᠵᠢ ᠥᠷᠨᠢᠭᠦᠯᠵᠦ᠂ ᠬᠠᠨ᠎ᠠ ᠵᠢᠨ ᠬᠡᠷᠡᠮ ᠨᠢᠭᠡ ᠪᠦᠷᠢ ᠵᠢ ᠴᠥᠮ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ ᠪᠣᠯᠭ᠋ᠠᠨ᠂ ᠰᠤᠷᠤᠭᠴᠢᠳ᠎ᠤᠨ ᠦᠵᠡᠯ ᠰᠠᠨᠠᠭ᠎ᠠ ᠵᠠᠩ ᠮᠣᠷᠠᠯ ᠪᠠ ᠦᠢ᠍ᠯᠡ ᠠᠵᠢᠯᠯᠠᠭ᠎ᠠ ᠵᠢᠨ ᠳᠠᠳᠬᠠᠯ᠎ᠳᠤ ᠦᠵᠡᠭᠦᠯᠬᠦ ᠣᠷᠴᠢᠨ ᠲᠣᠭᠣᠷᠢᠨ᠎ᠤ ᠬᠥᠮᠦᠵᠢᠯ ᠪᠠ ᠨᠥᠯᠦᠭᠡᠯᠡᠬᠦ ᠦᠢ᠍ᠯᠡᠳᠦᠯ᠎ᠢ ᠪᠠᠳᠠᠷᠠᠭᠤᠯᠵᠤ᠂ ᠰᠤᠷᠤᠭᠴᠢᠳ᠎ᠤᠨ ᠨᠡᠶ᠋ᠢᠭᠡᠮ ᠲᠣᠭᠣᠷᠢᠭ᠎ᠢ ᠬᠠᠯᠠᠭᠤᠨ ᠳᠤᠯᠠᠭ᠋ᠠᠨ ᠭᠡᠷ ᠣᠷᠣᠨ ᠪᠣᠯᠭ᠋ᠠᠪᠠ᠃

ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠰᠤᠷᠤᠭᠴᠢᠳ ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠠᠵᠢᠯ᠎ᠢ ᠭᠠᠳᠠᠨ᠎ᠠ᠎ᠠᠴᠠ ᠲᠣᠳᠤᠭᠰᠢᠯᠠᠭᠤᠯᠵᠤ᠂ ᠪᠦᠬᠦ ᠲᠠᠯ᠎ᠠ᠎ᠳᠤ  ᠠᠭᠤᠰᠬᠠᠨ᠂ ᠰᠤᠷᠤᠭᠴᠢᠳ᠎ᠤᠨ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠪᠠ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠷᠳᠣᠰ ᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠶᠡᠬᠡ᠎ᠪᠠᠷ ᠠᠬᠢᠭᠤᠯᠪᠠ
ᠣᠷᠳᠣᠰ ᠬᠣᠲᠠ ᠵᠢᠨ ᠳᠠᠯᠠᠳ ᠬᠣᠰᠢᠭᠤ᠄ ᠣᠨᠴᠠᠭ᠋ᠠᠢ ᠬᠠᠮᠲᠤᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠦᠨ ᠬᠣᠲᠠ ᠬᠥᠳᠡᠭᠡ ᠵᠢ ᠠᠭᠤᠰᠬᠠᠨ ᠪᠥᠬᠦ ᠬᠡᠯᠬᠢᠶ᠎ᠡ᠎ᠳᠤ ᠦᠢ᠍ᠯᠡᠴᠢᠯᠡᠬᠦ ᠳᠣᠭᠲᠠᠯᠴᠠᠭ᠎ᠠ ᠵᠢ ᠪᠠᠶ᠋ᠢᠭᠤᠯᠪᠠ
ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ 《ᠵᠠᠭᠤᠨ ᠵᠢᠯ᠎ᠤᠨ ᠣᠭ ᠰᠠᠨᠠᠭ᠎ᠠ᠎ᠪᠠᠨ ᠦᠷᠭᠦᠯᠵᠢᠯᠡᠭᠦᠯᠵᠦ ᠬᠥᠮᠦᠨ᠎ᠢ ᠬᠥᠮᠦᠵᠢᠭᠦᠯᠬᠦ ᠳᠠᠷᠬᠠᠨ ᠬᠠᠷᠢᠭᠤᠴᠠᠯᠭ᠎ᠠ᠎ᠪᠠᠨ ᠡᠭᠦᠷᠭᠡᠯᠡᠬᠦ》 ᠨᠠᠮ᠎ᠤᠨ ᠲᠡᠦᠬᠡ ᠵᠢᠨ ᠮᠡᠳᠡᠯᠭᠡ ᠵᠢᠨ ᠤᠷᠤᠯᠳᠤᠭ᠋ᠠᠨ ᠵᠢᠴᠢ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠡᠷᠭᠢᠯᠡᠪᠡ
ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠳᠣᠪᠴᠢᠶᠠᠨ᠎ᠤ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ ᠤᠯᠤᠰ᠎ᠤᠨ ᠲᠠᠰ᠎ᠤᠨ ᠢᠷᠠᠭᠤ ᠠᠯᠳᠠᠷ᠎ᠢ ᠭᠥᠷᠳᠡᠪᠡ
ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠣᠯᠪᠤᠭ᠋ᠠᠯᠠᠨ ᠱᠠᠯᠠᠪᠳᠠᠨ ᠪᠠᠶ᠋ᠢᠴᠠᠭ᠋ᠠᠵᠤ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢᠨ ᠦᠷ᠎ᠡ ᠪᠦᠲᠦᠮᠵᠢ ᠣᠯᠬᠤ ᠵᠢ ᠠᠬᠢᠭᠤᠯᠪᠠ
 
             蒙ICP备05000248号