ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠣᠯ᠎ᠤᠨ ᠣᠷᠳᠣᠰ ᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠶᠡᠬᠡ᠎ᠪᠠᠷ ᠠᠬᠢᠭᠤᠯᠪᠠ
ᠨᠡᠶ᠋ᠢᠲᠡᠯᠡᠭᠰᠡᠨ ᠴᠠᠭ᠄ 2025-06-12

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠤᠳᠠ ᠶᠡᠷᠦᠩᠬᠡᠢ ᠱᠦᠵᠢ ᠰᠢ᠎ᠵᠢᠨ᠎ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠰᠢᠰᠲ᠋ᠧᠮ᠎ᠲᠠᠢ ᠠᠬᠢᠭᠤᠯᠤᠨ᠂ ᠪᠡᠶ᠎ᠡ ᠵᠢᠨ ᠲᠠᠮᠢᠷ᠎ᠤᠨ ᠰᠤᠷᠭ᠋ᠠᠨ ᠬᠥᠮᠦᠵᠢᠯ᠎ᠢ 《ᠠᠮᠢᠳᠤᠯᠢᠭᠵᠢᠭᠤᠯᠵᠤ》᠂ ᠪᠡᠶ᠎ᠡ ᠵᠢᠨ ᠲᠠᠮᠢᠷ᠎ᠤᠨ ᠲᠠᠯᠠᠪᠠᠢ ᠣᠷᠳᠣᠨ᠎ᠢ 《ᠬᠡᠷᠡᠭᠯᠡᠵᠦ》᠂ ᠥᠷᠭᠡᠨ ᠣᠯᠠᠨ ᠰᠤᠷᠤᠭᠴᠢ ᠵᠢ 《ᠬᠥᠳᠡᠯᠭᠡᠵᠦ》᠂ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠬᠢᠷᠢ ᠲᠦᠪᠰᠢᠨ᠎ᠤ ᠳᠡᠭᠡᠭᠰᠢᠯᠡᠯᠲᠡ ᠵᠢ ᠪᠦᠬᠦ ᠲᠠᠯ᠎ᠠ᠎ᠪᠠᠷ ᠠᠬᠢᠭᠤᠯᠵᠤ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠴᠢᠷᠮᠠᠶ᠋ᠢᠨ ᠬᠥᠮᠦᠵᠢᠭᠦᠯᠪᠡ᠃

ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠡᠶ᠎ᠡ ᠵᠢᠨ ᠲᠠᠮᠢᠷ᠎ᠤᠨ ᠰᠤᠷᠭ᠋ᠠᠨ ᠬᠥᠮᠦᠵᠢᠯ᠎ᠢ ᠦᠨᠡᠨ ᠬᠦ᠌ 《ᠠᠮᠢᠳᠤᠯᠢᠭᠵᠢᠭᠤᠯᠪᠠ》᠃ ᠰᠤᠷᠤᠭᠴᠢᠳ᠎ᠤᠨ ᠪᠡᠶ᠎ᠡ ᠮᠠᠬᠠᠪᠣᠳ᠎ᠢ ᠪᠣᠯᠪᠠᠰᠤᠷᠠᠭᠤᠯᠬᠤ ᠲᠥᠯᠥᠪᠯᠡᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 《13315》 ᠲᠣᠭᠲᠠᠴᠠ ᠵᠢᠨ ᠰᠢᠨ᠎ᠡ ᠵᠢ ᠡᠭᠦᠳᠦᠨ᠂ ᠡᠳᠦᠷ ᠪᠦᠷᠢ 1 ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠬᠢᠴᠢᠶᠡᠯ᠂ ᠥᠷᠯᠥᠭᠡ ᠪᠣᠯᠭ᠋ᠠᠨ 30 ᠮᠢᠨᠦ᠋ᠲ᠎ᠤᠨ 《ᠪᠡᠯᠡᠳᠭᠡᠯ ᠪᠡᠶ᠎ᠡ ᠵᠢᠨ ᠲᠠᠮᠢᠷ》 ᠭᠡᠬᠦ ᠥᠷᠯᠥᠭᠡ ᠵᠢᠨ ᠪᠣᠯᠪᠠᠰᠤᠷᠠᠯ᠎ᠤᠨ ᠬᠥᠳᠡᠯᠭᠡᠭᠡᠨ᠂ ᠡᠳᠦᠷ ᠪᠦᠷᠢ ᠵᠢᠨ ᠦᠳᠡ ᠵᠢᠨ ᠬᠣᠢ᠌ᠨ᠎ᠠ 30 ᠮᠢᠨᠦ᠋ᠲ᠎ᠤᠨ ᠨᠠᠷᠠᠨ ᠭᠡᠷᠡᠯᠲᠦ ᠪᠡᠶ᠎ᠡ ᠵᠢᠨ ᠲᠠᠮᠢᠷ᠎ᠤᠨ ᠲᠣᠮᠤ ᠬᠢᠴᠢᠶᠡᠯ᠎ᠤᠨ ᠵᠠᠪᠰᠠᠷᠯᠠᠭ᠎ᠠ ᠵᠢᠨ ᠬᠥᠳᠡᠯᠭᠡᠭᠡᠨ᠎ᠢ ᠲᠣᠬᠢᠷᠠᠭᠤᠯᠤᠨ᠂ ᠡᠳᠦᠷ ᠪᠦᠷᠢ ᠵᠢᠨ ᠦᠳᠡ ᠵᠢᠨ ᠡᠮᠦᠨ᠎ᠡ 15 ᠮᠢᠨᠦ᠋ᠲ᠎ᠤᠨ ᠬᠢᠴᠢᠶᠡᠯ᠎ᠤᠨ ᠵᠠᠪᠰᠠᠷᠯᠠᠭ᠎ᠠ ᠵᠢᠨ ᠬᠥᠳᠡᠯᠭᠡᠭᠡᠨ᠎ᠢ ᠪᠠᠲᠤᠯᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠎ᠤᠨ ᠡᠳᠦᠷ ᠪᠦᠷᠢ ᠵᠢᠨ ᠶᠡᠷᠦᠩᠬᠡᠶ᠋ᠢᠯᠡᠭᠰᠡᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠴᠠᠭ᠎ᠢ 2 ᠴᠠᠭ ᠪᠣᠯᠭ᠋ᠠᠪᠠ᠃ ᠬᠢᠴᠢᠶᠡᠯ᠎ᠤᠨ ᠬᠣᠭᠣᠷᠣᠨᠳᠣᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠳᠦᠷᠢᠮ᠎ᠢ ᠬᠡᠷᠡᠭᠵᠢᠭᠦᠯᠵᠦ᠂ ᠰᠤᠷᠤᠭᠴᠢᠳ᠎ᠢ ᠵᠣᠬᠢᠶᠠᠨ ᠪᠠᠶ᠋ᠢᠭᠤᠯᠤᠨ ᠷᠠᠳᠢᠣ᠋ ᠲᠠᠮᠢᠷ᠂ ᠳᠡᠭᠡᠰᠦ ᠦᠰᠦᠷᠬᠦ ᠵᠡᠷᠭᠡ ᠬᠠᠮᠲᠤ᠎ᠳᠤ᠎ᠪᠠᠨ ᠪᠣᠯᠪᠠᠰᠤᠷᠠᠬᠤ ᠠᠵᠢᠯᠯᠠᠭ᠎ᠠ ᠵᠢ ᠥᠷᠨᠢᠭᠦᠯᠦᠨ᠂ ᠰᠤᠷᠤᠭᠴᠢᠳ᠎ᠤᠨ ᠪᠡᠶ᠎ᠡ ᠮᠠᠬᠠᠪᠣᠳ᠎ᠢ ᠢᠯᠡᠳᠲᠡ ᠰᠠᠢ᠌ᠵᠢᠷᠠᠭᠤᠯᠤᠨ᠂ 2024 ᠣᠨ᠎ᠤ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠰᠢᠯᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠂ ᠰᠢᠯᠢᠳᠡᠭ᠎ᠤᠨ ᠨᠣᠷᠮ᠎ᠠ ᠵᠢ ᠲᠤᠰ ᠲᠤᠰ 93.25%᠂ 52.2%᠎ᠲᠤ ᠬᠦᠷᠭᠡᠨ᠂ 2% ᠪᠠ 6%᠎ᠪᠠᠷ ᠳᠡᠭᠡᠭᠰᠢᠯᠡᠭᠦᠯᠪᠡ᠃ ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠥᠭᠡ ᠵᠡᠷᠭᠡ ᠭᠤᠷᠪᠠᠨ ᠶᠡᠬᠡ ᠪᠥᠮᠪᠥᠭᠡ ᠵᠢᠨ ᠣᠨᠴᠠᠯᠢᠭᠲᠤ ᠬᠢᠴᠢᠶᠡᠯ᠎ᠢ ᠭᠦᠨᠵᠡᠭᠡᠢ᠌ᠷᠡᠭᠦᠯᠵᠦ᠂ ᠪᠣᠷᠤᠤᠬᠠᠢ ᠰᠢᠳᠡᠬᠦ᠂ ᠰᠤᠷ ᠬᠠᠷᠪᠤᠬᠤ᠂ ᠪᠥᠬᠡ ᠪᠠᠷᠢᠯᠳᠤᠬᠤ ᠵᠡᠷᠭᠡ ᠦᠨᠳᠦᠰᠦᠲᠡᠨ᠎ᠤ ᠪᠠ ᠠᠷᠠᠳ᠎ᠤᠨ ᠤᠯᠠᠮᠵᠢᠯᠠᠯᠲᠤ ᠪᠡᠶ᠎ᠡ ᠵᠢᠨ ᠲᠠᠮᠢᠷ ᠎ᠤᠨ ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ ᠳᠡᠭᠡᠰᠦ ᠦᠰᠦᠷᠬᠦ᠂ ᠵᠥᠭᠡᠯᠡᠨ ᠰᠢᠳᠠᠮ ᠪᠡᠬᠢᠯᠡᠯᠲᠡ ᠪᠥᠮᠪᠥᠭᠡ ᠵᠡᠷᠭᠡ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠢ ᠨᠡᠭᠡᠭᠡᠨ ᠬᠥᠭᠵᠢᠭᠦᠯᠵᠦ᠂ ᠣᠷᠣᠨ ᠨᠤᠲᠤᠭ᠎ᠤᠨ ᠣᠨᠴᠠᠯᠢᠭ᠎ᠢ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ᠎ᠳᠤ ᠠᠭᠤᠰᠬᠠᠨ᠂ ᠵᠢᠭ᠋ᠠᠨ ᠰᠤᠷᠭ᠋ᠠᠯᠲᠠ ᠵᠢᠨ ᠲᠠᠲᠠᠬᠤ ᠬᠦᠴᠦᠨ᠎ᠢ ᠴᠢᠩᠭ᠋ᠠᠷᠠᠭᠤᠯᠪᠠ᠃ 《ᠪᠡᠶ᠎ᠡ ᠵᠢᠨ ᠲᠠᠮᠢᠷ + ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ》 ᠵᠢᠭ᠋ᠠᠨ ᠰᠤᠷᠭ᠋ᠠᠯᠲᠠ ᠵᠢᠨ ᠵᠠᠭᠪᠤᠷ᠎ᠢ ᠬᠡᠷᠡᠭᠵᠢᠭᠦᠯᠵᠦ᠂ ᠣᠶᠤᠨᠴᠢ AI ᠪᠡᠶ᠎ᠡ ᠵᠢᠨ ᠲᠠᠮᠢᠷ᠎ᠢ ᠢᠯᠭ᠋ᠠᠨ ᠲᠠᠨᠢᠬᠤ ᠰᠢᠰᠲ᠋ᠧᠮ᠎ᠢ ᠣᠷᠣᠭᠤᠯᠵᠤ᠂ 《ᠨᠢᠭᠡ ᠰᠤᠷᠤᠭᠴᠢ ᠨᠢᠭᠡ ᠳᠠᠩᠰᠠ ᠡᠪᠬᠡᠮᠡᠯ》᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠤᠷ᠎ᠠ ᠴᠢᠳᠠᠪᠤᠷᠢ ᠵᠢᠨ ᠬᠢᠷᠢ ᠲᠦᠪᠰᠢᠨ᠎ᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ᠂ ᠪᠡᠶ᠎ᠡ  ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢᠨ ᠪᠦᠬᠦ ᠶᠠᠪᠤᠴᠠ ᠵᠢᠨ ᠲᠣᠭ᠎ᠠ ᠪᠠᠷᠢᠮᠲᠠᠵᠢᠭᠤᠯᠤᠯᠲᠠ᠂ ᠦᠵᠡᠵᠦ ᠪᠣᠯᠬᠤᠢ᠌ᠴᠠ᠂ ᠨᠠᠷᠢᠯᠢᠭᠵᠢᠭᠤᠯᠤᠯᠲᠠ ᠵᠢ ᠪᠡᠶᠡᠯᠡᠭᠦᠯᠪᠡ᠃ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠴᠤ ᠦᠨᠡᠯᠡᠨ ᠵᠢᠱ᠌ᠢᠬᠦ ᠶᠠᠪᠤᠴᠠ᠎ᠳᠤ 《ᠪᠡᠶ᠎ᠡ ᠵᠢᠨ ᠲᠠᠮᠢᠷ᠎ᠤᠨ ᠦᠨᠡᠯᠡᠯᠲᠡ ᠵᠢᠨ ᠥᠭᠡᠷᠡᠴᠢᠯᠡᠯᠲᠡ》 ᠵᠢᠨ ᠭᠦᠢ᠍ᠴᠡᠳᠬᠡᠯ ᠲᠣᠭ᠎ᠠ ᠵᠢ ᠳᠤᠰᠠᠭ᠋ᠠᠷ ᠵᠢᠭᠰᠠᠭ᠋ᠠᠵᠤ᠂ 《ᠤᠯᠤᠰ᠎ᠤᠨ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠪᠠᠷᠢᠮᠵᠢᠶ᠎ᠠ》᠎ᠳᠠᠬᠢ ᠬᠠᠮᠲᠤ ᠨᠡᠢ᠌ᠲᠡ ᠵᠢᠨ ᠰᠢᠯᠢᠳᠡᠭ᠎ᠤᠨ ᠨᠣᠷᠮ᠎ᠠ ᠵᠢ 60%᠎ᠳᠤ ᠬᠦᠷᠭᠡᠭᠰᠡᠨ ᠪᠠ ᠬᠢᠷᠢ ᠲᠡᠩᠴᠡᠭᠰᠡᠨ ᠨᠣᠷᠮ᠎ᠠ ᠵᠢ 95%᠎ᠳᠤ ᠬᠦᠷᠭᠡᠭᠰᠡᠨ ᠬᠣᠰᠢᠭᠤ ᠲᠣᠭᠣᠷᠢᠭ᠂ ᠰᠢᠯᠢᠳᠡᠭ᠎ᠤᠨ ᠨᠣᠷᠮ᠎ᠠ ᠵᠢ 70%᠎ᠳᠤ ᠬᠦᠷᠭᠡᠭᠰᠡᠨ ᠪᠠ ᠬᠢᠷᠢ ᠲᠡᠩᠴᠡᠭᠰᠡᠨ ᠨᠣᠷᠮ᠎ᠠ ᠵᠢ 98%᠎ᠳᠤ ᠬᠦᠷᠭᠡᠭᠰᠡᠨ ᠰᠤᠷᠭ᠋ᠠᠭᠤᠯᠢ ᠵᠢ ᠱᠠᠩᠨᠠᠨ ᠵᠣᠷᠢᠭᠵᠢᠭᠤᠯᠵᠤ᠂ 《ᠡᠳᠦᠷ ᠲᠤᠲᠤᠮ᠎ᠤᠨ ᠠᠵᠢᠯ᠎ᠢ ᠴᠢᠬᠤᠯᠠᠴᠢᠯᠠᠵᠤ᠂ ᠤᠷ᠎ᠠ ᠴᠢᠳᠠᠪᠤᠷᠢ ᠵᠢ ᠴᠢᠩᠭ᠋ᠠᠳᠬᠠᠵᠤ᠂ ᠡᠷᠡᠭᠦᠯ ᠮᠡᠨᠳᠦ ᠵᠢ ᠠᠬᠢᠭᠤᠯᠬᠤ》 ᠪᠡᠶ᠎ᠡ ᠵᠢᠨ ᠲᠠᠮᠢᠷ᠎ᠤᠨ ᠬᠥᠮᠦᠨ ᠬᠥᠮᠦᠵᠢᠭᠦᠯᠬᠦ ᠰᠢᠨ᠎ᠡ ᠪᠠᠢ᠌ᠷᠢᠰᠢᠯᠠᠭᠤᠯᠤᠯᠲᠠ ᠵᠢ ᠪᠣᠢ ᠪᠣᠯᠭ᠋ᠠᠬᠤ ᠵᠢ ᠠᠬᠢᠭᠤᠯᠪᠠ᠃

ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠠᠪᠴᠤ ᠪᠡᠶ᠎ᠡ ᠵᠢᠨ ᠲᠠᠮᠢᠷ᠎ᠤᠨ ᠣᠷᠳᠣᠨ᠎ᠢ ᠦᠨᠡᠨ ᠬᠦ᠌ 《ᠬᠡᠷᠡᠭᠯᠡᠪᠡ》 ᠃ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠰᠤᠷᠭ᠋ᠠᠭᠤᠯᠢ ᠪᠦᠲᠦᠭᠡᠨ ᠪᠠᠢ᠌ᠭᠤᠯᠤᠯᠲᠠ ᠵᠢ ᠲᠥᠯᠦᠪᠵᠢᠭᠦᠯᠬᠦ ᠦᠶ᠎ᠡ᠎ᠳᠤ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠲᠠᠯᠠᠪᠤᠷ ᠭᠠᠵᠠᠷ᠎ᠢ ᠨᠢᠭᠡᠳᠦᠯᠲᠡᠢ ᠲᠥᠯᠥᠪᠯᠡᠨ ᠪᠠᠶ᠋ᠢᠷᠢᠰᠢᠭᠤᠯᠵᠤ᠂ ᠣᠶᠤᠨᠴᠢ ᠪᠡᠶ᠎ᠡ ᠵᠢᠨ ᠲᠠᠮᠢᠷ᠎ᠤᠨ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠪᠦᠬᠦ ᠬᠣᠲᠠ᠎ᠳᠤ ᠣᠳᠣ ᠨᠢᠭᠡᠨᠲᠡ AI ᠣᠶᠤᠨᠴᠢ ᠪᠡᠶ᠎ᠡ ᠵᠢᠨ ᠲᠠᠮᠢᠷ᠎ᠤᠨ ᠲᠠᠯᠠᠪᠠᠢ 30 ᠵᠢ ᠪᠠᠶ᠋ᠢᠭᠤᠯᠵᠤ᠂ ᠪᠡᠶ᠎ᠡ ᠵᠢᠨ ᠲᠠᠮᠢᠷ᠎ᠤᠨ ᠬᠥᠳᠡᠯᠭᠡᠭᠡᠨ ᠪᠣᠯᠤᠨ ᠵᠢᠭ᠋ᠠᠨ ᠰᠤᠷᠭ᠋ᠠᠯᠲᠠ ᠵᠢᠨ 《ᠲᠣᠭ᠎ᠠ ᠪᠠᠷᠢᠮᠲᠠᠵᠢᠭᠤᠯᠤᠯᠲᠠ᠂ ᠦᠵᠡᠵᠦ ᠪᠣᠯᠬᠤᠢ᠌ᠴᠠ᠂ ᠨᠠᠷᠢᠯᠢᠭᠵᠢᠭᠤᠯᠤᠯᠲᠠ》 ᠵᠢ ᠪᠡᠶᠡᠯᠡᠭᠦᠯᠪᠡ᠃ ᠡᠯ᠎ᠡ ᠰᠤᠷᠭ᠋ᠠᠭᠤᠯᠢ ᠵᠢ ᠰᠢᠪᠠᠳᠠᠭᠤᠯᠤᠨ ᠪᠡᠶ᠎ᠡ ᠵᠢᠨ ᠲᠠᠮᠢᠷ᠎ᠤᠨ ᠲᠠᠯᠠᠪᠤᠷ ᠪᠣᠯᠤᠨ ᠬᠣᠭᠣᠰᠣᠨ ᠭᠠᠵᠠᠷ᠎ᠢ ᠬᠡᠰᠡᠭᠴᠢᠯᠡᠨ ᠪᠠᠢ᠌ᠷᠢᠰᠢᠭᠤᠯᠵᠤ᠂ ᠠᠳᠠᠯᠢ ᠪᠤᠰᠤ ᠵᠢᠵᠢᠭ ᠬᠡᠯᠪᠡᠷᠢ ᠵᠢᠨ ᠬᠥᠳᠡᠯᠭᠡᠭᠡᠨ᠎ᠤ ᠪᠠᠭ᠋ᠠᠵᠢ ᠬᠡᠷᠡᠭᠰᠡᠯ ᠪᠠ ᠬᠠᠷᠰᠢ ᠰᠠᠭ᠋ᠠᠳ ᠪᠠᠭ᠋ᠠᠵᠢ ᠬᠡᠷᠡᠭᠰᠡᠯ᠎ᠢ ᠲᠠᠯᠪᠢᠵᠤ᠂ ᠣᠨᠴᠠᠭ᠋ᠠᠢ ᠪᠡᠶ᠎ᠡ ᠮᠠᠬᠠᠪᠣᠳ᠎ᠲᠠᠢ ᠰᠤᠷᠤᠭᠴᠢᠳ᠎ᠲᠤ ᠳᠡᠭᠡᠳᠦ ᠬᠡᠮᠵᠢᠶᠡᠨ᠎ᠤ ᠠᠩᠬᠠᠷᠤᠯ ᠬᠠᠨᠳᠤᠭᠤᠯᠵᠤ᠂ ᠣᠨᠴᠠᠭ᠋ᠠᠢ ᠬᠥᠳᠡᠯᠭᠡᠭᠡᠨ ᠬᠢᠬᠦ ᠣᠷᠣᠨ ᠵᠠᠢ ᠭᠠᠷᠭ᠋ᠠᠵᠤ᠂ ᠳᠣᠣᠷ᠎ᠠ ᠬᠦᠴᠦᠯᠡᠴᠡ᠂ ᠳᠣᠣᠷ᠎ᠠ ᠨᠢᠭᠲᠠᠴᠠᠲᠤ ᠬᠥᠳᠡᠯᠭᠡᠭᠡᠨ ᠬᠢᠯᠭᠡᠪᠡ᠃ 《ᠬᠢᠴᠢᠶᠡᠯ ᠰᠣᠩᠭᠣᠵᠤ ᠠᠩᠭᠢ ᠰᠢᠯᠵᠢᠬᠦ ᠳᠦᠷᠢᠮ》᠎ᠤᠨ ᠵᠢᠭ᠋ᠠᠨ ᠰᠤᠷᠭ᠋ᠠᠯᠲᠠ ᠵᠢᠨ ᠲᠤᠷᠰᠢᠯᠲᠠ ᠵᠢ ᠥᠷᠨᠢᠭᠦᠯᠵᠦ᠂ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠤ ᠬᠥᠳᠡᠯᠭᠡᠭᠡᠨ᠎ᠤ ᠲᠥᠬᠦᠭᠡᠷᠦᠮᠵᠢ ᠵᠢ ᠳᠡᠰ ᠳᠡᠪᠰᠢᠭᠦᠯᠦᠨ᠂ ᠨᠢᠰᠦᠭᠡ ᠲᠠᠪᠠᠭ᠂ ᠲᠣᠣᠷ ᠪᠥᠮᠪᠥᠭᠡ᠂ ᠰᠢᠳᠠᠮ ᠪᠡᠬᠢᠯᠡᠯᠲᠡ ᠪᠥᠮᠪᠥᠭᠡ᠂᠎ᠲᠠᠢ ᠴᠢᠦᠸᠡᠨ ᠳ᠋ᠤᠤ᠂ ᠬᠦᠷᠳᠦᠲᠦ ᠲᠡᠰᠢᠯᠲᠡ᠂ ᠳᠡᠭᠡᠰᠦ ᠦᠰᠦᠷᠬᠦ᠂ ᠬᠥᠭᠵᠢᠶᠡᠨᠲᠦ ᠪᠡᠶ᠎ᠡ ᠵᠢᠨ ᠲᠠᠮᠢᠷ ᠵᠡᠷᠭᠡ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠢ ᠨᠡᠮᠡᠭᠳᠡᠭᠦᠯᠦᠨ᠂ ᠰᠤᠷᠤᠭᠴᠢᠳ᠎ᠤᠨ ᠣᠷᠣᠯᠴᠠᠬᠤ ᠢᠳᠡᠪᠬᠢᠵᠢᠯ᠎ᠢ ᠳᠡᠭᠡᠭᠰᠢᠯᠡᠭᠦᠯᠪᠡ᠃ ᠠᠮᠠᠷᠠᠯᠲᠠ ᠵᠢᠨ ᠬᠤᠭᠤᠴᠠᠭ᠋ᠠᠨ᠎ᠳᠤ ᠰᠤᠷᠭ᠋ᠠᠭᠤᠯᠢ ᠵᠢᠨ ᠲᠠᠯᠠᠪᠤᠷ ᠣᠷᠳᠣᠨ᠎ᠢ ᠭᠦᠢ᠍ᠴᠡᠳ ᠠᠰᠢᠭᠯᠠᠨ᠂ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ 《ᠬᠣᠲᠠ ᠵᠢᠨ ᠳᠠᠷᠤᠭ᠎ᠠ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ᠂ ᠬᠡᠦᠬᠡᠳ᠎ᠤᠨ ᠶᠡᠷᠦᠩᠬᠡᠢ᠌ᠯᠡᠭᠰᠡᠨ ᠴᠢᠨᠠᠷᠲᠠᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠂ ᠡᠪᠦᠯ᠎ᠤᠨ ᠤᠯᠠᠷᠢᠯ᠎ᠤᠨ ᠬᠤᠯᠠ ᠭᠦᠶᠦᠯᠲᠡ ᠵᠢᠨ ᠤᠷᠤᠯᠳᠤᠭ᠋ᠠᠨ᠂ ᠬᠣᠲᠠ ᠵᠢᠨ ᠣᠶᠤᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠤᠷᠤᠯᠳᠤᠭ᠋ᠠᠨ᠎ᠢ ᠪᠠᠢ᠌ᠩᠭᠤ ᠡᠷᠬᠢᠯᠡᠵᠦ᠂ ᠰᠤᠷᠤᠭᠴᠢᠳ᠎ᠲᠤ ᠥᠨᠳᠥᠷ ᠬᠢᠷᠢ ᠲᠦᠪᠰᠢᠨᠲᠦ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠲᠠᠪᠴᠠᠩ᠎ᠢ ᠪᠠᠶ᠋ᠢᠭᠤᠯᠤᠨ ᠥᠭᠴᠦ᠂ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠢ ᠬᠡᠷᠡᠭᠯᠡᠬᠦ ᠦᠢ᠍ᠯᠡᠳᠦᠯ ᠴᠢᠳᠠᠪᠬᠢ ᠵᠢ ᠬᠥᠭᠵᠢᠭᠡᠪᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ᠂ ᠬᠡᠰᠡᠭ ᠪᠦᠯᠦᠭ ᠡᠯᠡᠰᠦᠨ ᠴᠥᠯ᠎ᠳᠤ ᠶᠠᠪᠠᠭ᠋ᠠᠨ ᠠᠯᠬᠤᠬᠤ ᠰᠠᠭᠤᠷᠢᠨ ᠭᠠᠵᠠᠷ᠂ ᠲᠠᠯ᠎ᠠ ᠨᠤᠲᠤᠭ᠎ᠤᠨ ᠬᠥᠯ ᠪᠥᠮᠪᠥᠭᠡ ᠵᠢᠨ ᠪᠣᠯᠪᠠᠰᠤᠷᠠᠯ᠎ᠤᠨ ᠪᠠᠭᠤᠴᠠ ᠵᠡᠷᠭᠡ ᠣᠨᠴᠠᠯᠢᠭᠲᠤ ᠪᠡᠶ᠎ᠡ ᠵᠢᠨ ᠲᠠᠮᠢᠷ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠡᠯᠡᠰᠦᠨ ᠴᠥᠯ᠎ᠳᠤ ᠶᠠᠪᠠᠭ᠋ᠠᠨ ᠠᠯᠬᠤᠬᠤ ᠰᠠᠭᠤᠷᠢᠨ ᠭᠠᠵᠠᠷ᠎ᠨᠢ ᠡᠯᠡᠰᠦᠨ ᠴᠥᠯ᠎ᠳᠤ ᠶᠠᠪᠠᠭ᠋ᠠᠨ ᠠᠯᠬᠤᠬᠤ᠂ ᠡᠯᠡᠰᠦᠨ ᠴᠥᠯ᠎ᠤᠨ ᠮᠠᠷᠠᠽᠤᠨ ᠭᠡᠬᠦ ᠣᠨᠴᠠᠯᠢᠭᠲᠤ ᠬᠥᠳᠡᠯᠭᠡᠭᠡᠨ᠎ᠢ ᠪᠠᠢ᠌ᠩᠭᠤ ᠥᠷᠨᠢᠭᠦᠯᠵᠦ᠂ ᠵᠠᠯᠠᠭᠤᠴᠤᠳ᠎ᠤᠨ ᠬᠥᠯ ᠪᠥᠮᠪᠥᠭᠡ ᠵᠢᠨ ᠪᠣᠯᠪᠠᠰᠤᠷᠠᠯ ᠎ᠤᠨ ᠪᠠᠭᠤᠴᠠ᠎ᠨᠢ ᠡᠯ᠎ᠡ ᠰᠤᠷᠤᠯᠭ᠎ᠠ ᠵᠢᠨ ᠱᠠᠲᠤᠨ᠎ᠤ ᠰᠤᠷᠤᠭᠴᠢᠳ᠎ᠤᠨ ᠦᠨᠳᠦᠰᠦᠨ ᠮᠡᠷᠭᠡᠵᠢᠯ᠎ᠤᠨ ᠪᠣᠯᠪᠠᠰᠤᠷᠠᠯ᠂ ᠪᠡᠶ᠎ᠡ ᠮᠠᠬᠠᠪᠤᠳ᠎ᠤᠨ ᠣᠨᠴᠠ ᠪᠣᠯᠪᠠᠰᠤᠷᠠᠯ᠂ ᠤᠷᠤᠯᠳᠤᠬᠤ ᠤᠷ᠎ᠠ ᠳᠡᠮ᠎ᠤᠨ ᠤᠬᠠᠮᠰᠠᠷ᠎ᠢ ᠪᠣᠢ᠌ᠵᠢᠭᠤᠯᠬᠤ ᠵᠢᠴᠢ ᠪᠦᠯᠬᠦᠮ᠎ᠤᠨ ᠬᠠᠮᠵᠢᠯᠴᠠᠬᠤ ᠦᠢ᠍ᠯᠡᠳᠦᠯᠭᠡ ᠵᠡᠷᠭᠡ ᠬᠥᠯ ᠪᠥᠮᠪᠥᠭᠡ ᠵᠢᠨ ᠲᠥᠷᠥᠯ ᠵᠦᠢ᠍ᠯ᠎ᠤᠨ ᠠᠵᠢᠯᠯᠠᠭ᠎ᠠ ᠵᠢ ᠥᠷᠨᠢᠭᠦᠯᠵᠦ᠂ 《ᠣᠷᠴᠢᠨ ᠲᠣᠭᠣᠷᠢᠨ᠎ᠳᠤ ᠵᠣᠬᠢᠴᠠᠭᠰᠠᠨ + ᠮᠡᠷᠭᠡᠵᠢᠯ ᠴᠢᠳᠠᠪᠤᠷᠢ ᠴᠠᠭ᠋ᠠᠷᠠᠭᠰᠠᠨ + ᠰᠡᠳᠬᠢᠴᠡ ᠵᠢᠨ ᠪᠠᠶ᠋ᠢᠭᠤᠯᠤᠯᠲᠠ》 ᠭᠡᠬᠦ ᠪᠣᠰᠣᠭ᠎ᠠ ᠴᠣᠭᠴᠠᠲᠤ ᠬᠥᠮᠦᠨ ᠬᠥᠮᠦᠵᠢᠭᠦᠯᠬᠦ ᠳᠣᠭᠲᠠᠯᠴᠠᠭ᠎ᠠ ᠵᠢ ᠪᠠᠢ᠌ᠭᠤᠯᠤᠨ᠂ ᠪᠡᠶ᠎ᠡ ᠮᠠᠬᠠᠪᠣᠳ᠎ᠤᠨ ᠪᠣᠯᠪᠠᠰᠤᠷᠠᠯ ᠪᠣᠯᠤᠨ ᠵᠣᠷᠢᠭ ᠰᠠᠨᠠᠭ᠎ᠠ ᠬᠡᠪ ᠴᠢᠨᠠᠷ᠎ᠢ  ᠪᠣᠯᠪᠠᠰᠤᠷᠠᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠪᠠ ᠪᠦᠯᠬᠦᠮ ᠨᠡᠶ᠋ᠢᠲᠡ ᠵᠢᠨ ᠵᠣᠷᠢᠭ ᠰᠠᠨᠠᠭ᠎ᠠ ᠵᠢ ᠪᠣᠶ᠋ᠢᠵᠢᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠰᠤᠷᠤᠭᠴᠢᠳ᠎ᠤᠨ ᠳᠠᠷᠤᠯᠲᠠ ᠵᠢ ᠡᠰᠡᠷᠭᠦᠴᠡᠬᠦ ᠴᠢᠳᠠᠪᠤᠷᠢ ᠪᠠ ᠡᠷᠡᠮᠡᠬᠡᠢ᠌ᠯᠡᠨ ᠲᠡᠮᠡᠴᠡᠬᠦ ᠵᠣᠷᠢᠭ ᠰᠠᠨᠠᠭ᠎ᠠ ᠵᠢ ᠳᠠᠪᠲᠠᠨ ᠪᠣᠯᠪᠠᠰᠤᠷᠠᠭᠤᠯᠪᠠ᠃

ᠠᠷᠭ᠎ᠠ ᠪᠣᠳᠣᠯᠭ᠎ᠠ ᠵᠢ ᠨᠠᠷᠢᠯᠢᠭ ᠣᠨᠣᠴᠠᠲᠠᠢ ᠬᠡᠷᠡᠭᠵᠢᠭᠦᠯᠵᠦ᠂ ᠥᠷᠭᠡᠨ ᠣᠯᠠᠨ ᠰᠤᠷᠤᠭᠴᠢ ᠵᠢ ᠦᠨᠡᠨ ᠬᠦ᠌ 《ᠬᠥᠳᠡᠯᠭᠡᠪᠡ》 ᠃ 《ᠤᠮᠪᠠᠯᠲᠠ ᠵᠢ ᠰᠤᠷᠭ᠋ᠠᠭᠤᠯᠢ ᠵᠢᠨ ᠬᠦᠷᠢᠶᠡᠨ ᠎ᠳᠤ ᠣᠷᠣᠭᠤᠯᠬᠤ》 ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠵᠦ᠂ 《ᠤᠮᠪᠠᠯᠲᠠ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ — ᠰᠤᠷᠤᠭᠴᠢᠳ᠎ᠤᠨ ᠤᠰᠤᠨ ᠎ᠳᠤ ᠡᠨᠳᠡᠬᠦ ᠵᠢ ᠰᠡᠷᠭᠡᠶ᠋ᠢᠯᠡᠬᠦ ᠪᠣᠯᠪᠠᠰᠤᠷᠠᠯ ᠬᠥᠮᠦᠵᠢᠯ᠎ᠤᠨ ᠬᠢᠴᠢᠶᠡᠯ》᠎ᠢ ᠬᠣᠲᠠ ᠬᠣᠰᠢᠭᠤ ᠬᠣᠶᠠᠷ ᠱᠠᠲᠤᠨ᠎ᠤ ᠠᠷᠠᠳ ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠳᠤ ᠣᠷᠣᠭᠤᠯᠵᠤ᠂ ᠡᠯ᠎ᠡ ᠬᠣᠰᠢᠭᠤ ᠲᠣᠭᠣᠷᠢᠭ᠎ᠤᠨ ᠤᠮᠪᠠᠯᠲᠠ ᠵᠢᠨ ᠲᠠᠯᠠᠪᠤᠷ ᠣᠷᠳᠣᠨ ᠪᠠ ᠲᠤᠰᠬᠠᠢ ᠮᠡᠷᠭᠡᠵᠢᠯ᠎ᠤᠨ ᠰᠤᠷᠭ᠋ᠠᠭᠴᠢ ᠵᠢᠨ ᠡᠬᠢ ᠪᠠᠶᠠᠯᠢᠭ᠎ᠢ ᠠᠮᠢᠯᠠᠭᠤᠯᠵᠤ᠂ 《ᠡᠷᠡᠭᠦᠯ ᠮᠡᠨᠳᠦ ᠠᠮᠤᠷ ᠲᠦᠪᠰᠢᠨ᠎ᠤ ᠮᠡᠳᠡᠯᠭᠡ + ᠤᠮᠪᠠᠬᠤ ᠴᠢᠳᠠᠪᠤᠷᠢ》 ᠵᠢᠨ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠪᠠᠶ᠋ᠢᠭᠤᠯᠵᠤ᠂ ᠮᠡᠯᠡᠬᠡᠢ ᠤᠮᠪᠠᠯᠲᠠ᠂ ᠴᠢᠯᠥᠭᠡᠲᠦ ᠤᠮᠪᠠᠯᠲᠠ ᠵᠡᠷᠭᠡ ᠦᠨᠳᠦᠰᠦᠨ ᠤᠷ᠎ᠠ ᠴᠢᠳᠠᠪᠤᠷᠢ ᠵᠢᠨ ᠵᠢᠭ᠋ᠠᠨ ᠰᠤᠷᠭ᠋ᠠᠯᠲᠠ ᠵᠢ ᠥᠷᠨᠢᠭᠦᠯᠬᠦ ᠵᠢᠨ ᠬᠠᠮᠲᠤ᠂ ᠤᠰᠤᠨ ᠣᠷᠣᠨ᠎ᠤ ᠲᠦᠭᠰᠢᠭᠦᠷᠢ ᠵᠢ ᠢᠯᠭ᠋ᠠᠨ ᠲᠠᠨᠢᠬᠤ᠂ ᠤᠰᠤᠨ ᠎ᠠᠴᠠ ᠥᠪᠡᠷ᠎ᠢ᠎ᠪᠠᠨ ᠠᠪᠤᠷᠠᠬᠤ ᠴᠢᠳᠠᠪᠤᠷᠢ ᠵᠢᠴᠢ ᠵᠢᠷᠦᠬᠡ ᠠᠭᠤᠰᠬᠢᠨ᠎ᠤ ᠰᠡᠷᠭᠦᠯᠲᠡ ᠬᠢᠬᠦ ᠵᠡᠷᠭᠡ ᠲᠦᠷᠭᠡᠨ ᠠᠪᠤᠷᠠᠯᠲᠠ ᠵᠢᠨ ᠮᠡᠳᠡᠯᠭᠡ ᠵᠢ ᠰᠢᠰᠲ᠋ᠧᠮ᠎ᠲᠠᠢ ᠲᠠᠶ᠋ᠢᠯᠪᠤᠷᠢᠯᠠᠵᠤ᠂ ᠤᠷ᠎ᠠ ᠴᠢᠳᠠᠪᠤᠷᠢ ᠵᠢ ᠠᠮᠤᠷ ᠲᠦᠪᠰᠢᠨ᠎ᠤ ᠤᠬᠠᠮᠰᠠᠷ᠎ᠲᠠᠢ ᠭᠦᠨ ᠭᠦᠨᠵᠡᠭᠡᠢ ᠠᠭᠤᠰᠬᠠᠬᠤ ᠵᠢᠭ᠋ᠠᠨ ᠰᠤᠷᠭ᠋ᠠᠯᠲᠠ ᠵᠢᠨ ᠪᠢᠲᠡᠭᠦᠦ ᠴᠠᠭ᠋ᠠᠷᠢᠭ᠎ᠢ ᠪᠣᠢ ᠪᠣᠯᠭ᠋ᠠᠵᠤ᠂ ᠪᠦᠬᠦ ᠬᠣᠲᠠ ᠵᠢᠨ ᠰᠤᠷᠤᠭᠴᠢ ᠵᠢᠨ ᠤᠮᠪᠠᠬᠤ ᠴᠢᠳᠠᠪᠤᠷᠢ ᠵᠢ 27%᠎ᠠᠴᠠ 51% ᠪᠣᠯᠭ᠋ᠠᠨ ᠳᠡᠭᠡᠭᠰᠢᠯᠡᠭᠦᠯᠪᠡ᠃ ᠰᠤᠷᠭ᠋ᠠᠭᠤᠯᠢ ᠵᠢᠨ ᠰᠣᠨᠢᠷᠬᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠡᠴᠢᠭᠡ ᠡᠬᠡ ᠦᠷ᠎ᠡ ᠬᠡᠦᠬᠡᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠡᠳᠦᠷ ᠵᠡᠷᠭᠡ ᠣᠨᠴᠠᠯᠢᠭᠲᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠺᠯᠦ᠋ᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠂ ᠬᠣᠲᠠ ᠵᠢᠨ ᠪᠡᠶ᠎ᠡ ᠵᠢᠨ ᠲᠠᠮᠢᠷ᠎ᠤᠨ ᠠᠵᠢᠯ ᠮᠡᠷᠭᠡᠵᠢᠯ᠎ᠤᠨ ᠳᠤᠮᠳᠠᠳᠤ ᠰᠤᠷᠭ᠋ᠠᠭᠤᠯᠢ ᠪᠠ 28 ᠺᠯᠦ᠋ᠪ ᠪᠦᠬᠦ ᠬᠣᠲᠠ ᠵᠢᠨ 71 ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠲᠠᠢ ᠬᠠᠮᠲᠤᠷᠠᠨ ᠵᠡᠪᠰᠡᠭ᠎ᠤᠨ ᠡᠷᠳᠡᠮ᠂ ᠰᠠᠭᠰᠤᠨ ᠪᠥᠮᠪᠥᠭᠡ᠂ ᠫᠢᠩᠫᠠᠩ ᠪᠥᠮᠪᠥᠭᠡ᠂ ᠲᠣᠣᠷ ᠪᠥᠮᠪᠥᠭᠡ ᠵᠡᠷᠭᠡ ᠲᠥᠷᠥᠯ ᠵᠦᠢ᠍ᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠵᠦ᠂ 《ᠰᠤᠷᠭ᠋ᠠᠭᠤᠯᠢ + ᠭᠡᠷ ᠪᠦᠯᠢ + ᠨᠡᠶ᠋ᠢᠭᠡᠮ》 ᠭᠤᠷᠪᠠ ᠵᠢ ᠨᠢᠭᠡ ᠴᠣᠭᠴᠠᠵᠢᠭᠤᠯᠤᠭᠰᠠᠨ ᠪᠡᠶ᠎ᠡ ᠵᠢᠨ ᠲᠠᠮᠢᠷ᠎ᠤᠨ ᠬᠥᠮᠦᠵᠢᠯ᠎ᠤᠨ ᠵᠠᠭᠪᠤᠷ᠎ᠢ ᠪᠣᠢ ᠪᠣᠯᠭ᠋ᠠᠵᠤ᠂ ᠭᠡᠷ ᠪᠦᠯᠢ ᠪᠠ ᠨᠡᠶ᠋ᠢᠭᠡᠮ ᠬᠠᠮᠲᠤ᠎ᠳᠤ᠎ᠪᠠᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠠᠩᠬᠠᠷᠬᠤ ᠵᠢ ᠰᠠᠨᠠᠭ᠋ᠠᠴᠢᠯᠠᠪᠠ᠃ 《ᠳᠣᠪᠲᠣᠯᠤᠭ᠋ᠠᠴᠢ· ᠪᠠᠭ᠋ᠠᠴᠤᠤᠯ ᠮᠢᠨᠢ》 ᠭᠡᠬᠦ ᠪᠡᠶ᠎ᠡ ᠵᠢᠨ ᠲᠠᠮᠢᠷ᠎ᠤᠨ ᠬᠣᠯᠪᠣᠭ᠋ᠠᠲᠤ ᠤᠷᠤᠯᠳᠤᠭ᠋ᠠᠨ᠂ 《ᠵᠠᠭᠤᠨ ᠲᠦᠮᠡᠨ ᠵᠠᠯᠠᠭᠤᠴᠤᠳ ᠪᠠᠭ᠋ᠠᠴᠤᠳ᠎ᠤᠨ ᠮᠥᠰᠥ ᠴᠠᠰᠤᠨ᠎ᠤ ᠬᠢᠴᠢᠶᠡᠯ》᠂ ᠳᠡᠯᠡᠬᠡᠢ ᠵᠢᠨ ᠮᠠᠩᠯᠠᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠡᠷᠭᠡ ᠠᠵᠢᠯᠯᠠᠭ᠎ᠠ ᠵᠢ ᠪᠠᠶ᠋ᠢᠩᠭᠤ ᠥᠷᠨᠢᠭᠦᠯᠦᠨ᠂ ᠰᠤᠷᠤᠭᠴᠢᠳ᠎ᠤᠨ ᠡᠯ᠎ᠡ ᠲᠥᠷᠥᠯ᠎ᠤᠨ ᠤᠷᠤᠯᠳᠤᠭ᠋ᠠᠨ᠎ᠳᠤ ᠣᠷᠣᠯᠴᠠᠬᠤ ᠬᠡᠮᠵᠢᠶ᠎ᠡ ᠵᠢᠯ ᠪᠦᠷᠢ 22 ᠲᠦᠮᠡᠨ ᠬᠥᠮᠦᠨ (ᠤᠳᠠᠭ᠎ᠠ)᠎ᠢ ᠳᠠᠪᠠᠪᠠ᠃ ᠪᠡᠶ᠎ᠡ ᠮᠠᠬᠠᠪᠣᠳ᠎ᠨᠢ ᠨᠡᠯᠢᠶᠡᠳ ᠪᠠᠭᠤᠷᠠᠢ᠂ ᠬᠥᠳᠡᠯᠭᠡᠭᠡᠨ᠎ᠤ ᠴᠢᠳᠠᠪᠤᠷᠢ᠎ᠨᠢ ᠠᠨᠠᠢ ᠰᠤᠷᠤᠭᠴᠢᠳ᠎ᠲᠤ ᠴᠢᠭᠯᠡᠭᠦᠯᠦᠨ᠂ ᠥᠪᠡᠷᠮᠢᠴᠡ ᠪᠣᠯᠪᠠᠰᠤᠷᠠᠬᠤ ᠲᠥᠯᠥᠪᠯᠡᠭᠡ ᠵᠢ ᠲᠣᠭᠲᠠᠭ᠋ᠠᠵᠤ᠂ ᠪᠠᠭᠰᠢ ᠨᠠᠷ ᠨᠢᠭᠡ ᠨᠢᠭᠡ᠎ᠪᠠᠷ ᠵᠢᠯᠣᠭᠣᠳᠴᠤ᠂ ᠪᠡᠶ᠎ᠡ ᠮᠠᠬᠠᠪᠣᠳ᠎ᠨᠢ ᠨᠡᠯᠢᠶᠡᠳ ᠪᠠᠭᠤᠷᠠᠢ ᠰᠤᠷᠤᠭᠴᠢᠳ᠎ᠲᠤ 《ᠡᠷᠡᠭᠦᠯ ᠮᠡᠨᠳᠦ ᠵᠢᠨ ᠲᠣᠰᠣ ᠨᠡᠮᠡᠬᠦ ᠥᠷᠲᠡᠭᠡ》 ᠭᠡᠬᠦ ᠬᠢᠴᠢᠶᠡᠯ᠎ᠢ ᠨᠡᠭᠡᠭᠡᠵᠦ᠂ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠬᠤ ᠪᠠ ᠰᠢᠮ᠎ᠡ ᠲᠡᠵᠢᠭᠡᠯ᠎ᠤᠨ ᠵᠢᠯᠣᠭᠣᠳᠣᠯᠭ᠎ᠠ ᠬᠢᠬᠦ᠎ᠪᠠᠷ ᠳᠠᠮᠵᠢᠭᠤᠯᠤᠨ᠂ ᠰᠤᠷᠤᠭᠴᠢᠳ᠎ᠢ ᠬᠠᠪᠰᠤᠷᠤᠨ ᠪᠡᠶ᠎ᠡ ᠮᠠᠬᠠᠪᠣᠳ᠎ᠢ ᠰᠠᠢ᠌ᠵᠢᠷᠠᠭᠤᠯᠪᠠ᠃ ᠵᠡᠮᠳᠡᠭ ᠰᠤᠷᠤᠭᠴᠢᠳ᠎ᠲᠤ ᠵᠣᠬᠢᠴᠠᠬᠤ ᠪᠡᠶ᠎ᠡ ᠵᠢᠨ ᠲᠠᠮᠢᠷ᠎ᠤᠨ ᠬᠢᠴᠢᠶᠡᠯ ᠭᠠᠷᠭ᠋ᠠᠵᠤ᠂ ᠬᠣᠲᠠ ᠵᠢᠨ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠬᠠᠭᠤᠷᠠᠢ ᠭᠠᠵᠠᠷ᠎ᠤᠨ ᠮᠥᠰᠥᠨ ᠳᠡᠪᠦᠷ᠎ᠡ᠂ ᠬᠠᠲᠠᠭᠤ ᠭᠠᠵᠠᠷ᠎ᠤᠨ ᠭᠤᠯᠭᠤᠭᠤᠷ ᠪᠥᠮᠪᠥᠭᠡ᠂ ᠣᠨᠴᠠᠭ᠋ᠠᠢ ᠣᠯᠢᠮᠫᠢᠺ᠎ᠤᠨ ᠬᠥᠯ ᠪᠥᠮᠪᠥᠭᠡ ᠵᠡᠷᠭᠡ ᠬᠢᠴᠢᠶᠡᠯ᠎ᠢ ᠨᠡᠭᠡᠭᠡᠵᠦ᠂ ᠰᠤᠷᠤᠭᠴᠢ ᠨᠢᠭᠡ ᠪᠦᠷᠢ᠎ᠳᠤ ᠴᠥᠮ ᠪᠡᠶ᠎ᠡ ᠵᠢᠨ ᠲᠠᠮᠢᠷ ᠎ᠤᠨ ᠬᠥᠳᠡᠯᠭᠡᠭᠡᠨ᠎ᠤ ᠪᠠᠶᠠᠷ ᠪᠠᠬᠠᠳᠤᠯ᠎ᠢ ᠬᠦᠷᠲᠡᠭᠡᠬᠦ ᠵᠢ ᠦᠨᠡᠨ ᠬᠦ᠌ ᠪᠡᠶᠡᠯᠡᠭᠦᠯᠪᠡ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠳᠠᠯᠠᠳ ᠬᠣᠰᠢᠭᠤ᠄ ᠣᠨᠴᠠᠭ᠋ᠠᠢ ᠬᠠᠮᠲᠤᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠦᠨ ᠬᠣᠲᠠ ᠬᠥᠳᠡᠭᠡ ᠵᠢ ᠠᠭᠤᠰᠬᠠᠨ ᠪᠥᠬᠦ ᠬᠡᠯᠬᠢᠶ᠎ᠡ᠎ᠳᠤ ᠦᠢ᠍ᠯᠡᠴᠢᠯᠡᠬᠦ ᠳᠣᠭᠲᠠᠯᠴᠠᠭ᠎ᠠ ᠵᠢ ᠪᠠᠶ᠋ᠢᠭᠤᠯᠪᠠ
ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ 《ᠵᠠᠭᠤᠨ ᠵᠢᠯ᠎ᠤᠨ ᠣᠭ ᠰᠠᠨᠠᠭ᠎ᠠ᠎ᠪᠠᠨ ᠦᠷᠭᠦᠯᠵᠢᠯᠡᠭᠦᠯᠵᠦ ᠬᠥᠮᠦᠨ᠎ᠢ ᠬᠥᠮᠦᠵᠢᠭᠦᠯᠬᠦ ᠳᠠᠷᠬᠠᠨ ᠬᠠᠷᠢᠭᠤᠴᠠᠯᠭ᠎ᠠ᠎ᠪᠠᠨ ᠡᠭᠦᠷᠭᠡᠯᠡᠬᠦ》 ᠨᠠᠮ᠎ᠤᠨ ᠲᠡᠦᠬᠡ ᠵᠢᠨ ᠮᠡᠳᠡᠯᠭᠡ ᠵᠢᠨ ᠤᠷᠤᠯᠳᠤᠭ᠋ᠠᠨ ᠵᠢᠴᠢ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠡᠷᠭᠢᠯᠡᠪᠡ
ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠳᠣᠪᠴᠢᠶᠠᠨ᠎ᠤ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ ᠤᠯᠤᠰ᠎ᠤᠨ ᠲᠠᠰ᠎ᠤᠨ ᠢᠷᠠᠭᠤ ᠠᠯᠳᠠᠷ᠎ᠢ ᠭᠥᠷᠳᠡᠪᠡ
ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠣᠯᠪᠤᠭ᠋ᠠᠯᠠᠨ ᠱᠠᠯᠠᠪᠳᠠᠨ ᠪᠠᠶ᠋ᠢᠴᠠᠭ᠋ᠠᠵᠤ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢᠨ ᠦᠷ᠎ᠡ ᠪᠦᠲᠦᠮᠵᠢ ᠣᠯᠬᠤ ᠵᠢ ᠠᠬᠢᠭᠤᠯᠪᠠ
ᠦᠬᠠᠶ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ 《ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠢᠮᠡᠯ ᠣᠶᠤᠨ᠎ᠤ ᠠᠵᠢᠯᠯᠠᠭ᠋ᠠᠨ᠎ᠤ ᠣᠨᠴᠠᠯᠢᠭᠲᠤ ᠨᠢᠭᠡᠴᠢ》᠂ 《ᠪᠥᠬᠥ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠢᠮᠡᠯ ᠣᠶᠤᠨ᠎ᠤ ᠰᠢᠨᠵᠢᠯᠡᠬᠦ ᠤᠬᠠᠭ᠋ᠠᠨ᠎ᠢ ᠲᠥᠭᠡᠮᠡᠯᠵᠢᠭᠦᠯᠬᠦ ᠠᠵᠢᠯᠯᠠᠭ᠋ᠠᠨ᠎ᠤ ᠣᠨᠴᠠᠯᠢᠭᠲᠤ ᠨᠢᠭᠡᠴᠢ》 ᠵᠢᠨ ᠢᠷᠠᠭᠤ ᠠᠯᠳᠠᠷ᠎ᠢ ᠭᠦᠷᠲᠡᠪᠡ
 
             蒙ICP备05000248号