ᠬᠣᠲᠠ ᠬᠥᠳᠡᠭᠡ ᠵᠢᠨ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠲᠡᠩᠴᠡᠭᠦᠷᠢᠰᠢᠭᠦᠯᠬᠦ ᠠᠬᠢᠴᠠ ᠵᠢ ᠠᠬᠢᠭᠤᠯᠬᠤ ᠶᠠᠪᠤᠴᠠ᠎ᠳᠤ᠂ ᠬᠥᠳᠡᠭᠡ ᠲᠣᠰᠬᠣᠨ᠎ᠤ ᠣᠨᠴᠠᠭ᠋ᠠᠢ ᠰᠤᠷᠭ᠋ᠠᠨ ᠬᠥᠮᠦᠵᠢᠯ᠎ᠨᠢ ᠡᠬᠢ ᠪᠠᠶᠠᠯᠢᠭ ᠲᠠᠷᠠᠬᠠᠢ ᠪᠤᠲᠠᠷᠬᠠᠢ᠂ ᠬᠡᠷᠡᠭᠴᠡᠭᠡ ᠱᠠᠭ᠋ᠠᠷᠳᠠᠯᠭ᠎ᠠ ᠣᠯᠠᠨ ᠶᠠᠩᠵᠤ ᠵᠡᠷᠭᠡ ᠠᠰᠠᠭᠤᠳᠠᠯ᠎ᠠᠴᠠ ᠰᠢᠯᠲᠠᠭ᠋ᠠᠯᠠᠵᠤ᠂ ᠰᠤᠷᠭ᠋ᠠᠨ ᠬᠥᠮᠦᠵᠢᠯ᠎ᠤᠨ ᠭᠣᠣᠯᠴᠢ ᠵᠢ ᠪᠡᠶᠡᠯᠡᠭᠦᠯᠬᠦ ᠵᠢᠨ 《ᠡᠴᠦᠰ᠎ᠤᠨ ᠨᠢᠭᠡ ᠺᠢᠯᠣᠮᠧᠲᠷ》 ᠪᠣᠯᠤᠭᠰᠠᠨ ᠪᠠᠶ᠋ᠢᠨ᠎ᠠ᠃ ᠥᠪᠥᠷ ᠮᠣᠩᠭᠣᠯ᠎ᠤᠨ ᠣᠷᠳᠣᠰ ᠬᠣᠲᠠ ᠵᠢᠨ ᠳᠠᠯᠠᠳ ᠬᠣᠰᠢᠭᠤ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠪᠠᠷ ᠭᠣᠣᠯ ᠪᠣᠯᠭ᠋ᠠᠵᠤ᠂ ᠬᠥᠳᠡᠭᠡ ᠲᠣᠰᠬᠣᠨ᠎ᠤ ᠵᠡᠮᠳᠡᠭ ᠬᠡᠦᠬᠡᠳ᠎ᠤᠨ ᠰᠤᠷᠭ᠋ᠠᠨ ᠬᠥᠮᠦᠵᠢᠯ᠂ ᠡᠷᠡᠭᠦᠯᠵᠢᠯ ᠪᠣᠯᠤᠨ ᠠᠵᠢᠯ ᠣᠯᠭᠣᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠬᠠᠨᠳᠤᠭᠤᠯᠤᠨ᠂ ᠲᠥᠷᠥ ᠵᠢᠨ ᠪᠣᠳᠣᠯᠭ᠎ᠠ ᠵᠢ ᠤᠷᠢᠳ ᠵᠶ᠋ᠠᠷ ᠪᠠᠲᠤᠯᠠᠬᠤ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠨ ᠲᠥᠯᠥᠪᠵᠢᠭᠦᠯᠬᠦ᠂ ᠵᠠᠭᠪᠤᠷ᠎ᠤᠨ ᠰᠢᠨ᠎ᠡ ᠵᠢ ᠡᠭᠦᠳᠦᠨ ᠰᠢᠪᠲᠤᠯᠬᠤ᠎ᠪᠠᠷ ᠳᠠᠮᠵᠢᠨ᠂ 《ᠪᠦᠬᠦᠨ᠎ᠢ ᠬᠠᠮᠤᠷᠤᠭᠰᠠᠨ᠂ ᠨᠠᠷᠢᠯᠢᠭ ᠦᠢ᠍ᠯᠡᠴᠢᠯᠡᠭᠰᠡᠨ᠂ ᠴᠢᠩᠭ᠎ᠠ ᠵᠣᠯᠭ᠋ᠠᠭᠤᠯᠤᠭᠰᠠᠨ》 ᠬᠥᠳᠡᠭᠡ ᠲᠣᠰᠬᠣᠨ᠎ᠤ ᠣᠨᠴᠠᠭ᠋ᠠᠢ ᠰᠤᠷᠭ᠋ᠠᠨ ᠬᠥᠮᠦᠵᠢᠯ᠎ᠢ ᠬᠥᠭᠵᠢᠭᠦᠯᠬᠦ ᠠᠷᠭ᠎ᠠ ᠵᠠᠮ ᠢ ᠰᠦᠪᠡᠭᠴᠢᠯᠡᠵᠦ᠂ ᠬᠥᠳᠡᠭᠡ ᠲᠣᠰᠬᠣᠨ᠎ᠤ ᠣᠨᠴᠠᠭ᠋ᠠᠢ ᠰᠤᠷᠭ᠋ᠠᠨ ᠬᠥᠮᠦᠵᠢᠯ᠎ᠤᠨ ᠠᠰᠠᠭᠤᠳᠠᠯ ᠢ ᠰᠢᠢ᠍ᠳᠪᠦᠷᠢᠯᠡᠬᠦ᠎ᠳᠤ ᠬᠠᠭᠤᠯᠪᠤᠷᠢᠯᠠᠵᠤ ᠪᠣᠯᠬᠤᠢ᠌ᠴᠠ ᠦᠢ᠍ᠯᠡᠳᠦᠯᠭᠡ ᠵᠢᠨ ᠵᠠᠭᠪᠤᠷ᠎ᠢ ᠬᠠᠩᠭ᠋ᠠᠪᠠ᠃
ᠬᠥᠳᠡᠭᠡ ᠲᠣᠰᠬᠣᠨ᠎ᠢ ᠤᠷᠢᠳ ᠵᠶ᠋ᠠᠷ ᠪᠣᠳᠣᠯᠬᠢᠯᠠᠬᠤ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠴᠢᠩᠭ᠋ᠠᠳᠬᠠᠵᠤ᠂ ᠣᠨᠴᠠᠭ᠋ᠠᠢ ᠰᠤᠷᠭ᠋ᠠᠨ ᠬᠥᠮᠦᠵᠢᠯ᠎ᠤᠨ ᠪᠠᠲᠤᠯᠠᠭ᠎ᠠ ᠵᠢᠨ ᠰᠠᠭᠤᠷᠢ ᠵᠢ ᠪᠡᠬᠢᠵᠢᠭᠦᠯᠪᠡ ᠃ ᠳᠠᠯᠠᠳ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ ᠤᠨ ᠲᠣᠪᠴᠢᠶ᠎ᠠ ᠬᠥᠳᠡᠭᠡ ᠲᠣᠰᠬᠣᠨ᠎ᠤ ᠣᠨᠴᠠᠭ᠋ᠠᠢ ᠰᠤᠷᠭ᠋ᠠᠨ ᠬᠥᠮᠦᠵᠢᠯ᠎ᠢ ᠬᠣᠲᠠ ᠬᠥᠳᠡᠭᠡ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠳᠤ ᠣᠷᠣᠭᠤᠯᠵᠤ᠂ 《ᠵᠠᠰᠠᠭ᠎ᠤᠨ ᠣᠷᠳᠣᠨ ᠵᠶ᠋ᠠᠷ ᠭᠣᠣᠯᠯᠠᠭᠤᠯᠵᠤ᠂ ᠰᠠᠯᠠᠭ᠎ᠠ ᠮᠥᠴᠢᠷ ᠬᠠᠮᠵᠢᠯᠴᠠᠵᠤ᠂ ᠨᠡᠶ᠋ᠢᠭᠡᠮ ᠵᠶ᠋ᠠᠷ ᠵᠶ᠋ᠠᠨ ᠣᠷᠣᠯᠴᠠᠬᠤ》 ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠳᠣᠭᠲᠠᠯᠴᠠᠭ᠎ᠠ ᠵᠢ ᠪᠠᠶ᠋ᠢᠭᠤᠯᠪᠠ᠃ ᠨᠢᠭᠡ᠎ᠳᠤ᠂ ᠪᠡᠯᠡ ᠮᠥᠩᠭᠥ ᠵᠢ ᠪᠠᠲᠤᠯᠠᠵᠤ᠂ ᠬᠠᠲᠠᠭᠤ ᠲᠣᠨᠤᠭ ᠲᠥᠬᠥᠭᠡᠷᠦᠮᠵᠢ ᠵᠢᠨ ᠪᠡᠯᠡ ᠣᠷᠣᠭᠤᠯᠤᠯᠲᠠ ᠵᠢ ᠨᠡᠮᠡᠭᠳᠡᠭᠦᠯᠪᠡ᠃ ᠳᠤᠰᠬᠠᠢ ᠪᠡᠯᠡ ᠮᠥᠩᠬᠦ ᠵᠢ ᠣᠷᠣᠭᠤᠯᠤᠨ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠠᠲᠠᠭᠤ ᠲᠣᠨᠤᠭ᠎ᠢ ᠰᠢᠨᠡᠳᠭᠡᠪᠡ᠃ ᠲᠠᠷᠢᠮᠠᠯ᠎ᠤᠨ ᠬᠦᠯᠡᠮᠵᠢ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠬᠣᠨᠣᠵᠤ ᠢᠳᠡᠬᠦ ᠶᠡᠷᠦᠩᠬᠡᠶ᠋ᠢᠯᠡᠭᠰᠡᠨ ᠠᠰᠠᠷ᠎ᠢ ᠪᠠᠶ᠋ᠢᠭᠤᠯᠵᠤ᠂ ᠣᠶᠤᠨᠴᠢ ᠡᠷᠡᠭᠦᠯᠵᠢᠯ᠎ᠤᠨ ᠰᠢᠰᠲ᠋ᠧᠮ᠂ ᠦᠵᠡᠭᠳᠡᠯᠲᠦ ᠬᠢᠴᠢᠶᠡᠯ᠎ᠤᠨ ᠭᠡᠷ ᠵᠡᠷᠭᠡ ᠲᠤᠰᠬᠠᠢ ᠮᠡᠷᠭᠡᠵᠢᠯ᠎ᠤᠨ ᠲᠥᠬᠥᠭᠡᠷᠦᠮᠵᠢ ᠵᠢ ᠲᠣᠬᠢᠷᠠᠭᠤᠯᠤᠨ᠂ ᠬᠥᠳᠡᠭᠡ ᠲᠣᠰᠬᠣᠨ᠎ᠤ ᠵᠡᠮᠳᠡᠭ ᠬᠡᠦᠬᠡᠳ ᠵᠢ ᠬᠠᠪᠰᠤᠷᠤᠨ 《ᠰᠤᠷᠬᠤ᠎ᠠᠴᠠ ᠰᠢᠯᠢᠳᠡᠭ ᠰᠤᠷᠭ᠋ᠠᠨ ᠬᠥᠮᠦᠵᠢᠯ᠎ᠲᠠᠢ》 ᠪᠣᠯᠭ᠋ᠠᠪᠠ᠃ ᠬᠣᠶᠠᠷ᠎ᠲᠤ᠂ ᠠᠵᠢᠯ᠎ᠤᠨ ᠪᠠᠶ᠋ᠢᠷᠢ ᠵᠢ ᠬᠢᠨᠠᠨ ᠣᠷᠣᠨ ᠲᠣᠭ᠎ᠠ ᠵᠢ ᠲᠣᠭᠲᠠᠭ᠋ᠠᠵᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠪᠠ᠃ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ 37 ᠲᠤᠰᠬᠠᠢ ᠮᠡᠷᠭᠡᠵᠢᠯ᠎ᠤᠨ ᠪᠠᠭᠰᠢ ᠵᠢᠨ ᠣᠷᠣᠨ ᠲᠣᠭ᠎ᠠ ᠵᠢ ᠬᠢᠨᠠᠨ ᠲᠣᠭᠲᠠᠭ᠋ᠠᠭᠰᠠᠨ ᠪᠥᠭᠡᠳ ᠪᠠᠭᠰᠢ ᠨᠠᠷ ᠴᠥᠮ ᠣᠨᠴᠠᠭ᠋ᠠᠢ ᠰᠤᠷᠭ᠋ᠠᠨ ᠬᠥᠮᠦᠵᠢᠯ ᠤᠨ ᠬᠢᠷᠢ ᠭᠡᠮ᠎ᠲᠠᠢ᠃ ᠣᠨᠴᠠᠭ᠋ᠠᠢ ᠰᠤᠷᠭ᠋ᠠᠨ ᠬᠥᠮᠦᠵᠢᠯ᠎ᠤᠨ ᠪᠠᠭᠰᠢ ᠵᠢᠨ ᠨᠡᠮᠡᠭᠦᠷᠢ ᠵᠢ ᠨᠠᠶ᠋ᠢᠳᠠᠪᠤᠷᠢᠵᠢᠭᠤᠯᠵᠤ᠂ 《ᠲᠤᠰᠬᠠᠢ ᠮᠡᠷᠭᠡᠵᠢᠯᠲᠡᠨ ᠰᠤᠷᠭ᠋ᠠᠭᠤᠯᠢ᠎ᠳᠤ ᠣᠷᠣᠵᠤ ᠵᠢᠯᠣᠭᠣᠳᠬᠤ + ᠲᠣᠭᠲᠠᠮᠠᠯ ᠬᠤᠭᠤᠴᠠᠭ᠎ᠠ᠎ᠲᠠᠢ ᠭᠠᠳᠠᠭᠰᠢ ᠭᠠᠷᠭ᠋ᠠᠵᠤ ᠪᠣᠯᠪᠠᠰᠤᠷᠠᠭᠤᠯᠬᠤ》 ᠵᠠᠭᠪᠤᠷ ᠵᠶ᠋ᠠᠷ ᠳᠠᠮᠵᠢᠭᠤᠯᠤᠨ᠂ ᠪᠠᠭᠰᠢ ᠵᠢᠨ ᠲᠤᠰᠬᠠᠶ᠋ᠢᠵᠢᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠵᠡᠮᠳᠡᠭ ᠬᠡᠦᠬᠡᠳ᠎ᠲᠤ ᠴᠢᠨᠠᠷᠯᠢᠭ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠬᠦᠷᠲᠡᠭᠡᠬᠦ ᠵᠢ ᠪᠠᠲᠤᠯᠠᠪᠠ᠃ ᠭᠤᠷᠪᠠ᠎ᠳᠤ᠂ ᠨᠠᠷᠢᠯᠢᠭ ᠣᠨᠣᠴᠠᠲᠠᠢ ᠳᠡᠳᠭᠦᠨ ᠲᠤᠰᠠᠯᠠᠵᠤ᠂ ᠲᠥᠯᠦᠪᠦᠷᠢ ᠦᠭᠡᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠨᠠᠢ᠌ᠳᠠᠪᠤᠷᠢᠵᠢᠭᠤᠯᠪᠠ᠃ ᠵᠡᠮᠳᠡᠭ ᠰᠤᠷᠤᠭᠴᠢ ᠵᠢ ᠳᠡᠳᠭᠦᠨ ᠲᠤᠰᠠᠯᠠᠬᠤ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠲᠥᠯᠦᠪᠦᠷᠢ ᠦᠭᠡᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠪᠠᠶ᠋ᠢᠷᠢ᠎ᠳᠤ ᠰᠠᠭᠤᠭ᠎ᠠ ᠰᠤᠷᠤᠭᠴᠢᠳ᠎ᠲᠤ ᠬᠣᠭᠣᠯᠠ᠂ ᠬᠣᠨᠣᠭ᠎ᠤᠨ ᠨᠥᠬᠥᠪᠥᠷᠢ ᠬᠠᠩᠭ᠋ᠠᠵᠤ᠂ 《ᠲᠤᠰᠠᠯᠠᠪᠠᠰᠤ ᠵᠣᠬᠢᠬᠤ ᠵᠢ ᠪᠦᠬᠦᠨ᠎ᠢ ᠲᠤᠰᠠᠯᠠᠬᠤ》 ᠵᠢ ᠪᠡᠶᠡᠯᠡᠭᠦᠯᠵᠦ᠂ ᠵᠡᠮᠳᠡᠭ ᠬᠡᠦᠬᠡᠳ᠎ᠤᠨ ᠭᠡᠷ ᠪᠦᠯᠢ ᠵᠢᠨ ᠠᠵᠤ ᠠᠬᠤᠢ ᠵᠢᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠵᠡᠮᠳᠡᠭ ᠰᠤᠷᠤᠭᠴᠢ ᠴᠥᠮ ᠡᠷᠬᠡ ᠲᠡᠭᠰᠢ ᠮᠥᠷᠲᠡᠭᠡᠨ ᠴᠢᠨᠠᠷ ᠴᠢᠨᠰᠠᠭ᠎ᠠ᠎ᠲᠠᠢ᠎ᠲᠠᠢ ᠰᠤᠷᠭ᠋ᠠᠨ ᠬᠥᠮᠦᠵᠢᠯ ᠬᠦᠷᠲᠡᠬᠦ ᠵᠢ ᠦᠨᠡᠨ ᠬᠦ᠌ ᠪᠠᠲᠤᠯᠠᠪᠠ᠃ ᠣᠳᠣ ᠪᠣᠯᠲᠠᠯ᠎ᠠ᠂ 10 ᠪᠠᠭᠰᠢ ᠬᠣᠲᠠ ᠵᠢᠨ ᠳᠡᠰ᠎ᠤᠨ ᠵᠢᠭ᠋ᠠᠨ ᠰᠤᠷᠭ᠋ᠠᠯᠲᠠ ᠵᠢᠨ ᠴᠢᠳᠠᠪᠤᠷᠢᠲᠠᠨ᠂ ᠬᠣᠲᠠ ᠵᠢᠨ ᠳᠡᠰ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠱᠠᠩᠨᠠᠯ ᠵᠡᠷᠭᠡ ᠢᠷᠠᠭᠤ ᠠᠯᠳᠠᠷ᠎ᠢ ᠬᠦᠷᠲᠡᠵᠦ᠂ 7 ᠪᠠᠭᠰᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠢᠷᠠᠭᠤ ᠠᠯᠳᠠᠷ᠎ᠢ ᠬᠦᠷᠲᠡᠵᠦ᠂ 《ᠳᠠᠰᠬᠠᠯ᠎ᠤᠨ ᠲᠥᠯᠥᠪᠯᠡᠭᠡ ᠵᠢᠴᠢ ᠬᠠᠮᠢᠶᠠᠷᠤᠯᠲᠠ ᠵᠢᠨ ᠰᠢᠯᠢᠳᠡᠭ ᠬᠡᠷᠡᠭ᠎ᠤᠨ ᠵᠢᠱ᠌ᠢᠶ᠎ᠡ》᠂ 《ᠬᠥᠳᠡᠭᠡ ᠲᠣᠰᠬᠣᠨ᠎ᠤ ᠰᠤᠷᠭ᠋ᠠᠭᠤᠯᠢ᠎ᠳᠤ 20 ᠵᠢᠯ ᠪᠠᠭᠰᠢᠯᠠᠭᠰᠠᠨ》 ᠵᠡᠷᠭᠡ ᠬᠥᠬᠢᠭᠦᠯᠦᠯ ᠭᠦᠷᠲᠡᠪᠡ᠃ ᠳᠠᠯᠠᠳ ᠬᠣᠰᠢᠭᠤᠨ᠎ᠤ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ 2012 ᠣᠨ᠎ᠳᠤ 《ᠪᠦᠬᠦ ᠣᠷᠣᠨ᠎ᠤ ᠣᠨᠴᠠᠭ᠋ᠠᠢ ᠰᠤᠷᠭ᠋ᠠᠨ ᠬᠥᠮᠦᠵᠢᠯ᠎ᠤᠨ ᠠᠵᠢᠯ᠎ᠤᠨ ᠲᠡᠷᠢᠭᠦᠨ᠎ᠤ ᠬᠠᠮᠲᠤ》 ᠵᠢᠨ ᠢᠷᠠᠭᠤ ᠠᠯᠳᠠᠷ᠎ᠢ ᠬᠦᠷᠲᠡᠵᠦ᠂ 2020 ᠣᠨ᠎ᠳᠤ 《ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠲᠡᠷᠢᠭᠦᠨ᠎ᠤ ᠬᠠᠮᠲᠤ》 ᠵᠢᠨ ᠢᠷᠠᠭᠤ ᠠᠯᠳᠠᠷ᠎ᠢ ᠬᠦᠷᠲᠡᠪᠡ᠃
ᠬᠣᠲᠠ ᠬᠥᠳᠡᠭᠡ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠪᠦᠬᠦ ᠦᠶᠡᠯᠡᠯ᠎ᠤᠨ ᠬᠤᠭᠤᠴᠠᠭ᠋ᠠᠨ᠎ᠳᠤ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠲᠣᠣᠷ᠎ᠢ ᠪᠠᠢ᠌ᠭᠤᠯᠪᠠ ᠃ ᠬᠥᠳᠡᠭᠡ ᠲᠣᠰᠬᠣᠨ᠎ᠤ ᠵᠡᠮᠳᠡᠭ ᠬᠡᠦᠬᠡᠳ᠎ᠤᠨ ᠰᠠᠭᠤᠷᠢᠰᠢᠯ ᠲᠠᠷᠠᠬᠠᠢ ᠪᠤᠲᠠᠷᠬᠠᠢ᠂ ᠬᠡᠷᠡᠭᠴᠡᠭᠡ ᠱᠠᠭ᠋ᠠᠷᠳᠠᠯᠭ᠎ᠠ ᠵᠢᠨ ᠵᠦᠷᠢᠶ᠎ᠡ ᠶᠡᠬᠡ ᠪᠠᠶ᠋ᠢᠬᠤ ᠣᠨᠴᠠᠯᠢᠭᠲᠤ ᠴᠢᠭᠯᠡᠭᠦᠯᠦᠨ᠂ ᠳᠠᠯᠠᠳ ᠬᠣᠰᠢᠭᠤ ᠬᠣᠲᠠ ᠬᠥᠳᠡᠭᠡ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠣᠷᠢᠭ᠎ᠠ ᠴᠠᠷᠠᠭ᠎ᠠ ᠵᠢ ᠡᠪᠳᠡᠵᠦ᠂ 《ᠰᠤᠷᠭ᠋ᠠᠨ ᠬᠥᠮᠦᠵᠢᠯ᠎ᠢ ᠡᠭᠦᠳᠡᠨ᠎ᠳᠤ ᠬᠦᠷᠭᠡᠬᠦ - ᠣᠨᠴᠠᠭ᠋ᠠᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ - ᠡᠩ᠎ᠤᠨ ᠰᠤᠷᠭ᠋ᠠᠭᠤᠯᠢ᠎ᠯᠤᠭ᠎ᠠ ᠵᠢᠨ ᠠᠭᠤᠰᠤᠯᠴᠠᠭ᠎ᠠ - ᠠᠵᠢᠯ ᠣᠯᠭᠣᠯᠲᠠ ᠵᠢ ᠵᠣᠯᠭ᠋ᠠᠭᠤᠯᠬᠤ》 ᠬᠣᠲᠠ ᠬᠥᠳᠡᠭᠡ ᠬᠣᠯᠪᠣᠯᠳᠤᠭᠰᠠᠨ ᠦᠢ᠍ᠯᠡᠴᠢᠯᠡᠭᠡᠨ᠎ᠤ ᠲᠣᠣᠷ ᠢ ᠪᠠᠶ᠋ᠢᠭᠤᠯᠪᠠ᠃ ᠨᠢᠭᠡ᠎ᠳᠤ᠂ 《ᠰᠠᠭᠤᠷᠢ᠎ᠠᠴᠠ᠎ᠨᠢ ᠪᠠᠲᠤᠯᠠᠬᠤ ᠮᠠᠶᠢᠭ》 ᠵᠶ᠋ᠠᠷ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠵᠦ᠂ ᠵᠡᠮᠳᠡᠭ ᠬᠡᠦᠬᠡᠳ᠎ᠢ 《ᠨᠢᠭᠡ ᠵᠢ ᠴᠦ᠍ ᠣᠷᠬᠢᠭᠳᠠᠭᠤᠯᠬᠤ ᠦᠭᠡᠢ》 ᠪᠠᠶ᠋ᠢᠬᠤ ᠵᠢ ᠦᠨᠡᠨ ᠬᠦ᠌ ᠪᠠᠲᠤᠯᠠᠪᠠ᠃ ᠣᠨᠴᠠᠭ᠋ᠠᠢ ᠰᠤᠷᠭ᠋ᠠᠨ ᠬᠥᠮᠦᠵᠢᠯ᠎ᠤᠨ ᠪᠠᠭᠰᠢ᠂ ᠡᠷᠡᠭᠦᠯᠵᠢᠯ᠎ᠤᠨ ᠪᠠᠭᠰᠢ᠎ᠪᠠᠷ ᠪᠦᠷᠢᠯᠳᠦᠭᠰᠡᠨ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠬᠦ ᠪᠦᠯᠬᠦᠮ᠎ᠢ ᠪᠠᠢ᠌ᠭᠤᠯᠤᠨ᠂ ᠬᠦᠨᠳᠦ ᠵᠡᠮᠳᠡᠭ ᠬᠡᠦᠬᠡᠳ᠎ᠲᠤ ᠴᠢᠭᠯᠡᠭᠦᠯᠦᠨ 《ᠨᠢᠭᠡ᠎ᠪᠠᠷ ᠨᠢᠭᠡ ᠵᠢ ᠳᠠᠭ᠋ᠠᠭᠤᠯᠬᠤ》᠎ᠪᠠᠷ ᠭᠡᠷ᠎ᠲᠤ᠎ᠨᠢ ᠬᠦᠷᠴᠦ ᠦᠢ᠍ᠯᠡᠴᠢᠯᠡᠪᠡ᠃ ᠥᠪᠡᠷᠮᠢᠴᠡ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠎ᠪᠠᠷ ᠳᠠᠮᠵᠢᠭᠤᠯᠤᠨ᠂ ᠰᠣᠶᠣᠯ ᠮᠡᠳᠡᠯᠭᠡ᠂ ᠡᠷᠡᠭᠦᠯᠵᠢᠯ᠎ᠤᠨ ᠪᠣᠯᠪᠠᠰᠤᠷᠠᠯ᠎ᠢ ᠭᠡᠷ ᠪᠦᠯᠢ᠎ᠳᠤ ᠠᠭᠤᠰᠬᠠᠪᠠ᠂ ᠵᠢᠱ᠌ᠢᠶᠡᠯᠡᠪᠡᠯ᠂ ᠵᠡᠮᠳᠡᠭ ᠬᠡᠦᠬᠡᠳ᠎ᠲᠤ ᠭᠡᠷ᠎ᠲᠤ᠎ᠪᠠᠨ ᠡᠷᠡᠭᠦᠯᠵᠢᠯ᠎ᠤᠨ ᠪᠣᠯᠪᠠᠰᠤᠷᠠᠯ ᠬᠢᠬᠦ ᠲᠥᠰᠦᠯ᠎ᠢ ᠲᠥᠯᠥᠪᠯᠡᠵᠦ ᠥᠭᠭᠦᠨ᠂ ᠮᠡᠳᠡᠷᠡᠯ ᠮᠠᠭᠤ ᠬᠡᠦᠬᠡᠳ᠎ᠲᠤ ᠠᠮᠢᠳᠤᠷᠠᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠬᠠᠩᠭ᠋ᠠᠵᠤ᠂ ᠪᠤᠶ᠋ᠢᠳᠠ ᠪᠥᠭᠯᠡᠭᠦᠦ ᠭᠠᠵᠠᠷ ᠣᠷᠣᠨ᠎ᠤ ᠵᠡᠮᠳᠡᠭ ᠬᠡᠦᠬᠡᠳ ᠭᠡᠷ᠎ᠠᠴᠠ᠎ᠪᠠᠨ ᠭᠠᠷᠬᠤ ᠦᠭᠡᠢ᠎ᠪᠠᠷ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠭᠦᠷᠲᠡᠵᠦ ᠳᠡᠢ᠌ᠯᠬᠦ ᠪᠣᠯᠭ᠋ᠠᠪᠠ᠃ 2017 ᠣᠨ᠎ᠳᠤ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠬᠦ ᠦᠢ᠍ᠯᠡᠴᠢᠯᠡᠭᠡ ᠵᠢ ᠥᠷᠨᠢᠭᠦᠯᠦᠭᠰᠡᠨ᠎ᠠᠴᠠ ᠨᠠᠭ᠋ᠠᠰᠢ᠂ ᠰᠤᠷᠭ᠋ᠠᠭᠤᠯᠢ᠎ᠳᠤ ᠣᠷᠣᠵᠤ ᠳᠡᠶ᠋ᠢᠯᠬᠦ ᠦᠭᠡᠢ 50 ᠵᠡᠮᠳᠡᠭ ᠬᠡᠦᠬᠡᠳ᠎ᠲᠤ 2300 ᠬᠢᠴᠢᠶᠡᠯ᠎ᠤᠨ ᠴᠠᠭ᠎ᠤᠨ ᠦᠢ᠍ᠯᠡᠴᠢᠯᠡᠭᠡ ᠬᠠᠩᠭ᠋ᠠᠵᠤ᠂ 5 ᠲᠦᠮᠡᠨ ᠺᠢᠯᠤᠮᠧᠲᠷ ᠠᠶᠠᠯᠠᠨ᠂ 30 ᠭᠠᠷᠤᠢ ᠪᠠᠭᠰᠢ ᠣᠷᠣᠯᠴᠠᠵᠤ᠂ 6 ᠰᠣᠷᠣᠭᠴᠢ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠰᠢᠯᠵᠢᠵᠦ᠂ 2 ᠰᠣᠷᠣᠭᠴᠢ ᠡᠩ᠎ᠤᠨ ᠰᠤᠷᠭ᠋ᠠᠭᠤᠯᠢ᠎ᠳᠤ ᠣᠷᠣᠵᠤ ᠰᠤᠷᠤᠯᠴᠠᠨ᠂ ᠭᠡᠷ᠎ᠤᠨ ᠠᠬᠠᠮᠠᠳ᠎ᠤᠨ ᠬᠠᠨᠤᠮᠵᠢ ᠵᠢᠨ ᠬᠡᠮᠵᠢᠶ᠎ᠡ ᠵᠢ 100% ᠬᠦᠷᠭᠡᠪᠡ᠃ ᠬᠣᠶᠠᠷ᠎ᠲᠤ᠂ 《ᠨᠢᠭᠡ ᠥᠷᠲᠡᠭᠡ ᠮᠠᠶᠢᠭ》᠎ᠤᠨ ᠣᠨᠴᠠᠭ᠋ᠠᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠬᠣᠲᠠ ᠬᠥᠳᠡᠭᠡ ᠵᠢ ᠠᠭᠤᠰᠬᠠᠭᠰᠠᠨ ᠣᠨᠴᠠᠭ᠋ᠠᠢ ᠰᠤᠷᠭ᠋ᠠᠨ ᠬᠥᠮᠦᠵᠢᠯ᠎ᠤᠨ ᠲᠥᠪ᠎ᠢ ᠪᠠᠢ᠌ᠭᠤᠯᠪᠠ᠃ ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠠ ᠡᠷᠡᠭᠦᠯᠵᠢᠯ᠂ ᠠᠵᠢᠯ ᠮᠡᠷᠭᠡᠵᠢᠯ᠎ᠤᠨ ᠪᠣᠯᠪᠠᠰᠤᠷᠠᠯ᠎ᠢ ᠨᠢᠭᠡ ᠴᠣᠭᠴᠠᠵᠢᠭᠤᠯᠤᠭᠰᠠᠨ ᠠᠯᠪᠠᠨ᠎ᠠᠴᠠ ᠪᠠᠶ᠋ᠢᠭᠤᠯᠤᠭᠰᠠᠨ ᠣᠨᠴᠠᠭ᠋ᠠᠢ ᠰᠤᠷᠭ᠋ᠠᠭᠤᠯᠢ ᠪᠣᠯᠤᠭᠰᠠᠨ᠎ᠤ ᠬᠤᠪᠢ᠎ᠳᠤ᠂ ᠰᠤᠷᠭ᠋ᠠᠭᠤᠯᠢ᠎ᠨᠢ ᠪᠦᠬᠦ ᠬᠣᠰᠢᠭᠤ ᠵᠢᠴᠢ ᠡᠷᠭᠢᠨ ᠲᠣᠭᠣᠷᠢᠨ᠎ᠤ ᠬᠥᠳᠡᠭᠡ ᠲᠣᠰᠬᠣᠨ᠎ᠳᠤ ᠬᠠᠨᠳᠤᠭᠤᠯᠤᠨ 77 ᠵᠡᠮᠳᠡᠭ ᠬᠡᠦᠬᠡᠳ᠎ᠢ ᠡᠯᠰᠡᠵᠦ᠂ ᠡᠭᠦᠨ᠎ᠳᠤ 68 ᠰᠤᠷᠤᠭᠴᠢ ᠪᠠᠶ᠋ᠢᠷᠢ᠎ᠳᠤ ᠰᠠᠭᠤᠪᠠ᠃ 《ᠰᠠᠭᠤᠷᠢ ᠬᠢᠴᠢᠶᠡᠯ + ᠡᠷᠡᠭᠦᠯᠵᠢᠯ᠎ᠤᠨ ᠪᠣᠯᠪᠠᠰᠤᠷᠠᠯ + ᠠᠵᠢᠯ ᠮᠡᠷᠭᠡᠵᠢᠯ᠎ᠤᠨ ᠤᠷ᠎ᠠ ᠴᠢᠳᠠᠪᠤᠷᠢ》 ᠵᠢᠨ ᠭᠤᠷᠪᠠᠨ ᠬᠡᠮᠵᠢᠯᠳᠦ ᠬᠢᠴᠢᠶᠡᠯ᠎ᠤᠨ ᠳᠣᠭᠲᠠᠯᠴᠠᠭ᠎ᠠ᠎ᠪᠠᠷ ᠳᠠᠮᠵᠢᠭᠤᠯᠤᠨ᠂ ᠬᠣᠲᠠ ᠬᠥᠳᠡᠭᠡ ᠵᠢᠨ ᠵᠡᠮᠳᠡᠭᠴᠦᠳ᠎ᠤᠨ ᠰᠤᠷᠭ᠋ᠠᠨ ᠬᠥᠮᠦᠵᠢᠯ᠎ᠢ ᠠᠳᠠᠯᠢ ᠴᠢᠨᠠᠷᠲᠠᠢ ᠪᠣᠯᠭ᠋ᠠᠬᠤ ᠵᠢ ᠪᠡᠶᠡᠯᠡᠭᠦᠯᠪᠡ᠃ ᠠᠮᠢᠳᠤᠷᠠᠯ᠎ᠤᠨ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠵᠣᠬᠢᠴᠠᠬᠤ ᠵᠡᠷᠭᠡ ᠰᠠᠭᠤᠷᠢ ᠬᠢᠴᠢᠶᠡᠯ᠎ᠢ ᠨᠡᠭᠡᠭᠡᠵᠦ᠂ ᠦᠨᠳᠦᠰᠦᠨ ᠲᠠᠨᠢᠨ ᠮᠡᠳᠡᠬᠦᠢ ᠪᠠ ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ ᠵᠢ ᠬᠥᠮᠥᠵᠢᠭᠦᠯᠪᠡ; ᠰᠡᠷᠡᠬᠦᠢ ᠵᠢ ᠨᠢᠭᠡᠳᠭᠡᠬᠦ ᠬᠢᠴᠢᠶᠡᠯ᠎ᠤᠨ ᠭᠡᠷ᠂ ᠮᠧᠩ᠎ᠲᠠᠢ ᠰᠥᠸᠧ ᠯᠢ ᠬᠢᠴᠢᠶᠡᠯ᠎ᠤᠨ ᠭᠡᠷ ᠵᠡᠷᠭᠡ ᠲᠤᠰᠬᠠᠢ ᠮᠡᠷᠭᠡᠵᠢᠯ᠎ᠤᠨ ᠪᠠᠢ᠌ᠷᠢ ᠲᠠᠯᠠᠪᠤᠷ᠎ᠢ ᠲᠣᠬᠢᠷᠠᠭᠤᠯᠵᠤ᠂ 《ᠡᠷᠡᠭᠦᠯᠵᠢᠯ᠎ᠢ ᠬᠠᠮᠢᠶᠠᠷᠬᠤ》 ᠵᠠᠭᠪᠤᠷ ᠵᠶ᠋ᠠᠷ ᠳᠠᠮᠵᠢᠭᠤᠯᠤᠨ ᠮᠥᠴᠢ᠂ ᠦᠭᠡ ᠬᠡᠯᠡᠨ᠎ᠤ ᠴᠢᠳᠠᠮᠵᠢ ᠵᠢ ᠳᠡᠭᠡᠭᠰᠢᠯᠡᠭᠦᠯᠪᠡ; ᠱᠠᠯᠠ ᠵᠢᠨ ᠵᠦᠯᠭᠦᠭᠦᠷ ᠣᠷᠣᠯᠠᠨ ᠦᠢ᠍ᠯᠡᠳᠬᠦ᠂ ᠲᠡᠷᠭᠡ ᠤᠬᠢᠶᠠᠵᠤ ᠦᠢ᠍ᠯᠡᠴᠢᠯᠡᠬᠦ᠂ ᠲᠠᠷᠢᠵᠤ ᠦᠷᠡᠵᠢᠭᠦᠯᠬᠦ ᠵᠡᠷᠭᠡ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠵᠡᠮᠳᠡᠭ ᠬᠡᠦᠬᠡᠳ᠎ᠲᠤ ᠨᠢᠭᠡ ᠵᠦᠢ᠍ᠯ᠎ᠤᠨ ᠮᠡᠷᠭᠡᠵᠢᠯ ᠡᠵᠡᠮᠰᠢᠭᠦᠯᠪᠡ᠃ ᠣᠳᠣ ᠪᠣᠯᠲᠠᠯ᠎ᠠ᠂ ᠨᠢᠭᠡᠨᠲᠡ 10 ᠮᠡᠳᠡᠷᠡᠯ ᠮᠠᠭᠤᠲᠠᠢ ᠲᠡᠭᠦᠰᠦᠭᠰᠡᠳ᠎ᠲᠤ ᠲᠤᠰᠠᠯᠠᠬᠤ ᠴᠢᠨᠠᠷᠲᠠᠢ ᠠᠵᠢᠯ ᠣᠯᠭᠣᠯᠲᠠ ᠵᠢ ᠪᠡᠶᠡᠯᠡᠭᠦᠯᠵᠦ᠂ ᠰᠠᠷ᠎ᠠ ᠵᠢᠨ ᠳᠤᠮᠳᠠᠴᠢ ᠣᠷᠣᠯᠭ᠎ᠠ 1200 ᠲᠥᠭᠥᠷᠢᠭ᠎ᠲᠤ ᠬᠦᠷᠴᠡᠢ᠃ ᠭᠤᠷᠪᠠ᠎ᠳᠤ᠂ 《ᠠᠭᠤᠰᠬᠠᠬᠤ ᠮᠠᠶᠢᠭ》 ᠵᠶ᠋ᠠᠷ ᠡᠩ᠎ᠤᠨ ᠰᠤᠷᠭ᠋ᠠᠭᠤᠯᠢ᠎ᠲᠠᠢ ᠠᠭᠤᠰᠬᠠᠵᠤ᠂ ᠬᠣᠲᠠ ᠬᠥᠳᠡᠭᠡ ᠵᠢᠨ ᠰᠤᠷᠭ᠋ᠠᠨ ᠬᠥᠮᠦᠵᠢᠯ᠎ᠤᠨ ᠪᠡᠬᠢᠯᠡᠯᠲᠡ ᠵᠢ ᠨᠡᠪᠲᠡᠷᠡᠭᠦᠯᠪᠡ᠃ 《ᠣᠨᠴᠠᠭ᠋ᠠᠢ ᠰᠤᠷᠭ᠋ᠠᠭᠤᠯᠢ ᠵᠢᠯᠣᠭᠣᠳᠴᠤ + ᠡᠩ᠎ᠤᠨ ᠰᠤᠷᠭ᠋ᠠᠭᠤᠯᠢ ᠬᠦᠯᠢᠶᠡᠨ ᠠᠪᠬᠤ》 ᠬᠠᠮ ᠰᠤᠷᠭ᠋ᠠᠨ ᠬᠥᠮᠦᠵᠢᠯ᠎ᠤᠨ ᠲᠣᠭᠲᠠᠴᠠ ᠵᠢ ᠪᠠᠢ᠌ᠭᠤᠯᠤᠨ᠂ ᠣᠨᠴᠠᠭ᠋ᠠᠢ ᠰᠤᠷᠭ᠋ᠠᠭᠤᠯᠢ ᠵᠢᠨ ᠪᠠᠭᠰᠢ ᠲᠣᠭᠲᠠᠮᠠᠯ ᠬᠤᠭᠤᠴᠠᠭ᠎ᠠ᠎ᠲᠠᠢ ᠡᠩ᠎ᠤᠨ ᠰᠤᠷᠭ᠋ᠠᠭᠤᠯᠢ᠎ᠳᠤ ᠬᠦᠷᠴᠦ ᠠᠩᠬᠢ ᠳᠠᠭ᠋ᠠᠵᠦ ᠰᠤᠷᠤᠯᠴᠠᠬᠤ ᠵᠢᠯᠣᠭᠣᠳᠣᠯᠭ᠎ᠠ ᠬᠢᠵᠦ᠂ ᠨᠥᠬᠥᠴᠡᠯ ᠪᠦᠷᠢᠳᠦᠭᠦᠯᠦᠭᠰᠡᠨ ᠵᠡᠮᠳᠡᠭ ᠬᠡᠦᠬᠡᠳ᠎ᠲᠤ ᠬᠠᠮ ᠰᠤᠷᠭ᠋ᠠᠨ ᠬᠥᠮᠦᠵᠢᠯ᠎ᠤᠨ ᠲᠥᠰᠦᠯ ᠳᠣᠭᠲᠠᠭ᠋ᠠᠵᠤ ᠥᠭᠪᠡ᠃ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠵᠦ ᠰᠠᠭᠤᠷᠢ ᠲᠠᠯᠪᠢᠬᠤ᠂ ᠣᠨᠴᠠᠭ᠋ᠠᠢ ᠰᠤᠷᠭ᠋ᠠᠭᠤᠯᠢ᠎ᠪᠠᠷ ᠳᠠᠮᠵᠢᠨ ᠴᠢᠳᠠᠪᠤᠷᠢ ᠪᠠᠨ ᠳᠡᠭᠡᠭᠰᠢᠯᠡᠭᠦᠯᠬᠦ᠂ ᠡᠩ᠎ᠤᠨ ᠰᠤᠷᠭ᠋ᠠᠭᠤᠯᠢ᠎ᠳᠤ ᠠᠭᠤᠰᠤᠨ ᠵᠣᠬᠢᠴᠠᠬᠤ ᠵᠢ ᠠᠬᠢᠭᠤᠯᠬᠤ 《ᠱᠠᠲᠤᠯᠢᠭ ᠮᠠᠶᠢᠭ》᠎ᠤᠨ ᠬᠥᠮᠦᠵᠢᠯ ᠵᠶ᠋ᠠᠷ ᠳᠠᠮᠵᠢᠨ᠂ ᠵᠡᠮᠳᠡᠭ ᠬᠡᠦᠬᠡᠳ᠎ᠤᠨ ᠰᠤᠷᠭ᠋ᠠᠨ ᠬᠥᠮᠥᠵᠢᠯ᠎ᠢ 《ᠲᠤᠰᠠᠭ᠋ᠠᠷᠯᠠᠬᠤ ᠰᠤᠷᠭ᠋ᠠᠨ ᠬᠥᠮᠦᠵᠢᠯ》᠎ᠠᠴᠠ 《ᠪᠦᠬᠦᠨ᠎ᠢ ᠪᠠᠭᠲᠠᠭ᠋ᠠᠬᠤ ᠰᠤᠷᠭ᠋ᠠᠨ ᠬᠥᠮᠦᠵᠢᠯ》 ᠲᠡᠢ᠌ᠰᠢ ᠬᠤᠪᠢᠷᠠᠭᠤᠯᠬᠤ ᠵᠢ ᠠᠬᠢᠭᠤᠯᠵᠤ᠂ ᠪᠦᠬᠦ ᠬᠣᠰᠢᠭᠤᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠵᠡᠮᠳᠡᠭ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠨᠣᠷᠮ᠎ᠠ ᠵᠢ 96.41%᠎ᠳᠤ ᠬᠦᠷᠭᠡᠪᠡ᠃
ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ᠂ 《ᠰᠤᠷᠭ᠋ᠠᠨ ᠬᠥᠮᠦᠵᠢᠯ - ᠡᠷᠡᠭᠦᠯᠵᠢᠯ - ᠠᠵᠢᠯ ᠣᠯᠭᠣᠯᠲᠠ》 ᠵᠢᠨ ᠪᠢᠲᠡᠭᠦᠦ ᠴᠠᠭ᠋ᠠᠷᠢᠭᠲᠤ ᠠᠮᠢ ᠠᠬᠤᠢ ᠵᠢ ᠪᠠᠢ᠌ᠭᠤᠯᠪᠠ᠃ ᠳᠠᠯᠠᠳ ᠬᠣᠰᠢᠭᠤ ᠤᠯᠠᠮᠵᠢᠯᠠᠯᠲᠤ ᠣᠨᠴᠠᠭ᠋ᠠᠢ ᠰᠤᠷᠭ᠋ᠠᠨ ᠬᠥᠮᠦᠵᠢᠯ᠎ᠤᠨ ᠬᠢᠵᠠᠭ᠋ᠠᠷᠯᠠᠯ᠎ᠢ ᠡᠪᠳᠡᠵᠦ᠂ 《ᠣᠷᠣᠰᠢᠨ ᠲᠣᠭᠲᠠᠨᠢᠵᠤ ᠬᠥᠭᠵᠢᠬᠦ ᠰᠠᠭᠤᠷᠢ ᠲᠠᠯᠪᠢᠬᠤ》᠎ᠪᠠᠷ ᠣᠨᠣᠯᠵᠢᠬᠤᠨ ᠪᠣᠯᠭ᠋ᠠᠵᠤ᠂ 《ᠭᠤᠷᠪᠠ ᠵᠢ ᠨᠢᠭᠡ ᠴᠣᠭᠴᠠᠵᠢᠭᠤᠯᠬᠤ》 ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ᠂ ᠵᠡᠮᠳᠡᠭᠴᠦᠳ᠎ᠤᠨ ᠨᠡᠶ᠋ᠢᠭᠡᠮ᠎ᠲᠤ ᠵᠣᠬᠢᠴᠠᠬᠤ ᠴᠢᠳᠠᠪᠤᠷᠢ ᠵᠢ ᠴᠢᠩᠭ᠋ᠠᠳᠬᠠᠪᠠ᠃ ᠨᠢᠭᠡ᠎ᠳᠤ᠂ ᠰᠤᠷᠭ᠋ᠠᠨ ᠬᠥᠮᠦᠵᠢᠯ ᠪᠠ ᠡᠷᠡᠭᠦᠯᠵᠢᠯ᠎ᠢ ᠨᠢᠭᠡ ᠴᠣᠭᠴᠠᠵᠢᠭᠤᠯᠵᠤ᠂ ᠦᠰᠦᠨ ᠪᠣᠶ᠋ᠢᠵᠢᠯᠲᠠ ᠵᠢᠨ ᠰᠠᠭᠤᠷᠢ ᠵᠢ ᠪᠡᠬᠢᠵᠢᠭᠦᠯᠪᠡ᠃ ᠡᠷᠡᠭᠦᠯᠵᠢᠭᠦᠯᠬᠦ ᠪᠣᠯᠪᠠᠰᠤᠷᠠᠯ᠎ᠢ ᠡᠳᠦᠷ ᠲᠤᠲᠤᠮ᠎ᠤᠨ ᠵᠢᠭ᠋ᠠᠨ ᠰᠤᠷᠭ᠋ᠠᠯᠲᠠ᠎ᠳᠤ ᠠᠭᠤᠰᠬᠠᠵᠤ᠂ ᠠᠳᠠᠯᠢ ᠪᠤᠰᠤ ᠵᠡᠮᠳᠡᠭ ᠬᠡᠦᠬᠡᠳ᠎ᠲᠤ ᠴᠢᠭᠯᠡᠭᠦᠯᠦᠨ ᠠᠳᠠᠯᠢ ᠪᠣᠰᠤ ᠬᠢᠴᠢᠶᠡᠯ ᠲᠣᠬᠢᠷᠠᠭᠤᠯᠪᠠ᠄ ᠦᠭᠡ ᠬᠡᠯᠡᠨ᠎ᠤ ᠰᠠᠭ᠋ᠠᠳ᠎ᠲᠠᠢ ᠬᠡᠦᠬᠡᠳ᠎ᠲᠤ ᠨᠢᠭᠡ᠎ᠪᠠᠷ ᠨᠢᠭᠡ ᠵᠢ ᠳᠠᠭ᠋ᠠᠭᠤᠯᠬᠤ ᠬᠡᠯᠡᠨ᠎ᠤ ᠪᠣᠯᠪᠠᠰᠤᠷᠠᠯ ᠥᠷᠨᠢᠭᠦᠯᠵᠦ᠂ ᠪᠡᠶ᠎ᠡ ᠮᠠᠬᠠᠪᠤᠳ᠎ᠨᠢ ᠵᠡᠮᠳᠡᠭ ᠬᠡᠦᠬᠡᠳ᠎ᠢ ᠨᠢᠭᠡᠳᠦᠯᠲᠡᠢ ᠪᠣᠯᠪᠠᠰᠤᠷᠠᠭᠤᠯᠵᠤ᠂ ᠣᠯᠠᠨ ᠵᠦᠢ᠍ᠯ ᠤᠨ ᠬᠠᠷᠰᠢ ᠰᠠᠭ᠋ᠠᠳ᠎ᠲᠠᠢ ᠬᠡᠦᠬᠡᠳ᠎ᠢ ᠶᠡᠷᠦᠩᠬᠡᠶ᠋ᠢᠯᠡᠨ ᠬᠠᠮᠢᠶᠠᠷᠴᠤ ᠡᠷᠡᠭᠦᠯᠵᠢᠭᠦᠯᠬᠦ ᠵᠢ ᠬᠡᠷᠡᠭᠵᠢᠭᠦᠯᠪᠡ᠃ 《ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ + ᠬᠢᠴᠢᠶᠡᠯ᠎ᠤᠨ ᠳᠠᠷᠠᠭ᠎ᠠ ᠡᠷᠡᠭᠦᠯᠵᠢᠭᠦᠯᠬᠦ》 ᠪᠦᠬᠦᠯᠢ ᠡᠳᠦᠷ᠎ᠤᠨ ᠦᠢ᠍ᠯᠡᠴᠢᠯᠡᠭᠡ᠎ᠪᠠᠷ ᠳᠠᠮᠵᠢᠭᠤᠯᠤᠨ᠂ ᠰᠤᠷᠭ᠋ᠠᠭᠤᠯᠢ᠎ᠳᠤ ᠪᠠᠶ᠋ᠢᠭ᠎ᠠ 71 ᠰᠤᠷᠤᠭᠴᠢ ᠵᠢᠨ ᠳᠣᠲᠣᠷ᠎ᠠ᠂ 80%᠎ᠠᠴᠠ ᠳᠡᠭᠡᠭᠰᠢ᠎ᠨᠢ ᠠᠮᠢᠳᠤᠷᠠᠯ ᠵᠶ᠋ᠠᠨ ᠥᠪᠡᠷ ᠵᠶ᠋ᠠᠨ ᠠᠷᠭ᠋ᠠᠴᠠᠬᠤ ᠴᠢᠳᠠᠪᠤᠷᠢ ᠵᠢ ᠡᠵᠡᠮᠳᠡᠪᠡ᠃ ᠠᠷᠪᠠᠨ ᠭᠤᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠣᠨᠴᠠᠭ᠋ᠠᠢ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠳᠦᠷ᠎ᠤᠨ ᠠᠵᠢᠯᠯᠠᠭ᠎ᠠ ᠵᠢᠴᠢ ᠳᠤᠮᠳᠠᠳᠤ ᠤᠯᠤᠰ᠎ᠤᠨ ᠣᠶᠤᠨ᠎ᠤ ᠨᠡᠢ᠌ᠭᠡᠮᠯᠢᠭ᠎ᠤᠨ 2019 ᠣᠨ᠎ᠤ ᠮᠤᠵᠢ (ᠬᠣᠲᠠ) ᠵᠢᠨ ᠣᠨᠴᠠᠭ᠋ᠠᠢ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠨᠥᠬᠥᠷᠯᠡᠯ᠎ᠤᠨ ᠠᠵᠢᠯᠯᠠᠭ᠋ᠠᠨ᠎ᠳᠤ᠂ ᠳᠠᠯᠠᠳ ᠬᠣᠰᠢᠭᠤᠨ᠎ᠤ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠡᠦᠬᠡᠳ 6 ᠠᠯᠲᠠᠨ ᠮᠧᠳᠠᠯ 3 ᠮᠥᠩᠭᠦᠨ ᠮᠧᠳᠠᠯ 3 ᠬᠦᠷᠡᠯ ᠮᠧᠳᠠᠯ᠎ᠤᠨ ᠰᠠᠶ᠋ᠢᠨ ᠬᠢᠷᠢ ᠪᠦᠲᠦᠮᠵᠢ ᠵᠢ ᠣᠯᠪᠠ᠃ ᠬᠣᠶᠠᠷ᠎ᠲᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠠᠵᠢᠯ ᠣᠯᠭᠣᠯᠲᠠ ᠵᠢ ᠵᠣᠯᠭ᠋ᠠᠭᠤᠯᠵᠤ᠂ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠪᠡ᠃ 《ᠰᠤᠷᠭ᠋ᠠᠭᠤᠯᠢ ᠵᠢᠨ ᠳᠣᠲᠣᠭ᠋ᠠᠳᠤ ᠵᠢᠨ ᠳᠠᠳᠤᠯᠭ᠎ᠠ ᠪᠣᠯᠪᠠᠰᠤᠷᠠᠯ - ᠲᠤᠰᠠᠯᠠᠬᠤ ᠠᠵᠢᠯ ᠣᠯᠭᠣᠯᠲᠠ》 ᠵᠢᠨ ᠬᠡᠯᠬᠢᠶ᠎ᠡ ᠵᠢ ᠪᠠᠢ᠌ᠭᠤᠯᠪᠠ᠃ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ᠂ ᠢᠳᠡᠭᠡᠨ ᠤᠮᠳᠠᠭ᠋ᠠᠨ᠂ ᠦᠢ᠍ᠯᠡᠳᠬᠦ ᠵᠡᠷᠭᠡ ᠳᠠᠳᠤᠯᠭ᠎ᠠ ᠪᠣᠯᠪᠠᠰᠤᠷᠠᠯ᠎ᠤᠨ ᠬᠢᠴᠢᠶᠡᠯ᠎ᠢ ᠨᠡᠭᠡᠭᠡᠵᠦ᠂ ᠲᠡᠷᠭᠡ ᠤᠬᠢᠶᠠᠬᠤ ᠦᠢ᠍ᠯᠡᠴᠢᠯᠡᠭᠡ᠂ ᠴᠠᠭ᠋ᠠᠰᠤ ᠵᠢ ᠬᠤᠪᠢᠶᠠᠷᠢᠯᠠᠨ ᠰᠠᠪᠠᠯᠠᠬᠤ᠂ ᠱᠠᠯᠠ ᠵᠢᠨ ᠵᠦᠯᠭᠦᠭᠦᠷ ᠦᠢ᠍ᠯᠡᠳᠬᠦ ᠦᠢ᠍ᠯᠡᠳᠪᠦᠷᠢ ᠵᠢᠨ ᠲᠠᠰᠤᠭ ᠵᠡᠷᠭᠡ ᠵᠢ ᠪᠠᠶ᠋ᠢᠭᠤᠯᠵᠤ᠂ ᠰᠤᠷᠤᠭᠴᠢᠳ ᠪᠣᠳᠠᠲᠠᠢ ᠠᠵᠢᠯ᠎ᠤᠨ ᠪᠠᠶ᠋ᠢᠷᠢ᠎ᠳᠤ ᠲᠤᠷᠰᠢᠯᠭ᠎ᠠ ᠬᠤᠷᠠᠮᠳᠤᠭᠤᠯᠪᠠ; 《ᠬᠠᠶ᠋ᠢᠷ᠎ᠠ ᠪᠢᠳᠡᠨ᠎ᠲᠠᠢ ᠬᠠᠮᠲᠤ》 ᠲᠡᠷᠭᠡ ᠤᠬᠢᠶᠠᠬᠤ ᠦᠢ᠍ᠯᠡᠴᠢᠯᠡᠭᠡᠨ᠎ᠤ ᠲᠥᠪ᠎ᠤᠨ ᠲᠤᠰᠠᠯᠠᠬᠤ ᠴᠢᠨᠠᠷᠲᠠᠢ ᠠᠵᠢᠯ ᠣᠯᠭᠣᠯᠲᠠ ᠵᠢᠨ ᠰᠠᠭᠤᠷᠢᠨ ᠭᠠᠵᠠᠷ ᠢ ᠪᠠᠶ᠋ᠢᠭᠤᠯᠵᠤ᠂ ᠲᠡᠭᠦᠰᠦᠭᠰᠡᠳ᠎ᠲᠤ ᠬᠠᠨᠳᠤᠯᠭ᠋ᠠᠲᠠᠢ ᠠᠵᠢᠯ᠎ᠤᠨ ᠪᠠᠶ᠋ᠢᠷᠢ ᠬᠠᠩᠭ᠋ᠠᠵᠤ᠂ 6 ᠰᠤᠷᠤᠭᠴᠢ ᠲᠡᠷᠭᠡ ᠤᠬᠢᠶᠠᠬᠤ ᠦᠢ᠍ᠯᠡᠴᠢᠯᠡᠭᠡᠨ᠎ᠤ ᠲᠥᠪ ᠵᠶ᠋ᠠᠷ ᠳᠠᠮᠵᠢᠨ ᠰᠤᠷᠭ᠋ᠠᠭᠤᠯᠢ ᠵᠢᠨ ᠭᠠᠳᠠᠨᠠᠬᠢ ᠠᠵᠢᠯ ᠣᠯᠭᠣᠯᠲᠠ ᠵᠢ ᠪᠡᠶᠡᠯᠡᠭᠦᠯᠪᠡ; 《ᠵᠡᠮᠳᠡᠭᠴᠦᠳ᠎ᠢ ᠳᠤᠰᠠᠯᠠᠬᠤ ᠴᠢᠨᠠᠷᠲᠠᠢ ᠠᠵᠢᠯ ᠣᠯᠭᠣᠯᠲᠠ ᠵᠢᠨ ᠴᠡᠭ ᠳᠣᠭᠲᠠᠭ᠋ᠠᠭᠰᠠᠨ ᠪᠠᠶ᠋ᠢᠭᠤᠯᠤᠮᠵᠢ》᠎ᠳᠤ ᠲᠦᠰᠢᠭᠯᠡᠨ᠂ ᠠᠵᠢᠯ ᠣᠯᠣᠭᠰᠠᠨ ᠰᠤᠷᠤᠭᠴᠢᠳ᠎ᠲᠤ ᠨᠡᠶ᠋ᠢᠭᠡᠮ᠎ᠤᠨ ᠪᠠᠲᠤᠯᠠᠭ᠎ᠠ ᠵᠢᠨ ᠨᠥᠬᠥᠪᠥᠷᠢ᠂ ᠠᠵᠢᠯ᠎ᠤᠨ ᠪᠠᠶ᠋ᠢᠷᠢ ᠵᠢᠨ ᠨᠥᠬᠥᠪᠥᠷᠢ ᠬᠠᠩᠭ᠋ᠠᠵᠤ᠂ ᠲᠡᠳᠡᠨ᠎ᠤ ᠨᠡᠶ᠋ᠢᠭᠡᠮ᠎ᠳᠤ ᠲᠣᠭᠲᠠᠭᠤᠨ ᠵᠶ᠋ᠠᠷ ᠠᠭᠤᠰᠤᠯᠴᠠᠬᠤ ᠵᠢ ᠪᠠᠲᠤᠯᠠᠪᠠ᠃ ᠭᠤᠷᠪᠠ᠎ᠳᠤ᠂ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠵᠦ᠂ ᠣᠯᠠᠨ ᠲᠠᠯ᠎ᠠ ᠵᠢᠨ ᠬᠠᠮ ᠬᠦᠴᠦᠨ᠎ᠢ ᠨᠢᠭᠲᠠᠷᠠᠭᠤᠯᠪᠠ᠃ 《ᠰᠤᠷᠭ᠋ᠠᠭᠤᠯᠢ ᠭᠣᠣᠯᠯᠠᠭᠰᠠᠨ᠂ ᠭᠡᠷ ᠪᠦᠯᠢ ᠣᠷᠣᠯᠴᠠᠭᠰᠠᠨ᠂ ᠨᠡᠶ᠋ᠢᠭᠡᠮ ᠲᠣᠭᠣᠷᠢᠭ ᠳᠡᠮᠵᠢᠭᠰᠡᠨ》 ᠬᠠᠮᠵᠢᠯᠴᠠᠬᠤ ᠲᠣᠭᠲᠠᠴᠠ ᠵᠢ ᠪᠠᠢ᠌ᠭᠤᠯᠪᠠ᠃ ᠲᠣᠭᠲᠠᠮᠠᠯ ᠬᠤᠭᠤᠴᠠᠭ᠎ᠠ᠎ᠲᠠᠢ ᠣᠨᠴᠠᠭ᠋ᠠᠢ ᠰᠤᠷᠭ᠋ᠠᠨ ᠬᠥᠮᠦᠵᠢᠯ᠎ᠤᠨ ᠮᠡᠳᠡᠯᠭᠡ ᠵᠢᠨ ᠪᠣᠯᠪᠠᠰᠤᠷᠠᠯ᠎ᠢ ᠡᠷᠬᠢᠯᠡᠵᠦ᠂ ᠭᠡᠷ᠎ᠤᠨ ᠠᠬᠠᠮᠠᠳ᠎ᠢ ᠵᠢᠯᠣᠭᠣᠳᠤᠨ ᠡᠷᠡᠭᠦᠯᠵᠢᠯ᠎ᠤᠨ ᠤᠷ᠎ᠠ ᠮᠡᠷᠭᠡᠵᠢᠯ᠎ᠢ ᠡᠵᠡᠮᠰᠢᠭᠦᠯᠵᠦ᠂ 《ᠭᠡᠷ᠎ᠤᠨ ᠠᠬᠠᠮᠠᠳ᠎ᠤᠨ ᠠᠵᠢᠯᠯᠠᠬᠤ ᠭᠠᠵᠠᠷ》 ᠵᠶ᠋ᠠᠷ ᠳᠠᠮᠵᠢᠭᠤᠯᠤᠨ ᠭᠡᠷ ᠪᠦᠯᠢ ᠵᠢᠨ ᠳᠡᠮᠵᠢᠬᠦ ᠴᠢᠳᠠᠪᠤᠷᠢ ᠵᠢ ᠳᠡᠭᠡᠭᠰᠢᠯᠡᠭᠦᠯᠪᠡ; ᠰᠤᠷᠤᠭᠴᠢᠳ᠎ᠢ ᠵᠣᠬᠢᠶᠠᠨ ᠪᠠᠶ᠋ᠢᠭᠤᠯᠤᠨ ᠬᠡᠲᠦ ᠳᠡᠯᠭᠡᠭᠦᠷ᠎ᠤᠨ ᠪᠠᠷᠠᠭ᠎ᠠ ᠬᠤᠳᠠᠯᠳᠤᠨ ᠠᠪᠬᠤ᠂ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ ᠵᠡᠷᠭᠡ ᠨᠡᠶ᠋ᠢᠭᠡᠮ ᠲᠣᠭᠣᠷᠢᠭ᠎ᠤᠨ ᠦᠢ᠍ᠯᠡᠳᠦᠯᠭᠡ᠎ᠳᠤ ᠣᠷᠣᠯᠴᠠᠭᠤᠯᠵᠤ᠂ ᠰᠠᠶ᠋ᠢᠨ ᠳᠤᠷᠠᠴᠤᠤᠯ᠎ᠲᠠᠢ ᠬᠣᠯᠪᠣᠭ᠋ᠠᠯᠠᠨ ᠪᠠᠶᠠᠷ᠎ᠤᠨ ᠡᠳᠦᠷ ᠲᠣᠬᠣᠨᠢᠭᠤᠯᠬᠤ᠂ ᠠᠵᠢᠯ ᠣᠯᠭᠣᠯᠲᠠ ᠵᠢ ᠵᠢᠯᠣᠭᠣᠳᠬᠤ ᠵᠢ ᠥᠷᠨᠢᠭᠦᠯᠦᠨ᠂ ᠪᠠᠭᠲᠠᠭ᠋ᠠᠵᠤ ᠬᠦᠯᠢᠶᠡᠨ ᠠᠪᠬᠤ ᠨᠡᠶ᠋ᠢᠭᠡᠮ᠎ᠤᠨ ᠣᠷᠴᠢᠨ ᠨᠥᠬᠥᠴᠡᠯ᠎ᠢ ᠪᠤᠢ ᠪᠣᠯᠭ᠋ᠠᠪᠠ; ᠠᠷᠠᠳ᠎ᠤᠨ ᠶᠠᠪᠤᠳᠠᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠵᠦ᠂ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠲᠡᠭᠦᠯᠳᠡᠷᠵᠢᠭᠦᠯᠪᠡ᠃