5 ᠳ᠋ᠤᠭ᠋ᠠᠷ ᠰᠠᠷ᠎ᠠ ᠵᠢᠨ 28᠎ᠤ ᠡᠳᠦᠷ᠂ ᠣᠷᠳᠣᠰ ᠬᠤᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠣᠷᠳᠣᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠳ᠋ᠦᠩᠱ᠌ᠧᠩ ᠲᠣᠭᠤᠷᠢᠭ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠬᠢᠶ᠎ᠠ ᠪᠠᠭᠰᠢ ᠲᠣᠭᠤᠷᠢᠭ᠎ᠤᠨ ᠬᠥᠮᠦᠨ ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠯᠤᠭ᠎ᠠ 2025 ᠣᠨ᠎ᠤ ᠪᠥᠬᠦ ᠤᠯᠤᠰ᠎ᠤᠨ ᠬᠤᠲᠠᠳ ᠬᠠᠮᠲᠤᠷᠠᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠬᠠᠮᠲᠤᠷᠠᠨ ᠤᠷᠢᠵᠤ ᠡᠯᠰᠡᠬᠦ ᠬᠠᠪᠤᠷ᠎ᠤᠨ ᠤᠯᠠᠷᠢᠯ᠎ᠤᠨ ᠲᠤᠰᠬᠠᠢ ᠲᠠᠯᠠᠪᠤᠷ ᠠᠵᠢᠯᠯᠠᠭ᠋ᠠᠨ ᠬᠢᠭᠡᠳ ᠣᠷᠳᠣᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠠᠬᠢ ᠲᠤᠰᠬᠠᠶ ᠲᠠᠯᠠᠪᠤᠷ ᠤᠷᠢᠵᠤ ᠡᠯᠰᠡᠬᠦ ᠴᠤᠭᠯᠠᠭ᠋ᠠᠨ᠎ᠢ ᠡᠷᠭᠢᠯᠡᠪᠡ᠃
ᠡᠮᠦᠨᠡᠬᠢ ᠬᠤᠭᠤᠴᠠᠭ᠋ᠠᠨ᠎ᠳᠤ᠂ ᠬᠤᠲᠠ ᠲᠣᠭᠤᠷᠢᠭ ᠬᠤᠶᠠᠷ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠂ ᠶᠡᠭᠡ ᠳᠡᠭᠡᠳᠦ ᠰᠤᠷᠭ᠋ᠠᠭᠤᠯᠢ᠎ᠨᠢ ᠤᠲᠠᠰᠤ᠎ᠪᠠᠷ ᠬᠠᠷᠢᠭᠤ ᠰᠤᠷᠪᠤᠯᠵᠢᠯᠠᠬᠤ᠂ ᠰᠦᠯᠵᠢᠶ᠎ᠡ᠎ᠪᠠᠷ ᠠᠰᠠᠭᠤᠯᠲᠠ ᠵᠢᠨ ᠬᠠᠭᠤᠳᠠᠰᠤ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠠᠵᠤ ᠠᠬᠤᠶ᠋ᠢᠯᠠᠯ᠎ᠤᠨ ᠠᠵᠢᠯᠲᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠣᠨᠣᠴᠠᠲᠠᠶ᠎ᠪᠠᠷ ᠤᠶ᠋ᠢᠯᠠᠭ᠋ᠠᠨ ᠵᠢᠭᠰᠠᠭ᠋ᠠᠭᠰᠠᠨᠤ ᠬᠠᠮᠲᠤ ᠣᠯᠠᠨ ᠠᠷᠭ᠎ᠠ ᠵᠠᠮ ᠵᠶ᠋ᠠᠷ ᠤᠬᠠᠭᠤᠯᠤᠨ ᠳᠠᠶ᠋ᠢᠴᠢᠯᠠᠭ᠋ᠠᠳ 60 ᠠᠵᠤ ᠠᠬᠤᠶ᠋ᠢᠯᠠᠯ᠎ᠢ ᠲᠡᠳᠡᠨ ᠣᠷᠣᠯᠴᠠᠭᠤᠯᠪᠠ᠂ ᠡᠭᠦᠨ᠎ᠳᠤ ᠣᠯᠠᠨ ᠠᠵᠢᠯ ᠲᠥᠷᠥᠯ᠎ᠤᠨ ᠬᠦᠷᠢᠶᠡᠨ᠎ᠳᠠᠬᠢ 267 ᠠᠵᠢᠯ᠎ᠤᠨ ᠪᠠᠶ᠋ᠢᠷᠢ᠂ 2442 ᠬᠥᠮᠦᠨ ᠬᠡᠷᠡᠭᠯᠡᠬᠦ ᠬᠡᠷᠡᠭᠴᠡᠭᠡ ᠵᠢ ᠪᠠᠭᠲᠠᠭ᠋ᠠᠭᠰᠠᠨ ᠪᠠᠶ᠋ᠢᠨ᠎ᠠ᠃
ᠠᠵᠢᠯᠲᠠᠨ ᠤᠷᠢᠵᠤ ᠡᠯᠰᠡᠬᠦ ᠴᠤᠭᠯᠠᠭ᠋ᠠᠨ᠎ᠤ ᠬᠤᠭᠤᠴᠠᠭ᠋ᠠᠨ᠎ᠳᠤ᠂ 《ᠰᠦᠯᠵᠢᠶᠡᠨ᠎ᠠᠴᠠ ᠭᠠᠳᠠᠭᠤᠷᠬᠢ + ᠰᠦᠯᠵᠢᠶ᠎ᠡ᠎ᠪᠠᠷ》 ᠮᠡᠳᠡᠭᠦᠯᠬᠦ ᠵᠢ ᠵᠡᠷᠭᠡ᠎ᠪᠠᠷ ᠥᠷᠨᠢᠭᠦᠯᠬᠦ ᠬᠡᠪ ᠵᠠᠭᠪᠤᠷ᠎ᠢ ᠬᠡᠷᠡᠭᠯᠡᠨ᠂ ᠠᠵᠤ ᠠᠬᠤᠶ᠋ᠢᠯᠠᠯ᠎ᠤᠨ ᠰᠦᠯᠵᠢᠶᠡᠨ᠎ᠠᠴᠠ ᠭᠠᠳᠠᠭᠤᠷᠬᠢ ᠠᠵᠢᠯᠲᠠᠨ ᠤᠷᠢᠵᠤ ᠡᠯᠰᠡᠬᠦ ᠲᠤᠰᠬᠠᠶ ᠲᠣᠭᠤᠷᠢᠭ᠂ ᠲᠥᠷᠥ ᠵᠢᠨ ᠪᠣᠳᠣᠯᠭ᠎ᠠ ᠵᠢᠨ ᠠᠰᠠᠭᠤᠨ ᠯᠠᠪᠯᠠᠬᠤ ᠲᠤᠰᠬᠠᠶ ᠲᠣᠭᠤᠷᠢᠭ᠂ ᠠᠵᠢᠯ ᠮᠡᠷᠭᠡᠵᠢᠯ᠎ᠤᠨ ᠵᠢᠯᠣᠭᠤᠳᠬᠤ ᠲᠤᠰᠬᠠᠶ ᠲᠣᠭᠤᠷᠢᠭ ᠪᠠ ᠰᠦᠯᠵᠢᠶ᠎ᠡ᠎ᠪᠠᠷ 《ᠡᠭᠦᠯᠡᠨ ᠡᠯᠰᠡᠯᠲᠡ》 ᠳᠥᠷᠪᠡᠨ ᠶᠡᠭᠡ ᠲᠤᠰᠬᠠᠶ ᠲᠣᠭᠤᠷᠢᠭ ᠭᠠᠷᠭ᠋ᠠᠬᠤ᠎ᠪᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ᠎ᠲᠤ ᠪᠥᠬᠦ ᠲᠠᠯ᠎ᠠ ᠵᠢᠨ ᠦᠢ᠍ᠯᠡᠴᠢᠯᠡᠭᠡ ᠬᠠᠩᠭ᠋ᠠᠪᠠ᠃ ᠡᠭᠦᠨ ᠳᠤ᠂ ᠰᠦᠯᠵᠢᠶ᠎ᠡ᠎ᠪᠠᠷ 《ᠡᠭᠦᠯᠡᠨ ᠡᠯᠰᠡᠯᠲᠡ》᠎ᠨᠢ ᠤᠯᠠᠮᠵᠢᠯᠠᠯᠲᠤ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠦᠵᠡᠵᠦ ᠪᠣᠯᠬᠤ᠂ ᠮᠡᠳᠡᠷᠡᠵᠦ ᠪᠣᠯᠬᠤ᠂ ᠬᠠᠷᠢᠯᠴᠠᠵᠤ ᠪᠣᠯᠬᠤ ᠠᠵᠢᠯ ᠮᠡᠷᠭᠡᠵᠢᠯ ᠤᠨ ᠬᠥᠭᠵᠢᠯᠲᠡ ᠵᠢᠨ ᠵᠢᠷᠤᠭ ᠲᠦᠰᠦᠪ ᠪᠣᠯᠭ᠋ᠠᠨ ᠬᠤᠪᠢᠷᠠᠭᠤᠯᠵᠤ᠂ ᠨᠡᠶ᠋ᠢᠲᠡ 4800 ᠭᠠᠷᠤᠶ ᠬᠥᠮᠦᠨ ᠤᠳᠠᠭ᠎ᠠ ᠰᠣᠨᠢᠷᠬᠠᠨ ᠦᠵᠡᠪᠡ᠃