ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠭᠤᠴᠢ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠷᠤᠯᠳᠤᠭᠠᠨ ᠬᠥᠬᠡᠬᠣᠲᠠ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2025-08-21

8 ᠳ᠋ᠤᠭᠠᠷ ᠰᠠᠷ᠎ᠠ᠎ᠶᠢᠨ 15 ᠎ᠤ ᠡᠳᠦᠷ᠂ 39 ᠳ᠋ᠦ᠍ᠭᠡᠷ ᠬᠤᠭᠤᠴᠠᠭᠠᠨ᠎ᠤ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠷᠤᠯᠳᠤᠭᠠᠨ ᠬᠥᠬᠡᠬᠣᠲᠠ᠎ᠳᠤ ᠡᠬᠢᠯᠡᠪᠡ᠃ 

ᠲᠤᠰ ᠤᠳᠠᠭᠠᠨ᠎ᠤ ᠶᠡᠬᠡ ᠤᠷᠤᠯᠳᠤᠭᠠᠨ 5 ᠡᠳᠦᠷ ᠶᠠᠪᠤᠭᠳᠠᠨ᠎ᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠨᠡᠢᠭᠡᠮᠯᠢᠭ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠂ ᠪᠦᠬᠦ ᠤᠯᠤᠰ᠎ᠤᠨ ᠡᠮᠡᠭᠲᠡᠢᠴᠦᠳ᠎ᠦᠨ ᠬᠣᠯᠪᠣᠭᠠᠲᠤ ᠬᠤᠷᠠᠯ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠭᠣᠣᠯᠴᠢᠯᠠᠨ ᠡᠷᠬᠢᠯᠡᠵᠦ᠂ ᠪᠥᠬᠥ ᠤᠯᠤᠰ᠎ᠤᠨ 31 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠨᠡᠢᠭᠡᠮᠯᠢᠭ ᠪᠠ ᠰᠢᠶᠠᠩᠭᠠᠩ ᠣᠣᠮᠧᠨ ᠲᠠᠢᠸᠠᠨ᠎ᠤ ᠬᠠᠮᠢᠶ᠎ᠠ ᠪᠦᠬᠦᠢ ᠨᠢᠭᠡᠴᠢ᠎ᠶᠢᠨ ᠲᠠᠨᠢᠯᠴᠠᠭᠤᠯᠤᠭᠰᠠᠨ ᠪᠠᠭᠠᠴᠤᠳ᠎ᠤᠨ ᠳᠤᠭᠤᠢᠯᠠᠩ᠎ᠤᠨ ᠲᠥᠯᠥᠭᠡᠯᠡᠭᠴᠢᠳ᠎ᠦᠨ 35 ᠠᠩᠭᠢ᠂ ᠪᠥᠬᠥ ᠤᠯᠤᠰ᠎ᠤᠨ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠲᠠᠨᠢᠯᠴᠠᠭᠤᠯᠤᠭᠰᠠᠨ ᠵᠠᠯᠠᠭᠤᠴᠤᠳ᠎ᠤᠨ ᠳᠤᠭᠤᠢᠯᠠᠩ᠎ᠤᠨ ᠲᠥᠯᠥᠭᠡᠯᠡᠭᠴᠢᠳ᠎ᠦᠨ 22 ᠠᠩᠭᠢ ᠵᠢᠴᠢ ᠠᠽᠢᠶ᠎ᠠ ᠲᠢᠪ᠂ ᠠᠹᠷᠢᠺᠠ ᠲᠢᠪ᠂ ᠡᠸᠦ᠋ᠷᠦᠫᠡ ᠲᠢᠪ᠂ ᠡᠮᠦᠨᠡᠲᠦ ᠠᠮᠧᠷᠢᠺᠠ ᠲᠢᠪ᠎ᠡᠴᠡ ᠢᠷᠡᠭᠰᠡᠨ ᠣᠯᠠᠨ ᠤᠯᠤᠰ᠎ᠤᠨ ᠲᠥᠯᠥᠭᠡᠯᠡᠭᠴᠢᠳ᠎ᠦᠨ 18 ᠠᠩᠭᠢ᠎ᠶᠢᠨ 700 ᠰᠢᠬᠠᠮ ᠲᠥᠯᠥᠭᠡᠯᠡᠭᠴᠢ ᠣᠷᠣᠯᠴᠠᠵᠠᠢ᠃

ᠲᠣᠰ ᠬᠤᠭᠤᠴᠠᠭᠠᠨ᠎ᠤ ᠤᠷᠤᠯᠳᠤᠭᠠᠨ᠎ᠳᠤ ᠠᠭᠤᠯᠭ᠎ᠠ᠎ᠶᠢᠨ ᠲᠥᠯᠥᠪᠯᠡᠭᠡ᠎ᠶᠢᠨ ᠲᠠᠯ᠎ᠠ᠎ᠪᠠᠷ ᠥᠷᠲᠡᠭ᠎ᠢᠶᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠬᠤ᠂ ᠵᠠᠯᠠᠭᠤ ᠴᠢᠳᠠᠪᠤᠷᠢᠲᠠᠨ᠎ᠢ ᠦᠷᠭᠦᠯᠵᠢᠯᠡᠨ ᠡᠷᠭᠦᠨ ᠳᠡᠪᠰᠢᠭᠦᠯᠬᠦ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠢᠯᠡᠳᠦᠯᠭᠡ᠎ᠶᠢ ᠳᠣᠪᠣᠶ᠋ᠢᠯᠭᠠᠬᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠬᠥᠭᠵᠢᠯᠲᠡ᠎ᠳᠦ ᠬᠦᠴᠦᠨ ᠨᠡᠮᠡᠷᠢᠯᠡᠬᠦ ᠵᠡᠷᠭᠡ ᠣᠨᠴᠠᠯᠢᠭ᠋᠎ᠢ ᠢᠯᠡᠷᠡᠭᠦᠯᠪᠡ᠃ ᠲᠤᠬᠠᠢ᠎ᠶᠢᠨ ᠲᠠᠯᠠᠪᠤᠷ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠥᠷᠢᠰᠦᠯᠳᠦᠭᠡᠨ᠎ᠦ ᠡᠭᠦᠷᠭᠡ᠎ᠶᠢ ᠠᠩᠬ᠎ᠠ ᠤᠳᠠᠭ᠎ᠠ ᠡᠷᠭᠢᠯᠡᠵᠦ᠂ ᠲᠠᠮᠢᠷᠴᠢᠳ᠎ᠤᠨ ᠮᠡᠳᠡᠯᠭᠡ᠎ᠶᠢᠨ ᠬᠡᠷᠡᠭᠯᠡᠯᠲᠡ᠂ ᠭᠠᠷ ᠬᠥᠳᠡᠯᠦᠨ ᠦᠢᠯᠡᠳᠦᠯᠭᠡᠵᠢᠭᠦᠯᠬᠦ᠂ ᠰᠢᠨ᠎ᠡ᠎ᠶᠢ ᠡᠭᠦᠳᠬᠦ ᠰᠡᠳᠬᠢᠬᠦᠢ ᠪᠠ ᠪᠦᠯᠬᠦᠮ ᠨᠡᠶ᠋ᠢᠲᠡ᠎ᠶᠢᠨ ᠬᠠᠮᠵᠢᠯᠴᠠᠬᠤ ᠴᠢᠳᠠᠪᠤᠷᠢ᠎ᠳᠤ ᠪᠠᠢᠴᠠᠭᠠᠯᠲᠠ ᠬᠢᠨ᠎ᠡ; 《ᠵᠠᠯᠠᠭᠤᠴᠤᠳ ᠪᠠᠭᠠᠴᠤᠳ᠎ᠤᠨ ᠦᠰᠦᠨ ᠪᠣᠶ᠋ᠢᠵᠢᠯᠲᠠ᠎ᠶᠢ ᠳᠡᠮᠵᠢᠬᠦ ᠲᠥᠯᠥᠪᠯᠡᠭᠡ》᠎ᠶᠢ ᠠᠩᠬ᠎ᠠ ᠤᠳᠠᠭ᠎ᠠ ᠬᠡᠷᠡᠭᠵᠢᠭᠦᠯᠵᠦ᠂ 40 ᠡᠷᠦᠬᠡ ᠲᠥᠪ᠎ᠦᠨ ᠠᠵᠤ ᠠᠬᠤᠢᠯᠠᠯ ᠪᠠ ᠤᠯᠤᠰ᠎ᠤᠨ ᠥᠮᠴᠢᠯᠡᠯᠲᠥ ᠠᠵᠤ ᠠᠬᠤᠢᠯᠠᠯ᠂ ᠠᠷᠠᠳ᠎ᠠᠴᠠ ᠡᠵᠡᠩᠨᠡᠭᠰᠡᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ ᠵᠡᠷᠭᠡ᠎ᠶᠢ ᠵᠣᠬᠢᠶᠠᠨ ᠪᠠᠢᠭᠤᠯᠤᠭᠠᠳ ᠤᠷᠤᠯᠳᠤᠭᠠᠨ᠎ᠤ ᠬᠤᠭᠤᠴᠠᠭᠠᠨ᠎ᠳᠤ 《ᠬᠣᠣᠰ ᠰᠣᠩᠭᠣᠭᠤᠯᠢ᠎ᠶᠢᠨ ᠴᠤᠭᠯᠠᠭᠠᠨ》᠎ᠢ ᠡᠷᠬᠢᠯᠡᠵᠦ᠂ ᠰᠤᠷᠭᠠᠭᠤᠯᠢ᠎ᠶᠢᠨ ᠬᠦᠷᠢᠶᠡᠨ᠎ᠡᠴᠡ ᠨᠡᠢᠭᠡᠮ᠎ᠳᠦ ᠬᠦᠷᠲᠡᠯᠡᠬᠢ ᠦᠷᠭᠦᠯᠵᠢᠯᠡᠭᠰᠡᠨ ᠳᠡᠮᠵᠢᠯᠭᠡ᠎ᠶᠢᠨ ᠲᠣᠭᠲᠠᠴᠠ᠎ᠶᠢ ᠰᠦᠪᠡᠭᠴᠢᠯᠡᠨ ᠪᠠᠢᠭᠤᠯᠪᠠ᠃ ᠤᠷᠤᠯᠳᠤᠭᠠᠨ᠎ᠤ ᠬᠤᠭᠤᠴᠠᠭᠠᠨ᠎ᠳᠤ᠂ ᠪᠠᠰᠠ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ ᠭᠣᠣᠯ ᠰᠡᠳᠦᠪᠲᠦ ᠦᠵᠡᠭᠦᠯᠭᠡ᠎ᠶᠢ ᠡᠷᠬᠢᠯᠡᠵᠦ᠂ ᠥᠨᠳᠥᠷ ᠲᠦᠪᠰᠢᠨ᠎ᠲᠠᠢ ᠲᠤᠰᠬᠠᠢ ᠮᠡᠷᠭᠡᠵᠢᠯᠲᠡᠨ ᠪᠠ ᠠᠵᠤ ᠠᠬᠤᠢᠯᠠᠯ᠎ᠤᠨ ᠡᠲᠡᠭᠡᠳ᠎ᠦᠨ ᠭᠠᠷᠮᠠᠭᠠᠢ ᠲᠥᠯᠥᠭᠡᠯᠡᠭᠴᠢ᠎ᠶᠢ ᠤᠷᠢᠵᠤ ᠭᠣᠣᠯ ᠰᠡᠳᠦᠪᠲᠦ ᠲᠠᠢᠯᠤᠮᠵᠢ ᠪᠠ ᠬᠤᠪᠢᠶᠠᠯᠴᠠᠭᠤᠯᠵᠤ ᠰᠣᠯᠢᠯᠴᠠᠭᠤᠯᠬᠤ᠎ᠶᠢᠨ ᠬᠠᠮᠲᠤ ᠤᠷᠤᠯᠳᠤᠭᠠᠨ᠎ᠳᠤ ᠣᠷᠣᠯᠴᠠᠭᠰᠠᠳ᠎ᠢ ᠵᠣᠬᠢᠶᠠᠨ ᠪᠠᠢᠭᠤᠯᠵᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠠᠵᠤ ᠠᠬᠤᠢᠯᠠᠯ᠎ᠳᠤ 《ᠳᠤᠮᠳᠠᠳᠤ ᠤᠯᠤᠰ᠎ᠤᠨ ᠡᠭᠦᠳᠦᠯᠲᠡ》᠎ᠶᠢ ᠮᠡᠳᠡᠷᠡᠭᠦᠯᠦᠨ᠎ᠡ᠃ ᠡᠭᠦᠨ᠎ᠡᠴᠡ ᠭᠠᠳᠠᠨ᠎ᠠ᠂ ᠪᠥᠬᠥ ᠣᠷᠣᠨ᠎ᠤ ᠰᠢᠨᠵᠢᠯᠡᠬᠦ ᠤᠬᠠᠭᠠᠨ᠎ᠤ ᠪᠠᠭ᠍ᠰᠢ᠂ ᠳᠤᠮᠳᠠᠳᠤ ᠪᠠᠭ᠎ᠠ ᠰᠤᠷᠭᠠᠭᠤᠯᠢ᠎ᠶᠢᠨ ᠵᠠᠬᠢᠷᠤᠯ ᠵᠡᠷᠭᠡ ᠬᠥᠮᠥᠰ᠎ᠲᠤ ᠬᠠᠨᠳᠤᠭᠤᠯᠤᠨ᠂ ᠤᠷᠤᠯᠳᠤᠭᠠᠨ᠎ᠢ ᠭᠣᠣᠯᠴᠢᠯᠠᠨ ᠡᠷᠭᠢᠯᠡᠬᠦ ᠲᠠᠯ᠎ᠠ᠎ᠶᠢᠨ ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠤᠷᠭᠠᠨ ᠬᠥᠮᠦᠵᠢᠯ᠎ᠦᠨ ᠠᠵᠢᠯᠲᠠᠨ᠎ᠤ ᠲᠤᠰᠬᠠᠢ ᠮᠡᠷᠭᠡᠵᠢᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠲᠤᠰᠬᠠᠢ ᠠᠵᠢᠯᠯᠠᠭᠠᠨ᠎ᠢ ᠵᠣᠬᠢᠶᠠᠨ ᠪᠠᠢᠭᠤᠯᠵᠤ ᠶᠠᠪᠤᠭᠳᠠᠭᠤᠯᠤᠨ᠎ᠠ᠃

ᠲᠣᠰ ᠤᠳᠠᠭᠠᠨ᠎ᠤ ᠤᠷᠤᠯᠳᠤᠭᠠᠨ ᠨᠢ ᠤᠷᠤᠯᠳᠤᠭᠠᠨ᠎ᠳᠤ ᠣᠷᠣᠯᠴᠠᠬᠤ ᠡᠲᠡᠭᠡᠳ᠂ ᠵᠣᠬᠢᠶᠠᠨ ᠪᠠᠶ᠋ᠢᠭᠤᠯᠬᠤ ᠠᠷᠭ᠎ᠠ ᠮᠠᠶᠢᠭ᠋᠂ ᠦᠨᠡᠯᠡᠬᠦ ᠲᠣᠭᠲᠠᠴᠠ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠦ ᠥᠭᠡᠷᠡᠴᠢᠯᠡᠯᠲᠡ ᠬᠢᠭᠰᠡᠨ ᠪᠠᠢᠨ᠎ᠠ᠃ ᠪᠠᠭ᠎ᠠ ᠨᠠᠰᠤᠨ᠎ᠤ ᠬᠡᠦᠬᠡᠳ ᠪᠠᠭᠠᠴᠤᠳ ᠤᠷᠤᠯᠳᠤᠭᠠᠨ᠎ᠳᠤ ᠣᠷᠣᠯᠴᠠᠬᠤ᠎ᠶᠢ ᠬᠦᠯᠢᠶᠡᠨ ᠠᠪᠬᠤ᠎ᠪᠠᠨ ᠪᠣᠯᠢᠵᠤ᠂ ᠰᠤᠷᠭᠠᠭᠤᠯᠢ᠎ᠶᠢᠨ ᠳᠣᠲᠣᠨ᠎ᠠ ᠭᠠᠳᠠᠨᠠᠬᠢ 15-24 ᠨᠠᠰᠤᠨ᠎ᠤ ᠵᠠᠯᠠᠭᠤᠴᠤᠳ ᠪᠠᠭᠠᠴᠤᠳ᠎ᠤᠨ ᠭᠣᠣᠯᠳᠠᠯᠭ᠎ᠠ᠎ᠪᠠᠨ ᠬᠠᠨᠳᠤᠭᠤᠯᠪᠠ; ᠣᠷᠣᠯᠴᠠᠭᠰᠠᠳ᠎ᠤᠨ ᠰᠢᠨ᠎ᠡ ᠡᠭᠦᠳᠦᠯᠲᠡ᠎ᠶᠢᠨ ᠪᠦᠲᠦᠭᠡᠯ᠎ᠳᠦ ᠦᠨᠡᠯᠡᠯᠲᠡ ᠬᠢᠬᠦ᠎ᠪᠡᠨ ᠪᠣᠯᠢᠵᠤ᠂ ᠲᠤᠬᠠᠢ᠎ᠶᠢᠨ ᠲᠠᠯᠠᠪᠤᠷ᠎ᠲᠤ ᠰᠢᠨᠵᠢᠯᠡᠨ ᠪᠠᠢᠴᠠᠭᠠᠬᠤ ᠪᠠ ᠪᠤᠰᠤᠳᠴᠢ᠎ᠪᠠᠷ ᠦᠨᠡᠯᠡᠬᠦ᠎ᠶᠢ ᠴᠢᠬᠤᠯᠠᠴᠢᠯᠠᠵᠤ᠂ ᠣᠷᠣᠯᠴᠠᠭᠰᠠᠳ᠎ᠤᠨ ᠮᠡᠳᠡᠯᠭᠡ᠎ᠶᠢᠨ ᠬᠡᠷᠡᠭᠯᠡᠯᠲᠡ᠂ ᠭᠠᠷ ᠬᠥᠳᠡᠯᠦᠨ ᠦᠢᠯᠡᠳᠦᠯᠭᠡᠵᠢᠭᠦᠯᠬᠦ᠂ ᠰᠢᠨ᠎ᠡ᠎ᠶᠢ ᠡᠭᠦᠳᠬᠦ ᠰᠡᠳᠬᠢᠬᠦᠢ᠂ ᠰᠢᠭᠦᠮᠵᠢᠯᠡᠯ᠎ᠦᠨ ᠵᠣᠷᠢᠭ᠋ ᠰᠠᠨᠠᠭ᠎ᠠ ᠪᠠ ᠪᠦᠯᠬᠦᠮ ᠨᠡᠶ᠋ᠢᠲᠡ᠎ᠶᠢᠨ ᠬᠠᠮᠵᠢᠯᠴᠠᠬᠤ ᠴᠢᠳᠠᠪᠤᠷᠢ᠎ᠶᠢ ᠭᠣᠣᠯᠳᠠᠯᠭ᠎ᠠ᠎ᠲᠠᠢ ᠪᠠᠢᠴᠠᠭᠠᠵᠤ᠂ 《ᠨᠢᠭᠡ ᠪᠦᠲᠦᠭᠡᠯ᠎ᠢᠶᠡᠷ ᠳᠡᠯᠡᠬᠡᠢ ᠳ᠋ᠠᠬᠢᠨ᠎ᠢ ᠲᠤᠭᠤᠯᠬᠤ》 ᠦᠵᠡᠭᠳᠡᠯ᠎ᠢ ᠠᠷᠢᠯᠭᠠᠨ᠎ᠠ; ᠪᠦᠬᠦ ᠤᠯᠤᠰ᠎ᠤᠨ ᠡᠷᠳᠡᠮ ᠰᠢᠨᠵᠢᠯᠡᠭᠡᠨ᠎ᠦ ᠨᠡᠢᠭᠡᠮᠯᠢᠭ᠂ ᠣᠷᠣᠨ ᠨᠤᠲᠤᠭ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠰᠢᠯᠢᠳᠡᠭ ᠤᠷᠤᠯᠳᠤᠭᠠᠨ᠎ᠤ ᠡᠬᠢ ᠪᠠᠶᠠᠯᠢᠭ᠋᠎ᠢ ᠥᠷᠭᠡᠨ᠎ᠢᠶᠡᠷ ᠬᠤᠷᠠᠮᠳᠤᠭᠤᠯᠵᠤ᠂ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠵᠢᠭ᠍ᠰᠠᠭᠠᠯ᠎ᠢ ᠪᠠᠢᠭᠤᠯᠤᠨ᠎ᠠ᠃ 

ᠣᠢᠯᠠᠭᠠᠭᠰᠠᠨ᠎ᠢᠶᠠᠷ᠂ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠷᠤᠯᠳᠤᠭᠠᠨ ᠨᠢ 1982 ᠣᠨ᠎ᠡᠴᠡ ᠡᠬᠢᠯᠡᠵᠦ᠂ ᠣᠳᠣ᠌ ᠨᠢᠭᠡᠨᠲᠡ ᠤᠯᠤᠰ᠎ᠤᠨ ᠳᠣᠲᠣᠭᠠᠳᠤ᠎ᠶᠢᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠴᠢᠬᠤᠯᠠ ᠨᠠᠷᠠᠲᠤ ᠲᠡᠮᠳᠡᠭ᠎ᠦᠨ ᠠᠵᠢᠯᠯᠠᠭ᠎ᠠ ᠪᠣᠯᠤᠭᠰᠠᠨ ᠪᠠᠢᠨ᠎ᠠ᠃ 

 

ᠢᠷᠡᠯᠲᠡ᠄        
          
ᠬᠠᠮᠢᠶ᠎ᠡ ᠪᠦᠬᠦᠢ ᠰᠣᠨᠢᠨ
 
             蒙ICP备05000248号