ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠲᠠᠪᠤᠨ ᠪᠠᠷᠰ ᠴᠤᠭᠯᠠᠷᠠᠵᠤ᠂ ᠠᠮᠠᠨ ᠤᠩᠰᠢᠯᠭ᠎ᠠ ᠵᠢ ᠤᠷᠠᠨ ᠵᠶ᠋ᠡᠷ ᠲᠠᠭ᠋ᠠᠷᠠᠭᠤᠯᠵᠤ᠂ ᠠᠪᠢᠶ᠎ᠠ ᠵᠢ ᠤᠷᠠᠨ ᠵᠶ᠋ᠠᠷ ᠬᠣᠣᠰᠯᠠᠭᠤᠯᠤᠭᠰᠠᠨ ᠁ ᠬᠢᠶ᠎ᠠ ᠪᠠᠭᠰᠢ ᠲᠣᠭᠣᠷᠢᠭ᠎ᠤᠨ ᠪᠠᠭ᠎ᠠ ᠰᠤᠷᠭ᠋ᠠᠭᠤᠯᠢ ᠵᠢᠨ ᠣᠨᠴᠠᠯᠢᠭᠲᠤ ᠬᠤᠭᠤᠴᠠᠭ᠋ᠠᠨ ᠡᠴᠦᠰ᠎ᠤᠨ ᠰᠢᠯᠭ᠋ᠠᠯᠲᠠ!
ᠨᠡᠶ᠋ᠢᠲᠡᠯᠡᠭᠰᠡᠨ ᠴᠠᠭ᠄ 2022-01-07


      ᠬᠤᠭᠤᠴᠠᠭ᠋ᠠᠨ ᠡᠴᠦᠰ᠎ᠤᠨ ᠰᠢᠯᠭ᠋ᠠᠯᠲᠠ ᠪᠣᠯᠪᠠ᠃ ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ᠎ᠤᠨ ᠡᠯ᠎ᠡ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠬᠡᠷ᠂ ᠣᠯᠠᠨ ᠴᠢᠳᠠᠮᠵᠢᠲᠤ ᠲᠢᠩᠬᠢᠮ᠎ᠳᠤ ᠰᠤᠷᠤᠭᠴᠢ᠎ᠪᠠᠷ ᠳᠦᠭᠦᠷᠴᠦ ᠬᠥᠷ ᠬᠥᠭᠵᠢᠶᠡᠨ ᠵᠶ᠋ᠠᠷ ᠪᠢᠯᠬᠠᠵᠤ᠂ ᠰᠤᠷᠤᠭᠴᠢᠳ᠎ᠤᠨ ᠪᠠᠶᠠᠷᠯᠠᠨ ᠬᠥᠭᠡᠷᠦᠯᠳᠦᠬᠦ ᠲᠠᠭᠤᠨ ᠲᠠᠰᠤᠷᠠᠯᠲᠠ ᠥᠬᠡᠶ ᠰᠣᠨᠣᠰᠳᠠᠵᠤ᠂ ᠰᠢᠯᠭ᠋ᠠᠯᠲᠠ ᠵᠢᠨ ᠬᠠᠭᠤᠳᠠᠰᠤ ᠦᠭᠡᠢ ᠪᠠᠬᠠᠳᠤᠯᠲᠤ ᠰᠢᠨ᠎ᠡ ᠰᠡᠪᠡᠭᠦᠨ ᠰᠣᠷᠢᠯᠲᠠ ᠵᠢᠨ ᠠᠵᠢᠯᠯᠠᠭ᠎ᠠ ᠡᠬᠢᠯᠡᠪᠡ᠃


      ᠬᠢᠶ᠎ᠠ ᠪᠠᠭᠰᠢ ᠲᠣᠭᠣᠷᠢᠭ᠎ᠤᠨ ᠭᠤᠷᠪᠠᠳᠤᠭ᠋ᠠᠷ ᠪᠠᠭ᠎ᠠ ᠰᠤᠷᠭ᠋ᠠᠭᠤᠯᠢ — 《ᠬᠣᠶᠠᠷ᠎ᠢ ᠬᠥᠩᠭᠡᠷᠡᠭᠦᠯᠬᠦ》 ᠠᠵᠢᠯᠯᠠᠭ᠋ᠠᠨ᠎ᠳᠠᠬᠢ 《ᠰᠢᠯᠭ᠋ᠠᠯᠲᠠ ᠵᠢᠨ ᠬᠠᠭᠤᠳᠠᠰᠤ ᠦᠭᠡᠢ》 ᠰᠢᠯᠭ᠋ᠠᠯᠲᠠ᠎ᠳᠤ ᠪᠠᠶᠠᠷ ᠪᠠᠬᠠᠳᠤᠯ ᠪᠢᠯᠬᠠᠮ᠎ᠠ
     《ᠬᠣᠶᠠᠷ᠎ᠢ ᠬᠥᠩᠭᠡᠷᠡᠭᠦᠯᠬᠦ》 ᠠᠵᠢᠯ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠬᠣᠶᠠᠷ᠎ᠢ ᠬᠥᠩᠭᠡᠷᠡᠭᠦᠯᠬᠦ》 ᠠᠬᠤᠶ ᠪᠠᠶ᠋ᠢᠳᠠᠯ᠎ᠳᠠᠬᠢ   ᠦᠨᠡᠯᠡᠬᠦ ᠬᠡᠪ ᠵᠠᠭᠪᠤᠷ᠎ᠢ ᠢᠳᠡᠪᠬᠢᠲᠡᠶ ᠰᠦᠪᠡᠭᠴᠢᠯᠡᠵᠦ᠂ ᠡᠯ᠎ᠡ ᠬᠢᠴᠢᠶᠡᠯ ᠲᠥᠷᠦᠯ᠎ᠤᠨ ᠮᠡᠳᠡᠯᠭᠡ᠎ᠲᠠᠢ ᠭᠦᠢ᠍ᠴᠡᠳ ᠠᠭᠤᠰᠬᠠᠵᠤ᠂ ᠰᠤᠷᠤᠭᠴᠢᠳ᠎ᠤᠨ ᠰᠤᠷᠤᠯᠴᠠᠬᠤ ᠳᠤᠷ᠎ᠠ ᠰᠣᠨᠢᠷᠬᠠᠯ᠎ᠢ ᠬᠥᠭᠵᠢᠭᠡᠵᠦ᠂ ᠰᠤᠷᠤᠭᠴᠢᠳ᠎ᠤᠨ ᠭᠤᠤᠯᠯᠠᠬᠤ ᠬᠡᠪ ᠪᠣᠯᠪᠠᠰᠤᠷᠠᠯ᠎ᠤᠨ ᠳᠡᠭᠡᠭᠰᠢᠯᠡᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢᠨ ᠲᠥᠯᠥᠭᠡ᠂ 1 ᠰᠠᠷ᠎ᠠ ᠵᠢᠨ 4᠎ᠤ ᠡᠳᠦᠷ᠂ ᠬᠢᠶ᠎ᠠ ᠪᠠᠭᠰᠢ ᠲᠣᠭᠣᠷᠢᠭ᠎ᠤᠨ ᠭᠤᠷᠪᠠᠳᠤᠭ᠋ᠠᠷ ᠪᠠᠭ᠎ᠠ ᠰᠤᠷᠭ᠋ᠠᠭᠤᠯᠢ ᠵᠢᠨ ᠨᠢᠭᠡ᠂ ᠬᠣᠶᠠᠳᠤᠭ᠋ᠠᠷ ᠣᠨ᠎ᠤ ᠳᠤᠭᠤᠶ᠋ᠢᠯᠠᠩ᠎ᠤᠨ᠎ᠬᠢᠨ ᠬᠤᠭᠤᠴᠠᠭ᠋ᠠᠨ ᠡᠴᠦᠰ᠎ᠲᠠᠬᠢ ᠰᠤᠷᠤᠭᠴᠢᠳ᠎ᠤᠨ ᠬᠡᠪ ᠪᠣᠯᠪᠠᠰᠤᠷᠠᠯ᠎ᠢ ᠰᠢᠯᠭ᠋ᠠᠨ ᠪᠠᠶ᠋ᠢᠴᠠᠭ᠋ᠠᠬᠤ ᠰᠣᠨᠢᠷᠬᠠᠯᠲᠤ ᠲᠥᠯᠥᠪᠯᠡᠭᠡ ᠵᠢ ᠲᠥᠯᠦᠪᠯᠡᠵᠦ᠂ ᠡᠯ᠎ᠡ ᠬᠢᠴᠢᠶᠡᠯ ᠲᠥᠷᠦᠯ᠎ᠤᠨ ᠮᠡᠳᠡᠯᠭᠡ ᠪᠠ ᠴᠢᠳᠠᠪᠤᠷᠢ ᠵᠢ ᠣᠷᠭ᠋ᠠᠨᠢᠭ ᠵᠶ᠋ᠠᠷ ᠠᠭᠤᠰᠬᠠᠵᠤ᠂ 《ᠬᠢᠴᠢᠶᠡᠯ ᠲᠥᠷᠦᠯ᠎ᠤᠨ ᠳᠠᠪᠠᠭ᠎ᠠ ᠳᠠᠪᠠᠬᠤ᠎ᠳᠤ ᠪᠠᠶᠠᠷ ᠪᠠᠬᠠᠳᠤᠯ ᠪᠢᠯᠬᠠᠮ᠎ᠠ》 ᠭᠡᠬᠦ ᠭᠤᠤᠯ ᠰᠡᠳᠦᠪ ᠵᠶ᠋ᠠᠷ ᠠᠮᠢᠳᠤᠯᠢᠭ ᠪᠥᠭᠡᠳ ᠰᠢᠨ᠎ᠡ ᠰᠡᠪᠡᠭᠦᠨ ᠲᠣᠭᠯᠠᠭ᠋ᠠᠮ ᠵᠶ᠋ᠠᠷ ᠳᠠᠪᠠᠭ᠎ᠠ ᠳᠠᠪᠠᠬᠤ ᠬᠡᠯᠪᠡᠷᠢᠲᠦ ᠬᠤᠭᠤᠴᠠᠭ᠋ᠠᠨ ᠡᠴᠦᠰ᠎ᠤᠨ ᠰᠢᠯᠭ᠋ᠠᠯᠲᠠ ᠵᠢ ᠡᠬᠢᠯᠡᠭᠦᠯᠪᠡ᠃







      ᠨᠢᠭᠡᠳᠦᠭᠡᠷ ᠣᠨ᠎ᠤ ᠳᠠᠪᠠᠭ᠎ᠠ ᠳᠠᠪᠠᠬᠤ ᠵᠢ ᠣᠶᠤᠨ ᠤᠬᠠᠭ᠋ᠠᠨ᠎ᠤ ᠪᠠᠷᠰ᠂ ᠶᠣᠰᠤ ᠰᠤᠷᠲᠠᠬᠤᠨ᠎ᠤ ᠪᠠᠷᠰ᠂ ᠭᠤᠸ᠎ᠠ ᠰᠠᠢ᠌ᠠᠬᠠᠨ᠎ᠤ ᠪᠠᠷᠰ᠂ ᠪᠡᠶ᠎ᠡ ᠵᠢᠨ ᠲᠠᠮᠢᠷ᠎ᠤᠨ ᠪᠠᠷᠰ᠂ ᠬᠥᠳᠡᠯᠮᠦᠷᠢ ᠵᠢᠨ ᠪᠠᠷᠰ ᠭᠡᠵᠦ ᠲᠠᠪᠤ ᠬᠤᠪᠢᠶᠠᠵᠤ᠂ ᠲᠠᠪᠤᠨ ᠬᠥᠮᠦᠵᠢᠯ᠎ᠢ ᠠᠳᠬᠤᠵᠤ᠂ ᠲᠠᠪᠤᠨ ᠪᠠᠷᠰ ᠴᠤᠭᠯᠠᠷᠠᠵᠤ ᠰᠢᠨ᠎ᠡ ᠵᠢᠯ ᠵᠶ᠋ᠡᠨ ᠤᠭᠲᠤᠪᠠ᠃









      ᠬᠣᠶᠠᠳᠤᠭ᠋ᠠᠷ ᠣᠨ᠎ᠤ᠎ᠬᠢᠨ ᠰᠣᠨᠢᠷᠬᠠᠯᠲᠤ ᠬᠡᠯᠡ ᠪᠢᠴᠢᠭ᠂ ᠲᠣᠭ᠋ᠠᠨ᠎ᠤ ᠤᠬᠠᠭ᠋ᠠᠨ᠎ᠤ ᠪᠣᠭᠣᠮᠲᠠ ᠵᠢ ᠤᠷᠠᠨ ᠵᠶ᠋ᠠᠷ ᠳᠠᠪᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠭᠠᠢ᠌ᠬᠠᠮᠰᠢᠭ᠎ᠤᠨ ᠭᠣᠭᠴᠣᠭ᠎ᠠ᠎ᠪᠠᠷ ᠳᠠᠮᠵᠢᠨ᠂ ᠬᠡᠦᠬᠡᠳ᠎ᠤᠳ ᠨᠠᠭ᠋ᠠᠳᠬᠤ ᠵᠢᠨ ᠳᠠᠭ᠋ᠠᠤ ᠰᠤᠷᠤᠯᠴᠠᠬᠤ᠂ ᠰᠤᠷᠤᠯᠴᠠᠬᠤ ᠵᠢᠨ ᠳᠠᠭ᠋ᠠᠤ ᠨᠠᠭ᠋ᠠᠳᠬᠤ᠂ ᠨᠠᠭ᠋ᠠᠳᠤᠮ ᠴᠡᠩᠭᠡᠯ᠎ᠠᠴᠠ ᠮᠡᠳᠡᠯᠭᠡ ᠰᠤᠷᠬᠤ᠂ ᠰᠤᠷᠤᠭᠴᠢᠳ᠎ᠲᠤ ᠦᠢ᠍ᠯᠡᠳᠦᠯᠭᠡ ᠵᠢᠨ ᠶᠠᠪᠤᠴᠠ᠎ᠳᠤ ᠡᠯ᠎ᠡ ᠬᠢᠴᠢᠶᠡᠯ ᠲᠥᠷᠦᠯ᠎ᠤᠨ ᠮᠡᠳᠡᠯᠭᠡ ᠵᠢᠨ ᠷᠢᠳᠢ ᠰᠢᠳᠢ ᠵᠢ ᠲᠠᠨᠢᠭᠤᠯᠪᠠ᠃








        ᠪᠢᠳᠡ ᠳᠠᠪᠠᠭ᠎ᠠ ᠳᠠᠪᠠᠪᠠ!



      ᠲᠣᠰ ᠤᠳᠠᠭ᠋ᠠᠨ᠎ᠤ ᠰᠣᠨᠢᠷᠬᠠᠯᠲᠤ ᠳᠠᠪᠠᠭ᠎ᠠ ᠳᠠᠪᠠᠬᠤ ᠠᠵᠢᠯᠯᠠᠭ᠎ᠠ᠎ᠨᠢ ᠬᠢᠴᠢᠶᠡᠯ᠎ᠤᠨ ᠪᠢᠴᠢᠭ᠎ᠤᠨ ᠮᠡᠳᠡᠯᠭᠡ ᠵᠢ ᠪᠠᠲᠤᠳᠬᠠᠭᠰᠠᠨ ᠵᠶ᠋ᠠᠷ ᠪᠠᠷᠠᠬᠤ ᠥᠬᠡᠶ ᠨᠠᠩ ᠴᠤ᠌ ᠬᠡᠦᠬᠡᠳ᠎ᠤᠨ ᠰᠡᠳᠬᠢᠬᠦᠶ ᠪᠠ ᠴᠢᠳᠠᠪᠤᠷᠢ ᠵᠢ ᠬᠥᠭᠵᠢᠭᠦᠯᠵᠦ᠂ ᠬᠢᠴᠢᠶᠡᠯ ᠲᠥᠷᠦᠯ᠎ᠤᠨ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠢ ᠳᠡᠭᠡᠭᠰᠢᠯᠡᠭᠦᠯᠪᠡ᠃ ᠬᠢᠶ᠎ᠠ ᠪᠠᠭᠰᠢ ᠲᠣᠭᠣᠷᠢᠭ᠎ᠤᠨ ᠭᠤᠷᠪᠠᠳᠤᠭ᠋ᠠᠷ ᠪᠠᠭ᠎ᠠ ᠰᠤᠷᠭ᠋ᠠᠭᠤᠯᠢ 《ᠬᠣᠶᠠᠷ᠎ᠢ ᠬᠥᠩᠭᠡᠷᠡᠭᠦᠯᠬᠦ》 ᠵᠣᠷᠢᠭ ᠰᠠᠨᠠᠭ᠎ᠠ ᠵᠢ ᠦᠷᠭᠦᠯᠵᠢᠯᠡᠨ ᠲᠤᠭᠤᠰᠢᠯᠠᠭᠤᠯᠵᠤ᠂ 《ᠬᠣᠶᠠᠷ᠎ᠢ ᠬᠥᠩᠭᠡᠷᠡᠭᠦᠯᠬᠦ》 ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ᠂ ᠬᠡᠦᠬᠡᠳ᠎ᠢ ᠪᠥᠬᠥ ᠲᠠᠯ᠎ᠠ᠎ᠪᠠᠷ ᠬᠥᠭᠵᠢᠭᠦᠯᠬᠦ᠎ᠪᠠᠷ ᠴᠥᠬᠥᠷᠡᠰᠢ ᠥᠬᠡᠶ ᠴᠢᠷᠮᠠᠢ᠌ᠵᠤ ᠪᠠᠢ᠌ᠨ᠎ᠠ!


      ᠬᠢᠶ᠎ᠠ ᠪᠠᠭᠰᠢ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭ᠋ᠠᠭᠤᠯᠢ — 《ᠬᠣᠶᠠᠷ᠎ᠢ ᠬᠥᠩᠭᠡᠷᠡᠭᠦᠯᠬᠦ》 ᠵᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ᠎ᠨᠢ ᠰᠤᠷᠭ᠋ᠠᠨ ᠬᠥᠮᠦᠵᠢᠯ᠎ᠤᠨ ᠦᠨᠳᠦᠰᠦ ᠮᠥᠨ
      ᠤᠯᠤᠰ᠎ᠤᠨ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠣᠯᠠᠨ ᠡᠰᠢᠵᠢᠭᠦᠯᠦᠭᠰᠡᠨ ᠦᠨᠡᠯᠡᠬᠦ ᠠᠷᠭ᠎ᠠ ᠬᠡᠯᠪᠡᠷᠢ ᠵᠢ ᠢᠳᠡᠪᠬᠢᠲᠡᠶ ᠰᠦᠪᠡᠭᠴᠢᠯᠡᠵᠦ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠵᠢ ᠠᠬᠢᠭᠤᠯᠬᠤ ᠵᠢᠨ ᠲᠥᠯᠥᠭᠡ᠂ 1 ᠰᠠᠷ᠎ᠠ ᠵᠢᠨ 4᠎ᠤ ᠡᠳᠦᠷ᠂ ᠬᠢᠶ᠎ᠠ ᠪᠠᠭᠰᠢ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭ᠋ᠠᠭᠤᠯᠢ ᠵᠢᠨ᠎ᠬᠢᠨ 《ᠪᠠᠬᠠᠲᠠᠢ ᠰᠤᠷᠤᠯᠴᠠᠵᠤ ᠪᠠᠬᠠᠲᠠᠢ ᠦᠨᠡᠯᠡᠬᠦ · ᠨᠠᠭ᠋ᠠᠳᠤᠮ ᠴᠡᠩᠭᠡᠯ᠎ᠤᠨ ᠣᠷᠳᠣᠨ》 ᠭᠡᠬᠦ ᠨᠢᠭᠡ᠂ ᠬᠣᠶᠠᠳᠤᠭ᠋ᠠᠷ ᠣᠨ᠎ᠤ ᠰᠣᠨᠢᠷᠬᠠᠯᠲᠤ ᠳᠠᠪᠠᠭ᠎ᠠ ᠳᠠᠪᠠᠬᠤ ᠠᠵᠢᠯᠯᠠᠭ᠎ᠠ ᠵᠢ ᠥᠷᠨᠢᠭᠦᠯᠪᠡ᠃


      ᠬᠡᠯᠡ ᠪᠢᠴᠢᠭ
      ᠨᠢᠭᠡᠳᠦᠭᠡᠷ ᠣᠨ᠎ᠤ ᠬᠡᠯᠡ ᠪᠢᠴᠢᠭ᠎ᠢ ᠰᠠᠭᠤᠷᠢ᠎ᠠᠴᠠ᠎ᠨᠢ ᠡᠬᠢᠯᠡᠨ ᠠᠳᠬᠤᠵᠤ᠂ ᠭᠠᠯᠢᠭ᠂ ᠬᠦᠨᠳᠦ ᠦᠭᠡ ᠵᠢᠴᠢ ᠬᠡᠯᠡ ᠬᠡᠯᠡᠯᠭᠡ ᠵᠢᠨ ᠰᠤᠷᠤᠯᠴᠠᠯᠭ᠎ᠠ ᠵᠢᠨ ᠦᠷ᠎ᠡ ᠪᠥᠲᠦᠮᠵᠢ ᠵᠢ ᠰᠢᠯᠭ᠋ᠠᠵᠤ᠂ ᠬᠢᠴᠢᠶᠡᠯ᠎ᠢ ᠤᠷᠠᠨ ᠲᠣᠳᠣ ᠤᠩᠰᠢᠬᠤ ᠪᠠ ᠴᠡᠭᠡᠵᠢ᠎ᠪᠠᠷ ᠤᠩᠰᠢᠬᠤ ᠪᠠᠶ᠋ᠢᠳᠠᠯ᠎ᠢ ᠪᠠᠶ᠋ᠢᠴᠠᠭ᠋ᠠᠵᠤ᠂ ᠬᠡᠦᠬᠡᠳ᠎ᠤᠨ ᠵᠢᠷᠤᠭ ᠦᠵᠡᠨ ᠶᠠᠷᠢᠬᠤ᠂ ᠵᠣᠷᠢᠭᠲᠠᠢ᠎ᠪᠠᠷ ᠢᠯᠡᠳᠬᠡᠬᠦ ᠵᠢ ᠵᠣᠷᠢᠭᠵᠢᠭᠤᠯᠵᠠᠢ᠃ ᠬᠣᠶᠠᠳᠤᠭ᠋ᠠᠷ ᠣᠨ᠎ᠤ ᠬᠡᠯᠡ ᠪᠢᠴᠢᠭ᠎ᠲᠤ 《ᠦᠭᠡ ᠦᠰᠦᠭ᠎ᠢ ᠲᠠᠨᠢᠬᠤ ᠳᠠᠪᠠᠭ᠎ᠠ ᠵᠢ ᠵᠣᠷᠢᠭᠲᠠᠢ ᠳᠠᠪᠠᠬᠤ》᠂ 《ᠮᠢᠨᠤ ᠤᠷᠠᠨ ᠣᠩᠰᠢᠯᠭ᠎ᠠ ᠪᠠ ᠴᠡᠭᠡᠵᠢ ᠣᠩᠰᠢᠯᠭ᠎ᠠ》᠂ 《ᠥᠪᠡᠷ᠎ᠤᠨ ᠲᠠᠨᠢᠯᠴᠠᠭᠤᠯᠭ᠎ᠠ》 ᠵᠡᠷᠭᠡ ᠭᠣᠭᠴᠤᠭ᠎ᠠ᠎ᠪᠠᠷ ᠰᠤᠷᠤᠭᠴᠢᠳ᠎ᠤᠨ ᠦᠭᠡ ᠦᠰᠦᠭ ᠲᠠᠨᠢᠬᠤ᠂ ᠲᠤᠯᠢ ᠪᠢᠴᠢᠭ ᠡᠷᠢᠬᠦ᠂ ᠬᠤᠷᠠᠮᠳᠤᠭᠤᠯᠬᠤ ᠪᠠ ᠶᠠᠷᠢᠶᠠᠨ᠎ᠤ ᠢᠯᠡᠳᠬᠡᠬᠦ ᠪᠠᠶ᠋ᠢᠳᠠᠯ᠎ᠢ ᠭᠣᠣᠯᠳᠠᠯᠭ᠋ᠠᠲᠠᠢ ᠣᠶ᠋ᠢᠯᠠᠭ᠋ᠠᠵᠤ᠂ ᠶᠠᠷᠢᠶᠠᠨ᠎ᠤ ᠢᠯᠡᠳᠬᠡᠬᠦ ᠴᠢᠳᠠᠪᠤᠷᠢ ᠵᠡᠷᠭᠡ ᠬᠡᠯᠡ ᠪᠢᠴᠢᠭ᠎ᠤᠨ ᠭᠣᠣᠯᠯᠠᠬᠤ ᠬᠡᠪ ᠪᠣᠯᠪᠠᠰᠤᠷᠠᠯ᠎ᠢ ᠠᠩᠬ᠎ᠠ ᠠᠯᠬᠤᠮ ᠬᠥᠮᠦᠵᠢᠭᠦᠯᠪᠡ᠃




      ᠲᠣᠭ᠋ᠠᠨ᠎ᠤ ᠤᠬᠠᠭ᠋ᠠᠨ
      ᠲᠣᠭ᠋ᠠᠨ᠎ᠤ ᠤᠬᠠᠭ᠋ᠠᠨ ᠪᠣᠯ ᠭᠤᠤᠯᠳᠠᠭᠤ ᠰᠤᠷᠤᠭᠴᠢᠳ᠎ᠤᠨ ᠪᠣᠳᠣᠯᠭ᠎ᠠ ᠵᠢᠨ ᠴᠢᠳᠠᠪᠤᠷᠢ ᠪᠠ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠵᠢ ᠬᠢᠨᠠᠨ ᠰᠢᠯᠭ᠋ᠠᠬᠤ᠎ᠳᠤ ᠪᠠᠢ᠌ᠨ᠎ᠠ᠃ ᠨᠢᠭᠡᠳᠦᠭᠡᠷ ᠣᠨ᠎ᠤ ᠲᠣᠭ᠋ᠠᠨ᠎ᠤ ᠤᠬᠠᠭ᠋ᠠᠨ᠎ᠳᠤ 《ᠪᠣᠳᠣᠬᠤ》᠂ 《ᠥᠷᠦᠬᠦ》᠂ 《ᠰᠤᠭᠤᠯᠬᠤ》 ᠭᠤᠷᠪᠠᠨ ᠳᠠᠪᠠᠭ᠎ᠠ ᠪᠣᠢ᠃ ᠬᠣᠶᠠᠳᠤᠭ᠋ᠠᠷ ᠣᠨ᠎ᠤ ᠲᠣᠭ᠋ᠠᠨ᠎ᠤ ᠤᠬᠠᠭ᠋ᠠᠨ᠎ᠳᠤ 《ᠠᠮᠠᠨ ᠤᠩᠰᠢᠯᠭ᠎ᠠ ᠵᠢ ᠤᠷᠠᠨ ᠵᠶ᠋ᠠᠷ ᠬᠣᠣᠰᠯᠠᠭᠤᠯᠬᠤ》᠂ 《ᠵᠢᠷᠤᠭ ᠳᠦᠷᠰᠦ ᠵᠢ ᠲᠦᠷᠭᠡᠨ ᠡᠷᠢᠬᠦ》᠂ 《ᠴᠠᠭ᠎ᠢ ᠲᠦᠷᠭᠡᠨ ᠲᠣᠬᠢᠷᠠᠭᠤᠯᠬᠤ》 ᠭᠤᠷᠪᠠᠨ ᠳᠠᠪᠠᠭ᠎ᠠ ᠵᠢ ᠲᠣᠬᠢᠷᠠᠭᠤᠯᠵᠤ᠂ ᠬᠡᠦᠬᠡᠳ᠎ᠤᠳ ᠪᠡᠶ᠎ᠡ᠎ᠪᠠᠨ ᠳᠠᠭ᠋ᠠᠭ᠋ᠠᠵᠤ ᠬᠢᠬᠦ ᠵᠢᠨ ᠬᠠᠮᠲᠤ ᠰᠡᠳᠬᠢᠬᠦᠶ᠎ᠪᠠᠨ ᠬᠥᠭᠵᠢᠭᠦᠯᠪᠡ᠃



      ᠠᠨᠭ᠌ᠭ᠍ᠯᠢ ᠬᠡᠯᠡ
      ᠠᠨᠭ᠌ᠭ᠍ᠯᠢ ᠬᠡᠯᠡᠨ᠎ᠳᠤ 《I  c a n  s a y》 ᠭᠡᠬᠦ ᠪᠢᠯᠢᠭ᠎ᠤᠨ ᠨᠢᠳᠦ᠎ᠪᠠᠷ ᠠᠪᠢᠶ᠎ᠠ ᠵᠢ ᠲᠠᠨᠢᠬᠤ᠂ 《I  c a n  r e a d》 ᠭᠡᠬᠦ   ᠦᠵᠦᠯᠡᠭᠴᠢ ᠤᠩᠰᠢᠭᠴᠢ᠂ 《I  c a n  t a le》 ᠭᠡᠬᠦ ᠠᠰᠠᠭᠤᠯᠲᠠ ᠬᠠᠷᠢᠭᠤᠯᠲᠠ ᠵᠢᠨ ᠲᠣᠭᠯᠠᠭ᠋ᠠᠮᠲᠤ ᠭᠣᠭᠴᠤᠭ᠎ᠠ ᠵᠢ ᠲᠣᠬᠢᠷᠠᠭᠤᠯᠵᠤ᠂ ᠰᠤᠷᠤᠭᠴᠢᠳ᠎ᠤᠨ ᠠᠪᠢᠶ᠎ᠠ᠂ ᠦᠭᠡ ᠥᠭᠦᠯᠡᠪᠦᠷᠢ ᠵᠢ ᠨᠢᠳᠦᠯᠡᠵᠦ ᠤᠩᠰᠢᠬᠤ ᠴᠢᠳᠠᠪᠤᠷᠢ ᠵᠢ ᠪᠠᠶ᠋ᠢᠴᠠᠭ᠋ᠠᠪᠠ᠃



    《ᠰᠣᠨᠢᠷᠬᠠᠯᠲᠤ ᠳᠠᠪᠠᠭ᠎ᠠ ᠳᠠᠪᠠᠬᠤ》᠎ᠨᠢ ᠰᠢᠯᠭ᠋ᠠᠯᠲᠠ ᠵᠢᠨ ᠬᠠᠭᠤᠳᠠᠰᠤ ᠵᠢ ᠣᠷᠣᠯᠠᠨ ᠰᠤᠷᠤᠭᠴᠢᠳ᠎ᠢ ᠭᠠᠢ᠌ᠬᠠᠮᠰᠢᠭᠲᠤ ᠥᠩᠭᠡᠷᠡᠯᠲᠡ᠎ᠲᠠᠢ ᠪᠣᠯᠭ᠋ᠠᠪᠠ᠃ ᠬᠢᠴᠢᠶᠡᠯ᠎ᠤᠨ ᠭᠣᠣᠯᠳᠠᠯᠭ᠋ᠠᠲᠠᠢ ᠮᠡᠳᠡᠯᠭᠡ ᠪᠣᠯᠤᠨ ᠳᠥᠭᠥᠮᠬᠡᠨ ᠲᠣᠭᠯᠠᠭ᠋ᠠᠮ᠎ᠢ ᠤᠷᠠᠨ ᠵᠶ᠋ᠠᠷ ᠤᠶᠠᠯᠳᠤᠭᠤᠯᠵᠤ᠂ ᠰᠤᠷᠤᠭᠴᠢᠳ᠎ᠤᠨ ᠨᠢᠭᠡ ᠬᠤᠭᠤᠴᠠᠭ᠋ᠠᠨ᠎ᠤ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠪᠠᠶ᠋ᠢᠴᠠᠭ᠋ᠠᠭᠰᠠᠨ ᠵᠶ᠋ᠠᠷ ᠪᠠᠷᠠᠬᠤ ᠦᠭᠡᠢ ᠪᠠᠰᠠ ᠰᠤᠷᠤᠭᠴᠢᠳ᠎ᠲᠤ ᠮᠡᠳᠡᠯᠭᠡ ᠰᠤᠷᠬᠤ ᠬᠠᠪᠤ ᠴᠡᠩᠭᠡᠯ᠎ᠢ ᠲᠠᠨᠢᠭᠤᠯᠪᠠ᠃ ᠡᠶ᠋ᠢᠮᠦᠷᠬᠦᠦ ᠳᠠᠪᠠᠭ᠎ᠠ ᠳᠠᠪᠠᠬᠤ ᠠᠶᠠᠯᠠᠯ᠎ᠨᠢ ᠬᠡᠦᠬᠡᠳ᠎ᠲᠤ ᠪᠠᠶᠠᠷ ᠬᠥᠷᠲᠡᠢ᠂ ᠢᠲᠡᠭᠡᠯᠲᠡᠢ᠂ ᠣᠯᠠᠨ ᠶᠠᠩᠵᠤ ᠵᠢᠨ᠂ ᠤᠳᠬ᠎ᠠ ᠠᠭᠤᠯᠭ᠎ᠠ᠎ᠲᠠᠢ ᠦᠨᠡᠯᠡᠬᠦ ᠠᠶᠠᠯᠠᠯ᠎ᠢ ᠬᠠᠩᠭ᠋ᠠᠵᠠᠢ᠃

   

      ᠬᠢᠶ᠎ᠠ ᠪᠠᠭᠰᠢ ᠲᠣᠭᠣᠷᠢᠭ᠎ᠤᠨ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ — ᠦᠨᠡᠯᠡᠯᠲᠡ᠎ᠪᠠᠷ ᠰᠢᠨ᠎ᠡ ᠵᠢ ᠡᠭᠦᠳᠴᠦ ᠦᠰᠦᠨ ᠪᠣᠶ᠋ᠢᠵᠢᠯᠲᠠ ᠵᠢ ᠠᠬᠢᠭᠤᠯᠵᠤ᠂ ᠰᠢᠯᠭ᠋ᠠᠯᠲᠠ ᠵᠢᠨ ᠬᠠᠭᠤᠳᠠᠰᠤ ᠦᠭᠡᠢ ᠰᠢᠯᠭ᠋ᠠᠯᠲᠠ᠎ᠪᠠᠷ 《ᠬᠣᠶᠠᠷ᠎ᠢ ᠬᠥᠩᠭᠡᠷᠡᠭᠦᠯᠬᠦ》 ᠵᠢ ᠨᠠᠢ᠌ᠳᠠᠪᠤᠷᠢᠵᠢᠭᠤᠯᠪᠠ
      ᠬᠣᠶᠠᠷ᠎ᠢ ᠬᠥᠩᠭᠡᠷᠡᠭᠦᠯᠬᠦ᠎ᠠᠴᠠ ᠪᠢᠰᠢ ᠥᠰᠦᠨ ᠪᠣᠶ᠋ᠢᠵᠢᠯᠲᠠ ᠵᠢ ᠪᠠᠭᠤᠷᠠᠭᠤᠯᠬᠤ ᠦᠭᠡᠢ᠂ ᠳᠠᠷᠤᠭ᠋ᠠᠰᠤ ᠵᠢ ᠬᠥᠩᠭᠡᠷᠡᠭᠦᠯᠬᠦ᠎ᠠᠴᠠ ᠪᠢᠰᠢ ᠴᠢᠨᠠᠷ ᠴᠢᠨᠰᠠᠭ᠎ᠠ ᠵᠢ ᠪᠠᠭᠤᠷᠠᠭᠤᠯᠬᠤ ᠦᠭᠡᠢ᠃ 1 ᠰᠠᠷ᠎ᠠ ᠵᠢᠨ 4᠎ᠤ ᠡᠳᠦᠷ᠂ ᠬᠢᠶ᠎ᠠ ᠪᠠᠭᠰᠢ ᠲᠣᠭᠣᠷᠢᠭ᠎ᠤᠨ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ ᠵᠢᠨ᠎ᠬᠢᠨ ᠨᠢᠭᠡ᠂ ᠬᠣᠶᠠᠳᠤᠭ᠋ᠠᠷ ᠣᠨ᠎ᠤ 《ᠦᠨᠡᠯᠡᠯᠲᠡ᠎ᠪᠠᠷ ᠰᠢᠨ᠎ᠡ ᠵᠢ ᠡᠭᠦᠳᠴᠦ ᠦᠰᠦᠨ ᠪᠣᠶ᠋ᠢᠵᠢᠯᠲᠠ ᠵᠢ ᠠᠬᠢᠭᠤᠯᠵᠤ᠂ ᠰᠢᠯᠭ᠋ᠠᠯᠲᠠ ᠵᠢᠨ ᠬᠠᠭᠤᠳᠠᠰᠤ ᠦᠭᠡᠢ ᠰᠢᠯᠭ᠋ᠠᠯᠲᠠ᠎ᠪᠠᠷ 〈ᠬᠣᠶᠠᠷ᠎ᠢ ᠬᠥᠩᠭᠡᠷᠡᠭᠦᠯᠬᠦ〉 ᠵᠢ ᠨᠠᠶ᠋ᠢᠳᠠᠪᠤᠷᠢᠵᠢᠭᠤᠯᠬᠤ》 ᠪᠢᠷ ᠴᠠᠭ᠋ᠠᠰᠤ ᠦᠭᠡᠢ ᠦᠨᠡᠯᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠪᠠ᠃ ᠠᠵᠢᠯᠯᠠᠭ᠎ᠠ᠎ᠨᠢ 7 ᠲᠥᠷᠥᠯ ᠵᠦᠢ᠍ᠯ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠮᠡᠳᠡᠯᠭᠡ ᠵᠢᠨ ᠴᠢᠳᠠᠪᠤᠷᠢ ᠵᠢ ᠦᠨᠡᠯᠡᠬᠦ ᠱᠠᠭ᠋ᠠᠷᠳᠠᠯᠭ᠎ᠠ᠎ᠪᠠᠷ ᠵᠢᠭ᠋ᠠᠬᠤ ᠮᠠᠲ᠋ᠧᠷᠢᠶᠠᠯ᠎ᠤᠨ ᠠᠭᠤᠯᠭ᠎ᠠ ᠵᠢ ᠲᠤᠰᠬᠠᠵᠤ᠂ ᠬᠢᠴᠢᠶᠡᠯ᠎ᠤᠨ ᠳᠠᠰᠬᠠᠯ᠎ᠲᠠᠢ ᠤᠶᠠᠯᠳᠤᠭᠤᠯᠵᠤ᠂ ᠠᠮᠢᠳᠤᠷᠠᠯ᠎ᠤᠨ ᠪᠣᠳᠠᠲᠤ ᠪᠠᠶ᠋ᠢᠳᠠᠯ᠎ᠲᠠᠢ ᠣᠶ᠋ᠢᠷᠠᠲᠤᠭᠤᠯᠵᠤ᠂ ᠰᠡᠳᠬᠢᠬᠦᠶ ᠵᠢᠨ ᠶᠠᠪᠤᠴᠠ ᠵᠢ ᠢᠯᠡᠷᠡᠭᠦᠯᠵᠦ᠂ ᠠᠮᠢᠳᠤᠯᠢᠭ ᠪᠥᠭᠡᠳ ᠰᠣᠨᠢᠷᠬᠠᠯᠲᠠᠶ ᠶᠠᠪᠤᠭᠳᠠᠪᠠ᠃







      ᠲᠤᠰ ᠤᠳᠠᠭ᠋ᠠᠨ᠎ᠤ 《ᠰᠢᠯᠭ᠋ᠠᠯᠲᠠ ᠵᠢᠨ ᠬᠠᠭᠤᠳᠠᠰᠤ ᠪᠠ ᠪᠢᠷ ᠦᠭᠡᠢ》 ᠪᠠᠶ᠋ᠢᠴᠠᠭ᠋ᠠᠯᠲᠠ᠎ᠨᠢ ᠬᠢᠶ᠎ᠠ ᠪᠠᠭᠰᠢ ᠲᠣᠭᠣᠷᠢᠭ᠎ᠤᠨ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ ᠵᠢᠨ ᠨᠢᠭᠡ᠂ ᠬᠣᠶᠠᠳᠤᠭ᠋ᠠᠷ ᠣᠨ᠎ᠤ ᠦᠨᠡᠯᠡᠬᠦ ᠥᠭᠡᠷᠡᠴᠢᠯᠡᠯᠲᠡ ᠵᠢ ᠠᠬᠢᠭᠤᠯᠬᠤ ᠬᠥᠰᠢᠭᠡ ᠵᠢ ᠰᠡᠬᠦᠭᠰᠡᠨ ᠪᠥᠭᠡᠳ ᠰᠢᠢ᠍ᠳᠪᠦᠷᠢᠯᠡᠬᠦ ᠴᠢᠬᠤᠯᠠᠲᠠᠢ ᠲᠠᠪᠤᠨ ᠠᠰᠠᠭᠤᠳᠠᠯ᠎ᠢ ᠳᠤᠷᠠᠳᠴᠠᠢ᠃


     1 . ᠰᠤᠷᠤᠭᠴᠢᠳ᠎ᠢ ᠶᠡᠷᠦᠩᠬᠡᠶ᠋ᠢᠯᠡᠨ ᠦᠨᠡᠯᠡᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠨᠠᠩ ᠰᠠᠶ᠋ᠢᠲᠤᠷ ᠠᠬᠢᠭᠤᠯᠵᠤ᠂ ᠬᠢᠴᠢᠶᠡᠯ ᠲᠥᠷᠦᠯ᠎ᠤᠨ ᠭᠤᠤᠯᠯᠠᠬᠤ ᠬᠡᠪ ᠪᠣᠯᠪᠠᠰᠤᠷᠠᠯ᠎ᠢ ᠰᠢᠯᠭ᠋ᠠᠨ ᠪᠠᠶ᠋ᠢᠴᠠᠭ᠋ᠠᠬᠤ ᠵᠠᠩᠭᠢᠯᠠᠭ᠎ᠠ ᠵᠢᠨ ᠡᠯᠧᠮᠧᠨ᠋ᠲ ᠵᠢᠴᠢ ᠰᠢᠯᠭ᠋ᠠᠨ ᠪᠠᠶ᠋ᠢᠴᠠᠭ᠋ᠠᠬᠤ ᠴᠡᠭ᠎ᠢ ᠠᠵᠢᠯᠯᠠᠭ᠎ᠠ᠎ᠳᠤ ᠶᠠᠭ᠋ᠠᠬᠢᠵᠤ ᠤᠷᠠᠨ ᠵᠶ᠋ᠠᠷ ᠠᠭᠤᠰᠬᠠᠬᠤ ᠪᠣᠶ?
     2 . ᠲᠣᠭᠯᠠᠭ᠋ᠠᠮᠴᠢᠯᠠᠬᠤ ᠡᠭᠦᠷᠭᠡ ᠵᠢ ᠪᠡᠶᠡᠯᠡᠭᠦᠯᠬᠦ᠎ᠪᠠᠷ ᠳᠠᠮᠵᠢᠭᠤᠯᠤᠨ ᠰᠤᠷᠤᠭᠴᠢᠳ᠎ᠤᠨ ᠬᠢᠴᠢᠶᠡᠯ ᠲᠥᠷᠦᠯ᠎ᠤᠨ ᠠᠭᠤᠯᠭ᠎ᠠ ᠵᠢ ᠣᠶ᠋ᠢᠯᠠᠭ᠋ᠠᠬᠤ ᠪᠠ ᠡᠵᠡᠮᠰᠢᠬᠦ   ᠲᠦᠪᠰᠢᠨ᠎ᠢ ᠶᠠᠭ᠋ᠠᠬᠢᠵᠤ ᠰᠢᠯᠭ᠋ᠠᠨ ᠪᠠᠶ᠋ᠢᠴᠠᠭ᠋ᠠᠬᠤ ᠪᠤᠢ?
     3 . ᠰᠤᠷᠤᠭᠴᠢᠳ᠎ᠤᠨ ᠬᠢᠴᠢᠶᠡᠯ ᠲᠥᠷᠥᠯ᠎ᠤᠨ ᠭᠤᠤᠯᠯᠠᠬᠤ ᠬᠡᠪ ᠪᠣᠯᠪᠠᠰᠤᠷᠠᠯ᠎ᠤᠨ ᠬᠥᠭᠵᠢᠯᠲᠡ ᠵᠢᠨ ᠦᠨᠡᠨ ᠪᠣᠳᠠᠲᠠᠶ ᠬᠢᠷᠢ ᠲᠦᠪᠰᠢᠨ᠎ᠢ ᠶᠠᠭ᠋ᠠᠬᠢᠵᠤ ᠦᠨᠡᠯᠡᠬᠦ ᠪᠣᠶ?
     4 . ᠪᠠᠭᠰᠢ ᠵᠢᠨ 《ᠵᠢᠭ᠋ᠠᠬᠤ》 ᠪᠠ ᠰᠤᠷᠤᠭᠴᠢᠳ᠎ᠤᠨ 《ᠰᠤᠷᠬᠤ》 ᠵᠢ ᠰᠠᠶ᠋ᠢᠵᠢᠷᠠᠭᠤᠯᠬᠤ᠎ᠳᠤ ᠶᠠᠭ᠋ᠠᠬᠢᠵᠤ ᠦᠨᠳᠦᠰᠦ ᠪᠠᠷᠢᠮᠲᠠ ᠬᠠᠩᠭ᠋ᠠᠬᠤ ᠪᠤᠢ?
     5 . ᠶᠠᠪᠤᠴᠠ ᠵᠢ ᠥᠩᠭᠡᠷᠡᠭᠡᠵᠦ ᠬᠡᠯᠪᠡᠷᠢ ᠵᠢ ᠬᠥᠭᠡᠭᠡᠴᠡᠯᠳᠦᠬᠦ᠎ᠠᠴᠠ ᠶᠠᠭ᠋ᠠᠬᠢᠵᠤ ᠵᠠᠢ᠌ᠯᠠᠰᠬᠢᠬᠤ ᠪᠤᠢ?


      ᠡᠨᠡ ᠲᠠᠪᠤᠨ ᠠᠰᠠᠭᠤᠳᠠᠯ᠎ᠪᠠᠷ ᠲᠤᠷᠰᠢᠯᠭ᠎ᠠ ᠪᠠ ᠯᠠᠪᠯᠠᠯᠲᠠ ᠪᠣᠯᠭ᠋ᠠᠵᠤ᠂ ᠬᠢᠶ᠎ᠠ ᠪᠠᠭᠰᠢ ᠲᠣᠭᠣᠷᠢᠭ᠎ᠤᠨ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ ᠵᠢᠨ᠎ᠬᠢᠨ ᠰᠤᠷᠤᠭᠴᠢᠳ᠎ᠢ ᠳᠠᠭ᠋ᠠᠭᠤᠯᠤᠨ ᠤᠯᠠᠨ ᠡᠰᠢᠵᠢᠭᠦᠯᠦᠭᠰᠡᠨ ᠦᠨᠡᠯᠡᠯᠲᠡ ᠵᠢ ᠶᠠᠭ᠋ᠠᠬᠢᠵᠤ ᠬᠡᠷᠡᠭᠵᠢᠭᠦᠯᠬᠦ ᠲᠤᠬᠠᠢ ᠦᠷᠭᠦᠯᠵᠢᠯᠡᠨ ᠪᠣᠳᠣᠯᠬᠢᠯᠠᠵᠤ᠂ ᠨᠡᠩ ᠰᠠᠢ᠍ᠢ᠍ᠨ 《ᠨᠠᠭ᠋ᠠᠳᠬᠤ》 ᠰᠢᠯᠭ᠋ᠠᠯᠲᠠ ᠵᠢᠨ ᠬᠠᠭᠤᠳᠠᠰᠤ ᠦᠭᠡᠢ ᠰᠢᠯᠭ᠋ᠠᠯᠲᠠ ᠵᠢᠨ ᠠᠷᠭ᠎ᠠ ᠵᠢ ᠬᠠᠶ᠋ᠢᠨ ᠰᠦᠪᠡᠭᠴᠢᠯᠡᠵᠦ᠂ ᠰᠤᠷᠤᠭᠴᠢᠳ᠎ᠲᠤ ᠨᠡᠩ ᠥᠷᠭᠡᠨ ᠬᠥᠭᠵᠢᠯᠲᠡ ᠵᠢᠨ ᠣᠷᠣᠨ ᠵᠠᠢ ᠵᠢ ᠪᠤᠢ ᠪᠣᠯᠭ᠋ᠠᠬᠤ᠎ᠪᠠᠷ ᠴᠢᠷᠮᠠᠢ᠌ᠵᠤ ᠪᠠᠢ᠌ᠨ᠎ᠠ᠃


      ᠬᠢᠶ᠎ᠠ ᠪᠠᠭᠰᠢ ᠲᠣᠭᠣᠷᠢᠭ᠎ᠤᠨ ᠶᠢᠰᠦᠳᠦᠭᠡᠷ ᠪᠠᠭ᠎ᠠ ᠰᠤᠷᠭ᠋ᠠᠭᠤᠯᠢ — 《ᠬᠣᠶᠠᠷ᠎ᠢ ᠬᠥᠩᠭᠡᠷᠡᠭᠦᠯᠬᠦ》 ᠠᠬᠤᠶ ᠪᠠᠶ᠋ᠢᠳᠠᠯ᠎ᠳᠤ ᠪᠦᠲᠦᠮᠵᠢᠲᠡᠶ ᠦᠨᠡᠯᠡᠬᠦ ᠵᠢ ᠢᠳᠡᠪᠬᠢᠲᠡᠢ ᠰᠦᠪᠡᠭᠴᠢᠯᠡᠪᠡ


     《ᠬᠣᠶᠠᠷ᠎ᠢ ᠬᠥᠩᠭᠡᠷᠡᠭᠦᠯᠬᠦ》 ᠵᠢ ᠨᠠᠢ᠌ᠳᠠᠪᠤᠷᠢᠵᠢᠭᠤᠯᠵᠤ ᠲᠠᠭ᠋ᠠᠲᠠᠢ ᠰᠤᠷᠤᠯᠴᠠᠬᠤ
      ᠶᠢᠰᠦᠳᠦᠭᠡᠷ ᠪᠠᠭ᠎ᠠ ᠰᠤᠷᠭ᠋ᠠᠭᠤᠯᠢ ᠵᠢᠨ 《ᠥᠩᠭᠡᠲᠦ ᠴᠡᠴᠡᠭ》 ᠵᠡᠷᠭᠡ᠎ᠪᠠᠷ ᠳᠡᠯᠭᠡᠷᠡᠨ᠎ᠡ
      ᠰᠤᠷᠤᠯᠭ᠎ᠠ ᠵᠢᠨ ᠳᠠᠯᠠᠢ ᠬᠢᠵᠠᠭ᠋ᠠᠷ ᠦᠭᠡᠢ 《ᠪᠠᠬᠠᠳᠤᠯᠲᠤ》 ᠵᠠᠪᠢ ᠲᠤᠭᠤᠯᠵᠤ
      ᠲᠠᠪᠤᠨ ᠬᠥᠮᠦᠵᠢᠯ᠎ᠢ ᠠᠳᠬᠤᠵᠤ 《ᠠᠭᠤᠰᠤᠯᠴᠠᠭ᠎ᠠ》᠎ᠪᠠᠷ ᠳᠠᠪᠠᠭ᠎ᠠ ᠳᠠᠪᠠᠨ᠎ᠠ


      ᠤᠯᠠᠨ ᠡᠰᠢᠵᠢᠭᠦᠯᠦᠭᠰᠡᠨ᠂ ᠠᠭᠤᠰᠤᠯᠴᠠᠭᠰᠠᠨ᠂ ᠪᠠᠶᠠᠰᠤᠩᠭᠤᠢ᠂ ᠣᠷᠣᠯᠴᠠᠭᠰᠠᠨ᠂ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ᠂ ᠭᠦᠨ ᠳᠠᠪᠬᠤᠷᠭ᠋ᠠᠨ᠎ᠤ ᠤᠭ ᠰᠠᠨᠠᠭ᠎ᠠ ᠵᠢ ᠰᠡᠷᠡᠭᠡᠬᠦ ᠪᠣᠯ ᠬᠢᠶ᠎ᠠ ᠪᠠᠭᠰᠢ ᠲᠣᠭᠣᠷᠢᠭ᠎ᠤᠨ ᠶᠢᠰᠦᠳᠦᠭᠡᠷ ᠪᠠᠭ᠎ᠠ ᠰᠤᠷᠭ᠋ᠠᠭᠤᠯᠢ ᠵᠢᠨ ᠲᠣᠭᠲᠠᠭ᠋ᠠᠭᠰᠠᠨ ᠪᠦᠲᠦᠮᠵᠢᠲᠡᠢ ᠦᠨᠡᠯᠡᠬᠦ ᠬᠠᠨᠳᠤᠰᠢ ᠪᠣᠯᠤᠨ᠎ᠠ᠃ ᠨᠢᠭᠡ᠂ ᠬᠣᠶᠠᠳᠤᠭ᠋ᠠᠷ ᠣᠨ᠎ᠤ ᠰᠤᠷᠤᠭᠴᠢᠳ᠎ᠤᠨ ᠰᠡᠳᠬᠢᠮᠵᠢ᠂ ᠨᠠᠰᠤᠨ᠎ᠤ ᠣᠨᠴᠠᠯᠢᠭ᠎ᠲᠤ ᠴᠢᠭᠯᠡᠭᠦᠯᠦᠨ᠂ 《ᠰᠢᠯᠭ᠋ᠠᠯᠲᠠ ᠵᠢᠨ ᠬᠠᠭᠤᠳᠠᠰᠤ᠎ᠪᠠᠷ ᠴᠢᠳᠠᠪᠤᠷᠢ ᠵᠢ ᠲᠣᠭᠲᠠᠭ᠋ᠠᠬᠤ》 ᠲᠠᠩ ᠭᠠᠭᠴᠠ ᠦᠨᠡᠯᠡᠬᠦ ᠠᠷᠭ᠎ᠠ ᠬᠡᠯᠪᠡᠷᠢ ᠵᠢ ᠥᠭᠡᠷᠡᠴᠢᠯᠡᠵᠦ᠂ ᠡᠯ᠎ᠡ ᠬᠢᠴᠢᠶᠡᠯ᠎ᠤᠨ ᠮᠡᠳᠡᠯᠭᠡ ᠵᠢᠨ ᠴᠡᠭ᠎ᠢ ᠶᠡᠷᠦᠩᠬᠡᠶ᠋ᠢᠯᠡᠵᠦ᠂ 《ᠪᠠᠬᠠᠳᠤᠯᠲᠤ ᠬᠡᠯᠡ ᠪᠢᠴᠢᠭ᠂ ᠰᠣᠨᠢᠷᠬᠠᠯᠲᠤ ᠲᠣᠭ᠋ᠠᠨ᠎ᠤ ᠤᠬᠠᠭ᠋ᠠᠨ᠂ ᠳᠡᠯᠡᠬᠡᠢ ᠵᠢ ᠲᠣᠭᠣᠷᠢᠬᠤ᠂ ᠠᠮᠢᠳᠤᠷᠠᠯ᠎ᠢ ᠵᠢᠷᠤᠭᠯᠠᠬᠤ᠂ ᠠᠨᠭ᠌ᠭ᠍ᠯᠢ ᠬᠡᠯᠡ ᠶᠠᠷᠢᠬᠤ᠂ ᠵᠦᠩᠨᠡᠨ ᠳᠠᠭᠤᠯᠠᠬᠤ》 6 ᠶᠡᠬᠡ ᠬᠡᠰᠡᠭ᠂ 16 ᠭᠣᠭᠴᠤᠭ᠎ᠠ᠎ᠪᠠᠷ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠢ ᠠᠭᠤᠰᠬᠠᠵᠤ᠂ ᠠᠯᠢ ᠣᠯᠠᠨ ᠠᠮᠢᠳᠤᠯᠢᠭ   ᠰᠣᠨᠢᠷᠬᠠᠯᠲᠤ ᠠᠬᠤᠶ ᠪᠠᠶ᠋ᠢᠳᠠᠯ᠎ᠢ ᠪᠣᠶ ᠪᠣᠯᠭ᠋ᠠᠵᠤ᠂ ᠣᠯᠠᠨ ᠡᠰᠢᠵᠢᠭᠦᠯᠦᠭᠰᠡᠨ ᠦᠨᠡᠯᠡᠬᠦ ᠠᠷᠭ᠎ᠠ ᠬᠡᠯᠪᠡᠷᠢ ᠵᠢ ᠢᠳᠡᠪᠬᠢᠲᠡᠶ ᠲᠤᠷᠰᠢᠪᠠ᠃



      ᠲᠣᠰ ᠤᠳᠠᠭ᠋ᠠᠨ᠎ᠤ ᠳᠠᠪᠠᠭ᠎ᠠ ᠳᠠᠪᠠᠬᠤ ᠠᠵᠢᠯᠯᠠᠭ᠎ᠠ᠎ᠨᠢ ᠦᠨᠡᠯᠡᠯᠲᠡ ᠵᠢᠨ ᠣᠯᠠᠨ ᠡᠰᠢᠲᠦ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠲᠣᠪᠤᠢ᠌ᠯᠭ᠋ᠠᠭᠰᠠᠨ᠎ᠤ ᠬᠠᠮᠲᠤ ᠬᠢᠴᠢᠶᠡᠯ ᠲᠥᠷᠦᠯ᠎ᠤᠨ ᠮᠡᠳᠡᠯᠭᠡ ᠵᠢ ᠬᠡᠦᠬᠡᠳ᠎ᠤᠨ ᠰᠣᠨᠢᠷᠬᠠᠯᠲᠤ ᠳᠠᠪᠠᠭ᠎ᠠ ᠳᠠᠪᠠᠬᠤ ᠭᠣᠭᠴᠤᠭ᠋ᠠᠨ᠎ᠳᠤ ᠠᠭᠤᠰᠬᠠᠵᠤ᠂ ᠰᠤᠷᠤᠭᠴᠢᠳ ᠰᠤᠷᠬᠤ ᠵᠢᠨ ᠳᠠᠭ᠋ᠠᠤ ᠨᠠᠭ᠋ᠠᠳᠬᠤ᠎ᠪᠠᠷ ᠳᠠᠮᠵᠢᠭᠤᠯᠤᠨ᠂ ᠬᠡᠦᠬᠡᠳ᠎ᠤᠨ ᠲᠣᠰ ᠬᠤᠭᠤᠴᠠᠭ᠋ᠠᠨ᠎ᠤ ᠳᠠᠪᠰᠢᠯᠲᠠ ᠪᠠ ᠪᠣᠶ᠋ᠢᠵᠢᠯᠲᠠ ᠵᠢ ᠪᠥᠬᠥ ᠲᠠᠯ᠎ᠠ᠎ᠪᠠᠷ ᠪᠤᠰᠤᠳᠴᠢ᠎ᠪᠠᠷ ᠦᠨᠡᠯᠡᠭᠰᠡᠨ ᠪᠠᠶ᠋ᠢᠨ᠎ᠠ᠃


     《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠬᠢᠶ᠎ᠠ ᠪᠠᠭᠰᠢ ᠲᠣᠭᠣᠷᠢᠭ ᠢᠮᠠᠭᠲᠠ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠎ᠲᠠᠢ ᠨᠢᠭᠡᠳᠬᠡᠵᠦ᠂ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠵᠢᠨ᠎ᠬᠢᠨ ᠬᠦᠴᠦ᠎ᠪᠠᠨ ᠬᠠᠮᠲᠤᠳᠬᠠᠨ ᠠᠵᠢᠯᠯᠠᠵᠤ᠂ ᠰᠢᠯᠭ᠋ᠠᠯᠲᠠ ᠵᠢ ᠭᠦᠨᠵᠡᠭᠡᠶ ᠥᠭᠡᠷᠡᠴᠢᠯᠡᠬᠦ ᠵᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠠᠬᠢᠭᠤᠯᠵᠤ᠂ ᠨᠢᠭᠡ᠂ ᠬᠣᠶᠠᠳᠤᠭ᠋ᠠᠷ ᠣᠨ᠎ᠤ ᠰᠤᠷᠤᠭᠴᠢᠳ᠎ᠤᠨ ᠬᠤᠭᠤᠴᠠᠭ᠋ᠠᠨ ᠡᠴᠦᠰ᠎ᠤᠨ ᠰᠤᠷᠤᠯᠭ᠎ᠠ ᠵᠢᠨ ᠦᠨᠡᠯᠡᠯᠲᠡ ᠵᠢ 《ᠣᠶᠤᠨ ᠤᠬᠠᠭ᠋ᠠᠨ ᠪᠠ ᠤᠷᠮ᠎ᠠ ᠪᠠᠬ᠎ᠠ》᠎ᠪᠠᠷ ᠰᠢᠯᠭ᠋ᠠᠨ ᠦᠨᠡᠯᠡᠬᠦ ᠠᠷᠭ᠎ᠠ ᠬᠡᠯᠪᠡᠷᠢ ᠪᠣᠯᠭ᠋ᠠᠵᠤ᠂ ᠰᠣᠨᠢᠷᠬᠠᠯᠲᠤ ᠤᠷᠤᠯᠳᠤᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠬᠡᠦᠬᠡᠳ᠎ᠤᠨ ᠰᠡᠳᠬᠢᠬᠦ ᠴᠢᠳᠠᠪᠤᠷᠢ᠂ ᠴᠡᠭᠡᠵᠢᠯᠡᠬᠦ ᠴᠢᠳᠠᠪᠤᠷᠢ᠂ ᠢᠯᠡᠳᠬᠡᠬᠦ ᠴᠢᠳᠠᠪᠤᠷᠢ ᠵᠢ ᠦᠨᠡᠯᠡᠵᠦ᠂ ᠪᠠᠭᠰᠢ ᠪᠠ ᠬᠡᠷ᠎ᠤᠨ ᠠᠬᠠᠮᠠᠳ᠎ᠤᠨ ᠨᠢᠭᠡᠳᠦᠯᠲᠡᠶ ᠰᠠᠶ᠋ᠢᠨ ᠦᠨᠡᠯᠡᠯᠲᠡ ᠵᠢ ᠣᠯᠵᠠᠶ᠃   ᠳᠠᠷᠠᠭ᠎ᠠ ᠠᠯᠬᠤᠮ᠎ᠳᠤ᠂ ᠬᠢᠶ᠎ᠠ ᠪᠠᠭᠰᠢ ᠲᠣᠭᠣᠷᠢᠭ 《ᠬᠣᠶᠠᠷ᠎ᠢ ᠬᠥᠩᠭᠡᠷᠡᠭᠦᠯᠬᠦ》 ᠲᠤᠷᠰᠢᠯᠲᠠ ᠵᠢ ᠤᠷᠢᠳ ᠵᠶ᠋ᠠᠷ ᠬᠡᠷᠡᠭᠵᠢᠭᠦᠯᠬᠦ ᠦᠢ᠍ᠯᠡ ᠠᠵᠢᠯᠯᠠᠭ᠋ᠠᠨ᠎ᠤ ᠠᠵᠠ ᠲᠣᠬᠢᠶᠠᠯ ᠵᠶ᠋ᠠᠷ 《ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠰᠤᠷᠤᠭᠴᠢᠳ᠎ᠤᠨ ᠳᠠᠷᠤᠭ᠋ᠠᠰᠤ ᠵᠢ ᠬᠥᠩᠭᠡᠷᠡᠭᠦᠯᠬᠦ》᠎ᠪᠠᠷ ᠬᠠᠷᠠᠯᠲᠠ ᠪᠣᠯᠭ᠋ᠠᠵᠤ᠂ 《ᠬᠡᠷ᠎ᠤᠨ ᠠᠬᠠᠮᠠᠳ᠎ᠲᠤ ᠦᠢ᠍ᠯᠡᠴᠢᠯᠡᠬᠦ᠂ ᠰᠤᠷᠤᠭᠴᠢᠳ᠎ᠲᠤ ᠦᠢ᠍ᠯᠡᠴᠢᠯᠡᠬᠦ》᠎ᠪᠠᠷ ᠵᠣᠷᠢᠯᠲᠠ ᠪᠣᠯᠭ᠋ᠠᠵᠤ᠂ ᠰᠢᠯᠭ᠋ᠠᠯᠲᠠ ᠪᠠ ᠳᠠᠰᠬᠠᠯ᠎ᠤᠨ ᠦᠨᠡᠯᠡᠯᠲᠡ ᠵᠢ ᠴᠢᠨᠠᠷᠵᠢᠭᠤᠯᠬᠤ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ 《ᠬᠣᠶᠠᠷ᠎ᠢ ᠬᠥᠩᠭᠡᠷᠡᠭᠦᠯᠬᠦ》 ᠠᠵᠢᠯ᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭ᠋ᠠᠬᠤ ᠵᠢ ᠯᠠᠪᠳᠠᠭᠤᠨ ᠪᠠᠲᠤᠲᠠᠶ ᠠᠬᠢᠭᠤᠯᠬᠤ ᠪᠣᠯᠤᠨ᠎ᠠ᠃













ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠬᠢᠴᠢᠶᠡᠯ ᠨᠥᠬᠦᠬᠦ ᠥᠬᠡᠶ ᠡᠪᠦᠯ᠎ᠤᠨ ᠠᠮᠠᠷᠠᠯᠲᠠ᠎ᠳᠤ ᠬᠡᠦᠬᠡᠳ᠎ᠤᠳ ᠶᠠᠭᠤ ᠬᠢᠵᠡᠭᠡᠵᠦ ᠪᠠᠶ᠋ᠢᠬᠤ ᠪᠣᠶ?
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠪᠠᠶᠠᠨᠨᠠᠭᠤᠷ ᠬᠣᠲᠠ ᠵᠢᠨ ᠣᠨᠴᠠᠭ᠋ᠠᠶ 《ᠠᠮᠠᠷᠠᠯᠲᠠ ᠵᠢᠨ ᠬᠤᠭᠤᠴᠠᠭ᠋ᠠᠨ᠎ᠤ ᠳᠠᠰᠬᠠᠯ᠎ᠤᠨ ᠬᠠᠭᠤᠳᠠᠰᠤ》
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠡᠭᠡᠳᠦ)
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠤᠮᠳᠠ)
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠤᠤᠷᠠᠳᠤ)
 
             蒙ICP备05000248号