
ᠵᠤᠤ ᠶᠢᠩ ᠾᠦᠢ ᠬᠡᠦᠬᠡᠳ᠎ᠲᠤ ᠯᠢᠦ ᠪᠦᠦ ᠱᠤᠸᠠᠩ᠎ᠤᠨ ᠪᠠᠭ᠋ᠠᠲᠤᠷᠯᠢᠭ
ᠦᠢ᠍ᠯᠡ ᠠᠵᠢᠯᠯᠠᠭ᠎ᠠ ᠵᠢ ᠲᠠᠢ᠌ᠯᠪᠤᠷᠢᠯᠠᠨ ᠶᠠᠷᠢᠵᠤ ᠪᠠᠢ᠌ᠭ᠎ᠠ᠎ᠨᠢ
20 ᠭᠠᠷᠤᠢ ᠵᠢᠯ ᠪᠠᠭᠰᠢᠯᠠᠭᠰᠠᠨ ᠵᠤᠤ ᠶᠢᠩ ᠾᠦᠢ ᠦᠨᠳᠦᠰᠦᠨ ᠱᠠᠲᠤᠨ᠎ᠳᠤ ᠪᠠᠲᠤ ᠦᠨᠳᠦᠰᠦᠯᠡᠵᠦ᠂ ᠪᠥᠬᠦ ᠬᠦᠴᠦ᠎ᠪᠠᠷ ᠵᠶ᠋ᠡᠨ ᠬᠡᠦᠬᠡᠳ᠎ᠲᠤ ᠮᠡᠳᠡᠯᠭᠡ ᠵᠢᠨ ᠬᠠᠷᠭᠤᠢ ᠵᠢ ᠨᠡᠭᠡᠭᠡᠨ ᠥᠭᠴᠦ᠂ ᠪᠣᠳᠠᠲᠤ ᠠᠵᠢᠯᠯᠠᠭ᠎ᠠ᠎ᠪᠠᠷ ᠵᠶ᠋ᠠᠨ ᠪᠠᠭᠰᠢ ᠵᠢᠨ ᠲᠠᠩᠭ᠋ᠠᠷᠢᠭᠢ ᠦᠢ᠍ᠯᠡᠳᠦᠯᠭᠡᠵᠢᠭᠦᠯᠪᠡ᠃
2000 ᠣᠨ᠎ᠳᠤ᠂ ᠵᠤᠤ ᠶᠢᠩ ᠾᠦᠢ ᠪᠠᠭᠰᠢ ᠵᠢᠨ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ᠎ᠤ ᠳᠠᠷᠠᠭ᠎ᠠ᠂ ᠲᠦᠩᠯᠢᠶᠣᠤ ᠬᠤᠳᠠ ᠵᠢᠨ ᠬᠣᠷᠴᠢᠨ ᠲᠣᠭᠣᠷᠢᠭ᠎ᠤᠨ ᠲᠤᠷᠰᠢᠯᠲᠠ ᠵᠢᠨ ᠪᠠᠭ᠎ᠠ ᠰᠤᠷᠭ᠋ᠠᠭᠤᠯᠢ᠎ᠳᠤ ᠪᠠᠭᠰᠢᠯᠠᠵᠤ᠂ 2009 ᠣᠨ᠎ᠤ 9 ᠰᠠᠷ᠎ᠠ᠎ᠳᠤ ᠳᠡᠳ᠋ ᠵᠠᠬᠢᠷᠤᠯ ᠪᠤᠯᠵᠤ᠂ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠴᠢᠳᠠᠪᠤᠷᠢᠲᠠᠨ᠂ ᠰᠢᠯᠢᠳᠡᠭ ᠶᠣᠰᠣ ᠰᠤᠷᠲᠠᠬᠤᠨ᠎ᠤ ᠬᠥᠮᠦᠵᠢᠯ᠎ᠤᠨ ᠠᠵᠢᠯᠳᠠᠨ᠂ ᠲᠦᠩᠯᠢᠶᠣᠤ ᠬᠤᠳᠠ ᠵᠢᠨ ᠰᠢᠯᠢᠳᠡᠭ ᠪᠠᠭᠰᠢ ᠵᠡᠷᠭᠡ ᠢᠷᠠᠭᠤ ᠠᠯᠳᠠᠷ᠎ᠢ ᠬᠦᠷᠳᠡᠪᠡ᠃ ᠠᠵᠢᠯ ᠦᠢ᠍ᠯᠡᠰ ᠥᠭᠡᠳᠡᠷᠬᠡᠭ ᠪᠠᠢ᠌ᠭᠰᠠᠨ ᠴᠤ᠌ ᠵᠤᠤ ᠶᠢᠩ ᠾᠦᠢ ᠬᠠᠷᠢᠨ ᠣᠳᠣᠬᠢ ᠪᠠᠶ᠋ᠢᠳᠠᠯ᠎ᠳᠤ᠎ᠪᠠᠨ ᠰᠡᠳᠬᠢᠯ ᠬᠠᠨᠤᠭᠰᠠᠨ ᠦᠭᠡᠢ᠂ ᠦᠷᠭᠦᠯᠵᠢ᠄ 《ᠮᠡᠳᠡᠯᠭᠡ᠎ᠲᠠᠢ ᠪᠣᠯ ᠪᠠᠭᠰᠢ᠂ ᠮᠤᠷᠠᠯ᠎ᠲᠠᠢ ᠪᠣᠯ ᠬᠡᠪ ᠳᠠᠭᠤᠷᠢᠶᠠᠯ᠂ ᠲᠤᠬᠠᠢ ᠵᠢᠨ ᠦᠶ᠎ᠡ᠎ᠳᠤ ᠠᠷᠠᠳ᠎ᠤᠨ ᠪᠠᠭᠰᠢ ᠪᠣᠯᠬᠤ ᠵᠢ ᠰᠣᠩᠭᠣᠭᠰᠠᠨ᠎ᠨᠢ ᠪᠠᠭᠪᠠᠭ᠋ᠠᠢ ᠴᠡᠴᠡᠭ ᠮᠡᠲᠦ ᠮᠡᠳᠡᠯᠭᠡ᠎ᠪᠠᠨ ᠭᠠᠵᠠᠷ ᠰᠠᠢ ᠦᠭᠡᠢ ᠰᠠᠴᠤᠬᠤ ᠵᠢᠨ ᠲᠥᠯᠦᠭᠡ ᠶᠤᠮ》
2017 ᠣᠨ᠎ᠤ 9 ᠰᠠᠷ᠎ᠠ᠎ᠳᠤ᠂ ᠵᠤᠤ ᠶᠢᠩ ᠾᠦᠢ ᠬᠣᠷᠴᠢᠨ ᠲᠣᠭᠣᠷᠢᠭ᠎ᠤᠨ ᠮᠡᠯᠡᠬᠡᠶ᠋ᠢᠲᠦ ᠪᠠᠯᠭ᠋ᠠᠰᠤᠨ᠎ᠤ ᠪᠦᠦ ᠱᠤᠸᠠᠩ ᠪᠠᠭ᠎ᠠ ᠰᠤᠷᠭ᠋ᠠᠭᠤᠯᠢ ᠵᠢᠨ ᠵᠠᠬᠢᠷᠤᠯ ᠵᠶ᠋ᠠᠷ ᠦᠷᠢᠰᠦᠯᠳᠦᠨ ᠤᠷᠢᠭᠳᠠᠪᠠ᠃ ᠪᠦᠦ ᠱᠤᠸᠠᠩ ᠪᠠᠭ᠎ᠠ ᠰᠤᠷᠭ᠋ᠠᠭᠤᠯᠢ ᠬᠣᠷᠴᠢᠨ ᠲᠣᠭᠣᠷᠢᠭ᠎ᠤᠨ ᠪᠠᠷᠠᠭᠤᠨ ᠡᠮᠦᠨᠡᠬᠢ ᠪᠣᠶ᠋ᠢᠳᠠ ᠪᠦᠭᠯᠡᠭᠦᠦ ᠲᠠᠩ ᠵᠢᠶᠠ ᠲᠣᠰᠬᠣᠨ᠎ᠳᠤ ᠪᠠᠶ᠋ᠢᠷᠢᠯᠠᠵᠤ᠂ ᠰᠤᠷᠭ᠋ᠠᠭᠤᠯᠢ ᠵᠢᠨ ᠬᠡᠪᠴᠢᠶ᠎ᠡ ᠨᠡᠯᠢᠶᠡᠳ ᠪᠠᠭ᠎ᠠ᠂ ᠰᠠᠭᠤᠷᠢ ᠲᠥᠬᠥᠭᠡᠷᠦᠮᠵᠢ ᠠᠨᠠᠢ᠂ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ ᠳᠤᠲᠠᠮᠠᠭ᠂ ᠬᠣᠲᠠ ᠪᠠ ᠲᠣᠭᠣᠷᠢᠭ᠎ᠤᠨ ᠰᠤᠷᠭ᠋ᠠᠭᠤᠯᠢ᠎ᠲᠠᠢ ᠵᠣᠬᠢᠬᠤ ᠵᠥᠷᠢᠶ᠎ᠡ᠎ᠲᠠᠢ᠃ ᠲᠡᠷᠡ ᠦᠶ᠎ᠡ᠎ᠠᠴᠠ ᠡᠬᠢᠯᠡᠨ᠂ ᠵᠤᠤ ᠶᠢᠩ ᠾᠦᠢ ᠰᠤᠷᠤᠭᠴᠢᠳ᠎ᠲᠤ ᠰᠢᠯᠢᠳᠡᠭ ᠰᠤᠷᠤᠯᠭ᠎ᠠ ᠪᠠ ᠠᠮᠢᠳᠤᠷᠠᠯ᠎ᠤᠨ ᠣᠷᠴᠢᠨ᠎ᠢ ᠪᠦᠷᠢᠯᠳᠦᠭᠦᠯᠵᠦ ᠥᠭᠬᠦ᠎ᠪᠠᠷ ᠵᠣᠷᠢᠭ ᠰᠢᠭᠤᠳᠪᠠ᠃
ᠪᠦᠦ ᠱᠤᠸᠠᠩ ᠪᠠᠭ᠎ᠠ ᠰᠤᠷᠭ᠋ᠠᠭᠤᠯᠢ ᠵᠢᠨ ᠲᠠᠮᠢᠷ᠎ᠤᠨ ᠲᠠᠯᠠᠪᠠᠢ᠎ᠳᠤ ᠲᠣᠭᠣᠰᠬ᠎ᠠ ᠳᠡᠪᠢᠰᠦᠭᠰᠡᠨ᠎ᠠᠴᠠ ᠰᠤᠷᠤᠭᠴᠢᠳ ᠬᠢᠴᠢᠶᠡᠯ᠎ᠤᠨ ᠭᠠᠳᠠᠨᠠᠬᠢ ᠬᠥᠳᠡᠯᠭᠡᠭᠡᠨ ᠬᠢᠬᠦ᠎ᠳᠤ᠎ᠪᠠᠨ ᠠᠮᠠᠷᠬᠠᠨ ᠰᠢᠷᠬᠠᠳᠤᠳᠠᠭ᠂ ᠵᠤᠤ ᠶᠢᠩ ᠾᠦᠢ ᠤᠯᠠᠨ ᠤᠳᠠᠭ᠎ᠠ ᠭᠦᠶᠦᠭᠰᠡᠭᠡᠷ ᠪᠠᠢ᠌ᠵᠤ ᠰᠤᠷᠭ᠋ᠠᠭᠤᠯᠢ᠎ᠠᠴᠠ ᠵᠣᠬᠢᠴᠠᠭᠤᠯᠵᠤ ᠵᠦᠯᠭᠡ ᠣᠯᠵᠤ ᠥᠭᠴᠡᠢ᠃ ᠠᠭ᠋ᠠᠭᠢᠮ᠎ᠠ ᠬᠠᠯᠠᠭᠤᠨ ᠵᠣᠨ᠎ᠤ ᠡᠳᠦᠷ᠂ ᠬᠠᠯᠠᠭᠤᠨ ᠨᠠᠷᠠ ᠳᠡᠭᠡᠷ᠎ᠡ᠎ᠠᠴᠠ ᠲᠥᠭᠡᠨᠡᠵᠦ ᠪᠠᠢ᠌ᠯ᠎ᠠ᠂ 100 ᠭᠠᠷᠤᠶ ᠬᠡᠰᠡᠭ ᠶᠡᠬᠡ ᠪᠠᠭ᠎ᠠ ᠬᠢᠮᠡᠯ ᠡᠪᠡᠰᠦ᠂ ᠬᠠᠮᠤᠭ᠎ᠤᠨ ᠬᠥᠩᠭᠡᠨ᠎ᠨᠢ ᠴᠦ᠍ ᠬᠡᠳᠦᠨ ᠵᠠᠭᠤᠨ ᠵᠢᠩ ᠪᠠᠢ᠌ᠪᠠ᠂ ᠲᠡᠷᠡ᠎ᠪᠠᠷ ᠬᠠᠨᠴᠤᠶ ᠰᠢᠮᠠᠯᠠᠨ᠂ ᠪᠠᠭᠰᠢ ᠠᠵᠢᠯᠲᠠᠨ ᠵᠶ᠋ᠠᠨ ᠳᠠᠭ᠋ᠠᠭᠤᠯᠤᠨ ᠬᠢᠮᠡᠯ ᠡᠪᠡᠰᠦ ᠵᠢ ᠴᠢᠷᠴᠦ᠂ 3000 ᠲᠡᠭᠰᠢ ᠳᠥᠷᠪᠡᠯᠵᠢᠨ ᠮᠧᠲᠷ᠎ᠲᠤ ᠵᠦᠯᠭᠡ ᠳᠡᠪᠢᠰᠬᠦ ᠬᠠᠲᠠᠭᠤ ᠪᠡᠷᠬᠡ ᠡᠭᠦᠷᠭᠡ ᠵᠢ 7 ᠡᠳᠦᠷ᠎ᠤᠨ ᠴᠠᠭ ᠵᠠᠷᠤᠴᠠᠭᠤᠯᠵᠤ ᠪᠡᠶᠡᠯᠡᠭᠦᠯᠦᠭᠰᠡᠨ ᠪᠠᠶ᠋ᠢᠨ᠎ᠠ᠃ ᠲᠡᠭᠦᠨ᠎ᠤ ᠭᠠᠷᠤᠨ ᠠᠯᠠᠭ᠎ᠠ ᠬᠦᠷᠢ ᠵᠢᠨ ᠡᠭᠦᠷ ᠰᠢᠭ ᠴᠥᠪᠥᠷᠢᠭᠦᠲᠦᠭᠰᠡᠨ ᠪᠣᠯᠪᠠᠴᠤ ᠬᠡᠦᠬᠡᠳ᠎ᠤᠨ ᠪᠠᠶᠠᠷᠯᠠᠯᠳᠤᠨ ᠢᠨᠢᠶᠡᠭᠰᠡᠨ ᠴᠢᠷᠠᠢ ᠵᠢ ᠬᠠᠷᠠᠭ᠋ᠠᠳ ᠰᠡᠳᠬᠢᠯ᠎ᠨᠢ ᠠᠭᠤᠵᠢᠷᠠᠪᠠ᠃
ᠵᠤᠤ ᠶᠢᠩ ᠾᠦᠢ ᠵᠢᠨ ᠳᠠᠭ᠋ᠠᠭᠤᠯᠭ᠎ᠠ᠎ᠪᠠᠷ ᠰᠤᠷᠭ᠋ᠠᠭᠤᠯᠢ᠎ᠨᠢ 3500 ᠲᠡᠭᠰᠢ ᠳᠥᠷᠪᠡᠯᠵᠢᠨ ᠮᠧᠲᠷ᠎ᠤᠨ ᠤᠷᠭᠤᠮᠠᠯ᠎ᠤᠨ ᠬᠦᠷᠢᠶᠡᠯᠡᠩ᠂ 2000 ᠲᠡᠭᠰᠢ ᠳᠥᠷᠪᠡᠯᠵᠢᠨ ᠮᠧᠲᠷ᠎ᠤᠨ ᠵᠢᠮᠢᠰ᠎ᠤᠨ ᠬᠦᠷᠢᠶᠡᠯᠡᠩ᠂ 1600 ᠲᠡᠭᠰᠢ ᠳᠥᠷᠪᠡᠯᠵᠢᠨ ᠮᠧᠲᠷ᠎ᠤᠨ ᠰᠤᠷᠤᠭᠴᠢᠳ᠎ᠤᠨ ᠬᠥᠳᠡᠯᠮᠦᠷᠢ ᠦᠢ᠍ᠯᠡᠳᠦᠯᠭᠡ ᠵᠢᠨ ᠰᠠᠭᠤᠷᠢᠨ᠎ᠢ ᠰᠢᠨ᠎ᠡ᠎ᠪᠠᠷ ᠪᠠᠶ᠋ᠢᠭᠤᠯᠵᠤ᠂ ᠪᠠᠰᠠ ᠳᠤᠷᠠᠰᠬᠠᠯ᠎ᠤᠨ ᠣᠷᠳᠣᠨ᠂ ᠠᠭᠤᠳᠠᠮ ᠲᠠᠯᠠᠪᠠᠢ ᠪᠠ ᠬᠣᠭᠣᠯᠠᠨ ᠭᠡᠷ ᠪᠠᠶ᠋ᠢᠭᠤᠯᠵᠤ᠂ ᠰᠤᠷᠤᠭᠴᠢᠳ᠎ᠤᠨ ᠬᠣᠨᠣᠬᠤ ᠨᠥᠬᠥᠴᠡᠯ᠎ᠢ ᠰᠠᠢ᠌ᠵᠢᠷᠠᠭᠤᠯᠤᠨ᠂ ᠴᠡᠴᠡᠷᠯᠢᠭ ᠮᠠᠶᠢᠭ᠎ᠲᠤ ᠰᠤᠷᠭ᠋ᠠᠭᠤᠯᠢ ᠵᠢᠨ ᠬᠦᠷᠢᠶ᠎ᠡ ᠵᠢ ᠪᠠᠢ᠌ᠭᠤᠯᠵᠤ᠂ ᠰᠤᠷᠤᠭᠴᠢᠳ ᠪᠠ ᠪᠠᠭᠰᠢ ᠨᠠᠷ᠎ᠲᠤ ᠲᠠᠭ᠋ᠠᠯᠠᠮᠵᠢᠲᠠᠢ ᠰᠤᠷᠤᠯᠴᠠᠵᠤ ᠠᠵᠢᠯᠯᠠᠬᠤ ᠣᠷᠴᠢᠨ᠎ᠢ ᠪᠤᠢ ᠪᠣᠯᠭ᠋ᠠᠵᠤ ᠥᠭᠴᠡᠢ᠃ ᠲᠡᠷᠡ᠎ᠪᠠᠷ ᠬᠠᠶ᠋ᠢᠷ᠎ᠠ ᠬᠠᠯᠠᠮᠵᠢᠲᠤ ᠵᠣᠬᠢᠶᠠᠨ ᠪᠠᠶ᠋ᠢᠭᠤᠯᠤᠯᠲᠠ ᠪᠣᠯᠤᠨ ᠬᠠᠶ᠋ᠢᠷ᠎ᠠ ᠬᠠᠯᠠᠮᠵᠢᠲᠤ ᠬᠥᠮᠦᠰ᠎ᠲᠠᠢ ᠢᠳᠡᠪᠬᠢᠲᠡᠢ ᠬᠠᠷᠢᠯᠴᠠᠵᠤ ᠬᠦᠴᠢᠷᠳᠡᠯᠲᠡᠢ ᠰᠤᠷᠤᠭᠴᠢᠳ᠎ᠲᠤ ᠵᠣᠭᠣᠰ ᠮᠥᠩᠭᠥ ᠡᠳ᠋ ᠪᠣᠳᠠᠰ ᠬᠠᠨᠳᠢᠪᠯᠠᠵᠤ᠂ ᠤᠷᠠᠯᠢᠭᠴᠢᠨ᠎ᠤ ᠰᠤᠷᠭ᠋ᠠᠨ ᠬᠥᠮᠦᠵᠢᠯ᠎ᠢ ᠳᠡᠮᠵᠢᠬᠦ ᠪᠦᠯᠬᠦᠮ᠎ᠢ ᠵᠣᠬᠢᠶᠠᠨ ᠪᠠᠶ᠋ᠢᠭᠤᠯᠵᠤ ᠬᠡᠦᠬᠡᠳ᠎ᠤᠳ᠎ᠲᠤ ᠬᠣᠶᠠᠳᠤᠭ᠋ᠠᠷ ᠬᠢᠴᠢᠶᠡᠯᠯᠡᠭᠡ ᠵᠢ ᠨᠡᠭᠡᠭᠡᠵᠦ᠂ ᠰᠤᠷᠤᠭᠴᠢᠳ᠎ᠢ ᠬᠠᠶ᠋ᠢᠷ᠎ᠠ ᠪᠢᠯᠬᠠᠭᠰᠠᠨ ᠰᠤᠷᠭ᠋ᠠᠨ ᠬᠥᠮᠦᠵᠢᠯ᠎ᠤᠨ ᠣᠷᠴᠢᠨ᠎ᠳᠤ ᠬᠥᠮᠦᠨ᠎ᠤ ᠠᠮᠢᠳᠤᠷᠠᠯ᠎ᠤᠨ ᠠᠩᠬᠠᠨ᠎ᠤ ᠠᠯᠬᠤᠮ᠎ᠢ ᠨᠠᠷᠢᠨ ᠬᠢᠨᠠᠮᠠᠭ᠋ᠠᠢ ᠰᠠᠶ᠋ᠢᠲᠤᠷ ᠠᠯᠬᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠭᠡᠷ ᠣᠷᠣᠨ᠎ᠢ ᠪᠦᠦ ᠱᠤᠸᠠᠩ ᠪᠠᠭ᠎ᠠ ᠰᠤᠷᠭ᠋ᠠᠭᠤᠯᠢ ᠪᠠ ᠬᠡᠦᠬᠡᠳ᠎ᠤᠨ ᠴᠡᠴᠡᠷᠯᠢᠭ᠎ᠲᠤ ᠣᠷᠣᠭᠤᠯᠬᠤ ᠵᠢ ᠣᠯᠵᠤ᠂ ᠬᠡᠦᠬᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠳᠤ ᠨᠠᠩ ᠰᠠᠶ᠋ᠢᠨ ᠰᠤᠷᠭ᠋ᠠᠨ ᠬᠥᠮᠦᠵᠢᠯ᠎ᠤᠨ ᠣᠷᠴᠢᠨ ᠲᠣᠭᠣᠷᠢᠨ᠎ᠢ ᠪᠤᠢ ᠪᠣᠯᠭ᠋ᠠᠵᠤ ᠥᠭᠪᠡ᠃
ᠪᠦᠦ ᠱᠤᠸᠠᠩ ᠪᠠᠭ᠎ᠠ ᠰᠤᠷᠭ᠋ᠠᠭᠤᠯᠢ ᠵᠢ ᠦᠷᠡᠭᠳᠡᠭᠰᠡᠨ ᠪᠠᠭ᠋ᠠᠲᠤᠷ ᠯᠢᠦ ᠪᠦᠦ ᠱᠤᠸᠠᠩ᠎ᠤᠨ ᠨᠡᠷ᠎ᠡ᠎ᠪᠠᠷ ᠨᠡᠷᠡᠯᠡᠵᠡᠢ᠃ ᠣᠶ᠋ᠢᠯᠠᠭ᠋ᠠᠭᠰᠠᠨ ᠵᠶ᠋ᠠᠷ᠂ ᠯᠢᠦ ᠪᠦᠦ ᠱᠤᠸᠠᠩ ᠪᠡᠭᠡᠵᠢᠩ᠎ᠳᠤ ᠠᠵᠢᠯᠯᠠᠵᠤ ᠪᠠᠶ᠋ᠢᠬᠤ᠎ᠳᠤ᠎ᠪᠠᠨ ᠤᠰᠤᠨ᠎ᠳᠤ ᠤᠨᠠᠭᠰᠠᠨ ᠬᠡᠦᠬᠡᠳ᠎ᠢ ᠠᠪᠤᠷᠠᠵᠤ ᠡᠷᠡᠯᠬᠡᠭ ᠪᠠᠭ᠋ᠠᠲᠤᠷᠯᠢᠭ ᠵᠶ᠋ᠠᠷ ᠵᠣᠯ ᠪᠤᠰᠤ ᠪᠡᠶ᠎ᠡ ᠦᠷᠡᠭᠳᠡᠵᠡᠶ᠃ ᠯᠢᠦ ᠪᠦᠦ ᠱᠤᠸᠠᠩ᠎ᠤᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠳᠤᠷᠠᠰᠬᠠᠬᠤ ᠵᠢᠨ ᠲᠥᠯᠥᠭᠡ ᠵᠤᠤ ᠶᠢᠩ ᠾᠦᠢ ᠪᠡᠭᠡᠵᠢᠩ᠎ᠤᠨ ᠲᠦᠩᠵᠸᠤ᠎ᠳᠤ ᠤᠯᠠᠨ ᠤᠳᠠᠭ᠎ᠠ ᠬᠦᠷᠴᠦ᠂ ᠬᠣᠪᠣᠷ ᠨᠠᠨᠳᠢᠨ ᠭᠡᠷᠡᠯ ᠵᠢᠷᠤᠭ᠂ ᠦᠰᠦᠭ ᠪᠢᠴᠢᠭ ᠪᠣᠯᠤᠨ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠢ ᠡᠷᠢᠵᠦ ᠤᠯᠪᠠ᠃ 2019 ᠣᠨ᠎ᠤ 7 ᠰᠠᠷ᠎ᠠ᠎ᠳᠤ ᠰᠤᠷᠭ᠋ᠠᠭᠤᠯᠢ᠎ᠠᠴᠠ ᠦᠷᠡᠭᠳᠡᠭᠰᠡᠨ ᠪᠠᠭ᠋ᠠᠲᠤᠷ ᠯᠢᠦ ᠪᠦᠦ ᠱᠤᠸᠠᠩ᠎ᠤᠨ ᠳᠤᠷᠠᠰᠬᠠᠯ᠎ᠤᠨ ᠣᠷᠳᠣᠨ᠎ᠢ ᠪᠠᠶ᠋ᠢᠭᠤᠯᠪᠠ᠂ ᠡᠨᠡ᠎ᠨᠢ ᠦᠷᠡᠭᠳᠡᠭᠰᠡᠨ ᠪᠠᠭ᠋ᠠᠲᠤᠷᠴᠤᠳ ᠵᠶ᠋ᠠᠨ ᠬᠦᠨᠳᠦᠳᠬᠡᠨ ᠪᠠᠲᠤ ᠴᠡᠭᠡᠵᠢᠯᠡᠬᠦ᠎ᠪᠠᠷ ᠪᠠᠷᠠᠬᠤ ᠥᠬᠡᠶ ᠨᠠᠩ ᠴᠤ᠌ ᠬᠣᠵᠢᠮ᠎ᠤᠨ ᠬᠥᠮᠦᠰ᠎ᠢ ᠤᠷᠮᠠᠰᠢᠭᠤᠯᠤᠨ ᠵᠣᠷᠢᠭᠵᠢᠭᠤᠯᠬᠤ ᠵᠣᠷᠢᠭ ᠰᠠᠨᠠᠭ᠋ᠠᠨ᠎ᠤ ᠬᠥᠰᠢᠶ᠎ᠡ ᠪᠣᠯᠤᠨ᠎ᠠ᠃
《ᠰᠢᠨ᠎ᠡ ᠰᠣᠷᠣᠭᠴᠢ ᠰᠤᠷᠭ᠋ᠠᠭᠤᠯᠢ᠎ᠳᠤ ᠣᠷᠣᠬᠤ ᠪᠦᠷᠢ ᠰᠤᠷᠭ᠋ᠠᠭᠤᠯᠢ ᠡᠬᠢᠯᠡᠬᠦ ᠠᠩᠬᠠᠨ᠎ᠤ ᠬᠢᠴᠢᠶᠡᠯ ᠪᠣᠯ ᠲᠡᠳᠡᠨ᠎ᠳᠤ ᠰᠤᠷᠭ᠋ᠠᠭᠤᠯᠢ ᠵᠢᠨ ᠨᠡᠷ᠎ᠡ ᠵᠢᠨ ᠢᠷᠡᠯᠲᠡ ᠵᠢ ᠮᠡᠳᠡᠭᠦᠯᠵᠦ᠂ ᠯᠢᠦ ᠪᠦᠦ ᠱᠤᠸᠠᠩ᠎ᠤᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠣᠶ᠋ᠢᠯᠠᠭ᠋ᠠᠭᠤᠯᠵᠤ᠂ ᠪᠤᠰᠤᠳ᠎ᠢ ᠬᠠᠪᠰᠤᠷᠬᠤ᠎ᠪᠠᠷ ᠪᠠᠶᠠᠷ ᠴᠡᠩᠭᠡᠯ ᠵᠶ᠋ᠠᠨ ᠪᠣᠯᠭ᠋ᠠᠵᠤ᠂ ᠪᠤᠰᠤᠳ᠎ᠢ ᠬᠠᠪᠰᠤᠷᠴᠤ᠂ ᠪᠠᠭᠰᠢ᠎ᠪᠠᠨ ᠬᠦᠨᠳᠦᠯᠡᠵᠦ᠂ ᠠᠴᠢ ᠬᠠᠷᠢᠭᠤᠯᠬᠤ ᠰᠡᠳᠬᠢᠯᠭᠡ᠎ᠲᠠᠢ ᠪᠣᠯᠬᠤ ᠵᠡᠷᠭᠡ ᠵᠢ ᠡᠳᠦᠷ ᠲᠤᠲᠤᠮ᠎ᠤᠨ ᠰᠤᠷᠤᠯᠴᠠᠯᠭ᠎ᠠ ᠪᠠ ᠠᠮᠢᠳᠤᠷᠠᠯᠳᠤᠨᠢ ᠠᠭᠤᠰᠬᠠᠬᠤ ᠶᠠᠪᠤᠳᠠᠯ ᠪᠣᠯᠤᠨ᠎ᠠ》 ᠭᠡᠵᠦ ᠵᠤᠤ ᠶᠢᠩ ᠾᠦᠢ ᠬᠡᠯᠡᠪᠡ᠃
ᠪᠠᠭ᠋ᠠᠲᠤᠷ᠎ᠤᠨ ᠵᠣᠷᠢᠭ ᠰᠠᠨᠠᠭ᠎ᠠ ᠵᠢ ᠨᠡᠩ ᠰᠠᠶ᠋ᠢᠲᠤᠷ ᠲᠠᠶ᠋ᠢᠯᠪᠤᠷᠢᠯᠠᠵᠤ᠂ ᠬᠤᠪᠢᠰᠬᠠᠯᠲᠤ ᠤᠳᠤᠮᠰᠢᠯ᠎ᠢ ᠨᠡᠩ ᠰᠠᠶ᠋ᠢᠲᠤᠷ ᠤᠯᠠᠮᠵᠢᠯᠠᠬᠤ ᠵᠢᠨ ᠲᠥᠯᠥᠭᠡ᠂ ᠵᠤᠤ ᠶᠢᠩ ᠾᠦᠢ ᠵᠢᠨ ᠰᠠᠨᠠᠭ᠋ᠠᠴᠢᠯᠠᠭ᠎ᠠ᠎ᠪᠠᠷ ᠪᠦᠦ ᠱᠤᠸᠠᠩ ᠪᠠᠭ᠎ᠠ ᠰᠤᠷᠭ᠋ᠠᠭᠤᠯᠢ 《ᠬᠤᠪᠢᠰᠬᠠᠯᠲᠤ ᠬᠥᠮᠦᠵᠢᠯ》 ᠵᠶ᠋ᠠᠷ ᠭᠣᠣᠯ ᠰᠡᠳᠦᠪ ᠪᠣᠯᠭ᠋ᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ ᠵᠢ ᠥᠷᠨᠢᠭᠦᠯᠵᠦ᠂ ᠨᠠᠮ᠎ᠤᠨ ᠭᠡᠰᠢᠭᠦᠨ᠎ᠤ ᠰᠠᠢ᠍ᠢ᠍ᠨ ᠳᠤᠷ᠎ᠠ ᠵᠢᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠵᠠᠯᠠᠭᠤᠴᠤᠳ ᠪᠠᠭ᠋ᠠᠴᠤᠳ᠎ᠤᠨ ᠶᠣᠰᠣ ᠰᠤᠷᠲᠠᠬᠤᠨ᠎ᠢ ᠡᠷᠬᠢᠮᠯᠡᠨ ᠰᠠᠢ᠍ᠢ᠍ᠨ ᠰᠠᠶ᠋ᠢᠬᠠᠨ᠎ᠢ ᠬᠥᠭᠡᠭᠡᠴᠡᠯᠳᠦᠬᠦ᠂ ᠳᠤᠷᠠᠲᠠᠶ᠎ᠠ ᠪᠤᠰᠤᠳ᠎ᠢ ᠬᠠᠪᠰᠤᠷᠬᠤ ᠵᠢ ᠬᠦᠳᠦᠯᠦᠨ ᠳᠠᠭ᠋ᠠᠭᠤᠯᠵᠤ᠂ ᠡᠬᠡ ᠣᠷᠣᠨᠴᠢ ᠦᠵᠡᠯ᠎ᠤᠨ ᠢᠲᠡᠭᠡᠯ ᠪᠢᠰᠢᠷᠡᠯ ᠵᠶ᠋ᠠᠨ ᠴᠢᠩᠭ᠋ᠠᠳᠬᠠᠪᠠ᠃ ᠣᠳᠣ ᠪᠣᠯᠲᠠᠯ᠎ᠠ᠂ ᠪᠦᠦ ᠱᠤᠸᠠᠩ ᠪᠠᠭ᠎ᠠ ᠰᠤᠷᠭ᠋ᠠᠭᠤᠯᠢ ᠨᠢᠭᠡᠨᠲᠡ ᠣᠯᠠᠨ ᠰᠤᠷᠭ᠋ᠠᠭᠤᠯᠢ᠎ᠠᠴᠠ ᠢᠷᠡᠭᠰᠡᠨ 3500 ᠭᠠᠷᠤᠶ ᠬᠥᠮᠦᠨ ᠤᠳᠠᠭ᠎ᠠ ᠵᠢᠨ ᠲᠣᠭᠣᠷᠢᠨ ᠦᠵᠡᠵᠦ ᠪᠡᠶᠡᠴᠢᠯᠡᠨ ᠣᠶ᠋ᠢᠯᠠᠭ᠋ᠠᠬᠤ ᠵᠢ ᠭᠥᠯᠢᠶᠡᠨ ᠠᠪᠴᠤ᠂ ᠨᠠᠩ ᠣᠯᠠᠨ ᠵᠠᠯᠠᠭᠤᠴᠤᠳ ᠪᠠᠭ᠋ᠠᠴᠤᠳ᠎ᠲᠤ ᠯᠢᠦ ᠪᠦᠦ ᠱᠤᠸᠠᠩ᠎ᠤᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠮᠡᠳᠡᠭᠦᠯᠪᠡ᠃ ᠠᠵᠢᠯᠯᠠᠭ᠋ᠠᠨ᠎ᠤ ᠶᠠᠪᠤᠴᠠ᠎ᠳᠤ᠂ ᠪᠦᠦ ᠱᠤᠸᠠᠩ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ ᠴᠦ᠍ ᠳᠡᠭᠡᠭᠰᠢᠯᠡᠵᠦ᠂ ᠨᠡᠩ ᠴᠢᠩᠭ᠎ᠠ ᠨᠢᠭᠲᠠᠷᠠᠯ᠎ᠤᠨ ᠬᠦᠴᠦᠨ ᠪᠠ ᠲᠥᠪᠯᠡᠩᠭᠦᠢ ᠬᠦᠴᠦᠨ᠎ᠲᠠᠢ ᠪᠣᠯᠪᠠ᠃
ᠡᠨᠡ ᠵᠢᠯ᠂ ᠵᠤᠤ ᠶᠢᠩ ᠾᠦᠢ ᠬᠣᠷᠴᠢᠨ ᠲᠣᠭᠣᠷᠢᠭ᠎ᠤᠨ ᠬᠣᠩ ᠰᠢᠩ ᠭᠣᠣᠯ ᠪᠠᠭ᠎ᠠ ᠰᠤᠷᠭ᠋ᠠᠭᠤᠯᠢ ᠵᠢᠨ ᠨᠠᠮ᠎ᠤᠨ ᠡᠭᠦᠷ᠎ᠤᠨ ᠱᠦᠵᠢ᠂ ᠵᠠᠬᠢᠷᠤᠯ ᠵᠶ᠋ᠠᠷ ᠲᠣᠮᠢᠯᠠᠭᠳᠠᠪᠠ᠂ ᠲᠡᠷᠡ᠎ᠪᠠᠷ ᠪᠠᠭᠪᠠᠭ᠋ᠠᠢ ᠴᠡᠴᠡᠭ ᠰᠢᠭ ᠰᠢᠯᠢᠳᠡᠭ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠦᠷᠭᠦᠯᠵᠢᠯᠡᠨ ᠰᠤᠷᠭ᠋ᠠᠭᠤᠯᠢ ᠵᠢᠨ ᠬᠦᠷᠢᠶᠡᠨ᠎ᠳᠤ ᠰᠠᠴᠤᠵᠤ᠂ ᠬᠣᠩ ᠰᠢᠩ ᠭᠣᠣᠯ ᠪᠠᠭ᠎ᠠ ᠰᠤᠷᠭ᠋ᠠᠭᠤᠯᠢ ᠵᠢᠨ 《ᠬᠣᠶᠠᠷ᠎ᠢ ᠬᠥᠩᠭᠡᠷᠡᠭᠦᠯᠬᠦ》 ᠠᠵᠢᠯ᠎ᠢ ᠨᠠᠶ᠋ᠢᠳᠠᠪᠤᠷᠢᠵᠢᠭᠤᠯᠬᠤ ᠵᠢ ᠢᠳᠡᠪᠬᠢᠲᠡᠢ ᠠᠬᠢᠭᠤᠯᠵᠤ᠂ ᠤᠯᠠᠨ ᠡᠰᠢᠵᠢᠭᠦᠯᠦᠭᠰᠡᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠭᠡᠳᠬᠡᠵᠦ᠂ ᠰᠤᠷᠤᠭᠴᠢᠳ᠎ᠤᠨ ᠥᠷᠭᠡᠨ ᠳᠡᠯᠭᠡᠷ ᠳᠤᠷ᠎ᠠ ᠰᠣᠨᠢᠷᠬᠠᠯ᠎ᠢ ᠬᠥᠮᠦᠵᠢᠭᠦᠯᠵᠦ᠂ ᠰᠤᠷᠤᠭᠴᠢᠳ᠎ᠤᠨ ᠪᠡᠶ᠎ᠡ ᠰᠡᠳᠬᠢᠯ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠪᠠ᠃
ᠲᠦᠷᠦᠭᠦᠬᠡᠨ᠂ ᠵᠤᠤ ᠶᠢᠩ ᠾᠦᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ᠎ᠪᠠᠷ ᠰᠣᠩᠭᠣᠭᠳᠠᠪᠠ᠃ 《ᠨᠠᠮ᠎ᠤᠨ ᠭᠡᠰᠢᠭᠦᠨ ᠪᠠᠭᠰᠢ ᠪᠠ ᠰᠤᠷᠭ᠋ᠠᠭᠤᠯᠢ ᠵᠢᠨ ᠬᠠᠮᠢᠶᠠᠷᠤᠭᠴᠢ ᠪᠣᠯᠤᠭᠰᠠᠨ᠎ᠤ ᠬᠤᠪᠢ᠎ᠳᠤ ᠬᠣᠶ᠋ᠢᠰᠢᠳᠠ ᠵᠢᠨ ᠠᠵᠢᠯ᠎ᠳᠤ᠎ᠪᠠᠨ ᠤᠭ ᠰᠠᠨᠠᠭ᠎ᠠ᠎ᠪᠠᠨ ᠪᠠᠲᠤ ᠰᠠᠬᠢᠵᠤ᠂ ᠡᠮᠦᠨ᠎ᠡ᠎ᠨᠢ ᠭᠠᠪᠰᠢᠭ᠋ᠠᠶ᠋ᠢᠯᠠᠵᠤ᠂ ᠡᠯ᠎ᠡ ᠲᠠᠯ᠎ᠠ ᠵᠢᠨ ᠬᠦᠴᠦᠨ᠎ᠲᠠᠢ ᠪᠦᠯᠬᠦᠮᠳᠡᠵᠦ᠂ ᠰᠢᠯᠢᠳᠡᠭ ᠡᠬᠢ ᠪᠠᠶᠠᠯᠢᠭ᠎ᠢ ᠢᠳᠡᠪᠬᠢᠲᠡᠢ ᠣᠷᠣᠭᠤᠯᠤᠨ ᠠᠪᠴᠢᠷᠠᠵᠤ᠂ ᠬᠡᠦᠬᠡᠳ᠎ᠢ ᠡᠷᠡᠭᠦᠯ ᠵᠶ᠋ᠠᠷ ᠦᠰᠦᠨ ᠪᠣᠶ᠋ᠢᠵᠢᠭᠤᠯᠵᠤ᠂ ᠪᠦᠬᠦ ᠲᠠᠯ᠎ᠠ᠎ᠪᠠᠷ ᠬᠥᠭᠵᠢᠭᠦᠯᠦᠨ᠎ᠡ 》 ᠭᠡᠵᠦ ᠵᠤᠤ ᠶᠢᠩ ᠾᠦᠢ ᠶᠠᠷᠢᠪᠠ᠃