ᠬᠣᠶᠠᠷ᠎ᠢ ᠬᠥᠩᠭᠡᠷᠡᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ ᠠᠩᠬ᠎ᠠ ᠤᠳᠠᠭ᠎ᠠ ᠬᠢᠴᠢᠶᠡᠯ ᠨᠥᠬᠦᠬᠦ ᠥᠬᠡᠶ ᠡᠪᠦᠯ᠎ᠤᠨ ᠠᠮᠠᠷᠠᠯᠲᠠ ᠵᠢ ᠤᠭᠲᠤᠨ ᠠᠪᠤᠯ᠎ᠠ᠃ ᠲᠡᠭᠡᠪᠡᠯ ᠡᠨᠡ ᠠᠮᠠᠷᠠᠯᠲᠠ ᠵᠢᠨ ᠬᠤᠭᠤᠴᠠᠭ᠋ᠠᠨ᠎ᠳᠤ ᠰᠤᠷᠤᠭᠴᠢᠳ ᠴᠥᠮ ᠶᠠᠭᠤ ᠬᠢᠵᠡᠭᠡᠵᠦ ᠪᠠᠶ᠋ᠢᠬᠤ ᠪᠣᠶ?
ᠬᠥᠬᠡᠬᠣᠲᠠ ᠵᠢᠨ ᠨᠢᠭᠡᠨ ᠨᠣᠮ᠎ᠤᠨ ᠳᠡᠯᠭᠡᠭᠦᠷ᠎ᠲᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠎ᠤ ᠰᠤᠷᠤᠭᠴᠢ ᠴᠢᠦ ᡁᠢ ᠴᠧᠨ ᠨᠣᠮ ᠦᠵᠡᠵᠦ ᠪᠠᠶ᠋ᠢᠯ᠎ᠠ᠃ ᠥᠩᠭᠡᠷᠡᠭᠰᠡᠨ ᠵᠢᠯ ᠪᠣᠯ ᠡᠪᠦᠯ᠎ᠤᠨ ᠠᠮᠠᠷᠠᠯᠲᠠ ᠲᠠᠯᠪᠢᠭᠰᠠᠭ᠋ᠠᠷ ᠭᠡᠷ᠎ᠤᠨ ᠠᠬᠠᠮᠠᠳ᠎ᠨᠢ ᠬᠢᠴᠢᠶᠡᠯ᠎ᠤᠨ ᠭᠠᠳᠠᠨᠠᠬᠢ ᠪᠣᠯᠪᠠᠰᠤᠷᠠᠭᠤᠯᠤᠯ᠎ᠤᠨ ᠠᠩᠭᠢ᠎ᠳᠤ ᠬᠦᠷᠭᠡᠵᠦ᠂ ᠲᠣᠭ᠋ᠠᠨ᠎ᠤ ᠬᠢᠴᠢᠶᠡᠯ᠎ᠢ ᠨᠥᠬᠦᠵᠦ ᠪᠠᠷᠠᠪᠠᠯ ᠠᠨᠭ᠌ᠭ᠍ᠯᠢ ᠬᠡᠯᠡᠨ᠎ᠤ ᠬᠢᠴᠢᠶᠡᠯ ᠨᠥᠬᠥᠵᠦ᠂ ᠠᠮᠠᠷᠠᠯᠲᠠ ᠵᠢᠨ ᠬᠤᠭᠤᠴᠠᠭ᠋ᠠᠨ᠎ᠤ ᠶᠡᠬᠡᠩᠬᠢ ᠴᠠᠭ ᠵᠶ᠋ᠠᠨ ᠢᠩᠭᠢᠵᠦ ᠥᠩᠭᠡᠷᠡᠭᠦᠯᠳᠡᠭ᠃ ᠬᠣᠶᠠᠷ᠎ᠢ ᠬᠥᠩᠭᠡᠷᠡᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠋ᠠᠬᠢ ᠠᠩᠬᠠᠳᠠᠭᠴᠢ ᠡᠪᠦᠯ᠎ᠤᠨ ᠠᠮᠠᠷᠠᠯᠲᠠ᠎ᠳᠤ ᠬᠢᠴᠢᠶᠡᠯ᠎ᠤᠨ ᠭᠠᠳᠠᠨᠠᠬᠢ ᠬᠠᠪᠰᠤᠷᠤᠨ ᠵᠢᠯᠣᠭᠣᠳᠬᠤ ᠠᠩᠭᠢ᠎ᠳᠤ ᠣᠴᠢᠭᠰᠠᠨ ᠦᠭᠡᠢ ᠪᠣᠯᠬᠤᠷ ᠲᠡᠷᠡ ᠡᠴᠦᠰ᠎ᠲᠤ᠎ᠪᠠᠨ ᠥᠪᠡᠷ᠎ᠤᠨ ᠭᠡᠰᠡᠨ ᠴᠠᠭ᠎ᠲᠠᠢ ᠪᠣᠯᠤᠭᠰᠠᠨ ᠪᠠᠢ᠌ᠨ᠎ᠠ᠃


ᠡᠨᠡ ᠵᠢᠯ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠤᠯᠠᠨ᠎ᠤ ᠮᠥᠰᠥ ᠴᠠᠰᠤᠨ᠎ᠳᠤ ᠨᠠᠭ᠋ᠠᠳᠬᠤ ᠬᠠᠯᠠᠭᠤᠨ ᠰᠡᠳᠬᠢᠯᠭᠡ ᠵᠢ ᠬᠥᠭᠵᠢᠭᠡᠪᠡ᠃ ᠦᠵᠡᠭᠡᠴᠢ᠂ ᠮᠥᠰᠥᠨ ᠲᠠᠯᠠᠪᠠᠢ᠎ᠳᠤ ᠡᠷᠭᠢᠯᠳᠦᠨ ᠪᠥᠵᠢᠭᠯᠡᠵᠦ ᠪᠠᠢ᠌ᠭ᠎ᠠ ᠡᠨᠡ ᠦᠬᠢᠨ᠎ᠢ ᠶᠢᠨ ᠶᠤᠸᠠᠨ ᠭᠡᠳᠡᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ᠂ ᠬᠡᠳᠦᠨ ᠵᠢᠯ᠎ᠤᠨ ᠡᠮᠦᠨ᠎ᠡ ᠮᠥᠰᠥᠨ᠎ᠳᠤ ᠲᠡᠰᠢᠬᠦ ᠵᠢ ᠰᠤᠷᠴᠠᠢ᠂ ᠲᠡᠷᠡ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠮᠠᠰᠢ ᠳᠤᠷᠠᠲᠠᠶ ᠪᠥᠭᠡᠳ ᠮᠥᠰᠥᠨ᠎ᠳᠤ ᠲᠡᠰᠢᠬᠦ ᠵᠢ ᠪᠣᠯᠪᠠᠰᠤᠷᠠᠭᠰᠠᠨ᠎ᠤ ᠳᠠᠷᠠᠭ᠎ᠠ ᠪᠡᠶ᠎ᠡ ᠮᠠᠬᠠᠪᠣᠳ᠎ᠨᠢ ᠮᠠᠰᠢ ᠶᠡᠬᠡ ᠰᠠᠢ᠌ᠵᠢᠷᠠᠭᠰᠠᠨ ᠶᠤᠮ ᠭᠡᠪᠡ᠃ ᠭᠡᠪᠡᠴᠦ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠣᠷᠣᠭᠰᠠᠨ᠎ᠤ ᠳᠠᠷᠠᠭ᠎ᠠ ᠰᠤᠷᠤᠯᠭ᠎ᠠ ᠵᠢᠨ ᠳᠠᠷᠤᠭ᠋ᠠᠰᠤ ᠬᠦᠨᠳᠦᠷᠡᠵᠦ᠂ ᠬᠢᠴᠢᠶᠡᠯ ᠨᠥᠬᠥᠬᠦ ᠠᠩᠭᠢ᠎ᠳᠤ ᠣᠴᠢᠬᠤ ᠪᠣᠯᠤᠭᠰᠠᠨ᠎ᠠᠴᠠ ᠮᠥᠰᠥᠨ ᠲᠠᠯᠠᠪᠠᠢ᠎ᠳᠤ ᠦᠨᠳᠦᠰᠦᠨ᠎ᠳᠤ᠎ᠪᠠᠨ ᠣᠴᠢᠭᠰᠠᠨ ᠦᠭᠡᠢ᠃



ᠬᠣᠶᠠᠷ᠎ᠢ ᠬᠥᠩᠭᠡᠷᠡᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠮᠠᠰᠢ ᠣᠯᠠᠨ ᠬᠡᠷ᠎ᠤᠨ ᠠᠬᠠᠮᠠᠳ ᠴᠤ᠌ ᠰᠡᠳᠬᠢᠯ᠎ᠤᠨ ᠳᠠᠷᠤᠭ᠋ᠠᠰᠤ᠎ᠪᠠᠨ ᠲᠠᠶᠠᠭᠳᠠᠵᠤ᠂ ᠬᠡᠦᠬᠡᠳ᠎ᠲᠠᠢ᠎ᠪᠠᠨ ᠬᠠᠷᠢᠯᠴᠠᠬᠤ ᠴᠠᠭ ᠨᠡᠩ ᠣᠯᠠᠨ ᠪᠣᠯᠪᠠ᠃



ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ 2021 ᠣᠨ᠎ᠳᠤ ᠥᠪᠡᠷᠲᠡᠭᠡᠨ ᠵᠠᠰᠠᠬᠤ ᠣᠷᠣᠨ 《ᠬᠣᠶᠠᠷ᠎ᠢ ᠬᠥᠩᠭᠡᠷᠡᠭᠦᠯᠬᠦ》 ᠲᠥᠷᠦ ᠵᠢᠨ ᠪᠣᠳᠤᠯᠭ᠎ᠠ ᠵᠢ ᠪᠦᠲᠦᠮᠵᠢᠲᠡᠶ ᠨᠠᠢ᠌ᠳᠠᠪᠤᠷᠢᠵᠢᠭᠤᠯᠵᠤ᠂ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠦᠨᠳᠦᠰᠦᠨ ᠲᠡᠩᠴᠡᠭᠦᠷᠢ ᠵᠢᠨ ᠮᠠᠭ᠋ᠠᠳᠯᠠᠨ ᠳᠣᠭᠲᠠᠭ᠋ᠠᠯᠲᠠᠳᠤ ᠪᠥᠬᠦ ᠣᠷᠣᠨ ᠵᠶ᠋ᠠᠷ ᠵᠶ᠋ᠠᠨ ᠬᠢᠷᠢ ᠲᠡᠩᠴᠡᠪᠡ᠃ ᠣᠳᠣ ᠪᠣᠯᠲᠠᠯ᠎ᠠ᠂ ᠪᠥᠬᠥ ᠣᠷᠣᠨ᠎ᠤ ᠬᠢᠨᠠᠨ ᠵᠥᠪᠰᠢᠶᠡᠷᠡᠵᠦ ᠪᠦᠷᠢᠳᠬᠡᠨ ᠳᠠᠩᠰᠠᠯᠠᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠬᠢᠴᠢᠶᠡᠯ ᠲᠥᠷᠥᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ 2647 ᠪᠠᠶ᠋ᠢᠭᠰᠠᠨ᠎ᠠᠴᠠ 20 ᠭᠠᠷᠤᠶ ᠪᠣᠯᠵᠣ᠂ 99 . 24 %᠎ᠪᠠᠷ ᠪᠠᠭ᠋ᠠᠰᠪᠠ᠃ ᠭᠡᠷᠡᠴᠢ ᠦᠨᠡᠮᠯᠡᠯ ᠪᠦᠷᠢᠨ ᠪᠤᠰᠤ ᠬᠢᠴᠢᠶᠡᠯ ᠲᠥᠷᠥᠯ᠎ᠤᠨ ᠪᠠᠶ᠋ᠢᠭᠤᠯᠤᠮᠵᠢ 604᠂ ᠭᠡᠷᠡᠴᠢ ᠦᠨᠡᠮᠯᠡᠯ ᠥᠬᠡᠶ ᠬᠢᠴᠢᠶᠡᠯ ᠲᠥᠷᠥᠯ᠎ᠤᠨ ᠪᠠᠶ᠋ᠢᠭᠤᠯᠤᠮᠵᠢ 565 ᠵᠢ ᠬᠦᠴᠦᠨ ᠦᠭᠡᠢ ᠪᠣᠯᠭ᠋ᠠᠪᠠ᠃ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠳᠤ ᠴᠥᠮ ᠤᠷᠢᠳᠴᠢᠯᠠᠨ ᠰᠦᠢ᠍ᠳᠭᠡᠯ ᠬᠤᠷᠢᠶᠠᠬᠤ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠪᠡ᠃ 《ᠬᠣᠶᠠᠷ᠎ᠢ ᠬᠥᠩᠭᠡᠷᠡᠭᠦᠯᠬᠦ》 ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠣᠯ ᠨᠢᠭᠡᠨᠲᠡ ᠰᠦᠯᠵᠢᠶᠡᠨ᠎ᠳᠠᠬᠢ ᠵᠢᠭ᠋ᠠᠬᠤ ᠵᠢ ᠰᠤᠳᠤᠯᠬᠤ ᠠᠵᠢᠯᠯᠠᠭ᠎ᠠ ᠵᠢ 118 ᠲᠠᠯᠠᠪᠤᠷ ᠥᠷᠨᠢᠭᠦᠯᠵᠦ᠂ ᠲᠤᠰᠬᠠᠶ ᠪᠠᠯᠠ ᠮᠥᠩᠭᠥ ᠳᠣᠭᠢᠷᠠᠭᠤᠯᠵᠤ᠂ ᠪᠥᠬᠥ ᠣᠷᠣᠨ᠎ᠤ 103 ᠬᠣᠰᠢᠭᠤ ᠰᠢᠶᠠᠨ ᠲᠣᠭᠣᠷᠢᠭ᠎ᠲᠤ ᠰᠢᠨ᠎ᠡ᠎ᠪᠠᠷ ᠪᠠᠢ᠌ᠭᠤᠯᠤᠭᠰᠠᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠰᠢᠩᠭᠡᠭᠡᠨ ᠨᠡᠪᠲᠡᠷᠡᠭᠦᠯᠬᠦ ᠬᠢᠴᠢᠶᠡᠯ᠎ᠤᠨ ᠬᠡᠷ 117᠂ ᠨᠠᠷᠠᠲᠤ ᠰᠢᠯᠢᠳᠡᠭ ᠪᠠᠭᠰᠢ ᠵᠢ ᠵᠣᠬᠢᠶᠠᠨ ᠪᠠᠶ᠋ᠢᠭᠤᠯᠵᠤ 1880 ᠭᠠᠷᠤᠶ ᠬᠢᠴᠢᠶᠡᠯ᠎ᠢ ᠰᠢᠩᠭᠡᠭᠡᠨ ᠦᠢ᠍ᠯᠡᠳᠴᠦ᠂ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠡᠭᠦᠯᠡᠨᠴᠢᠷ ᠲᠠᠪᠴᠠᠩ ᠵᠶ᠋ᠠᠷ ᠳᠠᠮᠵᠢᠭᠤᠯᠤᠨ ᠰᠤᠷᠤᠭᠴᠢᠳ᠎ᠲᠤ ᠬᠠᠪᠰᠤᠷᠤᠨ ᠵᠢᠯᠣᠭᠣᠳᠣᠯᠭ᠎ᠠ ᠬᠠᠩᠭ᠋ᠠᠭᠰᠠᠨ ᠪᠥᠭᠡᠳ ᠠᠯᠪᠠᠨ᠎ᠠᠴᠠ ᠡᠷᠭᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠨᠥᠬᠥᠪᠥᠷᠢ ᠵᠠᠷᠤᠳᠠᠯ᠎ᠢ 1 . 8 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠪᠠᠲᠤᠯᠠᠭ᠎ᠠ ᠵᠢ ᠲᠡᠭᠦᠯᠳᠡᠷᠵᠢᠭᠦᠯᠪᠡ᠃



《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠪᠠᠰᠠ 2022 ᠣᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠠᠷᠠᠯᠲᠠ ᠪᠠ ᠱᠠᠭ᠋ᠠᠷᠳᠠᠯᠭ᠎ᠠ᠎ᠳᠤ ᠴᠢᠭᠯᠡᠭᠦᠯᠦᠨ᠂ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠨ ᠬᠦ᠌ ᠳᠡᠭᠡᠭᠰᠢᠯᠡᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠡᠯᠡ ᠣᠷᠣᠭᠤᠯᠤᠯᠲᠠ ᠪᠠ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ ᠵᠢᠨ ᠪᠠᠶ᠋ᠢᠷᠢ ᠵᠢᠨ ᠬᠠᠩᠭ᠋ᠠᠯᠭ᠎ᠠ ᠵᠢ ᠨᠡᠮᠡᠭᠳᠡᠭᠦᠯᠵᠦ᠂ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠶ ᠬᠥᠭᠵᠢᠬᠦ ᠵᠢ ᠠᠬᠢᠭᠤᠯᠬᠤ ᠬᠡᠷᠡᠭᠲᠡᠢ; ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠡᠬᠢᠯᠡᠭᠦᠯᠵᠦ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠤᠯᠠᠨ ᠶᠠᠨᠭ᠌ᠵᠤᠴᠢᠯᠠᠬᠰᠠᠨ ᠥᠪᠡᠷᠮᠢᠴᠡ ᠣᠨᠴᠠᠯᠢᠭᠲᠤ ᠬᠥᠭᠵᠢᠯᠲᠡ ᠵᠢ ᠠᠬᠢᠭᠤᠯᠬᠤ ᠬᠡᠷᠡᠭᠲᠡᠢ; ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠬᠣᠣᠰ ᠥᠨᠳᠥᠷ》᠂ 《ᠬᠣᠣᠰ ᠰᠢᠯᠢᠳᠡᠭ》 ᠲᠥᠯᠥᠪᠯᠡᠭᠡ ᠵᠢ ᠬᠡᠷᠡᠭᠵᠢᠭᠦᠯᠵᠦ᠂ ᠶᠠᠮᠤᠨ ᠪᠠ ᠣᠷᠣᠨ᠎ᠤ 《ᠮᠡᠷᠭᠡᠵᠢᠯ ᠴᠢᠳᠠᠪᠤᠷᠢᠲᠤ ᠥᠪᠥᠷ ᠮᠣᠩᠭᠣᠯ》᠎ᠢ ᠬᠠᠮᠲᠤ᠎ᠪᠠᠷ ᠪᠠᠶ᠋ᠢᠭᠤᠯᠬᠤ ᠵᠢ ᠠᠬᠢᠭᠤᠯᠤᠨ᠂ ᠳᠡᠭᠡᠳᠦ ᠰᠤᠷᠭ᠋ᠠᠭᠤᠯᠢ ᠵᠢᠨ ᠪᠠᠶ᠋ᠢᠷᠢᠯᠠᠭᠤᠯᠤᠯᠲᠠ ᠪᠠ ᠲᠤᠰᠬᠠᠢ ᠮᠡᠷᠭᠡᠵᠢᠯ᠎ᠤᠨ ᠪᠠᠢ᠌ᠷᠢᠰᠢᠯᠠᠭᠤᠯᠤᠯᠲᠠ ᠵᠢ ᠰᠢᠯᠢᠳᠡᠭᠵᠢᠭᠦᠯᠵᠦ᠂ ᠶᠠᠮᠤᠨ ᠪᠠ ᠣᠷᠣᠨ᠎ᠤ 《ᠬᠣᠣᠰ ᠲᠡᠷᠢᠭᠦᠨ》᠎ᠤ ᠳᠡᠭᠡᠳᠦ ᠰᠤᠷᠭ᠋ᠠᠭᠤᠯᠢ ᠵᠢ ᠬᠠᠮᠲᠤ᠎ᠪᠠᠷ ᠪᠠᠶ᠋ᠢᠭᠤᠯᠬᠤ ᠡᠷᠴᠢᠮ᠎ᠢ ᠴᠢᠩᠭ᠋ᠠᠷᠠᠭᠤᠯᠬᠤ ᠬᠡᠷᠡᠭᠲᠡᠢ ᠭᠡᠵᠦ ᠳᠤᠷᠠᠳᠪᠠ᠃