ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠡᠭᠡᠳᠦ)
ᠨᠡᠶ᠋ᠢᠲᠡᠯᠡᠭᠰᠡᠨ ᠴᠠᠭ᠄ 2022-03-01


     2022 ᠣᠨ᠎ᠤ ᠠᠩᠬᠠᠳᠠᠭᠴᠢ ᠠᠮᠠᠷᠠᠯᠲᠠ ᠤᠳᠠᠯ ᠦᠭᠡᠢ ᠳᠠᠭᠤᠰᠬᠤ ᠪᠣᠯᠣᠯ᠎ᠠ᠃ ᠡᠨᠡ ᠬᠦ᠌ ᠬᠠᠬᠢᠷ ᠡᠪᠦᠯ᠎ᠤᠨ ᠬᠦᠢ᠍ᠲᠡᠨ᠎ᠳᠤ᠂ ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠵᠠᠯᠠᠭᠤ ᠣᠶᠤᠲᠠᠳ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠯᠬᠤᠭ᠎ᠠ᠎ᠲᠠᠢ ᠠᠢ᠌ᠵᠠᠮ ᠵᠣᠬᠢᠴᠠᠭᠤᠯᠵᠤ᠂ ᠨᠠᠮ ᠪᠠ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠤᠷᠢᠶᠠᠯᠠᠭ᠎ᠠ ᠵᠢ ᠢᠳᠡᠪᠬᠢᠲᠡᠶ ᠴᠤᠤᠷᠢᠶᠠᠳᠤᠨ ᠳᠠᠭ᠋ᠠᠵᠤ᠂ 《ᠰᠢᠨ᠎ᠡ ᠵᠠᠯᠠᠭᠤᠴᠤᠳ ᠨᠤᠲᠤᠭ ᠤᠰᠤ᠎ᠪᠠᠨ ᠬᠥᠭᠵᠢᠭᠦᠯᠦᠨ ᠮᠠᠨᠳᠤᠭᠤᠯᠬᠤ》 ᠬᠠᠯᠠᠭᠤᠨ ᠰᠡᠳᠬᠢᠯ᠎ᠢ ᠡᠪᠦᠷᠯᠡᠵᠦ᠂ ᠰᠥᠰᠦ ᠵᠣᠷᠢᠭ᠂ ᠰᠠᠢ᠌ᠬᠠᠨ ᠰᠠᠨᠠᠭ᠎ᠠ ᠪᠠ ᠬᠠᠶ᠋ᠢᠷ᠎ᠠ ᠰᠡᠳᠬᠢᠯ ᠵᠶ᠋ᠡᠷ ᠵᠶ᠋ᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠡᠷᠭᠡ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ᠎ᠳᠤ ᠣᠷᠣᠯᠴᠠᠵᠤ᠂ 《ᠨᠠᠮ ᠮᠢᠨᠢ ᠰᠠᠨᠠᠭ᠎ᠠ ᠠᠮᠤᠷ ᠪᠠᠶ᠋ᠢᠭ᠋ᠠᠷᠠᠢ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠤᠢ》 ᠭᠡᠬᠦ ᠲᠠᠩᠭ᠋ᠠᠷᠢᠭ ᠵᠶ᠋ᠠᠨ ᠪᠣᠳᠠᠲᠤ ᠠᠵᠢᠯᠯᠠᠭ᠎ᠠ᠎ᠪᠠᠷ ᠵᠶ᠋ᠠᠨ ᠦᠢ᠍ᠯᠡᠳᠦᠯᠭᠡᠵᠢᠭᠦᠯᠪᠡ᠃ ᠡᠨᠡ ᠬᠦ᠌ ᠠᠮᠢᠳᠤᠯᠢᠭ ᠳᠦᠷᠢ ᠳᠦᠷᠬᠥ᠎ᠠᠴᠠ ᠪᠢᠳᠡ ᠵᠠᠯᠠᠭᠤ ᠣᠶᠤᠲᠠᠳ᠎ᠤᠨ ᠬᠠᠯᠠᠭᠤᠨ ᠰᠡᠳᠬᠢᠯ ᠪᠠ ᠬᠠᠷᠢᠭᠤᠴᠠᠯᠭ᠎ᠠ ᠡᠭᠦᠷᠭᠡᠯᠡᠯ᠎ᠢ ᠭᠦᠨ ᠣᠢ᠌ᠯᠠᠭ᠋ᠠᠪᠠ᠃


      ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ
         — 《ᠨᠠᠰᠤᠲᠠᠢ᠌ᠴᠤᠤᠯ᠎ᠢ ᠬᠠᠯᠠᠮᠵᠢᠯᠠᠵᠤ ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》

      ᠨᠠᠰᠤᠲᠠᠨ ᠵᠶ᠋ᠠᠨ ᠬᠦᠨᠳᠦᠯᠡᠵᠦ ᠨᠢᠯᠬᠠᠰ ᠵᠶ᠋ᠠᠨ ᠬᠠᠶ᠋ᠢᠷᠠᠯᠠᠬᠤ ᠪᠣᠯ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠶ᠋ᠢᠬᠠᠨ ᠰᠤᠷᠲᠠᠯ ᠮᠥᠨ᠃ ᠤᠶᠤᠲᠠᠳ᠎ᠤᠨ ᠦᠵᠡᠯ ᠰᠠᠨᠠᠭ᠎ᠠ ᠶᠣᠰᠣ ᠮᠣᠷᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠨᠠᠰᠤᠲᠠᠨ ᠵᠶ᠋ᠠᠨ ᠬᠦᠨᠳᠦᠯᠡᠵᠦ᠂ ᠨᠠᠰᠤᠲᠠᠨ ᠵᠶ᠋ᠠᠨ ᠳᠡᠭᠡᠳᠦᠯᠡᠬᠦ ᠤᠯᠠᠮᠵᠢᠯᠠᠯᠲᠤ ᠰᠠᠶ᠋ᠢᠬᠠᠨ ᠰᠤᠷᠲᠠᠯ᠎ᠢ ᠪᠠᠳᠠᠷᠠᠭᠤᠯᠵᠤ᠂ ᠡᠶ᠎ᠡ ᠵᠣᠬᠢᠴᠠᠯᠲᠤ ᠨᠡᠶ᠋ᠢᠭᠡᠮ᠎ᠤᠨ ᠰᠠᠶ᠋ᠢᠨ ᠰᠠᠶ᠋ᠢᠬᠠᠨ ᠣᠷᠴᠢᠨ ᠠᠬᠤᠶ ᠵᠢ ᠴᠢᠷᠮᠠᠶ᠋ᠢᠨ ᠪᠣᠶ ᠪᠣᠯᠭ᠋ᠠᠪᠠ᠃ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ ᠰᠠᠶ᠋ᠢᠨ ᠳᠤᠷᠠᠴᠤᠤᠯ᠎ᠤᠨ ᠨᠡᠶ᠋ᠢᠭᠡᠮᠯᠢᠭ᠎ᠤᠨ᠎ᠬᠢᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠨᠤᠲᠤᠭ᠎ᠲᠤ᠎ᠪᠠᠨ ᠪᠤᠴᠠᠭᠰᠠᠨ᠎ᠤ ᠳᠠᠷᠠᠭ᠋ᠠᠬᠢ ᠨᠡᠶ᠋ᠢᠭᠡᠮ᠎ᠤᠨ ᠦᠢ᠍ᠯᠡᠳᠦᠯᠭᠡ — 《ᠨᠠᠰᠤᠲᠠᠢ᠌ᠴᠤᠤᠯ᠎ᠢ ᠬᠠᠯᠠᠮᠵᠢᠯᠠᠵᠤ ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》 ᠭᠡᠬᠦ ᠲᠤᠰᠬᠠᠶ ᠰᠡᠳᠦᠪᠲᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ᠃



      ᠵᠠᠯᠠᠭᠤᠴᠤᠳ᠎ᠤᠨ ᠰᠠᠶ᠋ᠢᠨ ᠳᠤᠷᠠᠴᠤᠤᠯ᠎ᠤᠨ ᠨᠡᠶ᠋ᠢᠭᠡᠮᠯᠢᠭ᠎ᠤᠨ 20 ᠭᠠᠷᠤᠶ ᠰᠠᠶ᠋ᠢᠨ ᠳᠤᠷᠠᠴᠤᠤᠯ ᠨᠤᠲᠤᠭ᠎ᠤᠨ ᠵᠶ᠋ᠡᠨ ᠨᠠᠰᠤᠲᠠᠢ᠌ᠴᠤᠳ᠎ᠤᠨ ᠠᠰᠠᠷᠠᠮᠵᠢ ᠵᠢᠨ ᠪᠠᠶ᠋ᠢᠭᠤᠯᠤᠮᠵᠢ᠂ ᠨᠡᠶ᠋ᠢᠭᠡᠮ ᠲᠣᠭᠣᠷᠢᠭ ᠵᠡᠷᠭᠡ᠎ᠳᠤ ᠬᠦᠷᠴᠦ ᠲᠣᠰ ᠲᠣᠰ ᠣᠯᠠᠨ ᠶᠠᠩᠵᠤ ᠵᠢᠨ ᠬᠠᠶ᠋ᠢᠷ᠎ᠠ ᠬᠠᠯᠠᠮᠵᠢᠲᠤ ᠠᠵᠢᠯᠯᠠᠭ᠎ᠠ ᠵᠢ ᠥᠷᠨᠢᠭᠦᠯᠵᠦ᠂ ᠥᠪᠡᠷ᠎ᠤᠨ ᠳᠠᠪᠠᠭᠤᠯᠢᠭ ᠵᠶ᠋ᠠᠨ ᠠᠰᠢᠭᠯᠠᠨ᠂ ᠨᠠᠰᠤᠲᠠᠳ᠎ᠲᠠᠢ ᠵᠣᠭᠣᠭᠳᠠᠵᠤ᠂ ᠨᠠᠰᠤᠲᠠᠨ᠎ᠳᠤ ᠡᠷᠡᠭᠦᠯᠵᠢᠯ᠎ᠤᠨ ᠢᠯᠢᠯᠡᠭᠡ ᠬᠢᠵᠦ ᠥᠭᠭᠦᠨ᠂ ᠨᠠᠰᠤᠲᠠᠳ᠎ᠲᠤ ᠵᠢᠷᠤᠭ ᠵᠢᠷᠤᠬᠤ ᠵᠢ ᠵᠢᠭ᠋ᠠᠵᠤ᠂ ᠨᠠᠰᠤᠲᠠᠳ᠎ᠢ ᠬᠠᠪᠰᠤᠷᠤᠨ ᠴᠡᠪᠡᠷᠯᠡᠭᠡ ᠬᠢᠵᠦ᠂ ᠨᠠᠰᠤᠲᠠᠢ᠌ᠴᠤᠳ᠎ᠤᠨ ᠠᠰᠠᠷᠠᠮᠵᠢ ᠵᠢᠨ ᠬᠦᠷᠢᠶᠡᠯᠡᠩ ᠪᠠ ᠨᠡᠶ᠋ᠢᠭᠡᠮ ᠲᠣᠭᠣᠷᠢᠭ᠎ᠤᠨ ᠭᠤᠤᠨᠢ ᠪᠡᠯᠪᠡᠰᠦᠨ ᠨᠠᠰᠤᠲᠠᠳ᠎ᠲᠤ ᠬᠠᠶ᠋ᠢᠷ᠎ᠠ ᠬᠠᠯᠠᠮᠵᠢ ᠭᠦᠷᠲᠡᠭᠡᠪᠡ᠃

     《ᠪᠢ ᠨᠤᠲᠤᠭ ᠵᠶ᠋ᠠᠨ ᠤᠬᠠᠭᠤᠯᠤᠨ᠎ᠠ》
     《ᠰᠤᠷᠭ᠋ᠠᠨ ᠬᠥᠮᠦᠵᠢᠯ ᠭᠦᠷᠲᠡᠵᠦ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠵᠦ᠂ ᠬᠤᠪᠢ ᠨᠡᠮᠡᠷᠢ ᠦᠵᠡᠭᠦᠯᠬᠦ》 ᠵᠣᠷᠢᠯᠲᠠ ᠵᠢ ᠪᠠᠷᠢᠮᠲᠠᠯᠠᠬᠤ ᠵᠢᠨ ᠲᠥᠯᠥᠭᠡ ᠡᠨᠡ ᠡᠪᠦᠯ᠎ᠤᠨ ᠠᠮᠠᠷᠠᠯᠲᠠ᠎ᠳᠤ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠤᠶᠤᠲᠠᠳ᠎ᠤᠨ 《ᠨᠤᠲᠤᠭ᠎ᠲᠤ᠎ᠪᠠᠨ ᠪᠤᠴᠠᠭᠰᠠᠨ᠎ᠤ ᠳᠠᠷᠠᠭ᠋ᠠᠬᠢ》 ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠠᠰᠢᠭᠯᠠᠨ᠂ ᠰᠤᠷᠤᠭᠴᠢᠳ᠎ᠢ ᠵᠣᠬᠢᠶᠠᠨ ᠪᠠᠶ᠋ᠢᠭᠤᠯᠤᠨ ᠨᠤᠲᠤᠭ᠎ᠤᠨ᠎ᠬᠢᠨ ᠤᠨᠴᠠᠯᠢᠬᠳᠤ ᠰᠣᠶᠣᠯ᠎ᠢ ᠬᠠᠢ᠌ᠵᠤ᠂ ᠨᠤᠲᠤᠭ᠎ᠤᠨ᠎ᠬᠢᠨ ᠦᠯᠢᠭᠡᠷ᠎ᠢ ᠰᠠᠶ᠋ᠢᠲᠤᠷ ᠶᠠᠷᠢᠭᠤᠯᠪᠠ᠃
      ᠣᠶᠤᠲᠠᠳ ᠥᠪᠡᠷᠮᠢᠴᠡ ᠠᠷᠭ᠎ᠠ ᠮᠠᠶᠢᠭ ᠵᠶ᠋ᠠᠷ ᠨᠤᠲᠤᠭ᠎ᠤᠨ ᠦᠵᠡᠮᠵᠢ᠎ᠲᠠᠢ ᠰᠡᠭᠦᠳᠡᠷ᠎ᠢ ᠲᠠᠲᠠᠵᠤ᠂ ᠣᠯᠠᠨ᠎ᠳᠤ ᠨᠤᠲᠤᠭ᠎ᠤᠨ ᠵᠶ᠋ᠠᠨ ᠦᠵᠡᠮᠵᠢ ᠵᠢ ᠲᠠᠨᠢᠯᠴᠠᠭᠤᠯᠵᠤ᠂ ᠰᠣᠶᠣᠯ ᠪᠠ ᠪᠣᠳᠠᠲᠤ ᠠᠵᠢᠯᠯᠠᠭ᠎ᠠ᠎ᠪᠠᠷ ᠨᠤᠲᠤᠭ ᠵᠶ᠋ᠡᠨ ᠤᠬᠠᠭᠤᠯᠪᠠ᠃


      ᠵᠤᠭ᠋ᠠᠴᠠᠯ᠎ᠤᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠰᠠᠯᠪᠤᠷᠢ ᠵᠢᠨ  21 ᠣᠨ᠎ᠤ
      ᠳᠡᠭᠡᠳᠦ ᠬᠤᠷᠳᠤᠨ᠎ᠤ ᠲᠡᠮᠦᠷ ᠵᠠᠮ᠎ᠤᠨ ᠳᠥᠷᠪᠡᠳᠦᠭᠡᠷ ᠠᠩᠭᠢ   ᠵᠠᠩ ᠫᠧᠢ ᠨᠠ


      ᠭᠠᠳᠠᠭ᠋ᠠᠳᠤ ᠬᠡᠯᠡᠨ᠎ᠤ ᠰᠠᠯᠪᠤᠷᠢ ᠵᠢᠨ 21 ᠣᠨ᠎ᠤ ᠠᠨᠭ᠌ᠭ᠍ᠯᠢ ᠬᠡᠯᠡᠨ᠎ᠤ ᠠᠩᠭᠢ   ᠸᠧᠨ ᠵᠢᠩ


      ᠬᠢᠲᠠᠳ ᠬᠡᠯᠡ ᠤᠳᠬ᠎ᠠ ᠵᠣᠬᠢᠶᠠᠯ᠎ᠤᠨ ᠰᠠᠯᠪᠤᠷᠢ ᠵᠢᠨ 21 ᠣᠨ᠎ᠤ ᠪᠠᠭ᠎ᠠ
      ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠠᠩᠭᠢ   ᠵᠣᠣ ᠰᠧ ᠶᠤᠸᠠᠨ


      ᠬᠠᠮᠢᠶᠠᠷᠤᠯᠲᠠ ᠵᠢᠨ ᠰᠠᠯᠪᠤᠷᠢ ᠵᠢᠨ 21 ᠣᠨ᠎ᠤ ᠬᠢᠨᠠᠨ ᠪᠣᠳᠤᠭᠴᠢ ᠵᠢᠨ ᠠᠩᠭᠢ   ᠯᠦ᠍ ᠰᠢᠤᠸᠠᠢ ᠢ


      ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ
         — ᠡᠪᠦᠯ᠎ᠤᠨ ᠤᠯᠠᠷᠢᠯ᠎ᠤᠨ ᠣᠯᠢᠮᠫᠢᠺ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ

      ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠠᠶ᠋ᠢᠨ ᠳᠤᠷᠠᠴᠤᠤᠯ᠎ᠢ ᠡᠯᠰᠡᠬᠦ ᠠᠵᠢᠯ ᠡᠬᠢᠯᠡᠭᠰᠡᠨ᠎ᠠᠴᠠ ᠨᠠᠭ᠋ᠠᠰᠢ 100 ᠲᠦᠮᠡ ᠭᠠᠷᠤᠶ ᠣᠶᠤᠲᠠᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠳᠤ ᠣᠷᠣᠯᠴᠠᠬᠤ ᠭᠤᠶᠤᠴᠢᠯᠠᠯ᠎ᠢ ᠳᠡᠪᠰᠢᠭᠦᠯᠪᠡ᠃ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠣᠶᠤᠲᠠᠳ ᠴᠤ᠌ ᠤᠷᠤᠯᠳᠤᠭ᠋ᠠᠨ᠎ᠤ ᠲᠠᠯᠠᠪᠤᠷ᠎ᠤᠨ ᠳᠣᠲᠣᠨ᠎ᠠ ᠭᠠᠳᠠᠨᠠᠬᠢ ᠡᠭᠡᠯ ᠵᠢᠷ᠎ᠤᠨ ᠠᠵᠢᠯ᠎ᠤᠨ ᠪᠠᠢ᠌ᠷᠢ᠎ᠳᠤ ᠤᠷᠮᠠᠲᠠᠢ ᠠᠵᠢᠯᠯᠠᠵᠠᠭ᠋ᠠᠪᠠ᠃



     2019 ᠣᠨ     ᠾᠥᠸᠧ ᠢ ᠮᠢᠩ



      2020 ᠣᠨ   ᠶᠠᠨ ᠱᠦ᠍ ᠴᠣᠣ


 
      2021 ᠣᠨ   ᠵᠣᠣ ᠯᠸᠢ


      ᠵᠠᠯᠠᠭᠤᠴᠤᠳ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ

      ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ᠎ᠬᠢᠨ ᠢᠮᠠᠭᠲᠠ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ᠎ᠪᠠᠷ ᠭᠠᠷᠳᠠᠴᠠ ᠪᠣᠯᠭ᠋ᠠᠬᠤ ᠵᠢ ᠪᠠᠷᠢᠮᠲᠠᠯᠠᠵᠤ᠂ ᠵᠠᠯᠠᠭᠤ ᠣᠶᠤᠲᠠᠳ᠎ᠤᠨ ᠨᠡᠶ᠋ᠢᠭᠡᠮ᠎ᠳᠤ ᠢᠳᠡᠪᠬᠢᠲᠡᠶ ᠠᠭᠤᠰᠴᠤ᠂ ᠪᠣᠳᠠᠲᠤ ᠠᠵᠢᠯᠯᠠᠭ᠎ᠠ᠎ᠪᠠᠷ ᠵᠶ᠋ᠠᠨ ᠴᠠᠭ ᠦᠶ᠎ᠡ᠎ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ ᠪᠣᠯᠭ᠋ᠠᠬᠤ᠎ᠳᠤ ᠬᠥᠲᠦᠯᠦᠨ ᠳᠠᠭ᠋ᠠᠭᠤᠯᠪᠠ᠃



      2019 ᠣᠨ   ᠪᠥᠸᠧ ᠶᠠᠨ



      2020 ᠣᠨ   ᠰᠢᠤᠢ ᠶᠠ ᠷᠦ᠍



      2021 ᠣᠨ   ᠶᠠᠨ ᠸᠧᠨ ᠵᠢᠩ



       2021 ᠣᠨ     ᠰᠢᠤᠸᠠᠢ ᠶᠦᠩ ᠭᠠᠩ


      ᠡᠪᠦᠯ᠎ᠤᠨ ᠤᠯᠠᠷᠢᠯ᠎ᠤᠨ ᠣᠯᠢᠮᠫᠢᠺ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ

      ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠢᠳᠡᠪᠬᠢᠲᠡᠶ ᠣᠷᠣᠯᠴᠠᠬᠤ ᠵᠢ ᠬᠥᠲᠥᠯᠥᠨ ᠵᠢᠯᠣᠭᠣᠳᠴᠤ᠂ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠵᠤ᠂ ᠣᠯᠢᠮᠫᠢᠺ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠰᠣᠶᠣᠯ᠎ᠢ ᠤᠬᠠᠭᠤᠯᠵᠤ᠂ ᠤᠶᠤᠲᠠᠳ᠎ᠤᠨ 《ᠨᠤᠲᠤᠭ᠎ᠲᠤ᠎ᠪᠠᠨ ᠪᠤᠴᠠᠭᠰᠠᠨ᠎ᠤ ᠳᠠᠷᠠᠭ᠋ᠠᠬᠢ》 ᠦᠢ᠍ᠯᠡᠳᠦᠯᠭᠡ ᠵᠢᠨ ᠠᠵᠢᠯᠯᠠᠭ᠎ᠠ᠎ᠳᠤ ᠣᠷᠣᠯᠴᠠᠬᠤ ᠵᠢ ᠦᠷᠭᠦᠯᠵᠢᠯᠡᠨ ᠬᠥᠲᠥᠯᠥᠨ ᠵᠢᠯᠣᠭᠣᠳᠬᠤ ᠵᠢᠨ ᠲᠥᠯᠥᠭᠡ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠳᠡᠭᠡᠳᠦ ᠰᠤᠷᠭ᠋ᠠᠭᠤᠯᠢ 《ᠵᠠᠯᠠᠭᠤ ᠨᠠᠰᠤᠨ᠎ᠳᠤ᠎ᠪᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠵᠤ᠂ ᠡᠷᠡᠭᠦᠯ ᠴᠢᠭᠢᠷᠠᠭ ᠵᠶ᠋ᠡᠷ ᠤᠯᠤᠰ ᠵᠶ᠋ᠡᠨ ᠬᠦᠴᠦᠷᠬᠡᠭᠵᠢᠭᠦᠯᠦᠶ᠎ᠡ᠂ ᠡᠭᠦᠯᠡᠨᠴᠢᠷ ᠰᠤᠷᠭ᠋ᠠᠨ ᠬᠥᠮᠦᠵᠢᠯ᠎ᠢ ᠳᠡᠮᠵᠢᠵᠦ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠲᠠᠮᠢᠷ᠎ᠤᠨ ᠴᠤᠭᠯᠠᠭ᠋ᠠᠨ᠎ᠢ ᠬᠠᠮᠲᠤ᠎ᠳᠤ᠎ᠪᠠᠨ ᠤᠭᠲᠤᠶ᠎ᠠ》 ᠭᠡᠬᠦ ᠪᠥᠬᠥ ᠤᠯᠤᠰ᠎ᠤᠨ ᠤᠶᠤᠲᠠᠳ᠎ᠤᠨ 2022 ᠣᠨ᠎ᠤ ᠡᠪᠦᠯ᠎ᠤᠨ ᠠᠮᠠᠷᠠᠯᠲᠠ ᠵᠢᠨ 《ᠨᠤᠲᠤᠭ᠎ᠲᠤ᠎ᠪᠠᠨ ᠪᠤᠴᠠᠭᠰᠠᠨ᠎ᠤ ᠳᠠᠷᠠᠭ᠋ᠠᠬᠢ》 ᠨᠡᠶ᠋ᠢᠭᠡᠮ᠎ᠤᠨ ᠦᠢ᠍ᠯᠡᠳᠦᠯᠭᠡ ᠵᠢᠨ ᠲᠤᠰᠬᠠᠶ ᠠᠵᠢᠯᠯᠠᠭ᠎ᠠ ᠵᠢ ᠠᠮᠵᠢᠯᠲᠠᠲᠠᠢ ᠭᠤᠶᠤᠴᠢᠯᠠᠨ ᠮᠡᠳᠡᠭᠦᠯᠪᠡ᠃ ᠠᠵᠢᠯᠯᠠᠭ᠎ᠠ᠎ᠳᠤ ᠣᠷᠣᠯᠴᠠᠭᠰᠠᠨ ᠰᠠᠶ᠋ᠢᠨ ᠳᠤᠷᠠᠴᠤᠤᠯ᠎ᠠᠴᠠ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠠᠢ 《ᠬᠠᠮᠲᠤ᠎ᠳᠤ᠎ᠪᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠵᠤ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠤᠭᠲᠤᠵᠠᠭ᠋ᠠᠶ᠎ᠠ》᠂ 《ᠬᠠᠮᠲᠤ᠎ᠳᠤ᠎ᠪᠠᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠰᠣᠨᠢᠷᠬᠠᠵᠠᠭ᠋ᠠᠶ᠎ᠠ》᠂ 《ᠬᠠᠮᠲᠤ᠎ᠳᠤ᠎ᠪᠠᠨ ᠡᠭᠦᠯᠡᠨᠴᠢᠷ ᠳᠠᠪᠴᠠᠩ᠎ᠳᠤ ᠤᠩᠰᠢᠯᠭ᠎ᠠ ᠬᠢᠵᠡᠭᠡᠶ᠎ᠡ》᠂ 《ᠬᠠᠮᠲᠤ᠎ᠳᠤ᠎ᠪᠠᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠨ᠎ᠢ ᠥᠩᠭᠡᠷᠡᠭᠦᠯᠦᠶ᠎ᠡ》 ᠭᠡᠬᠦ ᠳᠥᠷᠪᠡᠨ ᠬᠡᠰᠡᠭ᠎ᠤᠨ ᠠᠭᠤᠯᠭ᠎ᠠ ᠵᠢ ᠪᠡᠶᠡᠯᠡᠭᠦᠯᠪᠡ᠃



      ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ
          — 《ᠡᠭᠦᠯᠡᠨᠴᠢᠷ ᠬᠢᠴᠢᠶᠡᠯ ᠰᠦᠯᠵᠢᠶᠡᠨ᠎ᠳᠤ》

     2022 ᠣᠨ᠎ᠤ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ 《ᠡᠭᠡᠯᠢᠲᠦ ᠨᠠᠷᠠᠨ》 ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠰᠤᠷᠤᠯᠭ᠎ᠠ ᠵᠢ ᠳᠡᠳᠬᠦᠬᠦ ᠪᠦᠯᠬᠦᠮ ᠪᠣᠯᠤᠨ ᠬᠢᠮᠢ ᠵᠢᠨ ᠮᠠᠲ᠋ᠧᠷᠢᠶᠠᠯ᠎ᠤᠨ ᠳᠡᠭᠡᠳᠦ ᠰᠤᠷᠭ᠋ᠠᠭᠤᠯᠢ ᠵᠢᠨ ᠤᠶᠤᠲᠠᠳ᠎ᠤᠨ ᠨᠠᠮ᠎ᠤᠨ ᠡᠭᠦᠷ᠎ᠤᠨ ᠬᠠᠮᠲᠤᠷᠠᠨ ᠡᠭᠦᠳᠦᠭᠰᠡᠨ 《ᠡᠭᠦᠯᠡᠨᠴᠢᠷ ᠬᠢᠴᠢᠶᠡᠯ᠎ᠤᠨ ᠲᠠᠩᠬᠢᠮ》 ᠭᠤᠷᠪᠠᠳᠠᠬᠢ ᠤᠳᠠᠭ᠎ᠠ ᠰᠦᠯᠵᠢᠶᠡᠨ᠎ᠳᠤ ᠭᠠᠷᠪᠠ᠃ ᠲᠣᠰ ᠤᠳᠠᠭ᠋ᠠᠨ᠎ᠤ 《ᠡᠭᠦᠯᠡᠨᠴᠢᠷ ᠬᠢᠴᠢᠶᠡᠯ᠎ᠤᠨ ᠲᠠᠩᠬᠢᠮ》᠎ᠤᠨ ᠳᠡᠳᠬᠦᠭᠳᠡᠭᠴᠢ 110 ᠬᠥᠮᠦᠨ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ᠎ᠳᠤ ᠲᠣᠰ ᠰᠤᠷᠭ᠋ᠠᠭᠤᠯᠢ ᠵᠢᠨ ᠡᠯ᠎ᠡ ᠳᠡᠭᠡᠳᠦ ᠰᠤᠷᠭ᠋ᠠᠭᠤᠯᠢ ᠵᠢᠨ ᠡᠯ᠎ᠡ ᠲᠤᠰᠬᠠᠶ ᠮᠡᠷᠭᠡᠵᠢᠯ᠎ᠤᠨ ᠵᠠᠯᠠᠭᠤ ᠣᠶᠤᠲᠠᠨ ᠰᠠᠶ᠋ᠢᠨ ᠳᠤᠷᠠᠴᠤᠤᠯ 153 ᠬᠥᠮᠦᠨ ᠪᠣᠢ᠃ ᠬᠠᠪᠰᠤᠷᠤᠨ ᠲᠡᠳᠬᠦᠬᠦ᠎ᠳᠤ ᠰᠦᠯᠵᠢᠶᠡᠨ᠎ᠳᠤ ᠨᠢᠭᠡ᠎ᠪᠠᠷ ᠨᠢᠭᠡ ᠵᠢ ᠳᠠᠭ᠋ᠠᠭᠤᠯᠬᠤ ᠬᠡᠯᠪᠡᠷᠢ ᠵᠢ ᠠᠪᠴᠤ᠂ ᠰᠤᠷᠤᠯᠭ᠎ᠠ ᠵᠢ ᠵᠢᠯᠣᠭᠣᠳᠬᠤ᠂ ᠬᠠᠨᠢ ᠪᠣᠯᠬᠤ᠂ ᠬᠡᠪ ᠪᠣᠯᠪᠠᠰᠤᠷᠠᠯ᠎ᠢ ᠥᠷᠭᠡᠳᠬᠡᠬᠦ ᠵᠢᠴᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠮᠡᠳᠡᠯᠭᠡ ᠵᠢᠨ ᠤᠬᠠᠭᠤᠯᠭ᠎ᠠ ᠵᠡᠷᠭᠡ ᠣᠯᠠᠨ ᠲᠠᠯ᠎ᠠ ᠵᠢ ᠪᠠᠭᠲᠠᠭ᠋ᠠᠵᠤ᠂ ᠣᠨᠴᠠᠭ᠋ᠠᠢ᠌ᠯᠠᠨ 《ᠬᠣᠶᠠᠷ᠎ᠢ ᠬᠥᠩᠭᠡᠷᠡᠭᠦᠯᠬᠦ ᠲᠥᠷᠥ ᠵᠢᠨ ᠪᠣᠳᠣᠯᠭ᠎ᠠ》 ᠵᠢ ᠨᠠᠶ᠋ᠢᠳᠠᠪᠤᠷᠢᠵᠢᠭᠤᠯᠬᠤ᠎ᠳᠤ ᠬᠠᠮᠵᠢᠯᠴᠠᠨ ᠭᠠᠷᠭ᠋ᠠᠭᠰᠠᠨ ᠳᠠᠭᠤᠤ ᠬᠥᠭᠵᠢᠮ᠂ ᠪᠡᠶ᠎ᠡ ᠵᠢᠨ ᠲᠠᠮᠢᠷ᠂ ᠤᠷᠠᠨ ᠵᠢᠷᠤᠭ ᠵᠡᠷᠭᠡ ᠬᠡᠪ ᠪᠣᠯᠪᠠᠰᠤᠷᠠᠯ᠎ᠢ ᠥᠷᠭᠡᠳᠬᠡᠬᠦ ᠲᠥᠷᠥᠯ᠎ᠤᠨ ᠬᠢᠴᠢᠶᠡᠯ᠎ᠨᠢ ᠰᠤᠷᠤᠭᠴᠢᠳ᠎ᠤᠨ ᠪᠠᠬᠠᠷᠬᠠᠯ᠎ᠢ ᠶᠡᠬᠡᠳᠡ ᠲᠠᠲᠠᠪᠠ᠃






      ᠭᠤᠷᠪᠠᠨ ᠭᠠᠷᠠᠭ᠎ᠤᠨ ᠬᠤᠭᠤᠴᠠᠭ᠎ᠠ᠎ᠲᠠᠢ ᠰᠤᠷᠭ᠋ᠠᠨ ᠬᠥᠮᠦᠵᠢᠯ ᠵᠶ᠋ᠠᠷ ᠬᠠᠪᠰᠤᠷᠤᠨ ᠲᠡᠳᠬᠦᠬᠦ ᠶᠠᠪᠤᠴᠠ᠎ᠳᠤ ᠪᠦᠯᠬᠦᠮ ᠨᠡᠶ᠋ᠢᠲᠡ᠎ᠤᠨ᠎ᠬᠢᠨ ᠲᠤᠰᠠᠯᠠᠮᠵᠢ ᠭᠦᠷᠲᠡᠬᠦ ᠰᠤᠷᠤᠭᠴᠢᠳ᠎ᠢ 3006 . 45 ᠴᠠᠭ ᠬᠠᠪᠰᠤᠷᠤᠨ ᠲᠡᠳᠬᠦᠵᠦ᠂ ᠯᠠᠪᠳᠠᠭᠤᠨ ᠪᠠᠲᠤᠲᠠᠶ ᠠᠵᠢᠯ᠎ᠤᠨ ᠦᠷ᠎ᠡ ᠪᠦᠲᠦᠮᠵᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠷ᠎ᠡ ᠪᠥᠲᠦᠮᠵᠢ ᠵᠢ ᠤᠯᠠᠮ ᠨᠢᠭᠡ ᠠᠯᠬᠤᠮ ᠪᠡᠬᠢᠵᠢᠭᠦᠯᠦᠨ ᠥᠷᠭᠡᠳᠬᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠭᠠᠵᠠᠷ ᠣᠷᠣᠨ᠎ᠤ ᠬᠥᠭᠵᠢᠯᠲᠡ ᠪᠠ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠦᠷᠭᠦᠯᠵᠢᠯᠡᠨ ᠠᠬᠢᠭᠤᠯᠪᠠ᠃

      ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ
      ᠡᠪᠦᠯ᠎ᠤᠨ ᠠᠮᠠᠷᠠᠯᠲᠠ᠎ᠳᠤ᠂ ᠤᠶᠤᠲᠠᠨ ᠵᠠᠩ ᠶᠢᠩ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠰᠠᠢ᠍ᠢ᠍ᠨ ᠳᠤᠷᠠᠴᠤᠤᠯ᠎ᠤᠨ ᠡᠩᠨᠡᠭᠡᠨ᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠶ᠋ᠢᠭᠡᠮᠯᠢᠭ᠎ᠤᠨ ᠵᠣᠬᠢᠶᠠᠨ ᠪᠠᠶ᠋ᠢᠭᠤᠯᠤᠭᠰᠠᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠭᠤᠯᠤᠯ᠎ᠳᠤ ᠣᠷᠣᠯᠴᠠᠵᠤ᠂ ᠢᠷᠠᠭᠤ ᠠᠯᠳᠠᠷᠲᠤ ᠤᠯᠠᠭ᠋ᠠᠨ ᠵᠠᠭ᠋ᠠᠯᠮᠠᠢ᠍ᠢ᠍ᠳᠠᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠭᠴᠢ ᠪᠣᠯᠪᠠ᠃



      ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠠᠭᠤᠷᠬᠠᠢ ᠵᠢᠨ ᠦᠢ᠍ᠯᠡᠰ ᠪᠣᠯᠤᠨ ᠨᠡᠭᠦᠷᠡᠰᠦᠨ᠎ᠤ ᠳᠡᠭᠡᠳᠦ ᠰᠤᠷᠭ᠋ᠠᠭᠤᠯᠢ ᠵᠢᠨ ᠰᠤᠷᠤᠬ᠍ᠴᠢ ᠲᠦᠳᠠᠨ᠂ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠨᠠᠴᠢᠤᠢ ᠬᠤᠳᠠ ᠵᠢᠨ ᠨᠢᠮ᠎ᠠ ᠰᠢᠶᠠᠨ᠎ᠤ ᠴᠢᠨᠡᠭᠡᠯᠢᠭ ᠰᠢᠨ᠎ᠡ ᠣᠷᠣᠨ ᠰᠠᠭᠤᠴᠠ ᠵᠢᠨ ᠰᠢᠨ᠎ᠡ ᠴᠠᠭ ᠦᠶ᠎ᠡ ᠵᠢᠨ ᠣᠨᠳᠣᠣ ᠭᠠᠵᠠᠷ᠎ᠲᠤ   ᠨᠡᠭᠦᠬᠦ ᠴᠡᠭ᠎ᠲᠤ ᠰᠤᠷᠭ᠋ᠠᠨ ᠬᠥᠮᠦᠵᠢᠯ᠎ᠢ ᠳᠡᠮᠵᠢᠬᠦ ᠠᠵᠢᠯᠯᠠᠭ᠎ᠠ᠎ᠳᠤ ᠣᠷᠣᠯᠴᠠᠪᠠ᠃



      ᠵᠠᠯᠠᠭᠤ ᠨᠠᠰᠤᠨ᠎ᠳᠤ᠎ᠪᠠᠨ
      ᠬᠠᠮᠲᠤ᠎ᠪᠠᠷ ᠢᠷᠡᠭᠡᠳᠦᠶ ᠵᠦᠭ ᠤᠷᠤᠭᠰᠢᠯᠠᠵᠤ
      ᠪᠣᠳᠠᠲᠤ ᠠᠵᠢᠯᠯᠠᠭ᠎ᠠ᠎ᠪᠠᠷ ᠵᠶ᠋ᠠᠨ
      ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠦᠶ᠎ᠡ
      ᠡᠬᠡ ᠤᠯᠤᠰ᠎ᠤᠨ ᠵᠶ᠋ᠡᠨ ᠡᠯᠢᠭᠡᠨ᠎ᠳᠤ ᠣᠮᠣᠭᠲᠠᠢ ᠲᠡᠭᠦᠯᠢᠵᠦ
      ᠴᠠᠭ ᠦᠶ᠎ᠡ᠎ᠳᠤ ᠣᠰᠣᠯᠳᠠᠬᠤ ᠦᠭᠡᠢ
      ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ
      ᠵᠠᠯᠠᠭᠤ ᠨᠠᠰᠤᠨ᠎ᠤ ᠦᠢ᠍ᠯᠡᠳᠦᠯᠭᠡ᠎ᠠᠴᠠ ᠭᠡᠷᠡᠯ ᠭᠢᠯᠪᠠᠭ᠎ᠠ ᠰᠠᠴᠤᠷᠠᠨ᠎ᠠ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠤᠮᠳᠠ)
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠤᠤᠷᠠᠳᠤ)
2022 ᠣᠨ᠎ᠤ ᠥᠪᠡᠷᠲᠡᠭᠡᠨ ᠵᠠᠰᠠᠬᠤ ᠣᠷᠣᠨ᠎ᠤ 《ᠠᠵᠢᠯ ᠣᠯᠭᠣᠯᠲᠠ ᠵᠢᠨ ᠬᠣᠰᠢᠭᠤᠴᠢᠯᠠᠭᠴᠢ》 ᠰᠢᠷᠢᠰ ᠠᠵᠢᠯᠯᠠᠭ᠎ᠠ — ᠳᠡᠭᠡᠳᠦ ᠰᠤᠷᠭ᠋ᠠᠭᠤᠯᠢ ᠰᠠᠯᠪᠤᠷᠢ ᠵᠢᠨ ᠱᠦᠵᠢ ᠨᠠᠷ᠎ᠤᠨ ᠠᠵᠢᠯ ᠣᠯᠭᠣᠯᠲᠠ ᠵᠢᠨ ᠲᠤᠬᠠᠢ ᠶᠠᠷᠢᠶ᠎ᠠ ᠵᠢᠩᠬᠢᠨᠢ᠎ᠪᠠᠷ ᠡᠬᠢᠯᠡᠪᠡ
ᠪᠤᠭᠤᠲᠤ ᠬᠣᠲᠠ᠄ 《ᠬᠣᠶᠠᠷ᠎ᠢ ᠬᠥᠩᠭᠡᠷᠡᠭᠦᠯᠬᠦ》 ᠵᠢ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ 《ᠨᠢᠭᠡᠳᠦᠭᠡᠷ ᠢᠨᠵᠧᠨᠧᠷᠢᠩ》 ᠪᠣᠯᠭ᠋ᠠᠪᠠ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠤ 《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ᠎ᠨᠢ ᠰᠤᠷᠭ᠋ᠠᠭᠤᠯᠢ ᠪᠠ ᠬᠡᠷ᠎ᠤᠨ ᠠᠬᠠᠮᠠᠳ᠎ᠤᠨ ᠥᠷᠭᠡᠨ ᠳᠡᠯᠭᠡᠷ ᠰᠠᠶ᠋ᠢᠨ ᠦᠨᠡᠯᠡᠯᠲᠡ ᠵᠢ ᠤᠯᠪᠠ
 
             蒙ICP备05000248号