ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠤᠤᠷᠠᠳᠤ)
ᠨᠡᠶ᠋ᠢᠲᠡᠯᠡᠭᠰᠡᠨ ᠴᠠᠭ᠄ 2022-03-01


     2022 ᠣᠨ᠎ᠤ ᠠᠩᠬᠠᠳᠠᠭᠴᠢ ᠠᠮᠠᠷᠠᠯᠲᠠ ᠤᠳᠠᠯ ᠦᠭᠡᠢ ᠳᠠᠭᠤᠰᠬᠤ ᠪᠣᠯᠣᠯ᠎ᠠ᠃ ᠡᠨᠡ ᠬᠦ᠌ ᠬᠠᠬᠢᠷ ᠡᠪᠦᠯ᠎ᠤᠨ ᠬᠦᠢ᠍ᠲᠡᠨ᠎ᠳᠤ᠂ ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠵᠠᠯᠠᠭᠤ ᠣᠶᠤᠲᠠᠳ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠯᠬᠤᠭ᠎ᠠ᠎ᠲᠠᠢ ᠠᠢ᠌ᠵᠠᠮ ᠵᠣᠬᠢᠴᠠᠭᠤᠯᠵᠤ᠂ ᠨᠠᠮ ᠪᠠ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠤᠷᠢᠶᠠᠯᠠᠭ᠎ᠠ ᠵᠢ ᠢᠳᠡᠪᠬᠢᠲᠡᠶ ᠴᠤᠤᠷᠢᠶᠠᠳᠤᠨ ᠳᠠᠭ᠋ᠠᠵᠤ᠂ 《ᠰᠢᠨ᠎ᠡ ᠵᠠᠯᠠᠭᠤᠴᠤᠳ ᠨᠤᠲᠤᠭ ᠤᠰᠤ᠎ᠪᠠᠨ ᠬᠥᠭᠵᠢᠭᠦᠯᠦᠨ ᠮᠠᠨᠳᠤᠭᠤᠯᠬᠤ》 ᠬᠠᠯᠠᠭᠤᠨ ᠰᠡᠳᠬᠢᠯ᠎ᠢ ᠡᠪᠦᠷᠯᠡᠵᠦ᠂ ᠰᠥᠰᠦ ᠵᠣᠷᠢᠭ᠂ ᠰᠠᠢ᠌ᠬᠠᠨ ᠰᠠᠨᠠᠭ᠎ᠠ ᠪᠠ ᠬᠠᠶ᠋ᠢᠷ᠎ᠠ ᠰᠡᠳᠬᠢᠯ ᠵᠶ᠋ᠡᠷ ᠵᠶ᠋ᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠡᠷᠭᠡ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ᠎ᠳᠤ ᠣᠷᠣᠯᠴᠠᠵᠤ᠂ 《ᠨᠠᠮ ᠮᠢᠨᠢ ᠰᠠᠨᠠᠭ᠎ᠠ ᠠᠮᠤᠷ ᠪᠠᠶ᠋ᠢᠭ᠋ᠠᠷᠠᠢ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠤᠢ》 ᠭᠡᠬᠦ ᠲᠠᠩᠭ᠋ᠠᠷᠢᠭ ᠵᠶ᠋ᠠᠨ ᠪᠣᠳᠠᠲᠤ ᠠᠵᠢᠯᠯᠠᠭ᠎ᠠ᠎ᠪᠠᠷ ᠵᠶ᠋ᠠᠨ ᠦᠢ᠍ᠯᠡᠳᠦᠯᠭᠡᠵᠢᠭᠦᠯᠪᠡ᠃ ᠡᠨᠡ ᠬᠦ᠌ ᠠᠮᠢᠳᠤᠯᠢᠭ ᠳᠦᠷᠢ ᠳᠦᠷᠬᠥ᠎ᠠᠴᠠ ᠪᠢᠳᠡ ᠵᠠᠯᠠᠭᠤ ᠣᠶᠤᠲᠠᠳ᠎ᠤᠨ ᠬᠠᠯᠠᠭᠤᠨ ᠰᠡᠳᠬᠢᠯ ᠪᠠ ᠬᠠᠷᠢᠭᠤᠴᠠᠯᠭ᠎ᠠ ᠡᠭᠦᠷᠭᠡᠯᠡᠯ᠎ᠢ ᠭᠦᠨ ᠣᠢ᠌ᠯᠠᠭ᠋ᠠᠪᠠ᠃


      ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
          — ᠡᠪᠦᠯ᠎ᠤᠨ ᠤᠯᠠᠷᠢᠯ᠎ᠤᠨ ᠣᠯᠢᠮᠫᠢᠺ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ

      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠷᠢᠶᠠᠯᠠᠭ᠎ᠠ ᠵᠢ ᠴᠤᠤᠷᠢᠶᠠᠳᠤᠨ ᠳᠠᠭ᠋ᠠᠬᠤ ᠵᠢᠨ ᠲᠥᠯᠥᠭᠡ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠦ᠋ᠲ᠋ᠣᠴᠢᠯᠠᠯᠲᠠ ᠵᠢᠨ ᠰᠠᠯᠪᠤᠷᠢ᠎ᠠᠴᠠ ᠪᠠᠭᠰᠢ ᠪᠠ ᠣᠶᠤᠲᠠᠳ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠵᠢ ᠥᠷᠭᠡᠨ ᠵᠶ᠋ᠠᠷ ᠳᠠᠶ᠋ᠢᠴᠢᠯᠠᠵᠤ᠂ 《ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠬᠠᠮᠲᠤ᠎ᠪᠠᠷ ᠣᠷᠣᠯᠴᠠᠵᠤ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠣᠢ》 ᠭᠡᠬᠦ ᠵᠣᠷᠢᠯᠲᠠ ᠵᠢ ᠭᠦᠢ᠍ᠴᠡᠳ ᠦᠢ᠍ᠯᠡᠳᠦᠯᠭᠡᠵᠢᠭᠦᠯᠪᠡ᠃




     《ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ
      ᠬᠠᠢ᠌ᠷ᠎ᠠ ᠬᠠᠯᠠᠮᠵᠢ》 ᠭᠡᠬᠦ ᠠᠵᠢᠯᠯᠠᠭ᠎ᠠ 《ᠬᠣᠶᠠᠷ᠎ᠢ ᠬᠥᠩᠭᠡᠷᠡᠭᠦᠯᠬᠦ》᠎ᠳᠤ ᠬᠦᠴᠦᠨ ᠨᠡᠮᠡᠷᠢᠯᠡᠪᠡ

      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ 《ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠠᠢ᠌ᠷ᠎ᠠ ᠬᠠᠯᠠᠮᠵᠢ》 ᠭᠡᠬᠦ ᠪᠦᠯᠬᠦᠮ ᠨᠡᠶ᠋ᠢᠲᠡ ᠵᠢᠨ᠎ᠬᠢᠨ ᠲᠦᠩᠯᠢᠶᠣᠤ ᠬᠣᠲᠠ ᠵᠢᠨ ᠨᠠᠢ᠍ᠮᠠᠨ ᠬᠣᠰᠢᠭᠤᠨ᠎ᠤ ᠢ ᠯᠦᠩ ᠶᠦᠩ ᠪᠠᠯᠭ᠋ᠠᠰᠤᠨ᠎ᠤ ᠰᠠᠨ ᠳ᠋ᠤᠤ ᠬᠥ᠋ ᠵᠡᠭᠡᠯᠢ ᠲᠣᠰᠬᠣᠨ᠎ᠳᠤ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠲᠤᠬᠠᠶ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ 《ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ ᠵᠣᠷᠢᠭᠲᠠᠶ ᠡᠷᠡᠮᠡᠬᠡᠶ᠋ᠢᠯᠡᠨ ᠲᠡᠮᠡᠴᠡᠬᠦ ᠬᠡᠷᠡᠭᠲᠡᠶ》 ᠭᠡᠬᠦ ᠤᠷᠢᠶᠠᠯᠠᠭ᠎ᠠ ᠵᠢ ᠢᠳᠡᠪᠬᠢᠲᠡᠶ     ᠴᠤᠤᠷᠢᠶᠠᠳᠤᠭᠤᠯᠪᠠ᠃



      ᠨᠡᠶ᠋ᠢᠭᠡᠮ᠎ᠳᠤ ᠬᠦᠴᠦ᠎ᠪᠠᠨ ᠡᠷᠭᠦᠵᠦ᠂ ᠠᠵᠤ ᠠᠬᠤᠢ᠌ᠯᠠᠯ᠎ᠳᠤ ᠦᠢ᠍ᠯᠡᠴᠢᠯᠡᠪᠡ
      ᠨᠡᠶ᠋ᠢᠭᠡᠮ᠎ᠤᠨ ᠣᠳᠣᠬᠢ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠵᠤ᠂ ᠨᠡᠶ᠋ᠢᠭᠡᠮ᠎ᠳᠤ ᠬᠤᠪᠢ ᠨᠡᠮᠡᠷᠢ ᠦᠵᠡᠭᠦᠯᠬᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠬᠦ ᠵᠢᠨ ᠲᠥᠯᠥᠭᠡ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠨᠧᠷᠭᠢ ᠵᠢᠨ ᠢᠨᠵᠧᠨᠧᠷᠢᠩ᠎ᠤᠨ ᠰᠠᠯᠪᠤᠷᠢ ᠵᠢᠨ ᠡᠪᠯᠡᠯ᠎ᠤᠨ ᠶᠡᠷᠦᠩᠬᠡᠶ ᠡᠭᠦᠷ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ ᠵᠣᠬᠢᠶᠠᠨ ᠪᠠᠶ᠋ᠢᠭᠤᠯᠵᠤ᠂ ᠵᠢᠦᠶᠤᠸᠠᠨ ᠲᠣᠭᠣᠷᠢᠭ᠎ᠤᠨ ᠪᠣᠬᠢᠷᠲᠤᠯ ᠥᠬᠡᠶ ᠢᠳᠡᠭᠡᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ᠎ᠳᠤ ᠭᠦᠨᠵᠡᠭᠡᠢ᠌ᠷᠡᠵᠦ᠂ ᠬᠣᠤ ᠳ᠋ᠧ ᠾᠧᠩ ᠢᠳᠡᠭᠡᠨ ᠪᠣᠯᠪᠠᠰᠤᠷᠠᠭᠤᠯᠬᠤ ᠦᠢ᠍ᠯᠡᠳᠪᠦᠷᠢ᠎ᠳᠤ ᠡᠪᠦᠯ᠎ᠤᠨ ᠠᠮᠠᠷᠠᠯᠲᠠ ᠵᠢᠨ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠪᠡ᠃





      ᠮᠠᠨᠵᠤᠤᠷ᠎ᠤᠨ ᠣᠷᠣᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ

     2022 ᠣᠨ᠎ᠤ ᠡᠪᠦᠯ᠎ᠤᠨ ᠠᠮᠠᠷᠠᠯᠲᠠ᠎ᠳᠤ᠂ ᠨᠤᠲᠤᠭ᠎ᠲᠤ᠎ᠪᠠᠨ ᠠᠮᠤᠷ ᠲᠦᠪᠰᠢᠨ ᠪᠤᠴᠠᠭᠰᠠᠨ ᠮᠠᠨᠵᠤᠤᠷ᠎ᠤᠨ ᠣᠷᠣᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠣᠶᠤᠲᠠᠳ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶᠠᠨ᠎ᠤ ᠪᠥᠬᠥ ᠤᠯᠤᠰ᠎ᠤᠨ ᠤᠶᠤᠲᠠᠳ᠎ᠤᠨ 《ᠨᠤᠲᠤᠭ᠎ᠲᠤ᠎ᠪᠠᠨ ᠪᠤᠴᠠᠭᠰᠠᠨ᠎ᠤ ᠳᠠᠷᠠᠭ᠋ᠠᠬᠢ》 ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠬᠦ ᠲᠤᠬᠠᠶ ᠤᠷᠢᠶᠠᠯᠠᠭ᠎ᠠ ᠵᠢ ᠢᠳᠡᠪᠬᠢᠲᠡᠶ ᠴᠤᠤᠷᠢᠶᠠᠳᠤᠨ ᠳᠠᠭ᠋ᠠᠵᠤ᠂ ᠨᠤᠲᠤᠭ᠎ᠲᠤ᠎ᠪᠠᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠨᠡᠶ᠋ᠢᠭᠡᠮ᠎ᠤᠨ ᠦᠢ᠍ᠯᠡᠳᠦᠯᠭᠡ᠎ᠳᠤ ᠢᠳᠡᠪᠬᠢᠲᠡᠶ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠵᠠᠯᠠᠭᠤᠴᠤᠳ᠎ᠤᠨ ᠨᠡᠶ᠋ᠢᠭᠡᠮ᠎ᠤᠨ ᠡᠭᠦᠷᠭᠡᠯᠡᠯ᠎ᠢ ᠬᠠᠷᠠᠭᠤᠯᠵᠤ᠂ ᠨᠤᠲᠤᠭ᠎ᠤᠨ ᠠᠷᠠᠳ ᠲᠦᠮᠡᠨ᠎ᠳᠤ᠎ᠪᠠᠨ ᠭᠦᠨ ᠵᠤᠵᠠᠭ᠋ᠠᠨ ᠬᠠᠶ᠋ᠢᠷ᠎ᠠ ᠬᠠᠯᠠᠮᠵᠢ ᠵᠢ ᠬᠦᠷᠲᠡᠭᠡᠪᠡ᠃



      ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
        — ᠰᠡᠷᠭᠡᠶ᠋ᠢᠯᠡᠨ ᠡᠵᠡᠮᠳᠡᠬᠦ ᠡᠮᠦᠨ᠎ᠡ ᠹᠷᠣᠨᠲ᠎ᠲᠤ ᠡᠷᠡᠮᠡᠬᠡᠢ᠌ᠯᠡᠵᠦ᠂ ᠰᠡᠷᠭᠡᠶ᠋ᠢᠯᠡᠯᠲᠡ
            ᠵᠢᠨ ᠱᠤᠭᠤᠮ᠎ᠢ ᠪᠠᠲᠤ ᠰᠠᠬᠢᠵᠤ ᠠᠮᠤᠷ ᠲᠦᠪᠰᠢᠨ᠎ᠢ ᠪᠠᠲᠤᠯᠠᠪᠠ

      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 230 ᠭᠠᠷᠤᠶ ᠣᠶᠤᠲᠠᠨ ᠰᠠᠭᠤᠭ᠎ᠠ ᠭᠠᠵᠠᠷ᠎ᠤᠨ ᠵᠶ᠋ᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠣᠷᠣᠯᠴᠠᠪᠠ᠃ ᠣᠨᠴᠠᠭ᠋ᠠᠢ᠌ᠯᠠᠨ ᠠᠨᠠᠭ᠋ᠠᠬᠤ ᠤᠬᠠᠭ᠋ᠠᠨ᠂ ᠡᠮ᠂ ᠰᠤᠪᠢᠯᠠᠯᠲᠠ ᠵᠡᠷᠭᠡ ᠲᠤᠰᠬᠠᠶ ᠮᠡᠷᠭᠡᠵᠢᠯ᠎ᠤᠨ ᠣᠶᠤᠲᠠᠳ ᠲᠤᠰᠬᠠᠶ ᠮᠡᠷᠭᠡᠵᠢᠯ᠎ᠤᠨ ᠣᠨᠴᠠᠯᠢᠭ ᠵᠶ᠋ᠠᠨ ᠢᠳᠡᠪᠬᠢᠲᠡᠶ ᠪᠠᠳᠠᠷᠠᠭᠤᠯᠵᠤ᠂ ᠣᠯᠠᠨ ᠲᠦᠮᠡᠨ᠎ᠳᠤ ᠬᠢᠵᠢᠭ᠎ᠢ ᠰᠡᠷᠭᠡᠶ᠋ᠢᠯᠡᠬᠦ ᠶᠡᠷᠦ ᠵᠢᠨ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠴᠠᠭ᠋ᠠᠷᠠᠭᠰᠠᠨ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ ᠪᠠ ᠬᠤᠪᠢ ᠨᠡᠮᠡᠷᠢ ᠦᠵᠡᠭᠦᠯᠬᠦ ᠡᠷᠡᠰ ᠴᠢᠩᠭ᠎ᠠ ᠵᠣᠷᠢᠭ ᠰᠠᠨᠠᠭ᠎ᠠ᠎ᠪᠠᠨ ᠢᠯᠡᠳᠭᠡᠪᠡ᠃




      ᠲᠤᠰᠬᠠᠶ ᠮᠡᠷᠭᠡᠵᠢᠯ᠎ᠤᠨ ᠳᠠᠪᠠᠭᠤᠯᠢᠭ ᠪᠠ ᠦᠢ᠍ᠯᠡᠴᠢᠯᠡᠭᠡᠨ᠎ᠤ
      ᠬᠥᠭᠵᠢᠯᠲᠡ ᠵᠢᠨ ᠬᠠᠮ ᠬᠦᠴᠦᠨ᠎ᠤ ᠪᠠᠳᠠᠷᠠᠭᠤᠯᠤᠯ

      ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠪᠣᠯᠤᠭᠰᠠᠨ᠎ᠤ ᠬᠤᠪᠢ᠎ᠳᠤ ᠰᠠᠶ᠋ᠢᠨ ᠳᠤᠷᠠᠴᠤᠤᠯ ᠬᠢᠵᠠᠭ᠋ᠠᠯᠠᠰᠢ ᠦᠭᠡᠶ ᠬᠠᠯᠠᠭᠤᠨ ᠰᠡᠳᠬᠢᠯᠭᠡ᠂ ᠬᠠᠷᠠᠮ ᠦᠭᠡᠶ ᠵᠣᠷᠢᠭᠤᠯᠬᠤ ᠵᠣᠷᠢᠭ ᠰᠠᠨᠠᠭ᠎ᠠ᠎ᠲᠠᠢ᠎ᠪᠠᠷ ᠪᠠᠷᠠᠬᠤ ᠦᠭᠡᠶ᠂ ᠪᠠᠰᠠ ᠪᠠᠲᠤ ᠪᠡᠬᠢ ᠣᠨᠣᠯ᠎ᠤᠨ ᠰᠠᠭᠤᠷᠢ ᠪᠣᠯᠤᠨ ᠭᠦᠨ ᠵᠤᠵᠠᠭ᠋ᠠᠨ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ᠎ᠲᠠᠢ ᠶᠤᠮ᠃ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠲᠠᠳᠠ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ᠂ 《ᠨᠤᠲᠤᠭ᠎ᠲᠤ᠎ᠪᠠᠨ ᠥᠯᠢᠭᠡᠷ᠎ᠲᠠᠢ ᠪᠤᠴᠠᠬᠤ》᠂ 《ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ》 ᠵᠡᠷᠭᠡ ᠲᠤᠰᠬᠠᠶ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠥᠷᠨᠢᠭᠦᠯᠬᠦ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠬᠥᠭᠵᠢᠯᠲᠡ ᠵᠢᠨ ᠬᠠᠮ ᠬᠦᠴᠦᠨ᠎ᠢ ᠨᠢᠭᠲᠠᠷᠠᠭᠤᠯᠵᠤ᠂ ᠳᠡᠭᠡᠳᠦ ᠰᠤᠷᠭ᠋ᠠᠭᠤᠯᠢ ᠵᠢᠨ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠦᠷ᠎ᠡ   ᠪᠥᠲᠦᠮᠵᠢ ᠵᠢ ᠭᠦᠢ᠍ᠴᠡᠳ ᠢᠯᠡᠷᠡᠭᠦᠯᠪᠡ᠃


      ᠨᠡᠶ᠋ᠢᠲᠡᠯᠢᠭ ᠬᠡᠯᠡ ᠵᠢ ᠲᠥᠭᠡᠮᠡᠯᠵᠢᠭᠦᠯᠵᠦ ᠪᠣᠢ


      ᠳᠡᠭᠡᠳᠦ ᠰᠤᠷᠭ᠋ᠠᠭᠤᠯᠢ ᠵᠢᠨ ᠬᠥᠭᠵᠢᠯᠲᠡ ᠵᠢᠨ ᠪᠠᠶ᠋ᠢᠳᠠᠯ᠎ᠢ ᠣᠯᠠᠨ ᠲᠦᠮᠡᠨ᠎ᠳᠤ ᠤᠬᠠᠭᠤᠯᠵᠤ

      ᠪᠠᠢ᠌ᠭ᠎ᠠ᠎ᠨᠢ


      ᠦᠨᠳᠦᠰᠦᠨ ᠱᠠᠲᠤᠨ᠎ᠤ ᠤᠳᠬ᠎ᠠ ᠤᠷᠠᠯᠢᠭ᠎ᠤᠨ ᠠᠵᠢᠯᠯᠠᠭ᠎ᠠ᠎ᠳᠤ ᠣᠷᠣᠯᠴᠠᠵᠤ ᠪᠠᠢ᠌ᠭ᠎ᠠ᠎ᠨᠢ


      ᠣᠯᠠᠨ ᠲᠦᠮᠡᠨ᠎ᠲᠠᠢ ᠥᠷᠭᠡᠨ ᠵᠶ᠋ᠠᠷ ᠬᠠᠷᠢᠯᠴᠠᠵᠤ᠂ ᠪᠤᠰᠤᠳ᠎ᠢ ᠬᠠᠪᠰᠤᠷᠬᠤ
     ᠎ᠪᠠᠷ ᠵᠢᠷᠭ᠋ᠠᠯ ᠵᠶ᠋ᠠᠨ ᠪᠣᠯᠭ᠋ᠠᠭᠰᠠᠨ ᠦᠨᠡᠨ ᠰᠡᠳᠬᠢᠯ᠎ᠤᠨ ᠴᠤᠤᠷᠢᠶ᠎ᠠ

      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠣᠶᠤᠲᠠᠳ ᠲᠣᠰᠬᠣᠨ᠎ᠤ ᠣᠷᠣᠨ ᠰᠠᠭᠤᠴᠠ ᠵᠢ ᠵᠢᠭᠰᠠᠭ᠋ᠠᠨ ᠪᠠᠶ᠋ᠢᠴᠠᠭ᠋ᠠᠬᠤ᠂ ᠬᠦᠴᠢᠷᠳᠡᠯᠲᠡᠶ ᠣᠯᠠᠨ ᠲᠦᠮᠡᠨ᠎ᠢ ᠪᠣᠯᠭᠣᠭ᠋ᠠᠨ ᠲᠣᠬᠣᠨᠢᠭᠤᠯᠬᠤ ᠵᠡᠷᠭᠡ ᠬᠡᠯᠪᠡᠷᠢ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠥᠷᠭᠡᠨ ᠵᠶ᠋ᠠᠷ ᠣᠷᠣᠯᠴᠠᠵᠤ᠂ ᠦᠨᠳᠦᠰᠦᠨ ᠱᠠᠲᠤᠨ᠎ᠤ ᠺᠠᠳ᠋ᠷᠴᠤᠳ᠎ᠢ ᠬᠠᠪᠰᠤᠷᠤᠨ   ᠪᠠᠲᠤᠯᠠᠭ᠋ᠠᠨ᠎ᠤ ᠣᠷᠣᠨ ᠰᠠᠭᠤᠴᠠ ᠵᠢᠨ ᠮᠡᠳᠡᠭᠡ ᠵᠠᠩᠭᠢ ᠵᠢ ᠳᠠᠩᠰᠠᠯᠠᠬᠤ᠂ ᠬᠦᠴᠢᠷᠳᠡᠯᠲᠡᠶ ᠣᠯᠠᠨ ᠲᠦᠮᠡᠨ᠎ᠢ ᠲᠣᠬᠣᠨᠢᠭᠤᠯᠬᠤ᠂ ᠶᠠᠳᠠᠭᠤ ᠬᠦᠴᠢᠷᠳᠡᠯᠲᠡᠶ ᠡᠷᠦᠬᠡ ᠵᠢᠨ ᠮᠡᠳᠡᠭᠡ ᠵᠠᠩᠭᠢ ᠵᠢᠨ ᠲᠠᠩᠰᠠ ᠡᠪᠬᠡᠮᠡᠯ᠎ᠢ ᠡᠮᠬᠢᠯᠡᠬᠦ ᠵᠡᠷᠭᠡ ᠠᠵᠢᠯ᠎ᠢ ᠥᠷᠨᠢᠭᠦᠯᠬᠦ᠎ᠪᠠᠷ ᠳᠠᠮᠵᠢᠭᠤᠯᠤᠨ᠂ ᠨᠡᠶ᠋ᠢᠭᠡᠮ᠎ᠤᠨ ᠪᠠᠶ᠋ᠢᠳᠠᠯ ᠪᠠ ᠠᠷᠠᠳ᠎ᠤᠨ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠵᠤ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠯᠦᠭᠡ ᠰᠡᠳᠬᠢᠯ᠎ᠤᠨ ᠰᠣᠯᠢᠯᠴᠠᠭ᠎ᠠ᠎ᠪᠠᠨ ᠨᠠᠩ ᠭᠦᠨᠵᠡᠭᠡᠶ᠋ᠢᠷᠡᠭᠦᠯᠵᠦ᠂ ᠰᠤᠷᠤᠯᠴᠠᠬᠤ ᠴᠢᠳᠠᠪᠤᠷᠢ᠂ ᠣᠯᠠᠨ ᠲᠦᠮᠡᠨ᠎ᠳᠤ ᠦᠢ᠍ᠯᠡᠴᠢᠯᠡᠬᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠢᠲᠡᠭᠡᠯ ᠵᠣᠷᠢᠭ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠪᠠ᠃



      ᠪᠤᠭᠤᠲᠤ ᠵᠢᠨ ᠲᠡᠮᠦᠷ ᠵᠠᠮ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ

      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠪᠤᠭᠤᠲᠤ ᠵᠢᠨ ᠲᠡᠮᠦᠷ ᠵᠠᠮ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 219 ᠣᠶᠤᠲᠠᠨ 《ᠡᠭᠦᠯᠡᠨᠴᠢᠷ ᠮᠡᠷᠭᠡᠵᠢᠯ ᠵᠶ᠋ᠠᠷ ᠰᠤᠷᠭ᠋ᠠᠨ ᠬᠥᠮᠦᠵᠢᠯ᠎ᠢ ᠳᠡᠮᠵᠢᠵᠦ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠤᠭᠲᠤᠬᠤ》 ᠨᠡᠶ᠋ᠢᠭᠡᠮ᠎ᠤᠨ ᠦᠢ᠍ᠯᠡᠳᠦᠯᠭᠡ ᠵᠢᠨ ᠲᠤᠰᠬᠠᠶ ᠠᠵᠢᠯᠯᠠᠭ᠎ᠠ᠎ᠳᠤ ᠣᠷᠣᠯᠴᠠᠬᠤ᠎ᠳᠤ᠎ᠪᠠᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠶᠠᠳᠤᠭ᠋ᠠᠷ ᠪᠠᠭ᠎ᠠ ᠰᠤᠷᠭ᠋ᠠᠭᠤᠯᠢ ᠵᠢᠨ ᠰᠣᠷᠣᠭᠴᠢ᠎ᠲᠠᠢ ᠬᠠᠪᠰᠤᠷᠤᠯᠴᠠᠭ᠎ᠠ᠎ᠪᠠᠨ ᠵᠣᠯᠭ᠋ᠠᠭᠤᠯᠵᠤ᠂ ᠬᠡᠰᠡᠭ ᠰᠠᠶ᠋ᠢᠨ   ᠳᠤᠷᠠᠴᠤᠤᠯ ᠰᠠᠨᠠᠭ᠋ᠠᠴᠢᠯᠠᠭ᠎ᠠ᠎ᠠᠴᠠ᠎ᠪᠠᠨ ᠡᠯᠰᠡᠬᠦ ᠬᠡᠯᠪᠡᠷᠢ᠎ᠪᠠᠷ ᠨᠤᠲᠤᠭ᠎ᠤᠨ ᠵᠶ᠋ᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠣᠷᠣᠭᠴᠢ᠎ᠲᠠᠢ ᠬᠠᠪᠰᠤᠷᠤᠯᠴᠠᠭ᠎ᠠ᠎ᠪᠠᠨ ᠵᠣᠯᠭ᠋ᠠᠭᠤᠯᠵᠤ᠂ ᠠᠵᠢᠯᠯᠠᠭ᠎ᠠ ᠥᠷᠨᠢᠭᠦᠯᠪᠡ᠃ ᠰᠠᠶ᠋ᠢᠨ ᠳᠤᠷᠠᠴᠤᠤᠯ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠳᠠᠭ᠋ᠠᠭᠤᠯᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠮᠡᠳᠡᠯᠭᠡ ᠵᠢ ᠰᠤᠷᠤᠯᠴᠠᠭᠤᠯᠵᠤ᠂ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠡᠷᠭᠡ ᠲᠥᠰᠦᠯ᠎ᠳᠤ ᠣᠷᠣᠯᠴᠠᠭᠤᠯᠵᠤ᠂ ᠣᠯᠠᠨ ᠵᠶ᠋ᠠᠷ ᠵᠶ᠋ᠠᠨ ᠦᠯᠡᠮᠵᠢ ᠣᠯᠤᠯᠲᠠ᠎ᠲᠠᠢ ᠭᠡᠵᠡᠭᠡᠪᠡ᠃




      ᠵᠠᠯᠠᠭᠤ ᠨᠠᠰᠤᠨ᠎ᠳᠤ᠎ᠪᠠᠨ
      ᠬᠠᠮᠲᠤ᠎ᠪᠠᠷ ᠢᠷᠡᠭᠡᠳᠦᠶ ᠵᠦᠭ ᠤᠷᠤᠭᠰᠢᠯᠠᠵᠤ
      ᠪᠣᠳᠠᠲᠤ ᠠᠵᠢᠯᠯᠠᠭ᠎ᠠ᠎ᠪᠠᠷ ᠵᠶ᠋ᠠᠨ
      ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠦᠶ᠎ᠡ
      ᠡᠬᠡ ᠤᠯᠤᠰ᠎ᠤᠨ ᠵᠶ᠋ᠡᠨ ᠡᠯᠢᠭᠡᠨ᠎ᠳᠤ ᠣᠮᠣᠭᠲᠠᠢ ᠲᠡᠭᠦᠯᠢᠵᠦ
      ᠴᠠᠭ ᠦᠶ᠎ᠡ᠎ᠳᠤ ᠣᠰᠣᠯᠳᠠᠬᠤ ᠦᠭᠡᠢ
      ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ
      ᠵᠠᠯᠠᠭᠤ ᠨᠠᠰᠤᠨ᠎ᠤ ᠦᠢ᠍ᠯᠡᠳᠦᠯᠭᠡ᠎ᠠᠴᠠ ᠭᠡᠷᠡᠯ ᠭᠢᠯᠪᠠᠭ᠎ᠠ ᠰᠠᠴᠤᠷᠠᠨ᠎ᠠ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠤ ᠥᠪᠡᠷᠲᠡᠭᠡᠨ ᠵᠠᠰᠠᠬᠤ ᠣᠷᠣᠨ᠎ᠤ 《ᠠᠵᠢᠯ ᠣᠯᠭᠣᠯᠲᠠ ᠵᠢᠨ ᠬᠣᠰᠢᠭᠤᠴᠢᠯᠠᠭᠴᠢ》 ᠰᠢᠷᠢᠰ ᠠᠵᠢᠯᠯᠠᠭ᠎ᠠ — ᠳᠡᠭᠡᠳᠦ ᠰᠤᠷᠭ᠋ᠠᠭᠤᠯᠢ ᠰᠠᠯᠪᠤᠷᠢ ᠵᠢᠨ ᠱᠦᠵᠢ ᠨᠠᠷ᠎ᠤᠨ ᠠᠵᠢᠯ ᠣᠯᠭᠣᠯᠲᠠ ᠵᠢᠨ ᠲᠤᠬᠠᠢ ᠶᠠᠷᠢᠶ᠎ᠠ ᠵᠢᠩᠬᠢᠨᠢ᠎ᠪᠠᠷ ᠡᠬᠢᠯᠡᠪᠡ
ᠪᠤᠭᠤᠲᠤ ᠬᠣᠲᠠ᠄ 《ᠬᠣᠶᠠᠷ᠎ᠢ ᠬᠥᠩᠭᠡᠷᠡᠭᠦᠯᠬᠦ》 ᠵᠢ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ 《ᠨᠢᠭᠡᠳᠦᠭᠡᠷ ᠢᠨᠵᠧᠨᠧᠷᠢᠩ》 ᠪᠣᠯᠭ᠋ᠠᠪᠠ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠤ 《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ᠎ᠨᠢ ᠰᠤᠷᠭ᠋ᠠᠭᠤᠯᠢ ᠪᠠ ᠬᠡᠷ᠎ᠤᠨ ᠠᠬᠠᠮᠠᠳ᠎ᠤᠨ ᠥᠷᠭᠡᠨ ᠳᠡᠯᠭᠡᠷ ᠰᠠᠶ᠋ᠢᠨ ᠦᠨᠡᠯᠡᠯᠲᠡ ᠵᠢ ᠤᠯᠪᠠ
ᠥᠪᠥᠷ ᠮᠣᠩᠭᠣᠯ᠎ᠤᠨ ᠣᠷᠳᠣᠰ ᠬᠣᠲᠠ ᠬᠡᠯᠪᠡᠷᠢ᠎ᠪᠠᠨ ᠥᠭᠡᠷᠡᠲᠦᠭᠦᠯᠦᠭᠰᠡᠨ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠪᠡ
ᠬᠠᠶ᠋ᠢᠷ᠎ᠠ ᠬᠠᠯᠠᠮᠵᠢ᠎ᠪᠠᠷ ᠬᠣᠯᠪᠤᠯᠳᠤᠵᠤ ᠬᠠᠯᠠᠭᠤᠨ ᠳᠤᠯᠠᠭ᠋ᠠᠨ᠎ᠢ ᠬᠡᠷ᠎ᠲᠤ᠎ᠨᠢ ᠬᠦᠷᠭᠡᠨᠡᠮ — ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠰᠤᠷᠤᠭᠴᠢᠳ᠎ᠲᠤ ᠬᠥᠳᠡᠯᠦᠯᠴᠡᠵᠦ ᠪᠣᠶ! ᠵᠢᠭ᠋ᠠᠬᠤ ᠮᠠᠲ᠋ᠧᠷᠢᠶᠠᠯ᠎ᠢ ᠰᠢᠤᠳᠠᠨ ᠵᠶ᠋ᠠᠷ ᠢᠯᠡᠭᠡᠵᠦ᠂ ᠪᠠᠶ᠋ᠢᠷᠢ ᠵᠢᠨ ᠬᠡᠷ᠎ᠢ ᠴᠡᠪᠡᠷᠯᠡᠪᠡ ᠁
 
             蒙ICP备05000248号