ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠤᠮᠳᠠ)
ᠨᠡᠶ᠋ᠢᠲᠡᠯᠡᠭᠰᠡᠨ ᠴᠠᠭ᠄ 2022-03-01


     2022 ᠣᠨ᠎ᠤ ᠠᠩᠬᠠᠳᠠᠭᠴᠢ ᠠᠮᠠᠷᠠᠯᠲᠠ ᠤᠳᠠᠯ ᠦᠭᠡᠢ ᠳᠠᠭᠤᠰᠬᠤ ᠪᠣᠯᠣᠯ᠎ᠠ᠃ ᠡᠨᠡ ᠬᠦ᠌ ᠬᠠᠬᠢᠷ ᠡᠪᠦᠯ᠎ᠤᠨ ᠬᠦᠢ᠍ᠲᠡᠨ᠎ᠳᠤ᠂ ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠵᠠᠯᠠᠭᠤ ᠣᠶᠤᠲᠠᠳ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠯᠬᠤᠭ᠎ᠠ᠎ᠲᠠᠢ ᠠᠢ᠌ᠵᠠᠮ ᠵᠣᠬᠢᠴᠠᠭᠤᠯᠵᠤ᠂ ᠨᠠᠮ ᠪᠠ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠤᠷᠢᠶᠠᠯᠠᠭ᠎ᠠ ᠵᠢ ᠢᠳᠡᠪᠬᠢᠲᠡᠶ ᠴᠤᠤᠷᠢᠶᠠᠳᠤᠨ ᠳᠠᠭ᠋ᠠᠵᠤ᠂ 《ᠰᠢᠨ᠎ᠡ ᠵᠠᠯᠠᠭᠤᠴᠤᠳ ᠨᠤᠲᠤᠭ ᠤᠰᠤ᠎ᠪᠠᠨ ᠬᠥᠭᠵᠢᠭᠦᠯᠦᠨ ᠮᠠᠨᠳᠤᠭᠤᠯᠬᠤ》 ᠬᠠᠯᠠᠭᠤᠨ ᠰᠡᠳᠬᠢᠯ᠎ᠢ ᠡᠪᠦᠷᠯᠡᠵᠦ᠂ ᠰᠥᠰᠦ ᠵᠣᠷᠢᠭ᠂ ᠰᠠᠢ᠌ᠬᠠᠨ ᠰᠠᠨᠠᠭ᠎ᠠ ᠪᠠ ᠬᠠᠶ᠋ᠢᠷ᠎ᠠ ᠰᠡᠳᠬᠢᠯ ᠵᠶ᠋ᠡᠷ ᠵᠶ᠋ᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠡᠷᠭᠡ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ᠎ᠳᠤ ᠣᠷᠣᠯᠴᠠᠵᠤ᠂ 《ᠨᠠᠮ ᠮᠢᠨᠢ ᠰᠠᠨᠠᠭ᠎ᠠ ᠠᠮᠤᠷ ᠪᠠᠶ᠋ᠢᠭ᠋ᠠᠷᠠᠢ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠤᠢ》 ᠭᠡᠬᠦ ᠲᠠᠩᠭ᠋ᠠᠷᠢᠭ ᠵᠶ᠋ᠠᠨ ᠪᠣᠳᠠᠲᠤ ᠠᠵᠢᠯᠯᠠᠭ᠎ᠠ᠎ᠪᠠᠷ ᠵᠶ᠋ᠠᠨ ᠦᠢ᠍ᠯᠡᠳᠦᠯᠭᠡᠵᠢᠭᠦᠯᠪᠡ᠃ ᠡᠨᠡ ᠬᠦ᠌ ᠠᠮᠢᠳᠤᠯᠢᠭ ᠳᠦᠷᠢ ᠳᠦᠷᠬᠥ᠎ᠠᠴᠠ ᠪᠢᠳᠡ ᠵᠠᠯᠠᠭᠤ ᠣᠶᠤᠲᠠᠳ᠎ᠤᠨ ᠬᠠᠯᠠᠭᠤᠨ ᠰᠡᠳᠬᠢᠯ ᠪᠠ ᠬᠠᠷᠢᠭᠤᠴᠠᠯᠭ᠎ᠠ ᠡᠭᠦᠷᠭᠡᠯᠡᠯ᠎ᠢ ᠭᠦᠨ ᠣᠢ᠌ᠯᠠᠭ᠋ᠠᠪᠠ᠃


      ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ
      ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ ᠵᠢᠨ ᠡᠯ᠎ᠡ ᠱᠠᠲᠤᠨ᠎ᠤ ᠨᠠᠮ ᠪᠠ ᠡᠪᠯᠡᠯ᠎ᠤᠨ ᠵᠣᠬᠢᠶᠠᠨ ᠪᠠᠶ᠋ᠢᠭᠤᠯᠤᠯᠲᠠ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠰᠤᠷᠭ᠋ᠠᠭᠤᠯᠢ ᠵᠢᠨ ᠵᠶ᠋ᠠᠨ ᠵᠠᠯᠠᠭᠤ ᠤᠶᠤᠲᠠᠳ᠎ᠢ ᠬᠥᠲᠥᠯᠥᠨ ᠵᠢᠯᠣᠭᠣᠳᠴᠤ   ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠬᠤᠶ ᠵᠢᠨ ᠦᠵᠡᠯᠲᠡ᠂ ᠥᠷᠲᠡᠭ᠎ᠤᠨ ᠦᠵᠡᠯᠲᠡ ᠵᠢ ᠪᠣᠶ ᠪᠣᠯᠭ᠋ᠠᠵᠤ᠂ ᠰᠠᠶ᠋ᠢᠨ ᠰᠠᠶ᠋ᠢᠬᠠᠨ ᠶᠣᠰᠣ ᠮᠣᠷᠠᠯ ᠬᠡᠪ ᠰᠤᠷᠲᠠᠯ᠎ᠢ ᠪᠣᠶ ᠪᠣᠯᠭ᠋ᠠᠪᠠ᠃



      ᠤᠯᠠᠭ᠋ᠠᠨᠬᠠᠳᠠ ᠳᠡᠭᠡᠳᠦ ᠰᠤᠷᠭ᠋ᠠᠭᠤᠯᠢ
         — 《ᠬᠢᠵᠢᠭ᠎ᠢ ᠰᠡᠷᠭᠡᠶ᠋ᠢᠯᠡᠬᠦ ᠠᠵᠢᠯᠯᠠᠭ᠎ᠠ》

      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ 75 ᠣᠶᠤᠲᠠᠨ ᠡᠯ᠎ᠡ ᠨᠡᠶ᠋ᠢᠭᠡᠮ ᠲᠣᠭᠣᠷᠢᠭ᠎ᠲᠤ ᠭᠦᠨᠵᠡᠭᠡᠶ᠋ᠢᠷᠡᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠷᠨᠢᠭᠦᠯᠪᠡ᠃



     《ᠪᠢ ᠨᠤᠲᠤᠭ ᠵᠶ᠋ᠠᠨ ᠤᠬᠠᠭᠤᠯᠤᠨ᠎ᠠ》
      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ ᠣᠶᠤᠲᠠᠳ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ᠎ᠤᠨ ᠲᠣᠭᠣᠷᠢᠨ᠎ᠳᠤ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ᠃ ᠰᠠᠶ᠋ᠢᠨ ᠳᠤᠷᠠᠴᠤᠤᠯ ᠲᠣᠰᠬᠣᠨ ᠪᠠ ᠳᠤᠭᠤᠶ᠋ᠢᠯᠠᠩ᠎ᠳᠤ ᠭᠦᠨᠵᠡᠭᠡᠶ᠋ᠢᠷᠡᠨ᠂ ᠬᠥᠮᠦᠨ ᠠᠮᠠ ᠵᠢᠨ ᠮᠡᠳᠡᠭᠡ ᠵᠠᠩᠭᠢ ᠵᠢ ᠴᠤᠭᠯᠠᠭᠤᠯᠬᠤ ᠵᠢᠨ ᠬᠠᠮᠲᠤ ᠬᠥᠳᠡᠭᠡ ᠲᠣᠰᠬᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠣᠷᠣᠨ ᠰᠠᠭᠤᠴᠠ᠂ ᠰᠤᠷᠭ᠋ᠠᠨ ᠬᠥᠮᠦᠵᠢᠯ᠂ ᠡᠮ ᠡᠮᠨᠡᠯᠭᠡ ᠵᠡᠷᠭᠡ ᠣᠯᠠᠨ ᠲᠦᠮᠡᠨ᠎ᠤ ᠠᠰᠢᠭ ᠲᠤᠰᠠ᠎ᠯᠤᠭ᠎ᠠ ᠨᠢᠭᠲᠠ ᠬᠣᠯᠪᠣᠭᠳᠠᠬᠤ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠭᠣᠣᠯᠳᠠᠯᠭ᠋ᠠᠲᠠᠢ ᠤᠬᠠᠭᠤᠯᠵᠤ᠂ ᠳᠥᠭᠥᠮ ᠣᠶ᠋ᠢᠯᠠᠭ᠋ᠠᠮᠵᠢᠲᠠᠶ ᠠᠷᠭ᠎ᠠ ᠮᠠᠶᠢᠭ ᠵᠶ᠋ᠠᠷ ᠨᠠᠮ᠎ᠤᠨ ᠳᠠᠭᠤᠨ᠎ᠢ ᠲᠦᠭ ᠲᠦᠮᠡᠨ ᠠᠶ᠋ᠢᠯ ᠡᠷᠦᠬᠡ᠎ᠳᠤ ᠳᠠᠮᠵᠢᠭᠤᠯᠤᠨ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠪᠡ᠃




     

      ᠬᠥᠯᠥᠨ ᠪᠣᠶ᠋ᠢᠷ ᠳᠡᠭᠡᠳᠦ ᠰᠤᠷᠭ᠋ᠠᠭᠤᠯᠢ
          — 《ᠵᠠᠯᠠᠭᠤ ᠨᠠᠰᠤᠨ᠎ᠳᠤ᠎ᠪᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠵᠤ᠂
                ᠡᠷᠡᠭᠦᠯ ᠴᠢᠭᠢᠷᠠᠭ ᠵᠶ᠋ᠠᠷ ᠳᠤᠮᠳᠠᠳᠤ ᠤᠯᠤᠰ ᠵᠶ᠋ᠠᠨ ᠬᠦᠴᠦᠷᠬᠡᠭᠵᠢᠭᠦᠯᠦᠶ᠎ᠡ》

      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠬᠥᠯᠥᠨ ᠪᠤᠢ᠍ᠢ᠍ᠷ ᠳᠡᠭᠡᠳᠦ ᠰᠤᠷᠭ᠋ᠠᠭᠤᠯᠢ ᠤᠶᠤᠲᠠᠳ ᠵᠶ᠋ᠠᠨ ᠵᠣᠬᠢᠶᠠᠨ ᠪᠠᠶ᠋ᠢᠭᠤᠯᠤᠨ 《ᠵᠠᠯᠠᠭᠤ ᠨᠠᠰᠤᠨ᠎ᠳᠤ᠎ᠪᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠵᠤ᠂ ᠡᠷᠡᠭᠦᠯ ᠴᠢᠭᠢᠷᠠᠭ ᠵᠶ᠋ᠠᠷ ᠤᠯᠤᠰ ᠵᠶ᠋ᠠᠨ ᠬᠦᠴᠦᠷᠬᠡᠭᠵᠢᠭᠦᠯᠦᠶ᠎ᠡ》 ᠭᠡᠬᠦ ᠭᠣᠣᠯ ᠰᠡᠳᠦᠪ ᠵᠶ᠋ᠠᠷ ᠨᠤᠲᠤᠭ᠎ᠲᠤ᠎ᠪᠠᠨ ᠪᠤᠴᠠᠭᠰᠠᠨ᠎ᠤ ᠳᠠᠷᠠᠭ᠎ᠠ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠡᠪᠦᠯ᠎ᠤᠨ ᠠᠮᠠᠷᠠᠯᠲᠠ ᠵᠢᠨ ᠤᠶᠤᠨ᠎ᠤ ᠲᠡᠵᠢᠭᠡᠯ᠎ᠢ ᠭᠦᠷᠲᠡᠭᠡᠪᠡ᠃



     《ᠵᠠᠯᠠᠭᠤ ᠨᠠᠰᠤ᠎ᠪᠠᠨ ᠡᠷᠭᠦᠬᠦ᠎ᠪᠠᠷ ᠨᠤᠲᠤᠭ᠎ᠲᠤ᠎ᠪᠠᠨ ᠪᠤᠴᠠᠪᠠ》
      ᠬᠥᠯᠥᠨ ᠪᠣᠶ᠋ᠢᠷ ᠳᠡᠭᠡᠳᠦ ᠰᠤᠷᠭ᠋ᠠᠭᠤᠯᠢ ᠵᠢᠨ᠎ᠬᠢᠨ ᠨᠤᠲᠤᠭ᠎ᠲᠤ᠎ᠪᠠᠨ ᠪᠤᠴᠠᠭᠰᠠᠨ᠎ᠤ ᠳᠠᠷᠠᠭ᠋ᠠᠬᠢ ᠨᠡᠶ᠋ᠢᠭᠡᠮ᠎ᠤᠨ ᠦᠢ᠍ᠯᠡᠳᠦᠯᠭᠡ ᠵᠢᠨ ᠬᠡᠯᠪᠡᠷᠢ᠎ᠪᠠᠷ ᠳᠠᠮᠵᠢᠭᠤᠯᠤᠨ᠂ ᠤᠶᠤᠲᠠᠳ᠎ᠢ ᠬᠠᠪᠰᠤᠷᠤᠨ ᠵᠢᠯᠣᠭᠣᠳᠴᠤ ᠨᠤᠲᠤᠭ᠎ᠤᠨ᠎ᠬᠢᠨ ᠬᠤᠪᠢᠷᠠᠯᠲᠠ ᠵᠢ ᠭᠦᠢ᠍ᠴᠡᠳ ᠣᠶ᠋ᠢᠯᠠᠭ᠋ᠠᠭᠤᠯᠵᠤ᠂ ᠨᠠᠮ᠎ᠤᠨ ᠲᠡᠮᠡᠴᠡᠯ᠎ᠤᠨ ᠥᠩᠭᠡᠷᠡᠯᠲᠡ ᠵᠢ ᠪᠠᠲᠤ ᠴᠡᠭᠡᠵᠢᠯᠡᠭᠦᠯᠵᠦ᠂ ᠠᠷᠠᠳ ᠲᠦᠮᠡᠨ᠎ᠳᠤ ᠦᠢ᠍ᠯᠡᠴᠢᠯᠡᠬᠦ᠂ ᠨᠤᠲᠤᠭ᠎ᠤᠨ ᠵᠶ᠋ᠠᠨ ᠠᠴᠢ ᠵᠢ ᠬᠠᠷᠢᠭᠤᠯᠠᠬᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠵᠢ ᠴᠢᠩᠭ᠋ᠠᠳᠬᠠᠪᠠ᠃


      ᠰᠤᠷᠤᠭᠴᠢ ᠵᠢᠨ ᠬᠦᠴᠢᠷᠳᠡᠯ᠎ᠢ ᠰᠢᠢ᠍ᠳᠪᠦᠷᠢᠯᠡᠵᠦ ᠪᠣᠢ


      ᠨᠡᠶ᠋ᠢᠭᠡᠮ ᠲᠣᠭᠣᠷᠢᠭ᠎ᠤᠨ ᠭᠠᠷ ᠠᠪᠤᠯᠭ᠎ᠠ


      ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡ


      ᠨᠣᠮ᠎ᠤᠨ ᠰᠠᠩ᠎ᠤᠨ ᠦᠢ᠍ᠯᠡᠴᠢᠯᠡᠭᠡ


     《ᠬᠠᠮᠲᠤ᠎ᠳᠤ᠎ᠪᠠᠨ ᠣᠯᠢᠮᠫᠢᠺ᠎ᠤᠨ ᠣᠨ᠎ᠢ ᠥᠩᠭᠡᠷᠡᠭᠦᠯᠪᠡ》
     2022 ᠣᠨ᠎ᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠪᠠᠶᠠᠷᠯᠠᠨ ᠤᠭᠲᠤᠵᠤ᠂ ᠤᠶᠤᠲᠠᠳ᠎ᠤᠨ ᠡᠪᠦᠯ᠎ᠤᠨ ᠠᠮᠠᠷᠠᠯᠲᠠ ᠵᠢᠨ ᠨᠤᠲᠤᠭ᠎ᠲᠤ᠎ᠪᠠᠨ ᠪᠤᠴᠠᠭᠰᠠᠨ᠎ᠤ ᠳᠠᠷᠠᠭ᠋ᠠᠬᠢ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠋ᠠᠨ᠎ᠤ ᠠᠭᠤᠯᠤᠭᠳᠠᠬᠤᠨ᠎ᠢ ᠪᠠᠶᠠᠯᠢᠭᠵᠢᠭᠤᠯᠬᠤ ᠵᠢᠨ ᠲᠥᠯᠥᠭᠡ᠂ ᠬᠥᠯᠥᠨ ᠪᠣᠶ᠋ᠢᠷ ᠳᠡᠭᠡᠳᠦ ᠰᠤᠷᠭ᠋ᠠᠭᠤᠯᠢ᠎ᠠᠴᠠ 100 ᠰᠠᠶ᠋ᠢᠨ ᠳᠤᠷᠠᠴᠤᠤᠯ ᠵᠶ᠋ᠠᠷ ᠪᠦᠷᠢᠯᠳᠦᠭᠰᠡᠨ ᠡᠭᠦᠯᠡᠨᠴᠢᠷ ᠰᠤᠷᠭ᠋ᠠᠨ ᠬᠥᠮᠦᠵᠢᠯ᠎ᠢ ᠳᠡᠮᠵᠢᠬᠦ ᠦᠢ᠍ᠯᠡᠳᠦᠯᠭᠡ ᠵᠢᠨ ᠪᠦᠯᠬᠦᠮ᠎ᠢ ᠵᠣᠬᠢᠶᠠᠨ ᠪᠠᠶ᠋ᠢᠭᠤᠯᠵᠤ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠴᠢᠪᠠᠭ᠎ᠠ ᠵᠢᠨ ᠵᠢᠷᠭᠤᠳᠤᠭ᠋ᠠᠷ ᠳᠤᠮᠳᠠᠳᠤ ᠰᠤᠷᠭ᠋ᠠᠭᠤᠯᠢ ᠪᠣᠯᠤᠨ ᠴᠢᠪᠠᠭ᠎ᠠ ᠵᠢᠨ ᠲᠤᠷᠰᠢᠯᠲᠠ ᠵᠢᠨ ᠪᠠᠭ᠎ᠠ ᠰᠤᠷᠭ᠋ᠠᠭᠤᠯᠢ᠎ᠲᠠᠢ ᠬᠣᠷᠰᠢᠶᠠᠯᠠᠵᠤ᠂ 《ᠬᠠᠮᠲᠤ᠎ᠳᠤ᠎ᠪᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠵᠤ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠤᠭᠲᠤᠵᠠᠭ᠋ᠠᠶ᠎ᠠ》᠂ 《ᠬᠠᠮᠲᠤ᠎ᠳᠤ᠎ᠪᠠᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠰᠣᠨᠢᠷᠬᠠᠵᠠᠭ᠋ᠠᠶ᠎ᠠ》᠂ 《ᠬᠠᠮᠲᠤ᠎ᠳᠤ᠎ᠪᠠᠨ ᠡᠭᠦᠯᠡᠨᠴᠢᠷ ᠳᠠᠪᠴᠠᠩ᠎ᠳᠤ ᠤᠩᠰᠢᠯᠭ᠎ᠠ ᠬᠢᠵᠡᠭᠡᠶ᠎ᠡ》᠂ 《ᠬᠠᠮᠲᠤ᠎ᠳᠤ᠎ᠪᠠᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠨ᠎ᠢ ᠥᠩᠭᠡᠷᠡᠭᠦᠯᠦᠶ᠎ᠡ》 ᠵᠡᠷᠭᠡ ᠠᠵᠢᠯᠯᠠᠭ᠎ᠠ ᠵᠢ ᠥᠷᠨᠢᠭᠦᠯᠵᠦ᠂ ᠵᠠᠯᠠᠭᠤᠴᠤᠳ ᠪᠠᠭ᠋ᠠᠴᠤᠳ᠎ᠲᠤ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠰᠣᠶᠣᠯ᠎ᠢ ᠤᠬᠠᠭᠤᠯᠪᠠ᠃




      ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ

      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠠᠯᠠᠭᠤ ᠣᠶᠤᠲᠠᠳ ᠤᠷᠢᠶᠠᠯᠠᠭ᠎ᠠ ᠵᠢ ᠴᠤᠤᠷᠢᠶᠠᠳᠤᠨ ᠳᠠᠭ᠋ᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠶᠡᠷᠦᠩᠬᠡᠶ ᠱᠠᠭ᠋ᠠᠷᠳᠠᠯᠭ᠎ᠠ ᠶᠣᠰᠤ᠎ᠪᠠᠷ ᠨᠤᠲᠤᠭ᠎ᠲᠤ᠎ᠪᠠᠨ ᠪᠤᠴᠠᠭᠰᠠᠨ᠎ᠤ ᠳᠠᠷᠠᠭ᠋ᠠᠬᠢ 《ᠵᠠᠯᠠᠭᠤ ᠨᠠᠰᠤᠨ᠎ᠤ ᠣᠶᠤᠨ ᠤᠬᠠᠭ᠋ᠠᠨ ᠵᠶ᠋ᠠᠷ ᠨᠠᠰᠤᠲᠠᠢ᠌ᠴᠤᠤᠯ᠎ᠢ ᠲᠤᠰᠠᠯᠠᠵᠤ᠂ ᠲᠣᠭ᠋ᠠᠵᠢᠭᠰᠠᠨ ᠴᠠᠭ ᠦᠶ᠎ᠡ ᠵᠢ ᠬᠠᠮᠲᠤ᠎ᠳᠤ᠎ᠪᠠᠨ ᠡᠳ᠋ᠯᠡᠬᠦ》 ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠪᠡ᠃





      ᠵᠠᠯᠠᠭᠤ ᠨᠠᠰᠤᠨ᠎ᠳᠤ᠎ᠪᠠᠨ
      ᠬᠠᠮᠲᠤ᠎ᠪᠠᠷ ᠢᠷᠡᠭᠡᠳᠦᠶ ᠵᠦᠭ ᠤᠷᠤᠭᠰᠢᠯᠠᠵᠤ
      ᠪᠣᠳᠠᠲᠤ ᠠᠵᠢᠯᠯᠠᠭ᠎ᠠ᠎ᠪᠠᠷ ᠵᠶ᠋ᠠᠨ
      ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠦᠶ᠎ᠡ
      ᠡᠬᠡ ᠤᠯᠤᠰ᠎ᠤᠨ ᠵᠶ᠋ᠡᠨ ᠡᠯᠢᠭᠡᠨ᠎ᠳᠤ ᠣᠮᠣᠭᠲᠠᠢ ᠲᠡᠭᠦᠯᠢᠵᠤ
      ᠴᠠᠭ ᠦᠶ᠎ᠡ᠎ᠳᠤ ᠣᠰᠣᠯᠳᠠᠬᠤ ᠦᠭᠡᠢ
      ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ
      ᠵᠠᠯᠠᠭᠤ ᠨᠠᠰᠤᠨ᠎ᠤ ᠦᠢ᠍ᠯᠡᠳᠦᠯᠭᠡ᠎ᠠᠴᠠ ᠭᠡᠷᠡᠯ ᠭᠢᠯᠪᠠᠭ᠎ᠠ ᠰᠠᠴᠤᠷᠠᠨ᠎ᠠ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠡᠬᠡ ᠤᠯᠤᠰ᠎ᠤᠨ ᠵᠶ᠋ᠠᠨ ᠠᠭᠤᠯᠠ ᠤᠰᠤᠨ᠎ᠳᠤ ᠪᠢᠴᠢᠭᠯᠡᠰᠦᠭᠡᠢ! ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠯᠪᠡᠭ ᠪᠠᠶᠠᠯᠢᠭ ᠨᠡᠶ᠋ᠢᠭᠡᠮ᠎ᠤᠨ ᠦᠢ᠍ᠯᠡᠳᠦᠯᠭᠡ (ᠳᠤᠤᠷᠠᠳᠤ)
2022 ᠣᠨ᠎ᠤ ᠥᠪᠡᠷᠲᠡᠭᠡᠨ ᠵᠠᠰᠠᠬᠤ ᠣᠷᠣᠨ᠎ᠤ 《ᠠᠵᠢᠯ ᠣᠯᠭᠣᠯᠲᠠ ᠵᠢᠨ ᠬᠣᠰᠢᠭᠤᠴᠢᠯᠠᠭᠴᠢ》 ᠰᠢᠷᠢᠰ ᠠᠵᠢᠯᠯᠠᠭ᠎ᠠ — ᠳᠡᠭᠡᠳᠦ ᠰᠤᠷᠭ᠋ᠠᠭᠤᠯᠢ ᠰᠠᠯᠪᠤᠷᠢ ᠵᠢᠨ ᠱᠦᠵᠢ ᠨᠠᠷ᠎ᠤᠨ ᠠᠵᠢᠯ ᠣᠯᠭᠣᠯᠲᠠ ᠵᠢᠨ ᠲᠤᠬᠠᠢ ᠶᠠᠷᠢᠶ᠎ᠠ ᠵᠢᠩᠬᠢᠨᠢ᠎ᠪᠠᠷ ᠡᠬᠢᠯᠡᠪᠡ
ᠪᠤᠭᠤᠲᠤ ᠬᠣᠲᠠ᠄ 《ᠬᠣᠶᠠᠷ᠎ᠢ ᠬᠥᠩᠭᠡᠷᠡᠭᠦᠯᠬᠦ》 ᠵᠢ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ 《ᠨᠢᠭᠡᠳᠦᠭᠡᠷ ᠢᠨᠵᠧᠨᠧᠷᠢᠩ》 ᠪᠣᠯᠭ᠋ᠠᠪᠠ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠤ 《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ᠎ᠨᠢ ᠰᠤᠷᠭ᠋ᠠᠭᠤᠯᠢ ᠪᠠ ᠬᠡᠷ᠎ᠤᠨ ᠠᠬᠠᠮᠠᠳ᠎ᠤᠨ ᠥᠷᠭᠡᠨ ᠳᠡᠯᠭᠡᠷ ᠰᠠᠶ᠋ᠢᠨ ᠦᠨᠡᠯᠡᠯᠲᠡ ᠵᠢ ᠤᠯᠪᠠ
ᠥᠪᠥᠷ ᠮᠣᠩᠭᠣᠯ᠎ᠤᠨ ᠣᠷᠳᠣᠰ ᠬᠣᠲᠠ ᠬᠡᠯᠪᠡᠷᠢ᠎ᠪᠠᠨ ᠥᠭᠡᠷᠡᠲᠦᠭᠦᠯᠦᠭᠰᠡᠨ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠪᠡ
 
             蒙ICP备05000248号