ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠤᠭᠤᠲᠤ ᠬᠣᠲᠠ᠄ 《ᠬᠣᠶᠠᠷ᠎ᠢ ᠬᠥᠩᠭᠡᠷᠡᠭᠦᠯᠬᠦ》 ᠵᠢ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ 《ᠨᠢᠭᠡᠳᠦᠭᠡᠷ ᠢᠨᠵᠧᠨᠧᠷᠢᠩ》 ᠪᠣᠯᠭ᠋ᠠᠪᠠ
ᠨᠡᠶ᠋ᠢᠲᠡᠯᠡᠭᠰᠡᠨ ᠴᠠᠭ᠄ 2022-04-13



      ᠣᠶ᠋ᠢᠷ᠎ᠠ᠎ᠳᠤ᠂ ᠪᠤᠭᠤᠲᠤ ᠬᠣᠲᠠ ᠰᠤᠷᠭ᠋ᠠᠨ ᠬᠥᠮᠦᠵᠢᠯ᠎ᠤᠨ ᠶᠠᠮᠤᠨ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠤᠭᠳᠠᠬᠤ ᠠᠵᠢᠯ᠎ᠤᠨ ᠪᠠᠶ᠋ᠢᠷᠢᠯᠠᠭᠤᠯᠤᠯᠲᠠ ᠶᠣᠰᠤ᠎ᠪᠠᠷ 《ᠬᠣᠶᠠᠷ᠎ᠢ ᠬᠥᠩᠭᠡᠷᠡᠭᠦᠯᠬᠦ》 ᠵᠢ ᠦᠷᠭᠦᠯᠵᠢᠯᠡᠨ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ 《ᠨᠢᠭᠡᠳᠦᠭᠡᠷ ᠢᠨᠵᠧᠨᠧᠷᠢᠩ》 ᠪᠣᠯᠭ᠋ᠠᠵᠤ᠂ 《ᠪᠤᠭᠤᠲᠤ ᠬᠣᠲᠠ ᠵᠢᠨ 〈ᠬᠣᠶᠠᠷ᠎ᠢ ᠬᠥᠩᠭᠡᠷᠡᠭᠦᠯᠬᠦ〉 ᠵᠢ ᠬᠢᠨᠠᠨ ᠵᠢᠯᠣᠭᠣᠳᠬᠤ ᠠᠵᠢᠯ᠎ᠤᠨ ᠲᠥᠰᠦᠯ》 (ᠳᠣᠷᠣᠭᠰᠢ 《ᠲᠥᠰᠦᠯ》 ᠭᠡᠵᠦ ᠳᠦᠭᠦᠮᠴᠢᠯᠡᠨ᠎ᠡ)᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠢ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠠᠵᠢᠯ᠎ᠤᠨ ᠡᠷᠴᠢᠮ ᠵᠶ᠋ᠠᠨ ᠯᠠᠪᠳᠠᠭᠤᠨ ᠪᠠᠲᠤᠲᠠᠶ ᠴᠢᠩᠭ᠋ᠠᠷᠠᠭᠤᠯᠵᠤ᠂ 《ᠬᠣᠶᠠᠷ᠎ᠢ ᠬᠥᠩᠭᠡᠷᠡᠭᠦᠯᠬᠦ》 ᠠᠵᠢᠯ᠎ᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃



     《ᠲᠥᠰᠦᠯ》᠎ᠳᠤ 《ᠬᠣᠶᠠᠷ᠎ᠢ ᠬᠥᠩᠭᠡᠷᠡᠭᠦᠯᠬᠦ》 ᠠᠵᠢᠯ᠎ᠳᠠᠬᠢ ᠡᠯ᠎ᠡ ᠲᠥᠷᠥᠯ᠎ᠤᠨ ᠡᠭᠦᠷᠭᠡ ᠵᠢᠨ ᠨᠠᠷᠢᠨ ᠲᠠᠩᠰᠠ ᠵᠢ ᠲᠣᠳᠣᠷᠬᠠᠶ᠋ᠢᠯᠠᠪᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ 《ᠬᠣᠶᠠᠷ᠎ᠢ ᠬᠥᠩᠭᠡᠷᠡᠭᠦᠯᠬᠦ》 ᠠᠵᠢᠯ᠎ᠤᠨ ᠬᠡᠷᠡᠭ ᠵᠦᠪᠯᠡᠬᠦ ᠵᠢ ᠵᠣᠬᠢᠴᠠᠭᠤᠯᠬᠤ ᠲᠣᠭᠲᠠᠴᠠ᠂ ᠪᠤᠭᠤᠲᠤ ᠣᠷᠣᠨ᠎ᠤ ᠳᠠᠰᠬᠠᠯ᠎ᠤᠨ ᠬᠠᠮᠢᠶᠠᠷᠤᠯᠲᠠ ᠵᠢᠨ ᠨᠠᠷᠢᠨ ᠲᠦᠷᠢᠮ ᠪᠠ ᠡᠯ᠎ᠡ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠪᠦᠷᠢᠳᠬᠡᠨ ᠳᠠᠩᠰᠠᠯᠠᠬᠤ ᠲᠣᠭᠲᠠᠴᠠ᠂ ᠬᠢᠴᠢᠶᠡᠯ᠎ᠤᠨ ᠡᠮᠦᠨᠡᠬᠢ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠪᠠᠲᠤᠯᠠᠭ᠋ᠠᠨ᠎ᠤ ᠲᠣᠭᠲᠠᠴᠠ᠂ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ᠂ ᠬᠠᠮᠢᠶᠠᠷᠤᠯᠲᠠ᠂ ᠬᠢᠨᠠᠨ ᠵᠢᠯᠣᠭᠣᠳᠬᠤ ᠲᠣᠭᠲᠠᠴᠠ ᠪᠠ ᠣᠯᠠᠨ ᠲᠦᠮᠡᠨ᠎ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠣᠭᠲᠠᠴᠠ ᠵᠢᠴᠢ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠪᠠᠭᠰᠢ ᠵᠢᠨ ᠡᠬᠢ ᠪᠠᠶᠠᠯᠢᠭ᠎ᠤᠨ ᠬᠥᠮᠥᠷᠭᠡ ᠪᠠ ᠰᠤᠷᠭ᠋ᠠᠭᠤᠯᠢ ᠵᠢᠨ ᠬᠣᠯᠪᠤᠭ᠎ᠠ᠂ ᠣᠷᠣᠨ ᠪᠦᠰᠡ ᠵᠢᠨ ᠳᠣᠲᠣᠷᠠᠬᠢ ᠬᠢᠴᠢᠶᠡᠯ᠎ᠤᠨ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠢ᠌ᠭᠤᠯᠬᠤ ᠬᠡᠷᠡᠭᠲᠡᠢ᠃ ᠳᠤᠮᠳᠠᠳᠤ ᠪᠠᠭ᠎ᠠ ᠰᠤᠷᠭ᠋ᠠᠭᠤᠯᠢ ᠵᠢᠨ ᠳᠠᠰᠬᠠᠯ᠎ᠤᠨ ᠬᠠᠮᠢᠶᠠᠷᠤᠯᠲᠠ ᠵᠢᠨ ᠡᠭᠦᠷᠭᠡ ᠵᠢᠨ ᠨᠠᠷᠢᠨ ᠳᠠᠩᠰᠠᠨ᠎ᠳᠤ ᠡᠯ᠎ᠡ ᠰᠤᠷᠭ᠋ᠠᠭᠤᠯᠢ᠎ᠨᠢ 《ᠨᠢᠭᠡ ᠰᠤᠷᠭ᠋ᠠᠭᠤᠯᠢ ᠨᠢᠭᠡ ᠲᠥᠰᠦᠯ》᠎ᠤᠨ ᠱᠠᠭ᠋ᠠᠷᠳᠠᠯᠭ᠎ᠠ ᠶᠣᠰᠤ᠎ᠪᠠᠷ ᠳᠠᠰᠬᠠᠯ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠳᠠᠰᠬᠠᠯ᠎ᠢ ᠢᠯᠡ ᠨᠡᠶ᠋ᠢᠲᠡᠯᠡᠬᠦ ᠲᠦᠷᠢᠮ᠂ ᠠᠩᠭᠢ ᠵᠢᠨ ᠡᠷᠬᠢᠯᠡᠭᠴᠢ ᠵᠢᠨ ᠳᠠᠰᠬᠠᠯ᠎ᠢ ᠨᠢᠭᠡᠳᠦᠯᠲᠡᠶ ᠲᠥᠯᠥᠪᠯᠡᠬᠦ ᠲᠦᠷᠢᠮ᠂ ᠬᠢᠴᠢᠶᠡᠯ ᠪᠡᠯᠡᠳᠬᠡᠬᠦ ᠳᠠᠷᠤᠭ᠎ᠠ ᠵᠢᠨ ᠳᠠᠰᠬᠠᠯ᠎ᠢ ᠬᠠᠷᠢᠭᠤᠴᠠᠬᠤ ᠲᠦᠷᠢᠮ ᠪᠠ ᠳᠠᠰᠬᠠᠯ ᠵᠢ ᠪᠠᠶ᠋ᠢᠷᠢᠯᠠᠭᠤᠯᠬᠤ ᠵᠢᠴᠢ ᠴᠣᠬᠣᠯᠪᠣᠷᠢᠯᠠᠨ ᠵᠠᠰᠠᠵᠤ ᠪᠠᠶ᠋ᠢᠴᠠᠭ᠋ᠠᠵᠤ ᠰᠢᠯᠭ᠋ᠠᠷᠠᠭᠤᠯᠬᠤ ᠲᠦᠷᠢᠮ᠎ᠢ ᠪᠠᠶ᠋ᠢᠭᠤᠯᠬᠤ ᠬᠡᠷᠡᠭᠲᠡᠶ᠃ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠡᠭᠦᠷᠭᠡ ᠵᠢᠨ ᠨᠠᠷᠢᠨ ᠳᠠᠩᠰᠠᠨ᠎ᠳᠤ ᠡᠯ᠎ᠡ ᠭᠠᠵᠠᠷ ᠣᠷᠣᠨ᠎ᠤ᠎ᠬᠢᠨ ᠵᠠᠷᠤᠳᠠᠯ᠎ᠤᠨ ᠪᠠᠲᠤᠯᠠᠭ᠋ᠠᠨ᠎ᠤ ᠲᠣᠭᠲᠠᠴᠠ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠬᠢᠨᠠᠨ ᠪᠠᠢ᠌ᠴᠠᠭ᠋ᠠᠵᠤ ᠮᠡᠳᠡᠭᠦᠯᠦᠨ ᠳᠠᠩᠰᠠᠯᠠᠭᠤᠯᠬᠤ ᠲᠦᠷᠢᠮ᠂ ᠰᠢᠨᠵᠢᠯᠡᠬᠦ ᠤᠬᠠᠭ᠋ᠠᠨᠴᠢ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠴᠢᠶᠡᠯ᠎ᠤᠨ ᠳᠣᠭᠲᠠᠯᠴᠠᠭ᠎ᠠ᠂ ᠡᠯᠧᠺᠲᠷᠣᠨ ᠵᠶ᠋ᠡᠷ ᠬᠢᠴᠢᠶᠡᠯ ᠰᠣᠩᠭᠣᠬᠤ ᠲᠣᠭᠲᠠᠴᠠ᠂ ᠪᠠᠭᠰᠢ ᠵᠢ ᠬᠠᠯᠠᠮᠵᠢᠯᠠᠨ ᠬᠠᠶ᠋ᠢᠷᠠᠯᠠᠬᠤ ᠲᠣᠭᠲᠠᠴᠠ᠂ ᠰᠤᠷᠭ᠋ᠠᠭᠤᠯᠢ ᠵᠢᠨ ᠭᠠᠳᠠᠨᠠᠬᠢ ᠡᠬᠢ ᠪᠠᠶᠠᠯᠢᠭ᠎ᠢ ᠨᠥᠬᠥᠪᠥᠷᠢᠯᠡᠬᠦ ᠲᠣᠭᠲᠠᠴᠠ᠂ ᠬᠡᠷ ᠪᠦᠯᠢ ᠪᠣᠯᠤᠨ ᠰᠤᠷᠭ᠋ᠠᠭᠤᠯᠢ ᠬᠠᠮᠲᠤᠷᠠᠨ ᠬᠥᠳᠡᠯᠬᠦ ᠲᠣᠭᠲᠠᠴᠠ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠦᠵᠡᠭᠦᠯᠭᠡ ᠵᠢᠨ ᠲᠣᠭᠲᠠᠴᠠ ᠵᠢ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃




     《ᠲᠥᠰᠦᠯ》᠎ᠳᠤ ᠬᠢᠨᠠᠨ ᠵᠢᠯᠣᠭᠣᠳᠬᠤ ᠠᠷᠭ᠎ᠠ ᠬᠡᠯᠪᠡᠷᠢ ᠵᠢ ᠲᠣᠭᠲᠠᠭ᠋ᠠᠪᠠ᠃ ᠨᠢᠭᠡ᠎ᠳᠤ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠬᠢᠨᠠᠨ ᠵᠢᠯᠣᠭᠣᠳᠴᠤ ᠦᠨᠡᠯᠡᠬᠦ ᠪᠠ ᠰᠤᠷᠭ᠋ᠠᠭᠤᠯᠢ ᠪᠠᠢ᠌ᠴᠠᠭ᠋ᠠᠭᠴᠢ ᠪᠠᠢ᠌ᠩᠭᠤ ᠬᠢᠨᠠᠨ ᠵᠢᠯᠣᠭᠣᠳᠬᠤ ᠵᠢ 《ᠲᠥᠰᠦᠯ》᠎ᠳᠤ ᠣᠷᠣᠭᠤᠯᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌   ᠭᠦᠢ᠍ᠴᠡᠳᠭᠡᠬᠦ ᠵᠢ ᠰᠢᠪᠠᠳᠠᠭᠤᠯᠵᠤ᠂ ᠤᠯᠤᠰ᠎ᠤᠨ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃ ᠡᠭᠦᠨ᠎ᠤ ᠬᠠᠮᠲᠤ᠂ 《ᠬᠣᠶᠠᠷ᠎ᠢ ᠬᠥᠩᠭᠡᠷᠡᠭᠦᠯᠬᠦ》 ᠠᠵᠢᠯ᠎ᠢ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠬᠢᠨᠠᠨ ᠵᠢᠯᠣᠭᠣᠳᠬᠤ᠎ᠳᠤ ᠣᠷᠣᠭᠤᠯᠬᠤ ᠵᠢᠨ ᠬᠠᠮᠲᠤ ᠡᠯ᠎ᠡ ᠱᠠᠲᠤᠨ᠎ᠤ ᠡᠯ᠎ᠡ ᠲᠥᠷᠥᠯ᠎ᠤᠨ ᠬᠠᠷᠢᠭᠤᠴᠠᠯᠭ᠋ᠠᠲᠤ ᠰᠤᠷᠭ᠋ᠠᠭᠤᠯᠢ ᠪᠠᠢ᠌ᠴᠠᠭ᠋ᠠᠭᠴᠢ ᠵᠢᠨ ᠠᠵᠢᠯ᠎ᠤᠨ ᠡᠳᠦᠷ ᠲᠤᠲᠤᠮ᠎ᠤᠨ ᠬᠢᠨᠠᠨ ᠵᠢᠯᠣᠭᠣᠳᠬᠤ ᠴᠢᠬᠤᠯᠠ ᠠᠭᠤᠯᠭ᠎ᠠ ᠪᠣᠯᠭ᠋ᠠᠨ᠎ᠠ᠃ ᠬᠣᠶᠠᠷ᠎ᠲᠤ᠂ ᠰᠤᠷᠭ᠋ᠠᠭᠤᠯᠢ ᠵᠢᠨ ᠳᠠᠰᠬᠠᠯ᠎ᠤᠨ ᠵᠢᠷᠤᠭ ᠲᠥᠯᠥᠪᠯᠡᠭᠡ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠴᠢ ᠬᠢᠴᠢᠶᠡᠯ ᠲᠥᠷᠥᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠦᠷ᠎ᠡ ᠪᠥᠲᠦᠮᠵᠢ ᠵᠢ ᠪᠠᠭ᠋ᠠᠰᠬᠠᠬᠤ ᠪᠠ ᠬᠡᠯᠪᠡᠷᠢ ᠵᠢ᠎ᠨᠢ ᠥᠭᠡᠷᠡᠲᠦᠭᠦᠯᠦᠭᠰᠡᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ᠎ᠢ ᠪᠠᠲᠤᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《ᠳᠥᠷᠪᠡ ᠥᠬᠡᠶ ᠬᠣᠶᠠᠷ ᠰᠢᠭᠤᠳ》᠂ ᠰᠣᠯᠪᠢᠴᠠᠭᠤᠯᠤᠨ ᠬᠢᠨᠠᠨ ᠵᠢᠯᠣᠭᠣᠳᠬᠤ ᠵᠡᠷᠭᠡ ᠠᠷᠭ᠎ᠠ ᠮᠠᠶᠢᠭ᠎ᠢ ᠠᠪᠴᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠪᠠᠢ᠌ᠴᠠᠭ᠋ᠠᠭᠴᠢ ᠵᠢ ᠵᠣᠬᠢᠶᠠᠨ ᠪᠠᠢ᠌ᠭᠤᠯᠵᠤ ᠡᠭᠦᠷᠭᠡ ᠬᠦᠨᠳᠦ᠂ ᠵᠠᠭ᠋ᠠᠯᠳᠤᠯᠭ᠎ᠠ ᠣᠯᠠᠨ᠂ ᠠᠵᠢᠯ ᠠᠨᠠᠶ ᠬᠣᠰᠢᠭᠤ ᠰᠢᠶᠠᠨ᠎ᠢ ᠲᠤᠬᠠᠶ ᠵᠢᠨ ᠭᠠᠵᠠᠷ᠎ᠲᠤ᠎ᠨᠢ ᠰᠢᠪᠠᠳᠠᠭᠤᠯᠤᠨ ᠪᠠᠢ᠌ᠴᠠᠭ᠋ᠠᠨ᠎ᠠ᠃ ᠭᠤᠷᠪᠠ᠎ᠳᠤ᠂ ᠲᠤᠷᠰᠢᠯᠲᠠ ᠵᠢᠨ ᠠᠵᠢᠯ᠎ᠢ ᠰᠢᠪᠠᠳᠠᠭᠤᠯᠤᠨ ᠵᠢᠯᠣᠭᠣᠳᠴᠤ᠂ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ᠂ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠢ ᠪᠠᠭ᠋ᠠᠰᠬᠠᠬᠤ ᠵᠢ ᠰᠢᠪᠠᠳᠠᠭᠤᠯᠤᠨ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠵᠢᠨ ᠳᠣᠲᠣᠨ᠎ᠠ ᠭᠠᠳᠠᠨᠠᠬᠢ ᠡᠬᠢ ᠪᠠᠶᠠᠯᠢᠭ᠎ᠢ ᠵᠦᠶ ᠵᠣᠬᠢᠰᠲᠠᠶ ᠠᠰᠢᠭᠯᠠᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠠᠭᠤᠯᠭ᠎ᠠ ᠵᠢ ᠪᠠᠶᠠᠯᠢᠭᠵᠢᠭᠤᠯᠬᠤ ᠵᠢ ᠰᠢᠪᠠᠳᠠᠭᠤᠯᠤᠨ ᠵᠢᠯᠣᠭᠣᠳᠴᠤ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠪᠠᠲᠤᠯᠠᠭ᠋ᠠᠨ᠎ᠤ ᠲᠦᠷᠢᠮ᠎ᠢ ᠲᠡᠭᠦᠯᠳᠡᠷᠵᠢᠭᠦᠯᠦᠨ᠎ᠡ᠃ ᠳᠥᠷᠪᠡ᠎ᠳᠤ᠂ ᠵᠠᠷᠯᠠᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠪᠠᠶ᠋ᠢᠭᠤᠯᠵᠤ᠂ ᠢᠯᠡᠴᠢᠯᠡᠨ ᠮᠡᠳᠡᠭᠦᠯᠦᠭᠰᠡᠨ ᠠᠰᠠᠭᠤᠳᠠᠯ ᠣᠯᠠᠨ᠂ ᠠᠰᠠᠭᠤᠳᠠᠯ᠎ᠢ ᠴᠡᠭᠴᠡᠯᠡᠨ ᠥᠭᠡᠷᠡᠴᠢᠯᠡᠭᠰᠡᠨ᠎ᠨᠢ ᠬᠦᠴᠦᠨ ᠥᠬᠡᠶ᠂ ᠠᠵᠢᠯ ᠥᠯᠥ ᠬᠢᠬᠦ᠂ ᠤᠳᠠᠭ᠋ᠠᠨ ᠬᠢᠬᠦ ᠪᠠ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠭᠠᠵᠠᠷ ᠣᠷᠣᠨ᠂ ᠰᠤᠷᠭ᠋ᠠᠭᠤᠯᠢ ᠪᠠ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠳᠤ ᠵᠠᠷᠯᠠᠨ ᠮᠡᠳᠡᠭᠳᠡᠬᠦ ᠬᠡᠯᠪᠡᠷᠢ᠎ᠪᠠᠷ ᠳᠠᠮᠵᠢᠭᠤᠯᠤᠨ ᠭᠣᠣᠯᠳᠠᠯᠭ᠋ᠠᠲᠠᠢ ᠰᠢᠪᠠᠳᠠᠭᠤᠯᠤᠨ ᠰᠢᠢ᠍ᠳᠪᠦᠷᠢᠯᠡᠬᠦ ᠵᠢᠨ ᠬᠠᠮᠲᠤ ᠬᠣᠯᠪᠤᠭᠳᠠᠬᠤ ᠪᠠᠶ᠋ᠢᠳᠠᠯ᠎ᠢ ᠡᠯ᠎ᠡ ᠭᠠᠵᠠᠷ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠮᠡᠳᠡᠭᠳᠡᠵᠦ᠂ ᠰᠤᠷᠭ᠋ᠠᠭᠤᠯᠢ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠤᠷᠭ᠋ᠠᠭᠤᠯᠢ ᠵᠢᠨ ᠠᠵᠢᠯ᠎ᠤᠨ ᠬᠢᠷᠢ ᠪᠦᠲᠦᠮᠵᠢ ᠪᠠ   ᠵᠢᠯ᠎ᠤᠨ ᠬᠢᠨᠠᠨ ᠰᠢᠯᠭ᠋ᠠᠯᠲᠠ᠎ᠲᠠᠢ ᠬᠣᠯᠪᠤᠭᠳᠠᠭᠤᠯᠤᠨ᠎ᠠ᠃ ᠣᠯᠠᠨᠲᠠ ᠮᠡᠳᠡᠭᠳᠡᠭᠰᠡᠨ ᠴᠣ᠌ ᠭᠣᠣᠯᠳᠠᠯᠭ᠋ᠠᠲᠠᠢ ᠰᠢᠪᠠᠳᠠᠭᠤᠯᠤᠨ ᠰᠢᠢ᠍ᠳᠪᠦᠷᠢᠯᠡᠬᠦ ᠠᠰᠠᠭᠤᠳᠠᠯ᠎ᠢ ᠬᠦᠴᠦᠲᠡᠢ ᠴᠡᠭᠴᠡᠯᠡᠨ ᠥᠭᠡᠷᠡᠴᠢᠯᠡᠭᠰᠡᠨ ᠥᠬᠡᠶ ᠪᠣᠯ 《ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠴᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ》 ᠵᠢᠨ ᠲᠣᠭᠲᠠᠭ᠋ᠠᠯ ᠶᠣᠰᠤ᠎ᠪᠠᠷ ᠬᠣᠯᠪᠤᠭᠳᠠᠬᠤ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠨ᠎ᠡ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠤ 《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ᠎ᠨᠢ ᠰᠤᠷᠭ᠋ᠠᠭᠤᠯᠢ ᠪᠠ ᠬᠡᠷ᠎ᠤᠨ ᠠᠬᠠᠮᠠᠳ᠎ᠤᠨ ᠥᠷᠭᠡᠨ ᠳᠡᠯᠭᠡᠷ ᠰᠠᠶ᠋ᠢᠨ ᠦᠨᠡᠯᠡᠯᠲᠡ ᠵᠢ ᠤᠯᠪᠠ
ᠥᠪᠥᠷ ᠮᠣᠩᠭᠣᠯ᠎ᠤᠨ ᠣᠷᠳᠣᠰ ᠬᠣᠲᠠ ᠬᠡᠯᠪᠡᠷᠢ᠎ᠪᠠᠨ ᠥᠭᠡᠷᠡᠲᠦᠭᠦᠯᠦᠭᠰᠡᠨ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠪᠡ
ᠬᠠᠶ᠋ᠢᠷ᠎ᠠ ᠬᠠᠯᠠᠮᠵᠢ᠎ᠪᠠᠷ ᠬᠣᠯᠪᠤᠯᠳᠤᠵᠤ ᠬᠠᠯᠠᠭᠤᠨ ᠳᠤᠯᠠᠭ᠋ᠠᠨ᠎ᠢ ᠬᠡᠷ᠎ᠲᠤ᠎ᠨᠢ ᠬᠦᠷᠭᠡᠨᠡᠮ — ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠰᠤᠷᠤᠭᠴᠢᠳ᠎ᠲᠤ ᠬᠥᠳᠡᠯᠦᠯᠴᠡᠵᠦ ᠪᠣᠶ! ᠵᠢᠭ᠋ᠠᠬᠤ ᠮᠠᠲ᠋ᠧᠷᠢᠶᠠᠯ᠎ᠢ ᠰᠢᠤᠳᠠᠨ ᠵᠶ᠋ᠠᠷ ᠢᠯᠡᠭᠡᠵᠦ᠂ ᠪᠠᠶ᠋ᠢᠷᠢ ᠵᠢᠨ ᠬᠡᠷ᠎ᠢ ᠴᠡᠪᠡᠷᠯᠡᠪᠡ ᠁
ᠦᠬᠠᠶ ᠬᠣᠲᠠ᠄ ᠣᠯᠠᠨ ᠲᠠᠯ᠎ᠠ᠎ᠪᠠᠷ ᠬᠦᠴᠦᠯᠡᠵᠦ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠠᠬᠢᠨ ᠳᠡᠭᠡᠭᠰᠢᠯᠡᠭᠦᠯᠵᠦ ᠳᠠᠬᠢᠨ ᠲᠠᠰ ᠳᠡᠪᠰᠢᠭᠦᠯᠬᠦ ᠵᠢ ᠠᠬᠢᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠠᠩᠬᠠᠷᠤᠯ ᠬᠠᠨᠳᠤᠭᠤᠯᠬᠤ᠎ᠨᠢ — ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠬᠠᠷᠢᠯᠴᠠᠨ ᠰᠣᠨᠢᠷᠬᠠᠵᠤ ᠬᠠᠷᠢᠯᠴᠠᠨ ᠰᠤᠷᠤᠯᠴᠠᠬᠤ ᠠᠬᠤᠢ ᠲᠠᠯᠠᠪᠠᠢ ᠵᠢᠨ ᠬᠤᠷᠠᠯ ᠬᠤᠷᠠᠯᠳᠤᠪᠠ
 
             蒙ICP备05000248号