ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠤ 《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ᠎ᠨᠢ ᠰᠤᠷᠭ᠋ᠠᠭᠤᠯᠢ ᠪᠠ ᠬᠡᠷ᠎ᠤᠨ ᠠᠬᠠᠮᠠᠳ᠎ᠤᠨ ᠥᠷᠭᠡᠨ ᠳᠡᠯᠭᠡᠷ ᠰᠠᠶ᠋ᠢᠨ ᠦᠨᠡᠯᠡᠯᠲᠡ ᠵᠢ ᠤᠯᠪᠠ
ᠨᠡᠶ᠋ᠢᠲᠡᠯᠡᠭᠰᠡᠨ ᠴᠠᠭ᠄ 2022-04-27


     《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ



     《ᠬᠣᠶᠠᠷ᠎ᠢ ᠬᠥᠡᠭᠭᠡᠷᠡᠭᠦᠯᠬᠦ》 ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠵᠤ᠂ ᠰᠤᠷᠤᠭᠴᠢᠳ᠎ᠤᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠰᠤᠷᠭ᠋ᠠᠭᠤᠯᠢ᠂ ᠰᠣᠷᠣᠭᠴᠢ᠂ ᠬᠡᠷ᠎ᠤᠨ ᠠᠬᠠᠮᠠᠳ᠎ᠢ ᠬᠠᠪᠰᠤᠷᠤᠨ ᠪᠣᠳᠠᠲᠠᠶ ᠬᠦᠴᠢᠷᠳᠡᠯ᠎ᠢ ᠰᠢᠢ᠍ᠳᠪᠦᠷᠢᠯᠡᠵᠦ᠂ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠬᠤ ᠵᠢᠨ ᠲᠥᠯᠦᠭᠡ᠂ ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ ᠬᠢᠭᠡᠳ ᠵᠢᠦᠶᠤᠸᠠᠨ ᠲᠣᠭᠣᠷᠢᠭ᠎ᠤᠨ ᠱᠠ ᠾᠧ ᠭᠤᠷᠪᠠᠳᠤᠭ᠋ᠠᠷ ᠪᠠᠭ᠎ᠠ ᠰᠤᠷᠭ᠋ᠠᠭᠤᠯᠢ 《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ᠎ᠢ ᠥᠷᠨᠢᠭᠦᠯᠪᠡ᠃


        ᠵᠢᠭ᠋ᠠᠨ ᠰᠤᠷᠭ᠋ᠠᠯᠲᠠ



     4 ᠶᠡᠬᠡ ᠲᠥᠷᠥᠯ ᠪᠠ ᠤᠷᠠᠯᠢᠭ᠎ᠤᠨ ᠲᠤᠰᠬᠠᠶ ᠮᠡᠷᠭᠡᠵᠢᠯ᠎ᠤᠨ18 ᠣᠨᠴᠠᠯᠢᠭᠲᠤ ᠬᠢᠴᠢᠶᠡᠯ
     《ᠨᠢᠭᠡ ᠲᠣᠭᠣᠷᠢᠭ ᠨᠢᠭᠡ ᠰᠤᠷᠭ᠋ᠠᠭᠤᠯᠢ ᠨᠢᠭᠡ ᠨᠠᠷᠠᠲᠤ ᠲᠡᠮᠳᠡᠭᠲᠦ》 ᠵᠢᠨ ᠵᠠᠷᠴᠢᠮ ᠶᠣᠰᠤ᠎ᠪᠠᠷ ᠣᠶ᠋ᠢᠷ᠎ᠠ᠎ᠳᠤ ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠠᠴᠠ ᠵᠢᠷᠭᠤᠭ᠋ᠠᠨ ᠶᠡᠬᠡ ᠵᠢᠭ᠋ᠠᠬᠤ ᠵᠢ ᠰᠤᠳᠤᠯᠬᠤ ᠲᠥᠪ᠎ᠤᠨ ᠪᠠᠭᠰᠢ ᠵᠢ ᠲᠣᠮᠢᠯᠠᠵᠤ᠂ ᠵᠢᠦᠶᠤᠸᠠᠨ ᠲᠣᠭᠣᠷᠢᠭ᠎ᠤᠨ ᠱᠠ ᠾᠧ ᠭᠤᠷᠪᠠᠳᠤᠭ᠋ᠠᠷ ᠪᠠᠭ᠎ᠠ ᠰᠤᠷᠭ᠋ᠠᠭᠤᠯᠢ᠎ᠳᠤ ᠬᠦᠷᠴᠦ 《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠥᠷᠨᠢᠭᠦᠯᠵᠦ᠂ 《ᠨᠡᠶ᠋ᠢᠭᠡᠮ᠂ ᠬᠡᠷ ᠪᠦᠯᠢ᠂ ᠰᠤᠷᠭ᠋ᠠᠭᠤᠯᠢ᠂ ᠪᠠᠭ᠋ᠠᠴᠤᠳ᠎ᠤᠨ ᠣᠷᠳᠣᠨ᠂ ᠰᠣᠷᠣᠭᠴᠢ》 ᠲᠠᠪᠤ ᠵᠢ ᠨᠢᠭᠡ ᠴᠣᠭᠴᠠᠵᠢᠭᠤᠯᠤᠭᠰᠠᠨ ᠬᠥᠮᠦᠨ᠎ᠢ ᠬᠥᠮᠦᠵᠢᠭᠦᠯᠬᠦ ᠵᠠᠭᠪᠤᠷ᠎ᠢ ᠬᠦᠴᠦᠯᠡᠨ ᠠᠬᠢᠭᠤᠯᠪᠠ᠃ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠶᠠᠪᠤᠴᠠ᠎ᠳᠤ ᠪᠠᠭᠰᠢ ᠨᠠᠷ ᠲᠤᠰᠬᠠᠶ ᠮᠡᠷᠭᠡᠵᠢᠯ᠎ᠤᠨ ᠣᠨᠴᠠᠯᠢᠭ ᠵᠶ᠋ᠠᠨ ᠪᠠᠳᠠᠷᠠᠭᠤᠯᠵᠤ᠂ ᠰᠤᠷᠤᠭᠴᠢᠳ᠎ᠤᠨ ᠵᠠᠩ ᠴᠢᠨᠠᠷ ᠪᠠ ᠣᠨᠴᠠᠯᠢᠭ᠎ᠲᠠᠢ ᠤᠶᠠᠯᠳᠤᠭᠤᠯᠤᠨ ᠨᠠᠷᠢᠨ ᠨᠢᠮᠪᠠᠶ ᠬᠠᠪᠰᠤᠷᠤᠨ ᠵᠢᠯᠣᠭᠣᠳᠴᠤ᠂ ᠰᠤᠷᠤᠭᠴᠢᠳ ᠪᠠᠭᠰᠢ᠎ᠲᠠᠢ᠎ᠪᠠᠨ ᠢᠳᠡᠪᠬᠢᠲᠡᠶ ᠬᠠᠮᠵᠢᠯᠴᠠᠵᠤ᠂ ᠵᠢᠭ᠋ᠠᠨ ᠰᠤᠷᠭ᠋ᠠᠯᠲᠠ ᠵᠢᠨ ᠠᠭᠤᠷ ᠠᠮᠢᠰᠬᠤᠯ ᠭᠦᠨ ᠵᠤᠵᠠᠭ᠋ᠠᠨ ᠪᠠᠶ᠋ᠢᠪᠠ᠃
      ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠨᠢ ᠵᠢᠦᠶᠤᠸᠠᠨ ᠲᠣᠭᠣᠷᠢᠭ᠎ᠤᠨ ᠱᠠ ᠾᠧ ᠭᠤᠷᠪᠠᠳᠤᠭ᠋ᠠᠷ ᠪᠠᠭ᠎ᠠ ᠰᠤᠷᠭ᠋ᠠᠭᠤᠯᠢ᠎ᠲᠠᠢ ᠬᠠᠮᠲᠤ᠎ᠪᠠᠷ 4 ᠶᠡᠬᠡ ᠲᠥᠷᠥᠯ ᠪᠠ ᠤᠷᠠᠯᠢᠭ᠎ᠤᠨ ᠲᠤᠰᠬᠠᠶ ᠮᠡᠷᠭᠡᠵᠢᠯ᠎ᠤᠨ 18 ᠣᠨᠴᠠᠯᠢᠭᠲᠤ ᠬᠢᠴᠢᠶᠡᠯ᠎ᠢ ᠨᠡᠭᠡᠭᠡᠵᠦ᠂ 700 ᠰᠢᠬᠠᠮ ᠰᠣᠷᠣᠭᠴᠢ ᠵᠢ ᠬᠥᠮᠦᠵᠢᠭᠦᠯᠵᠦ᠂ ᠶᠠᠩᠴᠢᠨ ᠬᠥᠭᠵᠢᠮ᠂ ᠶᠠᠲᠤᠭ᠎ᠠ᠂ ᠮᠣᠷᠢᠨ ᠬᠤᠭᠤᠷ᠂ ᠬᠣᠶᠠᠷ ᠤᠲᠠᠰᠤᠲᠤ ᠬᠤᠭᠤᠷ᠂ ᠫᠢᠫᠠ᠂ ᠡᠯᠧᠺᠲᠷᠣᠨ ᠬᠥᠭᠵᠢᠮᠳᠡᠭᠦᠷ᠂ ᠬᠤᠯᠤᠰ᠂ ᠲᠷᠦ᠋ᠮᠫᠧᠲ᠂ ᠬᠡᠯᠡᠨ᠎ᠤ ᠲᠣᠭᠯᠠᠯᠲᠠ᠂ ᠪᠥᠵᠢᠭ᠂ ᠶᠠᠷᠢᠬᠤ ᠤᠷ᠎ᠠ᠂᠎ᠪᠠᠷ ᠵᠢᠷᠤᠭ᠂ ᠤᠶᠠᠵᠤ ᠪᠤᠳᠤᠬᠤ᠂ ᠬᠢᠲᠠᠳ ᠵᠢᠷᠤᠭ᠂ ᠬᠡᠦᠬᠡᠳ᠎ᠤᠨ ᠵᠢᠷᠤᠭ᠂ ᠸᠠᠭ᠋ᠠᠷ᠎ᠤᠨ ᠰᠢᠪᠠᠷ᠂ ᠴᠠᠭ᠋ᠠᠰᠤᠨ ᠬᠠᠶ᠋ᠢᠴᠢᠯᠠᠮᠠᠯ᠂ ᠫᠷᠤᠭ᠌ᠷᠠᠮ ᠨᠠᠶ᠋ᠢᠷᠠᠭᠤᠯᠬᠤ᠂ ᠮᠠᠰᠢᠨ ᠬᠥᠮᠦᠨ᠂ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠬᠥᠯ ᠪᠥᠮᠪᠥᠭᠡ ᠵᠡᠷᠭᠡ ᠪᠥᠯᠬᠦᠮ᠎ᠤᠨ 25 ᠬᠢᠴᠢᠶᠡᠯ᠎ᠢ ᠲᠣᠬᠢᠷᠠᠭᠤᠯᠵᠠᠶ᠃ ᠬᠢᠴᠢᠶᠡᠯ᠎ᠤᠨ ᠳᠠᠷᠠᠭ᠋ᠠᠬᠢ ᠴᠢᠨᠠᠷᠯᠢᠭ ᠦᠢ᠍ᠯᠡᠴᠢᠯᠡᠭᠡ᠎ᠨᠢ ᠰᠤᠷᠤᠭᠴᠢᠳ᠎ᠲᠤ ᠥᠪᠡᠷ᠎ᠤᠨ ᠳᠤᠷ᠎ᠠ ᠰᠣᠨᠢᠷᠬᠠᠯ ᠵᠶ᠋ᠠᠨ ᠠᠭᠤᠳᠠᠯᠬᠤ ᠲᠠᠪᠴᠠᠩ᠎ᠢ ᠪᠠᠢ᠌ᠭᠤᠯᠤᠨ ᠥᠭᠴᠦ᠂ ᠬᠡᠦᠬᠡᠳ᠎ᠢ ᠦᠢ᠍ᠯᠡᠳᠦᠯᠭᠡ᠎ᠠᠴᠠ ᠬᠠᠷᠠᠭ᠎ᠠ᠎ᠪᠠᠨ ᠥᠷᠭᠡᠳᠭᠡᠵᠦ᠂ ᠢᠲᠡᠭᠡᠯ ᠵᠣᠷᠢᠭ ᠵᠶ᠋ᠠᠨ ᠬᠥᠪᠴᠢᠯᠡᠬᠦ᠎ᠳᠤ ᠬᠥᠲᠦᠯᠪᠡ᠃



      ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ 《ᠳᠥᠷᠪᠡ ᠪᠠᠢ᠌ᠬᠤ》 ᠰᠤᠷᠭ᠋ᠠᠭᠤᠯᠢ

      ᠵᠢᠨ ᠭᠠᠳᠠᠨᠠᠬᠢ ᠰᠤᠷᠭ᠋ᠠᠨ ᠬᠥᠮᠦᠵᠢᠯ᠎ᠢ ᠪᠠᠷᠢᠮᠲᠠᠯᠠᠪᠠ
      ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠤ᠎ᠬᠢᠨ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢᠲᠤ ᠵᠠᠷᠴᠢᠮ᠎ᠢ ᠪᠠᠷᠢᠮᠲᠠᠯᠠᠵᠤ᠂ ᠮᠡᠳᠡᠯᠭᠡ ᠵᠢ ᠥᠷᠭᠡᠳᠬᠡᠬᠦ᠂ ᠬᠠᠶ᠋ᠢᠷ᠎ᠠ ᠰᠡᠳᠬᠢᠯᠭᠡ ᠵᠢ ᠬᠥᠮᠦᠵᠢᠭᠦᠯᠬᠦ᠂ ᠦᠢ᠍ᠯᠡᠳᠦᠯᠭᠡ ᠵᠢᠨ ᠳᠠᠪᠲᠠᠯᠲᠠ ᠪᠠ ᠪᠡᠶᠡᠴᠢᠯᠡᠨ ᠣᠶ᠋ᠢᠯᠠᠭ᠋ᠠᠬᠤ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠬᠡᠦᠬᠡᠳ᠎ᠲᠤ ᠠᠵᠠ ᠲᠣᠬᠢᠶᠠᠯ ᠪᠠ ᠲᠠᠪᠴᠠᠩ᠎ᠢ ᠬᠠᠩᠭ᠋ᠠᠪᠠ᠃ ᠬᠣᠶ᠋ᠢᠰᠢᠳᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ᠎ᠢ ᠦᠷᠭᠦᠯᠵᠢᠯᠡᠨ ᠠᠬᠢᠭᠤᠯᠵᠤ᠂ ᠴᠢᠨᠠᠷᠯᠢᠭ᠂ ᠦᠷ᠎ᠡ ᠪᠦᠲᠦᠮᠵᠢᠲᠡᠶ᠂ ᠣᠪᠣᠷ ᠰᠠᠢ᠌ᠲᠠᠢ᠂ ᠬᠠᠶ᠋ᠢᠷ᠎ᠠ ᠬᠠᠯᠠᠮᠵᠢᠲᠠᠢ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠢ ᠠᠬᠢᠭᠤᠯᠤᠨ᠎ᠠ᠃




ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠷᠳᠣᠰ ᠬᠣᠲᠠ ᠬᠡᠯᠪᠡᠷᠢ᠎ᠪᠠᠨ ᠥᠭᠡᠷᠡᠲᠦᠭᠦᠯᠦᠭᠰᠡᠨ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠪᠡ
ᠬᠠᠶ᠋ᠢᠷ᠎ᠠ ᠬᠠᠯᠠᠮᠵᠢ᠎ᠪᠠᠷ ᠬᠣᠯᠪᠤᠯᠳᠤᠵᠤ ᠬᠠᠯᠠᠭᠤᠨ ᠳᠤᠯᠠᠭ᠋ᠠᠨ᠎ᠢ ᠬᠡᠷ᠎ᠲᠤ᠎ᠨᠢ ᠬᠦᠷᠭᠡᠨᠡᠮ — ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠰᠤᠷᠤᠭᠴᠢᠳ᠎ᠲᠤ ᠬᠥᠳᠡᠯᠦᠯᠴᠡᠵᠦ ᠪᠣᠶ! ᠵᠢᠭ᠋ᠠᠬᠤ ᠮᠠᠲ᠋ᠧᠷᠢᠶᠠᠯ᠎ᠢ ᠰᠢᠤᠳᠠᠨ ᠵᠶ᠋ᠠᠷ ᠢᠯᠡᠭᠡᠵᠦ᠂ ᠪᠠᠶ᠋ᠢᠷᠢ ᠵᠢᠨ ᠬᠡᠷ᠎ᠢ ᠴᠡᠪᠡᠷᠯᠡᠪᠡ ᠁
ᠦᠬᠠᠶ ᠬᠣᠲᠠ᠄ ᠣᠯᠠᠨ ᠲᠠᠯ᠎ᠠ᠎ᠪᠠᠷ ᠬᠦᠴᠦᠯᠡᠵᠦ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠠᠬᠢᠨ ᠳᠡᠭᠡᠭᠰᠢᠯᠡᠭᠦᠯᠵᠦ ᠳᠠᠬᠢᠨ ᠲᠠᠰ ᠳᠡᠪᠰᠢᠭᠦᠯᠬᠦ ᠵᠢ ᠠᠬᠢᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠠᠩᠬᠠᠷᠤᠯ ᠬᠠᠨᠳᠤᠭᠤᠯᠬᠤ᠎ᠨᠢ — ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠬᠠᠷᠢᠯᠴᠠᠨ ᠰᠣᠨᠢᠷᠬᠠᠵᠤ ᠬᠠᠷᠢᠯᠴᠠᠨ ᠰᠤᠷᠤᠯᠴᠠᠬᠤ ᠠᠬᠤᠢ ᠲᠠᠯᠠᠪᠠᠢ ᠵᠢᠨ ᠬᠤᠷᠠᠯ ᠬᠤᠷᠠᠯᠳᠤᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠠᠩᠬᠠᠷᠤᠯ ᠬᠠᠨᠳᠤᠭᠤᠯᠬᠤ᠎ᠨᠢ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠵᠤ ᠴᠢᠨᠠᠷᠯᠢᠭ ᠬᠥᠭᠵᠢᠭᠦᠯᠬᠦ᠎ᠳᠤ ᠬᠦᠴᠦᠨ ᠨᠡᠮᠡᠷᠢᠯᠡᠨᠡᠮ — ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ ᠬᠥᠳᠡᠭᠡ ᠳᠣᠰᠬᠤᠨ᠎ᠢ ᠬᠥᠭᠵᠢᠭᠦᠯᠦᠨ ᠮᠠᠨᠳᠤᠭᠤᠯᠬᠤ ᠬᠣᠯᠪᠤᠭ᠋ᠠᠯᠠᠨ ᠳᠠᠭ᠋ᠠᠭ᠋ᠠᠴᠢᠯᠠᠵᠤ ᠬᠠᠪᠰᠤᠷᠤᠨ ᠳᠡᠳᠬᠦᠬᠦ ᠲᠣᠰᠬᠤᠨ᠎ᠳᠤ ᠭᠦᠨᠵᠡᠭᠡᠢ᠌ᠷᠡᠵᠦ 《ᠦᠨᠳᠦᠰᠦᠲᠡᠨ᠎ᠤ ᠲᠥᠷᠦ ᠵᠢᠨ ᠪᠣᠳᠤᠯᠭ᠎ᠠ ᠵᠢᠨ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠥᠷᠨᠢᠭᠦᠯᠪᠡ
 
             蒙ICP备05000248号