ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
2022 ᠣᠨ᠎ᠤ ᠥᠪᠡᠷᠲᠡᠭᠡᠨ ᠵᠠᠰᠠᠬᠤ ᠣᠷᠣᠨ᠎ᠤ 《ᠠᠵᠢᠯ ᠣᠯᠭᠣᠯᠲᠠ ᠵᠢᠨ ᠬᠣᠰᠢᠭᠤᠴᠢᠯᠠᠭᠴᠢ》 ᠰᠢᠷᠢᠰ ᠠᠵᠢᠯᠯᠠᠭ᠎ᠠ — ᠳᠡᠭᠡᠳᠦ ᠰᠤᠷᠭ᠋ᠠᠭᠤᠯᠢ ᠰᠠᠯᠪᠤᠷᠢ ᠵᠢᠨ ᠱᠦᠵᠢ ᠨᠠᠷ᠎ᠤᠨ ᠠᠵᠢᠯ ᠣᠯᠭᠣᠯᠲᠠ ᠵᠢᠨ ᠲᠤᠬᠠᠢ ᠶᠠᠷᠢᠶ᠎ᠠ ᠵᠢᠩᠬᠢᠨᠢ᠎ᠪᠠᠷ ᠡᠬᠢᠯᠡᠪᠡ
ᠨᠡᠶ᠋ᠢᠲᠡᠯᠡᠭᠰᠡᠨ ᠴᠠᠭ᠄ 2022-04-06


      ᠤᠶᠤᠲᠠᠳ᠎ᠤᠨ ᠠᠵᠢᠯ ᠣᠯᠵᠤ ᠦᠢ᠍ᠯᠡᠰ ᠪᠣᠰᠬᠠᠬᠤ ᠵᠢ ᠵᠢᠯᠣᠭᠣᠳᠬᠤ ᠠᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠤᠯᠠᠮ ᠨᠢᠭᠡ ᠠᠯᠬᠤᠮ ᠠᠬᠢᠭᠤᠯᠵᠤ᠂ ᠲᠡᠭᠦᠰᠦᠭᠰᠡᠳ᠎ᠤᠨ ᠴᠢᠨᠠᠷᠯᠢᠭ ᠠᠵᠢᠯ ᠣᠯᠵᠤ ᠦᠢ᠍ᠯᠡᠰ ᠪᠣᠰᠬᠠᠬᠤ ᠵᠢ ᠭᠦᠢ᠍ᠴᠡᠳ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠭᠰᠡᠨ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠵᠢᠯ ᠣᠯᠭᠣᠯᠲᠠ ᠵᠢᠨ ᠬᠣᠰᠢᠭᠤᠴᠢᠯᠠᠭᠴᠢ》 ᠰᠢᠷᠢᠰ ᠠᠵᠢᠯᠯᠠᠭ᠎ᠠ— ᠳᠡᠭᠡᠳᠦ ᠰᠤᠷᠭ᠋ᠠᠭᠤᠯᠢ ᠰᠠᠯᠪᠤᠷᠢ ᠵᠢᠨ ᠱᠦᠵᠢ ᠨᠠᠷ᠎ᠤᠨ ᠠᠵᠢᠯ ᠣᠯᠭᠣᠯᠲᠠ ᠵᠢᠨ ᠲᠤᠬᠠᠶ ᠲᠤᠰᠬᠠᠶ ᠰᠡᠳᠦᠪᠲᠦ ᠰᠢᠭᠤᠳ ᠨᠡᠪᠲᠡᠷᠡᠭᠦᠯᠭᠡ ᠡᠬᠢᠯᠡᠪᠡ᠃ ᠨᠢᠭᠡᠳᠦᠭᠡᠷ ᠬᠤᠭᠤᠴᠠᠭ᠋ᠠᠨ᠎ᠤ ᠲᠠᠢ᠌ᠯᠤᠨ ᠬᠢᠭᠴᠢ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠺᠣᠮᠫᠢᠦ᠋ᠲ᠋ᠧᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠳᠡᠳ᠋ ᠵᠠᠬᠢᠷᠤᠯ ᠱᠠ ᠵᠢᠨ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠤᠮᠠᠷᠠᠲᠤ ᠬᠢᠯᠢ ᠵᠢᠨ ᠠᠵᠢᠯ ᠣᠯᠭᠣᠯᠲᠠ ᠵᠢᠨ ᠰᠦᠯᠵᠢᠶ᠎ᠡ》 ᠵᠢᠨ ᠰᠢᠭᠤᠳ ᠨᠡᠪᠲᠡᠷᠡᠭᠦᠯᠬᠦ ᠲᠠᠪᠴᠠᠩ ᠵᠶ᠋ᠠᠷ ᠳᠡᠮᠵᠢᠨ 《ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠠᠷᠭ᠎ᠠ ᠪᠣᠳᠣᠯᠭ᠎ᠠ ᠵᠢ ᠨᠠᠷᠢᠯᠢᠭ ᠣᠨᠣᠴᠠᠲᠠᠶ ᠬᠡᠷᠡᠭᠵᠢᠭᠦᠯᠵᠦ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠴᠢᠷᠮᠠᠶ᠋ᠢᠨ ᠳᠡᠭᠡᠭᠰᠢᠯᠡᠭᠦᠯᠰᠦᠭᠡᠢ》 ᠭᠡᠬᠦ ᠰᠡᠳᠦᠪ ᠵᠶ᠋ᠠᠷ ᠲᠠᠶ᠋ᠢᠯᠤᠮᠵᠢ ᠬᠢᠵᠦ᠂ ᠮᠠᠨ᠎ᠤ ᠣᠷᠣᠨ᠎ᠤ ᠡᠯ᠎ᠡ ᠳᠡᠭᠡᠳᠦ ᠰᠤᠷᠭ᠋ᠠᠭᠤᠯᠢ ᠵᠢᠨ ᠠᠵᠢᠯ ᠣᠯᠭᠣᠵᠤ ᠦᠢ᠍ᠯᠡᠰ ᠪᠣᠰᠬᠠᠬᠤ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠵᠢᠴᠢ ᠰᠠᠯᠠᠭ᠎ᠠ ᠮᠥᠴᠢᠷ᠎ᠤᠨ ᠠᠵᠢᠯᠲᠠᠨ᠂ ᠳᠡᠭᠡᠳᠦ ᠰᠤᠷᠭ᠋ᠠᠭᠤᠯᠢ ᠰᠠᠯᠪᠤᠷᠢ ᠵᠢᠨ ᠤᠳᠤᠷᠢᠳᠬᠤ ᠪᠠᠭ᠎ᠤᠨ ᠬᠡᠰᠢᠭᠦᠨ᠂ ᠪᠥᠬᠥ ᠲᠡᠭᠦᠰᠬᠦ ᠠᠩᠭᠢ ᠵᠢᠨ ᠡᠷᠬᠢᠯᠡᠭᠴᠢ᠂ ᠬᠠᠪᠰᠤᠷᠤᠨ ᠵᠢᠯᠣᠭᠣᠳᠣᠭᠴᠢ 4600 ᠭᠠᠷᠤᠶ ᠬᠥᠮᠦᠨ ᠰᠢᠭᠤᠳ ᠨᠡᠪᠲᠡᠷᠡᠭᠦᠯᠭᠡ ᠵᠢ ᠰᠣᠨᠢᠷᠬᠠᠪᠠ᠃



      ᠱᠠ ᠵᠢᠨ᠎ᠠᠴᠠ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠺᠣᠮᠫᠢᠦ᠋ᠲ᠋ᠧᠷ᠎ᠤᠨ ᠳᠡᠭᠡᠳᠦ ᠰᠤᠷᠭ᠋ᠠᠭᠤᠯᠢ ᠵᠢᠨ ᠠᠵᠢᠯ ᠣᠯᠭᠣᠵᠤ ᠦᠢ᠍ᠯᠡᠰ ᠪᠣᠰᠬᠠᠬᠤ ᠦᠢ᠍ᠯᠡᠳᠦᠯᠭᠡ ᠵᠢᠨ ᠲᠤᠷᠰᠢᠯᠭ᠎ᠠ᠎ᠲᠠᠢ ᠤᠶᠠᠯᠳᠤᠭᠤᠯᠵᠤ᠂ ᠲᠤᠰ ᠲᠤᠰ ᠬᠠᠮᠤᠭ᠎ᠤᠨ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠳᠣᠪᠣᠶ᠋ᠢᠯᠭ᠋ᠠᠵᠤ᠂ ᠠᠷᠭ᠎ᠠ ᠪᠣᠳᠣᠯᠭ᠎ᠠ ᠵᠢ ᠨᠠᠷᠢᠯᠢᠭ ᠣᠨᠣᠴᠠᠲᠠᠶ ᠬᠡᠷᠡᠭᠵᠢᠭᠦᠯᠬᠦ ᠵᠢ ᠳᠣᠪᠣᠶ᠋ᠢᠯᠭ᠋ᠠᠵᠤ᠂ ᠲᠥᠷᠥᠯ ᠬᠤᠪᠢᠶᠠᠨ ᠵᠢᠯᠣᠭᠣᠳᠬᠤ ᠵᠢ ᠳᠣᠪᠣᠶ᠋ᠢᠯᠭ᠋ᠠᠵᠤ᠂ ᠠᠴᠢᠶᠠᠯᠠᠪᠤᠷᠢ ᠵᠢᠨ ᠰᠢᠨ᠎ᠡ ᠵᠢ ᠡᠭᠦᠳᠬᠦ ᠳᠥᠷᠪᠡᠨ ᠴᠢᠭᠯᠡᠯ᠎ᠢ ᠳᠣᠪᠣᠶ᠋ᠢᠯᠭ᠋ᠠᠵᠤ᠂ ᠰᠤᠷᠤᠭᠴᠢ ᠡᠯᠰᠡᠵᠦ ᠠᠵᠢᠯ ᠣᠯᠭᠣᠬᠤ᠎ᠪᠠᠷ ᠬᠣᠯᠪᠣᠭ᠋ᠠᠯᠠᠨ ᠬᠥᠳᠡᠯᠦᠯᠴᠡᠬᠦ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠬᠦ᠂ ᠪᠥᠬᠥ ᠶᠠᠪᠤᠴᠠ ᠵᠢ ᠮᠥᠷᠳᠡᠬᠦ᠂ ᠲᠠᠪᠴᠠᠩ ᠪᠠᠶ᠋ᠢᠭᠤᠯᠬᠤ ᠵᠡᠷᠭᠡ ᠳᠥᠷᠪᠡᠨ ᠠᠷᠭ᠎ᠠ ᠬᠡᠮᠵᠢᠶ᠎ᠡ ᠵᠢ ᠠᠪᠴᠤ᠂ ᠰᠤᠷᠤᠭᠴᠢᠳ᠎ᠤᠨ ᠠᠵᠢᠯ ᠣᠯᠭᠣᠯᠲᠠ ᠵᠢᠨ ᠳᠠᠪᠠᠭᠤᠯᠢᠭ᠎ᠢ ᠳᠡᠭᠡᠭᠰᠢᠯᠡᠭᠦᠯᠬᠦ᠂ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ᠂ ᠠᠵᠢᠯ ᠣᠯᠭᠣᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠠᠵᠢᠯ ᠣᠯᠭᠣᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢ ᠪᠥᠬᠦ ᠬᠦᠴᠦᠨ ᠵᠶ᠋ᠡᠷ ᠵᠶ᠋ᠡᠨ ᠪᠠᠲᠤᠯᠠᠬᠤ ᠵᠡᠷᠭᠡ ᠳᠥᠷᠪᠡᠨ ᠬᠠᠷᠠᠯᠲᠠ ᠵᠢᠨ ᠲᠤᠬᠠᠢ ᠰᠠᠨᠠᠯ ᠵᠶ᠋ᠠᠨ ᠰᠣᠯᠢᠯᠴᠠᠪᠠ᠃ ᠠᠵᠢᠯ ᠣᠯᠭᠣᠬᠤ ᠭᠤᠤᠯ ᠠᠷᠭ᠎ᠠ ᠵᠠᠮ᠎ᠢ ᠨᠡᠪᠲᠡᠷᠡᠭᠦᠯᠬᠦ᠂ ᠠᠵᠢᠯ ᠣᠯᠭᠣᠬᠤ ᠮᠡᠳᠡᠭᠡ ᠵᠠᠩᠭᠢ ᠵᠢ ᠨᠠᠷᠢᠯᠢᠭ ᠣᠨᠣᠴᠠᠲᠠᠢ ᠬᠦᠷᠭᠡᠬᠦ᠂ ᠠᠵᠢᠯ ᠣᠯᠭᠣᠬᠤ ᠵᠢ ᠬᠥᠲᠥᠯᠥᠨ ᠵᠢᠯᠣᠭᠣᠳᠬᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ᠂ ᠠᠵᠢᠯ ᠣᠯᠭᠣᠬᠤ ᠵᠢ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨ ᠭᠦᠢ᠍ᠴᠡᠳ ᠲᠡᠭᠦᠯᠳᠡᠷᠵᠢᠭᠦᠯᠬᠦ᠂ ᠠᠵᠢᠯ ᠣᠯᠭᠣᠬᠤ ᠲᠣᠭ᠎ᠠ ᠪᠠᠷᠢᠮᠲᠠ ᠵᠢ ᠲᠥᠷᠥᠯ ᠬᠤᠪᠢᠶᠠᠨ ᠪᠦᠷᠢᠳᠬᠡᠬᠦ᠂ ᠠᠵᠢᠯ ᠣᠯᠭᠣᠬᠤ ᠪᠠᠶ᠋ᠢᠳᠠᠯ᠎ᠢ ᠵᠠᠳᠠᠯᠤᠨ ᠰᠤᠳᠤᠯᠵᠤ ᠮᠠᠭ᠋ᠠᠳᠯᠠᠬᠤ᠂ ᠠᠵᠢᠯ ᠣᠯᠭᠣᠬᠤ ᠴᠢᠨᠠᠷ ᠴᠢᠨᠰᠠᠭ᠎ᠠ ᠵᠢ ᠮᠥᠷᠳᠡᠵᠦ ᠬᠠᠷᠢᠭᠤ ᠰᠤᠷᠪᠤᠯᠵᠢᠯᠠᠬᠤ᠂ ᠠᠵᠢᠯ ᠮᠡᠷᠭᠡᠵᠢᠯ᠎ᠤᠨ ᠠᠮᠢᠳᠤᠷᠠᠬᠤᠢ ᠵᠢᠨ ᠲᠥᠯᠥᠪᠵᠢᠭᠦᠯᠭᠡ ᠵᠢᠨ ᠬᠥᠮᠦᠵᠢᠯ᠎ᠢ ᠥᠷᠨᠢᠭᠦᠯᠬᠦ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠨ ᠠᠵᠢᠯᠯᠠᠬᠤ ᠲᠠᠪᠴᠠᠩ᠎ᠢ ᠪᠠᠶ᠋ᠢᠭᠤᠯᠬᠤ᠂ ᠠᠵᠢᠯ ᠣᠯᠭᠣᠬᠤ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠥᠷᠭᠡᠳᠬᠡᠬᠦ᠂ ᠰᠢᠨᠵᠢᠯᠡᠭᠡᠨ᠎ᠤ ᠰᠠᠯᠠᠭ᠋ᠠᠨ᠎ᠤ ᠤᠷᠤᠯᠳᠤᠭ᠋ᠠᠨ᠎ᠤ ᠬᠥᠲᠥᠯᠥᠨ ᠳᠠᠭ᠋ᠠᠭᠤᠯᠬᠤ ᠴᠢᠳᠠᠮᠵᠢ ᠵᠢ ᠴᠢᠩᠭ᠋ᠠᠷᠠᠭᠤᠯᠬᠤ᠂ ᠭᠡᠷ ᠪᠦᠯᠢ ᠪᠠ ᠰᠤᠷᠭ᠋ᠠᠭᠤᠯᠢ ᠬᠠᠮᠲᠤᠷᠠᠨ ᠬᠥᠳᠡᠯᠦᠯᠴᠡᠬᠦ ᠦᠢ᠍ᠯᠡᠳᠦᠯ᠎ᠢ ᠪᠠᠳᠠᠷᠠᠭᠤᠯᠬᠤ ᠲᠠᠯ᠎ᠠ᠎ᠪᠠᠷ ᠪᠥᠬᠥ ᠣᠷᠣᠨ᠎ᠤ ᠠᠵᠢᠯ ᠣᠯᠭᠣᠵᠤ ᠦᠢ᠍ᠯᠡᠰ ᠪᠣᠰᠬᠠᠬᠤ ᠠᠵᠢᠯᠲᠠᠳ᠎ᠲᠠᠢ ᠣᠯᠠᠨ ᠲᠠᠯ᠎ᠠ᠎ᠠᠴᠠ ᠰᠠᠨᠠᠯ ᠵᠶ᠋ᠠᠨ ᠰᠣᠯᠢᠯᠴᠠᠪᠠ᠃




      ᠳᠠᠷᠠᠭ᠎ᠠ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠦᠷᠭᠦᠯᠵᠢᠯᠡᠨ 《ᠲᠤᠰᠬᠠᠶ᠋ᠢᠵᠢᠭᠤᠯᠬᠤ᠂ ᠪᠥᠬᠥ ᠶᠠᠪᠤᠴᠠᠵᠢᠭᠤᠯᠬᠤ᠂ ᠨᠠᠷᠢᠯᠢᠬ᠍ᠵᠢᠭᠤᠯᠬᠤ》 ᠪᠠᠷᠢᠮᠵᠢᠶ᠎ᠠ ᠵᠢ ᠪᠠᠷᠢᠮᠲᠠᠯᠠᠵᠤ᠂ ᠠᠵᠢᠯ ᠣᠯᠭᠣᠵᠤ ᠦᠢ᠍ᠯᠡᠰ ᠪᠣᠰᠬᠠᠬᠤ ᠠᠵᠢᠯ᠎ᠤᠨ 《ᠨᠢᠭᠡᠳᠦᠭᠡᠷ ᠤᠳᠤᠷᠢᠳᠤᠯᠭ᠎ᠠ》 ᠵᠢᠨ ᠢᠨᠵᠧᠨᠧᠷᠢᠩ᠎ᠢ ᠡᠷᠡᠰ ᠨᠠᠢ᠌ᠳᠠᠪᠤᠷᠢᠵᠢᠭᠤᠯᠵᠤ᠂ ᠠᠵᠢᠯ ᠣᠯᠭᠣᠵᠤ ᠳᠡᠶ᠋ᠢᠯᠬᠦ᠂ ᠰᠠᠶ᠋ᠢᠨ ᠠᠵᠢᠯ ᠣᠯᠭᠣᠬᠤ ᠪᠠ ᠵᠠᠬ᠎ᠠ ᠳᠡᠯᠭᠡᠭᠦᠷ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠡᠭᠡᠳᠦ ᠰᠤᠷᠭ᠋ᠠᠭᠤᠯᠢ ᠵᠢ ᠵᠢᠯᠣᠭᠣᠳᠤᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠲᠣᠬᠢᠷᠠᠭᠤᠯᠤᠯᠲᠠ᠂ ᠰᠣᠷᠣᠭᠴᠢ ᠡᠯᠰᠡᠬᠦ ᠬᠡᠪᠴᠢᠶ᠎ᠡ᠂ ᠴᠢᠳᠠᠪᠤᠷᠢᠲᠠᠨ᠎ᠢ ᠬᠥᠮᠦᠵᠢᠭᠦᠯᠬᠦ ᠠᠷᠭ᠎ᠠ ᠬᠡᠯᠪᠡᠷᠢ ᠪᠠ ᠴᠢᠭᠯᠡᠯ᠎ᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠵᠤ᠂ ᠰᠣᠷᠣᠭᠴᠢ ᠡᠯᠰᠡᠬᠦ᠂ ᠬᠥᠮᠦᠵᠢᠭᠦᠯᠬᠦ᠂ ᠠᠵᠢᠯ ᠣᠯᠭᠣᠬᠤ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠵᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠭᠦᠯᠬᠦ ᠵᠢ ᠠᠬᠢᠭᠤᠯᠤᠨ᠎ᠠ᠃ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠨᠡᠶ᠋ᠢᠲᠡᠯᠡᠯ》᠂ 《ᠤᠮᠠᠷᠠᠲᠤ ᠬᠢᠯᠢ ᠵᠢᠨ ᠠᠵᠢᠯ ᠣᠯᠭᠣᠯᠲᠠ ᠵᠢᠨ ᠰᠦᠯᠵᠢᠶ᠎ᠡ》 ᠵᠢᠨ ᠨᠠᠷᠠᠲᠤ ᠲᠡᠮᠳᠡᠭᠲᠦ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠨᠡᠶ᠋ᠢᠭᠡᠮᠴᠢᠯᠡᠭᠰᠡᠨ ᠠᠵᠢᠯ ᠣᠯᠭᠣᠯᠲᠠ ᠵᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠠᠵᠢᠯ ᠣᠯᠭᠣᠯᠲᠠ ᠵᠢᠨ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠷᠣᠨ᠎ᠤ ᠳᠣᠲᠣᠷ᠎ᠠ ᠭᠠᠳᠠᠨᠠᠬᠢ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠢᠯᠡᠷᠡᠭᠦᠯᠵᠦ᠂ ᠠᠵᠢᠯᠲᠠᠨ ᠡᠯᠰᠡᠬᠦ ᠬᠤᠷᠠᠯ᠎ᠤᠨ ᠤᠳᠠᠭ᠎ᠠ ᠪᠠ ᠴᠢᠨᠠᠷ ᠴᠢᠨᠰᠠᠭ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠲᠡᠭᠦᠰᠦᠭᠰᠡᠳ᠎ᠢ ᠬᠥᠲᠥᠯᠥᠨ ᠵᠢᠯᠣᠭᠣᠳᠴᠤ ᠳᠤᠮᠳᠠ ᠵᠢᠵᠢᠭ ᠠᠵᠤ ᠠᠬᠤᠶ᠋ᠢᠯᠠᠯ᠎ᠳᠤ ᠠᠵᠢᠯ ᠣᠯᠭᠣᠬᠤ ᠪᠠ ᠠᠮᠢᠳᠤᠯᠢᠭ ᠵᠶ᠋ᠠᠷ ᠠᠵᠢᠯ ᠣᠯᠭᠣᠬᠤ᠂ ᠰᠢᠨ᠎ᠡ ᠵᠢ ᠡᠭᠦᠳᠦᠨ ᠦᠢ᠍ᠯᠡᠰ ᠪᠣᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠵᠢ ᠠᠬᠢᠭᠤᠯᠤᠨ᠎ᠠ᠃




ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ᠄ 《ᠬᠣᠶᠠᠷ᠎ᠢ ᠬᠥᠩᠭᠡᠷᠡᠭᠦᠯᠬᠦ》 ᠵᠢ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ 《ᠨᠢᠭᠡᠳᠦᠭᠡᠷ ᠢᠨᠵᠧᠨᠧᠷᠢᠩ》 ᠪᠣᠯᠭ᠋ᠠᠪᠠ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠪᠤᠭᠤᠲᠤ ᠬᠣᠲᠠ ᠵᠢᠨ ᠪᠠᠭ᠋ᠠᠴᠤᠳ᠎ᠤᠨ ᠣᠷᠳᠣᠨ᠎ᠤ 《ᠬᠠᠮᠲᠤ ᠵᠢᠨ ᠬᠣᠭᠣᠯᠠ ᠮᠠᠶᠢᠭᠲᠤ》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠷᠦᠯ ᠵᠦᠢ᠍ᠯ᠎ᠨᠢ ᠰᠤᠷᠭ᠋ᠠᠭᠤᠯᠢ ᠪᠠ ᠬᠡᠷ᠎ᠤᠨ ᠠᠬᠠᠮᠠᠳ᠎ᠤᠨ ᠥᠷᠭᠡᠨ ᠳᠡᠯᠭᠡᠷ ᠰᠠᠶ᠋ᠢᠨ ᠦᠨᠡᠯᠡᠯᠲᠡ ᠵᠢ ᠤᠯᠪᠠ
ᠥᠪᠥᠷ ᠮᠣᠩᠭᠣᠯ᠎ᠤᠨ ᠣᠷᠳᠣᠰ ᠬᠣᠲᠠ ᠬᠡᠯᠪᠡᠷᠢ᠎ᠪᠠᠨ ᠥᠭᠡᠷᠡᠲᠦᠭᠦᠯᠦᠭᠰᠡᠨ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠪᠡ
ᠬᠠᠶ᠋ᠢᠷ᠎ᠠ ᠬᠠᠯᠠᠮᠵᠢ᠎ᠪᠠᠷ ᠬᠣᠯᠪᠤᠯᠳᠤᠵᠤ ᠬᠠᠯᠠᠭᠤᠨ ᠳᠤᠯᠠᠭ᠋ᠠᠨ᠎ᠢ ᠬᠡᠷ᠎ᠲᠤ᠎ᠨᠢ ᠬᠦᠷᠭᠡᠨᠡᠮ — ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠰᠤᠷᠤᠭᠴᠢᠳ᠎ᠲᠤ ᠬᠥᠳᠡᠯᠦᠯᠴᠡᠵᠦ ᠪᠣᠶ! ᠵᠢᠭ᠋ᠠᠬᠤ ᠮᠠᠲ᠋ᠧᠷᠢᠶᠠᠯ᠎ᠢ ᠰᠢᠤᠳᠠᠨ ᠵᠶ᠋ᠠᠷ ᠢᠯᠡᠭᠡᠵᠦ᠂ ᠪᠠᠶ᠋ᠢᠷᠢ ᠵᠢᠨ ᠬᠡᠷ᠎ᠢ ᠴᠡᠪᠡᠷᠯᠡᠪᠡ ᠁
ᠦᠬᠠᠶ ᠬᠣᠲᠠ᠄ ᠣᠯᠠᠨ ᠲᠠᠯ᠎ᠠ᠎ᠪᠠᠷ ᠬᠦᠴᠦᠯᠡᠵᠦ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠠᠬᠢᠨ ᠳᠡᠭᠡᠭᠰᠢᠯᠡᠭᠦᠯᠵᠦ ᠳᠠᠬᠢᠨ ᠲᠠᠰ ᠳᠡᠪᠰᠢᠭᠦᠯᠬᠦ ᠵᠢ ᠠᠬᠢᠭᠤᠯᠪᠠ
 
             蒙ICP备05000248号