ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠬᠢᠵᠢᠭ᠎ᠤᠨ ᠪᠠᠶ᠋ᠢᠳᠠᠯ᠎ᠤᠨ ᠬᠠᠯᠳᠠᠪᠤᠷᠢᠯᠠᠬᠤ ᠵᠠᠮ᠎ᠢ ᠪᠦᠲᠦᠮᠵᠢᠲᠡᠶ ᠲᠡᠰᠦᠯᠵᠦ᠂ ᠰᠤᠷᠤᠭᠴᠢᠳ᠎ᠤᠨ ᠰᠦᠯᠵᠢᠶᠡᠨ᠎ᠳᠠᠬᠢ ᠰᠤᠷᠤᠯᠴᠠᠯᠭ᠎ᠠ ᠪᠠ ᠠᠮᠢᠳᠤᠷᠠᠯ᠎ᠤᠨ ᠴᠢᠨᠠᠷ ᠴᠢᠨᠰᠠᠭ᠎ᠠ ᠵᠢ ᠦᠨᠡᠨ ᠬᠦ᠌ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠪᠠᠭᠰᠢ ᠨᠠᠷ᠎ᠢ ᠵᠣᠬᠢᠶᠠᠨ ᠪᠠᠶ᠋ᠢᠭᠤᠯᠵᠤ ᠰᠤᠷᠤᠭᠴᠢᠳ᠎ᠤᠨ ᠵᠢᠭ᠋ᠠᠬᠤ ᠮᠠᠲ᠋ᠧᠷᠢᠶᠠᠯ᠂ ᠠᠮᠢᠳᠤᠷᠠᠯ᠎ᠤᠨ ᠬᠡᠷᠡᠭᠰᠡᠯ᠎ᠢ ᠰᠢᠤᠳᠠᠨ ᠵᠶ᠋ᠠᠷ ᠢᠯᠡᠭᠡᠵᠦ᠂ ᠬᠢᠴᠢᠶᠡᠯ᠎ᠤᠨ ᠬᠡᠷ᠂ ᠪᠠᠶ᠋ᠢᠷᠢ ᠵᠢᠨ ᠬᠡᠷ᠎ᠢ ᠴᠡᠪᠡᠷᠯᠡᠪᠡ᠃ ᠬᠠᠮᠲᠤ᠎ᠳᠤ᠎ᠪᠠᠨ ᠪᠣᠳᠠᠲᠠᠶ ᠠᠭᠤᠯᠭ᠎ᠠ ᠵᠢ ᠦᠵᠡᠵᠡᠭᠡᠶ᠎ᠡ!
ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ
ᠰᠤᠷᠤᠭᠴᠢᠳ ᠰᠤᠷᠭ᠋ᠠᠭᠤᠯᠢ᠎ᠠᠴᠠ᠎ᠪᠠᠨ ᠰᠠᠯᠤᠭᠰᠠᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠬᠠᠪᠰᠤᠷᠤᠨ ᠵᠢᠯᠣᠭᠣᠳᠣᠭᠴᠢ᠂ ᠠᠩᠭᠢ ᠵᠢᠨ ᠡᠷᠬᠢᠯᠡᠭᠴᠢ᠂ ᠪᠠᠶ᠋ᠢᠷᠢ ᠵᠢᠨ ᠬᠠᠮᠢᠶᠠᠷᠤᠭᠴᠢ ᠨᠠᠷ ᠲᠤᠰᠬᠠᠶ ᠲᠦᠷᠭᠡᠨ ᠬᠦᠷᠭᠡᠭᠴᠢ ᠪᠣᠯᠵᠣ᠂ ᠰᠤᠷᠤᠭᠴᠢᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠡᠮᠳᠡᠭᠯᠡᠵᠦ᠂ ᠨᠡᠶ᠋ᠢᠲᠡ ᠵᠢᠨ ᠪᠠᠶ᠋ᠢᠷᠢ᠎ᠲᠠᠢ ᠬᠠᠷᠢᠴᠠᠵᠤ ᠵᠣᠯᠭ᠋ᠠᠭᠤᠯᠬᠤ᠂ ᠰᠤᠷᠤᠭᠴᠢ ᠵᠢᠨ ᠪᠡᠶ᠎ᠡ ᠵᠢᠨ ᠭᠠᠷᠤᠯ᠎ᠢ ᠬᠢᠨᠠᠨ ᠪᠠᠢ᠌ᠴᠠᠭ᠋ᠠᠬᠤ᠂ ᠠᠷᠢᠭᠤᠳᠬᠠᠬᠤ᠂ ᠮᠡᠳᠡᠭᠡ ᠵᠠᠩᠭᠢ ᠵᠢ ᠳᠠᠩᠰᠠᠯᠠᠬᠤ᠂ ᠡᠳ᠋ ᠪᠣᠳᠠᠰ᠎ᠢ ᠡᠷᠢᠵᠦ ᠲᠢᠭᠯᠡᠭᠦᠯᠦᠨ᠂ ᠰᠢᠤᠳᠠᠨ ᠵᠶ᠋ᠠᠷ ᠢᠯᠡᠭᠡᠬᠦ ᠁ ᠰᠢᠷᠢᠰ ᠠᠵᠢᠯᠯᠠᠭ᠎ᠠ ᠵᠢ ᠥᠷᠨᠢᠭᠦᠯᠦᠭᠰᠡᠨ᠎ᠤ ᠳᠠᠷᠠᠭ᠎ᠠ᠂ ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ᠎ᠳᠤ ᠬᠡᠷᠡᠭᠰᠡᠬᠦ ᠡᠳ᠋ ᠪᠣᠳᠠᠰ᠎ᠢ ᠰᠤᠷᠤᠭᠴᠢᠳ᠎ᠲᠤ ᠵᠠᠯᠭ᠋ᠠᠭ᠎ᠠ᠎ᠪᠠᠷ ᠰᠢᠤᠳᠠᠨ ᠵᠶ᠋ᠠᠷ ᠢᠯᠡᠭᠡᠪᠡ᠃
ᠪᠠᠶ᠋ᠢᠷᠢ ᠵᠢᠨ ᠬᠠᠮᠢᠶᠠᠷᠤᠭᠴᠢᠳ ᠰᠤᠷᠤᠭᠴᠢᠳ᠎ᠤᠨ ᠪᠠᠶ᠋ᠢᠷᠢ ᠵᠢ ᠲᠣᠭᠲᠠᠮᠠᠯ ᠬᠤᠭᠤᠴᠠᠭ᠋ᠠᠲᠠᠢ ᠪᠠᠶ᠋ᠢᠴᠠᠭ᠋ᠠᠵᠤ᠂ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ᠂ ᠰᠤᠷᠤᠭᠴᠢᠳ ᠰᠤᠷᠭ᠋ᠠᠭᠤᠯᠢ᠎ᠳᠤ᠎ᠪᠠᠨ ᠪᠤᠴᠠᠭᠰᠠᠨ᠎ᠤ ᠳᠠᠷᠠᠭ᠎ᠠ ᠬᠣᠯᠪᠤᠭᠳᠠᠬᠤ ᠪᠡᠯᠡᠳᠭᠡᠯ ᠲᠥᠬᠥᠭᠡᠷᠦᠮᠵᠢ ᠵᠢ ᠬᠡᠪ᠎ᠤᠨ ᠶᠣᠰᠤ᠎ᠪᠠᠷ ᠬᠡᠷᠡᠭᠯᠡᠵᠦ ᠪᠣᠯᠬᠤ ᠵᠢ ᠦᠨᠡᠨ ᠬᠦ᠌ ᠪᠠᠲᠤᠯᠠᠪᠠ᠃



ᠥᠪᠥᠷ ᠮᠣᠩᠭ᠍ᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ
ᠰᠤᠷᠭ᠋ᠠᠭᠤᠯᠢ ᠵᠢᠨ ᠪᠤᠭᠤᠲᠤ ᠡᠮᠨᠡᠯᠭᠡ ᠵᠢᠨ ᠳᠡᠭᠡᠳᠦ ᠰᠤᠷᠭ᠋ᠠᠭᠤᠯᠢ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠪᠤᠭᠤᠲᠤ ᠡᠮᠨᠡᠯᠭᠡ ᠵᠢᠨ ᠳᠡᠭᠡᠳᠦ ᠰᠤᠷᠭ᠋ᠠᠭᠤᠯᠢ ᠵᠢᠨ ᠬᠢᠴᠢᠶᠡᠯ ᠬᠥᠮᠦᠵᠢᠯ᠎ᠤᠨ ᠭᠠᠵᠠᠷ᠎ᠠᠴᠠ ᠪᠠᠭᠰᠢ ᠠᠵᠢᠯᠲᠠᠨ᠎ᠢ ᠵᠣᠬᠢᠶᠠᠨ ᠪᠠᠶ᠋ᠢᠭᠤᠯᠤᠨ ᠰᠤᠷᠤᠭᠴᠢᠳ᠎ᠲᠤ ᠵᠢᠭ᠋ᠠᠬᠤ ᠮᠠᠲ᠋ᠧᠷᠢᠶᠠᠯ᠎ᠢ ᠰᠢᠦᠳᠠᠨ ᠵᠶ᠋ᠠᠷ ᠢᠯᠡᠭᠡᠵᠦ᠂ ᠰᠤᠷᠤᠭᠴᠢᠳ ᠭᠡᠷ᠎ᠲᠤ᠎ᠪᠠᠨ ᠰᠤᠷᠤᠯᠴᠠᠬᠤ᠂ ᠳᠠᠪᠲᠠᠬᠤ᠂ ᠬᠡᠷᠡᠭᠯᠡᠬᠦ᠎ᠳᠤ ᠳᠥᠭᠦᠮ ᠦᠵᠡᠭᠦᠯᠪᠡ᠃
ᠣᠳᠣ ᠪᠣᠯᠲᠠᠯ᠎ᠠ᠂ ᠰᠤᠷᠭ᠋ᠠᠭᠤᠯᠢ᠎ᠠᠴᠠ ᠡᠯ᠎ᠡ ᠣᠨ᠎ᠤ ᠡᠯ᠎ᠡ ᠲᠤᠰᠬᠠᠶ ᠮᠡᠷᠭᠡᠵᠢᠯ᠎ᠤᠨ 6722 ᠰᠣᠷᠣᠭᠴᠢ᠎ᠳᠤ 53314 ᠵᠢᠭ᠋ᠠᠬᠤ ᠮᠠᠲ᠋ᠧᠷᠢᠶᠠᠯ᠎ᠢ ᠰᠢᠤᠳᠠᠨ ᠵᠶ᠋ᠠᠷ ᠢᠯᠡᠭᠡᠵᠦ᠂ ᠥᠷᠭᠡᠨ ᠣᠯᠠᠨ ᠪᠠᠭᠰᠢ ᠰᠣᠷᠣᠭᠴᠢ ᠵᠢᠨ ᠰᠠᠶ᠋ᠢᠨ ᠦᠨᠡᠯᠡᠯᠲᠡ ᠵᠢ ᠣᠯᠤᠭᠰᠠᠨ ᠪᠠᠶ᠋ᠢᠨ᠎ᠠ᠃

ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ
ᠦᠢ᠍ᠯᠡᠰ ᠴᠣᠭᠴᠠᠯᠠᠬᠤ ᠳᠡᠭᠡᠳᠦ ᠰᠤᠷᠭ᠋ᠠᠭᠤᠯᠢ
ᠰᠤᠷᠤᠭᠴᠢᠳ᠎ᠤᠨ ᠰᠤᠷᠭ᠋ᠠᠭᠤᠯᠢ᠎ᠳᠤ᠎ᠪᠠᠨ ᠪᠤᠴᠠᠭᠰᠠᠨ᠎ᠤ ᠳᠠᠷᠠᠭ᠋ᠠᠬᠢ ᠪᠠᠶ᠋ᠢᠷᠢ ᠵᠢᠨ ᠠᠷᠢᠭᠤᠨ ᠴᠡᠪᠡᠷ᠎ᠢ ᠪᠠᠲᠤᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠦᠢ᠍ᠯᠡᠰ ᠪᠥᠲᠦᠭᠡᠯ᠎ᠤᠨ ᠳᠡᠭᠡᠳᠦ ᠰᠤᠷᠭ᠋ᠠᠭᠤᠯᠢ᠎ᠠᠴᠠ ᠪᠥᠬᠥ ᠠᠩᠭᠢ ᠵᠢᠨ ᠡᠷᠬᠢᠯᠡᠭᠴᠢ᠂ ᠬᠠᠪᠰᠤᠷᠤᠨ ᠵᠢᠯᠣᠭᠣᠳᠣᠭᠴᠢ ᠵᠢ ᠵᠣᠬᠢᠶᠠᠨ ᠪᠠᠶ᠋ᠢᠭᠤᠯᠵᠤ ᠰᠤᠷᠤᠭᠴᠢᠳ᠎ᠤᠨ ᠪᠠᠶ᠋ᠢᠷᠢ᠎ᠳᠤ ᠣᠴᠢᠵᠤ ᠶᠡᠬᠡ ᠴᠡᠪᠡᠷᠯᠡᠭᠡ ᠬᠢᠪᠡ᠃
ᠴᠡᠪᠡᠷᠯᠡᠬᠦ ᠶᠠᠪᠤᠴᠠ᠎ᠳᠤ ᠪᠠᠭᠰᠢ ᠨᠠᠷ ᠸᠢᠳᠢᠣ᠋᠎ᠪᠠᠷ ᠶᠠᠷᠢᠯᠴᠠᠬᠤ᠂ ᠰᠢᠭᠤᠳ ᠨᠡᠪᠲᠡᠷᠡᠭᠦᠯᠭᠡ ᠵᠡᠷᠭᠡ ᠠᠷᠭ᠎ᠠ ᠬᠡᠯᠪᠡᠷᠢ᠎ᠪᠠᠷ ᠰᠤᠷᠤᠭᠴᠢᠳ᠎ᠲᠠᠢ ᠬᠠᠷᠢᠯᠴᠠᠵᠤ᠂ ᠰᠤᠷᠤᠭᠴᠢᠳ᠎ᠲᠤ ᠴᠡᠪᠡᠷ ᠲᠣᠬᠢᠯᠢᠭ᠂ ᠲᠠᠷᠢ ᠲᠡᠭᠰᠢ᠂ ᠬᠠᠯᠠᠭᠤᠨ ᠳᠤᠯᠠᠭ᠋ᠠᠨ ᠪᠠᠶ᠋ᠢᠷᠢ ᠵᠢ ᠦᠵᠡᠭᠦᠯᠪᠡ᠃ ᠪᠠᠢ᠌ᠷᠢ ᠵᠢ ᠴᠡᠪᠡᠷᠯᠡᠭᠰᠡᠨ᠎ᠤ ᠳᠠᠷᠠᠭ᠎ᠠ ᠪᠢᠴᠢᠭ᠎ᠤᠨ ᠰᠢᠷᠡᠭᠡᠨ ᠳᠡᠭᠡᠷᠡᠬᠢ ᠡᠳ᠋ ᠪᠣᠳᠠᠰ᠎ᠢ ᠲᠡᠷᠢ ᠲᠡᠭᠰᠢ ᠲᠠᠯᠪᠢᠵᠤ᠂ ᠬᠥᠨᠵᠢᠯᠡ ᠳᠡᠪᠢᠰᠬᠡᠷ ᠬᠤᠪᠴᠠᠰᠤ ᠬᠤᠨᠠᠷ᠎ᠢ ᠴᠡᠪᠡᠷ ᠰᠠᠢ᠌ᠬᠠᠨ ᠡᠪᠬᠡᠨ ᠬᠤᠷᠢᠶᠠᠵᠤ᠂ ᠬᠦᠰᠡᠷ ᠭᠠᠵᠠᠷ ᠪᠠ ᠴᠣᠩᠬᠣᠨ ᠲᠠᠶ᠋ᠢᠰᠠ ᠵᠢᠭ᠋ᠠᠬᠠᠨ ᠴᠤ᠌ ᠭ᠋ᠬᠢᠷ ᠥᠬᠡᠶ᠂ ᠪᠠᠭᠰᠢ ᠨᠠᠷ ᠪᠠᠰᠠ ᠨᠢᠮᠭᠡᠨ ᠰᠦᠯᠢᠶᠣᠣ᠎ᠪᠠᠷ ᠪᠢᠴᠢᠭ᠎ᠤᠨ ᠰᠢᠷᠡᠭᠡ ᠪᠠ ᠣᠷᠣ ᠳᠡᠪᠢᠰᠬᠡᠷ ᠳᠡᠭᠡᠷᠡᠬᠢ ᠡᠳ᠋ ᠪᠣᠳᠠᠰ᠎ᠢ ᠨᠠᠷᠢᠨ ᠨᠢᠮᠪᠠᠶ ᠪᠠᠭᠯᠠᠵᠤ᠂ ᠰᠤᠷᠭ᠋ᠠᠭᠤᠯᠢ ᠵᠢᠨ ᠠᠷᠢᠭᠤᠳᠬᠠᠭᠴᠢ ᠪᠠᠶ᠋ᠢᠷᠢ ᠵᠢ ᠪᠥᠬᠥ ᠲᠠᠯ᠎ᠠ᠎ᠪᠠᠷ ᠠᠷᠢᠭᠤᠳᠬᠠᠬᠤ᠎ᠳᠤ ᠳᠦᠭᠦᠮ ᠦᠵᠡᠭᠦᠯᠵᠦ᠂ ᠰᠤᠷᠤᠭᠴᠢᠳ᠎ᠲᠤ ᠠᠮᠤᠷ ᠲᠦᠪᠰᠢᠨ᠂ ᠴᠡᠪᠡᠷ ᠲᠣᠬᠢᠯᠢᠭ ᠪᠠᠶ᠋ᠢᠷᠢ ᠵᠢᠨ ᠣᠷᠴᠢᠨ᠎ᠢ ᠪᠣᠶ ᠪᠣᠯᠭ᠋ᠠᠵᠤ ᠥᠭᠴᠡᠶ᠃




ᠥᠪᠥᠷ ᠮᠣᠩᠭᠣᠯ᠎ᠤᠨ ᠹᠧᠩᠵᠧᠦ ᠠᠵᠢᠯ ᠮᠡᠷᠭᠡᠵᠢᠯ᠎ᠤᠨ ᠳᠡᠭᠡᠳᠦ
ᠰᠤᠷᠭ᠋ᠠᠭᠤᠯᠢ ᠵᠢᠨ ᠬᠥᠬᠡᠬᠣᠲᠠ᠎ᠳᠠᠬᠢ ᠬᠤᠪᠢᠶᠠᠷᠢ ᠰᠤᠷᠭ᠋ᠠᠭᠤᠯᠢ
ᠰᠦᠯᠵᠢᠶᠡᠨ᠎ᠳᠠᠬᠢ ᠵᠢᠭ᠋ᠠᠨ ᠰᠤᠷᠭ᠋ᠠᠯᠲᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠹᠧᠩᠵᠧᠦ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠥᠬᠡᠬᠣᠲᠠ᠎ᠳᠠᠬᠢ ᠬᠤᠪᠢᠶᠠᠷᠢ ᠰᠤᠷᠭ᠋ᠠᠭᠤᠯᠢ ᠥᠳᠲᠡᠷ ᠲᠦᠷᠭᠡᠨ ᠲᠥᠰᠦᠯ ᠲᠣᠭᠲᠠᠭ᠋ᠠᠵᠤ᠂ ᠪᠠᠭᠰᠢ ᠨᠠᠷ᠎ᠢ ᠵᠣᠬᠢᠶᠠᠨ ᠪᠠᠶ᠋ᠢᠭᠤᠯᠵᠤ᠂ ᠲᠦᠷᠭᠡᠨ ᠬᠦᠷᠭᠡᠯᠲᠡ᠎ᠲᠠᠢ ᠬᠠᠷᠢᠯᠴᠠᠵᠤ᠂ ᠰᠤᠷᠤᠭᠴᠢᠳ᠎ᠲᠤ ᠵᠢᠭ᠋ᠠᠬᠤ ᠮᠠᠲ᠋ᠧᠷᠢᠶᠠᠯ᠎ᠢ ᠰᠢᠤᠳᠠᠨ ᠵᠶ᠋ᠠᠷ ᠢᠯᠡᠭᠡᠵᠦ᠂ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠪᠦᠲᠦᠮᠵᠢᠲᠡᠶ ᠪᠠᠲᠤᠯᠠᠪᠠ᠃ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠴᠢᠨᠠᠷ ᠴᠢᠨᠰᠠᠭ᠎ᠠ ᠵᠢ ᠦᠨᠡᠨ ᠬᠦ᠌ ᠳᠡᠭᠡᠭᠰᠢᠯᠡᠭᠦᠯᠵᠦ᠂ ᠰᠤᠷᠤᠭᠴᠢᠳ᠎ᠲᠤ ᠰᠤᠷᠤᠯᠴᠠᠵᠤ ᠠᠮᠢᠳᠤᠷᠠᠬᠤ ᠴᠡᠪᠡᠷ ᠲᠣᠬᠢᠯᠢᠭ ᠣᠷᠴᠢᠨ ᠲᠣᠭᠣᠷᠢᠨ᠎ᠢ ᠬᠠᠩᠭ᠋ᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠣᠷᠢᠭᠯᠠᠯᠲᠠ ᠵᠢᠨ ᠳᠠᠶ᠋ᠢᠯᠠᠯᠳᠤᠭ᠋ᠠᠨ᠎ᠤ ᠡᠷᠡᠭᠦᠯ ᠬᠠᠮᠠᠭ᠋ᠠᠯᠠᠯ᠎ᠤᠨ ᠰᠠᠭᠤᠷᠢ ᠵᠢ ᠪᠡᠬᠢᠵᠢᠭᠦᠯᠬᠦ ᠵᠢᠨ ᠲᠥᠯᠥᠭᠡ᠂ ᠰᠤᠷᠭ᠋ᠠᠭᠤᠯᠢ᠎ᠠᠴᠠ ᠪᠠᠭᠰᠢ ᠨᠠᠷ᠎ᠢ ᠵᠣᠬᠢᠶᠠᠨ ᠪᠠᠶ᠋ᠢᠭᠤᠯᠵᠤ ᠰᠤᠷᠤᠭᠴᠢᠳ᠎ᠤᠨ ᠬᠢᠴᠢᠶᠡᠯ᠎ᠤᠨ ᠬᠡᠷ᠂ ᠪᠠᠶ᠋ᠢᠷᠢ ᠵᠢᠨ ᠬᠡᠷ᠎ᠢ ᠴᠡᠪᠡᠷᠯᠡᠪᠡ᠃ ᠣᠯᠠᠨ᠎ᠤ ᠬᠠᠮᠲᠤ ᠵᠢᠨ ᠴᠢᠷᠮᠠᠶ᠋ᠢᠯᠭ᠎ᠠ᠎ᠪᠠᠷ ᠳᠠᠮᠵᠢᠨ᠂ ᠤᠳᠠᠭ᠋ᠠᠨ ᠲᠠᠯᠪᠢᠭᠰᠠᠨ ᠠᠩᠭᠢ ᠵᠢᠨ ᠭᠡᠷ᠂ ᠪᠠᠢ᠌ᠷᠢ ᠨᠢᠭᠡ ᠯᠡ ᠳᠣᠣᠷ᠎ᠠ ᠲᠠᠷᠢ ᠲᠡᠭᠰᠢ᠂ ᠴᠡᠪᠡᠷ ᠲᠣᠬᠢᠯᠢᠭ ᠪᠣᠯᠵᠠᠢ᠃


