《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ
《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠪᠠ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠵᠢᠨ ᠲᠥᠯᠥᠭᠡ᠂ ᠦᠬᠠᠶ ᠬᠣᠲᠠ ᠵᠢᠨ᠎ᠬᠢᠨ ᠰᠤᠷᠭ᠋ᠠᠭᠤᠯᠢ ᠵᠢᠨ ᠬᠦᠷᠢᠶᠡᠨ᠎ᠤ ᠭᠤᠤᠯ ᠵᠢᠭᠰᠠᠭ᠋ᠠᠯ᠎ᠤᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠲᠦᠷᠢᠮ᠎ᠢ ᠴᠢᠩᠭ᠋ᠠᠳᠬᠠᠬᠤ᠂ ᠦᠢ᠍ᠯᠡᠴᠢᠯᠡᠭᠡ ᠵᠢ ᠴᠢᠩᠭ᠋ᠠᠳᠬᠠᠬᠤ᠂ ᠬᠠᠮᠲᠤᠷᠠᠯᠴᠠᠭ᠎ᠠ ᠵᠢ ᠴᠢᠩᠭ᠋ᠠᠳᠬᠠᠬᠤ᠂ ᠬᠠᠩᠭ᠋ᠠᠯᠭ᠎ᠠ ᠵᠢ ᠴᠢᠩᠭ᠋ᠠᠳᠬᠠᠬᠤ᠂ ᠤᠬᠠᠭᠤᠯᠭ᠎ᠠ ᠵᠢ ᠴᠢᠩᠭ᠋ᠠᠳᠬᠠᠬᠤ》᠎ᠪᠠᠷ ᠳᠠᠮᠵᠢᠭᠤᠯᠤᠨ ᠣᠯᠠᠨ ᠲᠠᠯ᠎ᠠ᠎ᠪᠠᠷ ᠬᠣᠯᠪᠣᠭ᠋ᠠᠯᠠᠨ ᠬᠥᠳᠡᠯᠵᠦ᠂ ᠨᠢᠭᠡ ᠴᠢᠭᠯᠡᠯ ᠵᠶ᠋ᠠᠷ ᠬᠦᠴᠦᠯᠡᠵᠦ᠂ 《ᠲᠠᠪᠤ ᠵᠢ ᠴᠢᠩᠭ᠋ᠠᠳᠬᠠᠬᠤ ᠵᠠᠭᠪᠤᠷ》 ᠵᠶ᠋ᠠᠷ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠠᠬᠢᠨ ᠳᠡᠭᠡᠭᠰᠢᠯᠡᠭᠦᠯᠵᠦ ᠳᠠᠬᠢᠨ ᠲᠠᠰ ᠳᠡᠪᠰᠢᠭᠦᠯᠬᠦ ᠵᠢ ᠠᠬᠢᠭᠤᠯᠪᠠ᠃

ᠦᠬᠠᠶ ᠬᠣᠲᠠ ᠵᠢᠨ ᠬᠠᠢ᠍ᠢ᠍ᠷᠤᠪ᠎ᠤᠨ ᠲᠣᠬᠣᠢ ᠲᠣᠭᠣᠷᠢᠭ᠎ᠤᠨ ᠲᠠᠪᠤᠳᠤᠭ᠋ᠠᠷ
ᠪᠠᠭ᠎ᠠ ᠰᠤᠷᠭ᠋ᠠᠭᠤᠯᠢ ᠮᠠᠰᠢᠨ ᠬᠥᠮᠦᠨ ᠦᠢ᠍ᠯᠡᠳᠬᠦ ᠣᠨᠴᠠᠯᠢᠭᠲᠤ ᠬᠢᠴᠢᠶᠡᠯ ᠥᠷᠨᠢᠭᠦᠯᠪᠡ

ᠦᠬᠠᠶ ᠬᠣᠲᠠ ᠵᠢᠨ ᠬᠠᠢ᠍ᠢ᠍ᠷᠤᠪ᠎ᠤᠨ ᠲᠣᠬᠣᠢ ᠲᠣᠭᠣᠷᠢᠭ᠎ᠤᠨ ᠪᠢᠨ ᠾᠧ
ᠪᠠᠭ᠎ᠠ ᠰᠤᠷᠭ᠋ᠠᠭᠤᠯᠢ 《ᠪᠠᠶᠠᠷ ᠬᠥᠷᠲᠡᠢ ᠬᠢᠴᠢᠶᠡᠯ》᠎ᠢ ᠥᠷᠨᠢᠭᠦᠯᠪᠡ
ᠨᠢᠭᠡ᠎ᠳᠤ᠂ ᠳᠦᠷᠢᠮ᠎ᠢ ᠴᠢᠩᠭ᠋ᠠᠳᠬᠠᠪᠠ᠃ 《ᠦᠬᠠᠶ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠥᠰᠦᠯ》᠎ᠢ ᠲᠣᠭᠲᠠᠭ᠋ᠠᠵᠤ᠂ ᠦᠬᠠᠶ ᠬᠣᠲᠠ ᠵᠢᠨ 37 ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠪᠦᠬᠦᠨ᠎ᠳᠤ 《ᠨᠢᠭᠡ ᠰᠤᠷᠭ᠋ᠠᠭᠤᠯᠢ ᠨᠢᠭᠡ ᠲᠥᠰᠦᠯ》 ᠪᠠ 《5+2》᠎ᠤᠨ ᠱᠠᠭ᠋ᠠᠷᠳᠠᠯᠭ᠎ᠠ ᠶᠣᠰᠤ᠎ᠪᠠᠷ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠠᠵᠢᠯ᠎ᠢ ᠥᠷᠨᠢᠭᠦᠯᠵᠦ᠂ ᠪᠠᠭᠰᠢ ᠨᠠᠷ᠎ᠤᠨ 《ᠤᠶᠠᠨ ᠬᠠᠲᠠᠨ ᠠᠵᠢᠯᠯᠠᠵᠤ ᠠᠮᠠᠷᠠᠬᠤ》 ᠲᠦᠷᠢᠮ᠎ᠢ ᠨᠡᠶ᠋ᠢᠲᠡᠯᠡᠵᠦ᠂ 《ᠬᠣᠶᠠᠷ᠎ᠢ ᠬᠥᠩᠭᠡᠷᠡᠭᠦᠯᠬᠦ》 ᠵᠢ ᠪᠠᠢ᠌ᠩᠭᠤ ᠠᠬᠢᠭᠤᠯᠬᠤ ᠲᠣᠭᠲᠠᠴᠠ ᠵᠢ ᠪᠠᠶ᠋ᠢᠭᠤᠯᠵᠤ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠪᠠᠲᠤᠯᠠᠪᠠ᠃ ᠬᠣᠶᠠᠷ᠎ᠲᠤ᠂ ᠦᠢ᠍ᠯᠡᠴᠢᠯᠡᠭᠡ ᠵᠢ ᠴᠢᠩᠭ᠋ᠠᠳᠬᠠᠪᠠ᠃ 《ᠬᠢᠴᠢᠶᠡᠯ᠎ᠠᠴᠠ ᠡᠮᠦᠨᠡᠬᠢ + ᠬᠢᠴᠢᠶᠡᠯ᠎ᠤᠨ ᠳᠠᠷᠠᠭ᠋ᠠᠬᠢ》 ᠬᠤᠤᠰ ᠳᠣᠭᠲᠠᠭᠰᠠᠨ ᠴᠠᠭ᠎ᠤᠨ ᠦᠢ᠍ᠯᠡᠴᠢᠯᠡᠭᠡ᠎ᠳᠤ ᠰᠢᠨ᠎ᠡ ᠵᠢ ᠡᠭᠦᠳᠦᠨ ᠬᠡᠷᠡᠭᠵᠢᠭᠦᠯᠵᠦ᠂ ᠰᠤᠷᠤᠭᠴᠢᠳ᠎ᠤᠨ ᠰᠠᠶ᠋ᠢᠨ ᠳᠤᠷ᠎ᠠ ᠵᠢᠨ ᠪᠠᠶ᠋ᠢᠬᠤ ᠵᠠᠷᠴᠢᠮ᠎ᠢ ᠦᠨᠳᠦᠰᠦᠯᠡᠨ᠂ 《ᠦᠨᠳᠦᠰᠦᠨ ᠬᠢᠴᠢᠶᠡᠯ + ᠬᠡᠪ ᠪᠣᠯᠪᠠᠰᠤᠷᠠᠯ᠎ᠤᠨ ᠬᠢᠴᠢᠶᠡᠯ》᠎ᠤᠨ 《1 + N》᠂ 《ᠲᠣᠪᠶᠣᠭ ᠮᠠᠶᠢᠭ᠎ᠲᠤ》 ᠬᠢᠴᠢᠶᠡᠯ᠎ᠤᠨ ᠳᠣᠭᠲᠠᠯᠴᠠᠭ᠎ᠠ ᠵᠢ ᠬᠠᠨᠳᠤᠯᠭ᠋ᠠᠲᠠᠢ ᠲᠣᠬᠢᠷᠠᠭᠤᠯᠪᠠ᠃ 《ᠳᠠᠷᠤᠭ᠋ᠠᠰᠤ ᠵᠢ ᠬᠥᠩᠭᠡᠷᠡᠭᠦᠯᠬᠦ》 ᠵᠢᠨ ᠲᠣᠭᠣᠷᠢᠨ᠎ᠳᠤ 《ᠲᠠᠪᠤᠨ ᠰᠢᠨ᠎ᠡ ᠰᠤᠷᠭ᠋ᠠᠭᠤᠯᠢ ᠵᠢᠨ ᠬᠦᠷᠢᠶ᠎ᠡ》 ᠵᠢᠨ ᠪᠠᠶ᠋ᠢᠭᠤᠯᠤᠯᠲᠠ ᠵᠢ ᠥᠷᠨᠢᠭᠦᠯᠵᠦ᠂ 《ᠪᠢᠴᠢᠯ ᠦᠵᠡᠯ ᠰᠠᠨᠠᠭ᠎ᠠ ᠤᠯᠤᠰ ᠲᠥᠷᠥ》᠎ᠪᠠᠷ 《ᠶᠡᠬᠡ ᠶᠣᠰᠣ ᠮᠣᠷᠠᠯ᠎ᠤᠨ ᠬᠥᠮᠦᠵᠢᠯ》᠎ᠢ ᠴᠣᠭᠴᠠᠯᠠᠨ ᠪᠠᠶ᠋ᠢᠭᠤᠯᠵᠤ᠂ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠎ᠤ ᠬᠥᠮᠦᠵᠢᠯ᠂ ᠬᠥᠳᠡᠯᠮᠦᠷᠢ ᠵᠢᠨ ᠬᠥᠮᠦᠵᠢᠯ᠎ᠤᠨ 《ᠵᠢᠷᠭᠤᠭ᠋ᠠᠨ ᠨᠢᠭᠡ》 ᠵᠢᠨ ᠣᠨᠴᠠᠯᠢᠭᠲᠤ ᠨᠡᠷᠡᠲᠦ ᠲᠡᠮᠳᠡᠭᠲᠦ ᠵᠢᠨ ᠪᠠᠶ᠋ᠢᠭᠤᠯᠤᠯᠲᠠ ᠵᠢ ᠠᠬᠢᠭᠤᠯᠵᠤ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠡᠯᠪᠡᠷᠢ ᠪᠠ ᠠᠭᠤᠯᠭ᠎ᠠ ᠵᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ ᠭᠤᠷᠪᠠ᠎ᠳᠤ᠂ ᠬᠠᠮᠲᠤᠷᠠᠯᠴᠠᠭ᠎ᠠ᠎ᠪᠠᠨ ᠴᠢᠩᠭ᠋ᠠᠳᠬᠠᠪᠠ᠃ ᠬᠡᠷ ᠪᠦᠯᠢ ᠪᠠ ᠰᠤᠷᠭ᠋ᠠᠭᠤᠯᠢ ᠵᠢᠨ ᠬᠠᠮᠵᠢᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠳᠠᠷᠤᠭ᠋ᠠᠰᠤ ᠵᠢ ᠬᠥᠩᠭᠡᠷᠡᠭᠦᠯᠬᠦ ᠬᠠᠮᠲᠤ ᠵᠢᠨ ᠲᠠᠨᠢᠯᠲᠠ ᠵᠢ ᠪᠣᠶ ᠪᠣᠯᠭ᠋ᠠᠵᠤ᠂ 《ᠦᠬᠠᠶ ᠬᠣᠲᠠ ᠵᠢᠨ ᠬᠡᠷ᠎ᠤᠨ ᠬᠥᠮᠦᠵᠢᠯ᠎ᠤᠨ ᠬᠡᠷᠡᠭᠵᠢᠭᠦᠯᠬᠦ ᠲᠥᠰᠦᠯ》᠎ᠢ ᠨᠡᠶ᠋ᠢᠲᠡᠯᠡᠵᠦ᠂ ᠬᠡᠷ᠎ᠤᠨ ᠠᠬᠠᠮᠠᠳ᠎ᠤᠨ ᠰᠤᠷᠭ᠋ᠠᠭᠤᠯᠢ ᠵᠢᠨ ᠰᠤᠷᠤᠯᠭ᠎ᠠ ᠵᠢᠨ ᠬᠤᠪᠢ ᠵᠢᠨ ᠲᠦᠷᠢᠮ᠎ᠢ ᠬᠡᠷᠡᠭᠵᠢᠭᠦᠯᠵᠦ᠂ 《ᠬᠡᠷ᠎ᠤᠨ ᠬᠥᠮᠦᠵᠢᠯ᠎ᠢ ᠲᠠᠢ᠌ᠯᠪᠤᠷᠢᠯᠠᠨ ᠤᠬᠠᠭᠤᠯᠬᠤ ᠪᠦᠯᠬᠦᠮ》᠎ᠢ ᠪᠠᠶ᠋ᠢᠭᠤᠯᠵᠤ᠂ ᠬᠡᠷ ᠪᠦᠯᠢ ᠪᠠ ᠰᠤᠷᠭ᠋ᠠᠭᠤᠯᠢ ᠵᠢᠨ ᠬᠠᠮᠲᠤᠷᠠᠯᠴᠠᠭ᠎ᠠ ᠵᠢ ᠨᠠᠩ ᠨᠢᠭᠲᠠᠷᠠᠭᠤᠯᠪᠠ᠃ ᠳᠥᠷᠪᠡ᠎ᠳᠤ᠂ ᠬᠠᠩᠭ᠋ᠠᠯᠭ᠎ᠠ ᠵᠢ ᠴᠢᠩᠭ᠋ᠠᠳᠬᠠᠪᠠ᠃ 《ᠬᠣᠶᠠᠷ᠎ᠢ ᠬᠥᠩᠭᠡᠷᠡᠭᠦᠯᠬᠦ》 ᠣᠭᠲᠠᠷᠭᠤᠢᠲᠠᠬᠢ ᠬᠢᠴᠢᠶᠡᠯ᠎ᠤᠨ ᠲᠠᠩᠬᠢᠮ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠣᠯᠠᠨ ᠡᠰᠢᠲᠦ ᠲᠣᠭ᠋ᠠᠵᠢᠭᠤᠯᠤᠭᠰᠠᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠪᠠᠶ᠋ᠢᠭᠤᠯᠤᠯᠲᠠ ᠪᠣᠯᠤᠨ ᠬᠠᠮᠲᠤ᠎ᠪᠠᠷ ᠭᠥᠷᠳᠡᠬᠦ ᠵᠢ ᠥᠷᠭᠡᠳᠬᠡᠵᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠡᠬᠢ ᠪᠠᠶᠠᠯᠢᠭ ᠬᠢᠭᠡᠳ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠭᠦᠨᠵᠡᠭᠡᠶ ᠠᠭᠤᠰᠬᠠᠬᠤ ᠵᠢ ᠠᠬᠢᠭᠤᠯᠵᠤ᠂ ᠰᠤᠷᠭ᠋ᠠᠭᠤᠯᠢ ᠵᠢᠨ ᠭᠤᠤᠯ ᠵᠢᠭᠰᠠᠭ᠋ᠠᠯ᠎ᠤᠨ ᠭᠠᠵᠠᠷ᠂ ᠭᠤᠤᠯ ᠠᠷᠭ᠎ᠠ ᠵᠠᠮ᠎ᠤᠨ ᠦᠢ᠍ᠯᠡᠳᠦᠯ᠎ᠢ ᠲᠠᠰᠤᠷᠠᠯᠲᠠ ᠥᠬᠡᠶ ᠴᠢᠩᠭ᠋ᠠᠷᠠᠭᠤᠯᠪᠠ᠃ ᠲᠠᠪᠤ᠎ᠳᠤ᠂ ᠤᠬᠠᠭᠤᠯᠭ᠎ᠠ ᠵᠢ ᠴᠢᠩᠭ᠋ᠠᠳᠬᠠᠪᠠ᠃ 1 ᠵᠦᠢ᠍ᠯ᠎ᠤᠨ ᠲᠦᠷᠢᠮ (《ᠬᠣᠶᠠᠷ᠎ᠢ ᠬᠥᠩᠭᠡᠷᠡᠭᠦᠯᠬᠦ》 ᠵᠢᠨ ᠲᠤᠰᠬᠠᠶ ᠮᠡᠳᠡᠭᠡᠯᠡᠯ᠎ᠤᠨ ᠬᠤᠪᠢ ᠬᠤᠷᠠᠮᠳᠤᠭᠤᠯᠬᠤ ᠲᠦᠷᠢᠮ)᠎ᠢ ᠳᠣᠭᠲᠠᠭ᠋ᠠᠬᠤ᠎ᠪᠠᠷ ᠳᠠᠮᠵᠢᠭᠤᠯᠤᠨ᠂ 2 ᠲᠠᠪᠴᠠᠩ (ᠰᠤᠷᠭ᠋ᠠᠨ ᠬᠥᠮᠦᠵᠢᠯ᠎ᠤᠨ ᠶᠠᠮᠤᠨ᠎ᠤ ᠰᠠᠭᠤᠷᠢ ᠰᠤᠷᠭ᠋ᠠᠨ ᠬᠥᠮᠦᠵᠢᠯ᠎ᠤᠨ 《ᠬᠣᠶᠠᠷ᠎ᠢ ᠬᠥᠩᠭᠡᠷᠡᠭᠦᠯᠬᠦ》 ᠠᠵᠢᠯ᠎ᠢ ᠬᠢᠨᠠᠨ ᠰᠢᠯᠭ᠋ᠠᠬᠤ ᠲᠠᠪᠴᠠᠩ᠂ ᠦᠬᠠᠶ ᠬᠣᠲᠠ ᠵᠢᠨ ᠰᠤᠷᠭ᠋ᠠᠨ ᠬᠥᠮᠦᠵᠢᠯ᠎ᠤᠨ ᠳᠣᠪᠴᠢᠶᠠᠨ᠎ᠤ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠬᠠᠮᠢᠶᠠᠷᠤᠯᠲᠠ ᠵᠢᠨ ᠲᠠᠪᠴᠠᠩ)᠎ᠳᠤ ᠲᠦᠰᠢᠭᠯᠡᠵᠦ᠂ 3 ᠵᠦᠢ᠍ᠯ᠎ᠤᠨ ᠲᠣᠭᠲᠠᠴᠠ (《ᠡᠳᠦᠷ᠎ᠤᠨ ᠰᠣᠨᠢᠨ》᠂ 《ᠭᠠᠷᠠᠭ᠎ᠤᠨ ᠰᠣᠨᠢᠨ》᠂ 《ᠬᠠᠭ᠋ᠠᠰ ᠰᠠᠷ᠎ᠠ ᠵᠢᠨ ᠢᠯᠡ ᠨᠡᠢ᠌ᠲᠡᠯᠡᠯ》᠎ᠤᠨ ᠲᠣᠭᠲᠠᠴᠠ) ᠵᠢ ᠬᠡᠷᠡᠭᠯᠡᠵᠦ᠂ 4 ᠲᠠᠰ᠎ᠤᠨ ᠵᠠᠭᠤᠴᠢᠯᠠᠭᠤᠷ (ᠤᠯᠤᠰ᠎ᠤᠨ ᠲᠠᠰ᠂ ᠮᠤᠵᠢ ᠵᠢᠨ ᠲᠠᠰ᠂ ᠬᠣᠲᠠ ᠵᠢᠨ ᠲᠠᠰ᠂ ᠲᠣᠭᠣᠷᠢᠭ᠎ᠤᠨ ᠲᠠᠰ)᠎ᠢ ᠨᠢᠭᠡᠳᠦᠯᠲᠡᠶ ᠲᠥᠯᠥᠪᠯᠡᠨ ᠲᠠᠰᠤᠷᠠᠯᠲᠠ ᠥᠬᠡᠶ ᠮᠡᠳᠡᠭᠡᠯᠡᠵᠦ᠂ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢ ᠲᠣᠳᠣᠷᠬᠠᠶ᠋ᠢᠯᠠᠨ ᠲᠠᠶ᠋ᠢᠯᠪᠤᠷᠢᠯᠠᠬᠤ ᠪᠠ ᠦᠷ᠎ᠡ ᠪᠦᠲᠦᠭᠡᠯ᠎ᠢ ᠳᠡᠯᠭᠡᠨ ᠦᠵᠡᠭᠦᠯᠵᠦ ᠤᠯᠠᠮᠵᠢᠯᠠᠬᠤ ᠬᠢᠷᠢ ᠲᠦᠪᠰᠢᠨ᠎ᠢ ᠲᠠᠰᠤᠷᠠᠯᠲᠠ ᠥᠬᠡᠶ ᠴᠢᠩᠭ᠋ᠠᠷᠠᠭᠤᠯᠵᠤ᠂ 《ᠬᠣᠶᠠᠷ᠎ᠢ ᠬᠥᠩᠭᠡᠷᠡᠭᠦᠯᠬᠦ》 ᠵᠢ ᠪᠥᠬᠥ ᠨᠡᠶ᠋ᠢᠭᠡᠮ ᠵᠶ᠋ᠠᠷ ᠵᠶ᠋ᠠᠨ ᠬᠠᠯᠠᠮᠵᠢᠯᠠᠨ ᠳᠡᠮᠵᠢᠬᠦ ᠠᠭᠤᠷ ᠠᠮᠢᠰᠬᠤᠯ ᠠᠯᠬᠤᠮ ᠠᠯᠬᠤᠮ ᠵᠶ᠋ᠠᠷ ᠭᠦᠨ ᠵᠤᠵᠠᠭ᠋ᠠᠨ ᠪᠣᠯᠪᠠ᠃