ᠰᠢᠷᠭ᠋ᠠᠭᠤ ᠴᠢᠷᠮᠠᠢ᠌ᠯᠭ᠎ᠠ ᠰᠢᠯᠢᠳᠡᠭ ᠪᠥᠲᠦᠭᠡᠯ
ᠴᠠᠭ ᠦᠶ᠎ᠡ ᠵᠢᠨ ᠵᠣᠷᠢᠭ ᠰᠠᠨᠠᠭ᠎ᠠ ᠴᠤᠭ ᠪᠠᠳᠠᠷᠠᠩᠭᠤᠶ
ᠠᠯᠤᠰ᠎ᠤᠨ ᠰᠠᠯᠬᠢ ᠠᠳᠠᠪᠠᠰᠢ ᠬᠦᠴᠦᠲᠡᠢ
ᠠᠶᠠᠯᠠᠯ᠎ᠤᠨ ᠪᠦᠷᠢᠶᠡᠨ᠎ᠤ ᠬᠠᠩᠭᠢᠨᠠᠮ᠎ᠠ ᠳᠠᠭᠤᠨ ᠬᠥᠮᠦᠰ᠎ᠢ ᠤᠷᠮᠠᠰᠢᠭᠤᠯᠤᠨ᠎ᠠ
ᠡᠨᠡ ᠵᠢᠯ᠂ ᠨᠠᠮ᠎ᠤᠨ ᠬᠣᠷᠢᠳᠤᠭ᠋ᠠᠷ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠬᠤ ᠪᠣᠯᠤᠨ᠎ᠠ᠂ ᠬᠤᠪᠢᠰᠤᠯᠲᠠ ᠵᠢᠨ ᠴᠠᠭ ᠪᠢᠳᠡᠨ᠎ᠢ ᠬᠦᠯᠢᠶᠡᠬᠦ ᠦᠭᠡᠢ᠂ ᠬᠥᠭᠵᠢᠯᠲᠡ ᠵᠢᠨ ᠡᠭᠦᠷᠭᠡ ᠬᠦᠨᠳᠦ ᠵᠠᠮ ᠬᠤᠯᠠ᠂ ᠰᠢᠨ᠎ᠡ ᠴᠠᠭ ᠦᠶ᠎ᠡ ᠵᠢᠨ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠥᠳᠲᠡᠷ ᠲᠦᠷᠭᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠪᠣᠯ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠵᠠᠭᠤᠨ ᠵᠢᠯ᠎ᠤᠨ ᠢᠷᠠᠭᠤ ᠠᠯᠳᠠᠷ᠎ᠢ ᠵᠠᠯᠭ᠋ᠠᠮᠵᠢᠯᠠᠵᠤ᠂ ᠴᠠᠭ ᠦᠶ᠎ᠡ ᠵᠢᠨ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠨᠡᠶ᠋ᠢᠲᠡᠯᠡᠯ》᠎ᠨᠢ 《ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠲᠤᠰᠬᠠᠶ ᠪᠤᠯᠤᠩ ᠨᠡᠭᠡᠭᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠠᠭᠰᠢ ᠰᠤᠷᠤᠭᠴᠢᠳ᠎ᠤᠨ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠤᠮᠠᠷᠠᠲᠤ ᠬᠢᠯᠢ᠎ᠪᠠᠨ ᠪᠠᠲᠤ ᠴᠣᠭᠴᠠᠯᠠᠬᠤ》 ᠠᠮᠢᠳᠤᠯᠢᠭ ᠥᠯᠢᠭᠡᠷ᠎ᠢ ᠳᠡᠯᠭᠡᠨ ᠦᠵᠡᠭᠦᠯᠵᠦ᠂ ᠥᠷᠭᠡᠨ ᠣᠯᠠᠨ ᠪᠠᠭᠰᠢ ᠰᠤᠷᠤᠭᠴᠢ ᠵᠢᠨ ᠰᠢᠨ᠎ᠡ ᠰᠢᠯᠭ᠋ᠠᠯᠲᠠ᠎ᠳᠤ ᠣᠷᠣᠯᠴᠠᠬᠤ ᠵᠠᠮ᠎ᠳᠤ᠎ᠪᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠴᠥᠬᠥᠷᠡᠰᠢ ᠥᠬᠡᠶ ᠦᠢ᠍ᠯᠡᠳᠦᠯᠭᠡᠵᠢᠭᠦᠯᠵᠦ᠂ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠲᠠᠰᠤᠷᠠᠯᠲᠠ ᠥᠬᠡᠶ ᠵᠣᠷᠢᠭᠵᠢᠭᠤᠯᠤᠭᠰᠠᠭ᠋ᠠᠷ ᠪᠠᠢ᠌ᠨ᠎ᠠ!
5 ᠳ᠋ᠤᠭ᠋ᠠᠷ ᠰᠠᠷ᠎ᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠤᠬᠠᠭᠤᠯᠬᠤ ᠰᠠᠷ᠎ᠠ ᠪᠣᠯᠤᠨ᠎ᠠ᠂ 5 ᠳ᠋ᠤᠭ᠋ᠠᠷ ᠰᠠᠷ᠎ᠠ ᠵᠢᠨ ᠬᠠᠮᠤᠭ᠎ᠤᠨ ᠰᠡᠭᠦᠯᠴᠢ ᠵᠢᠨ ᠨᠢᠭᠡ ᠭᠠᠷᠠᠭ ᠪᠣᠯ ᠦᠨᠳᠦᠰᠦᠲᠡᠨ᠎ᠤ ᠬᠠᠤᠯᠢ᠎ᠪᠠᠷ ᠵᠠᠰᠠᠬᠤ ᠵᠢ ᠤᠬᠠᠭᠤᠯᠬᠤ ᠭᠠᠷᠠᠭ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠵᠠᠯᠠᠭᠤᠴᠤᠳ ᠪᠠᠭ᠋ᠠᠴᠤᠳ ᠰᠤᠷᠤᠭᠴᠢᠳ᠎ᠢ ᠬᠥᠲᠥᠯᠥᠨ ᠵᠢᠯᠣᠭᠣᠳᠴᠤ ᠵᠥᠪ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ᠂ ᠲᠡᠦᠬᠡ ᠵᠢᠨ ᠦᠵᠡᠯᠲᠡ᠂ ᠰᠣᠶᠣᠯ᠎ᠤᠨ ᠦᠵᠡᠯᠲᠡ᠎ᠲᠠᠢ ᠪᠣᠯᠭ᠋ᠠᠵᠤ᠂ ᠰᠤᠷᠤᠭᠴᠢᠳ᠎ᠢ ᠠᠵᠢᠯᠯᠠᠭ᠋ᠠᠨ᠎ᠤ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠣᠮᠣᠭᠰᠢᠯ ᠵᠶ᠋ᠠᠨ ᠨᠡᠮᠡᠭᠳᠡᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ ᠵᠶ᠋ᠠᠨ ᠪᠠᠳᠠᠷᠠᠭᠤᠯᠵᠤ ᠤᠯᠠᠮᠵᠢᠯᠠᠨ ᠵᠠᠯᠭ᠋ᠠᠮᠵᠢᠯᠠᠭᠤᠯᠬᠤ ᠵᠢᠨ ᠲᠥᠯᠦᠭᠡ᠂ 5 ᠰᠠᠷ᠎ᠠ ᠵᠢᠨ 27᠎ᠤ ᠦᠳᠡ ᠵᠢᠨ ᠡᠮᠦᠨ᠎ᠡ᠂ 《ᠬᠥᠬᠡᠬᠣᠲᠠ ᠵᠢᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ — ᠰᠢᠯᠢ ᠵᠢᠨ ᠡᠮᠦᠨ᠎ᠡ ᠵᠠᠮ᠎ᠤᠨ ᠪᠠᠭ᠎ᠠ ᠰᠤᠷᠭ᠋ᠠᠭᠤᠯᠢ ᠵᠢᠨ ᠭᠤᠤᠯ ᠰᠡᠳᠦᠪᠲᠦ ᠠᠵᠢᠯᠯᠠᠭ᠎ᠠ ᠵᠢᠴᠢ ᠰᠠᠶ᠋ᠢᠬᠠᠨ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠬᠠᠷᠢᠯᠴᠠᠨ ᠰᠣᠨᠢᠷᠬᠠᠵᠤ ᠬᠠᠷᠢᠯᠴᠠᠨ ᠰᠤᠷᠤᠯᠴᠠᠬᠤ ᠠᠬᠤᠢ ᠲᠠᠯᠠᠪᠠᠢ ᠵᠢᠨ ᠬᠤᠷᠠᠯ》 ᠰᠢᠯᠢ ᠵᠢᠨ ᠡᠮᠦᠨ᠎ᠡ ᠵᠠᠮ᠎ᠤᠨ ᠪᠠᠭ᠎ᠠ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ᠎ᠳᠤ ᠶᠠᠪᠤᠭᠳᠠᠪᠠ᠃


ᠮᠠᠨᠳᠤᠬᠤ ᠨᠡᠷᠡᠨ᠎ᠤ ᠲᠤᠶᠠᠭ᠋ᠠᠨ᠎ᠳᠤ ᠰᠢᠯᠢ ᠵᠢᠨ ᠡᠮᠦᠨ᠎ᠡ ᠵᠠᠮ᠎ᠤᠨ ᠪᠠᠭ᠎ᠠ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ 《ᠳᠤᠮᠳᠠᠳᠤ ᠵᠢᠨ ᠦᠨᠳᠦᠰᠦᠲᠡᠨ ᠨᠢᠭᠡᠨ ᠬᠡᠷ᠎ᠤᠨ᠎ᠬᠢᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠬᠦᠰᠡᠯ᠎ᠢ ᠬᠠᠮᠲᠤ᠎ᠪᠠᠷ ᠪᠡᠶᠡᠯᠡᠭᠦᠯᠦᠶ᠎ᠡ》 ᠭᠡᠬᠦ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠭᠤᠤᠯ ᠰᠡᠳᠦᠪᠲᠦ ᠲᠣᠭ ᠮᠠᠨᠳᠤᠭᠤᠯᠬᠤ ᠶᠣᠰᠣᠯᠠᠯ ᠶᠠᠪᠤᠭᠤᠯᠵᠤ᠂ ᠲᠠᠪᠤᠨ ᠣᠳᠣᠲᠤ ᠤᠯᠠᠭ᠋ᠠᠨ ᠲᠣᠭ᠎ᠤᠨ ᠳᠤᠤᠷ᠎ᠠ ᠪᠠᠭᠰᠢ ᠰᠤᠷᠤᠭᠴᠢᠳ ᠨᠡᠶ᠋ᠢᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠬᠠᠮᠲᠤ᠎ᠪᠠᠷ ᠤᠩᠰᠢᠵᠤ᠂ ᠡᠬᠡ ᠣᠷᠣᠨᠴᠢ ᠰᠡᠳᠬᠢᠯᠭᠡ᠂ ᠪᠦᠯᠬᠦᠮᠳᠡᠯ᠎ᠤᠨ ᠤᠬᠠᠮᠰᠠᠷ᠎ᠢ ᠰᠡᠳᠬᠢᠯ᠎ᠤᠨ ᠭᠦᠨ᠎ᠳᠤ᠎ᠪᠠᠨ ᠦᠨᠳᠦᠰᠦᠯᠡᠭᠦᠯᠪᠡ᠃


ᠳᠠᠷᠠᠭ᠎ᠠ᠎ᠨᠢ ᠶᠠᠪᠤᠭᠳᠠᠭᠰᠠᠨ ᠭᠤᠤᠯ ᠰᠡᠳᠦᠪᠲᠦ ᠠᠩᠭᠢ ᠵᠢᠨ ᠬᠤᠷᠠᠯ ᠳᠡᠭᠡᠷ᠎ᠡ᠂ ᠰᠤᠷᠤᠭᠴᠢᠳ᠎ᠤᠨ ᠥᠪᠡᠷᠰᠡᠳ ᠵᠶ᠋ᠡᠨ ᠪᠠᠶ᠋ᠢᠭᠤᠯᠤᠭᠰᠠᠨ 《ᠦᠨᠳᠦᠰᠦᠲᠡᠨ᠎ᠤ ᠬᠠᠤᠯᠢ᠎ᠪᠠᠷ ᠵᠠᠰᠠᠬᠤ ᠵᠢ ᠤᠬᠠᠭᠤᠯᠬᠤ ᠳᠤᠭᠤᠶ᠋ᠢᠯᠠᠩ》᠎ᠨᠢ ᠥᠪᠡᠷ᠎ᠤᠨ ᠠᠷᠭ᠎ᠠ ᠮᠠᠶᠢᠭ ᠵᠶ᠋ᠠᠷ ᠦᠵᠡᠭᠴᠢᠳ᠎ᠲᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠲᠠᠨᠢᠯᠴᠠᠭᠤᠯᠪᠠ; ᠮᠡᠳᠡᠯᠭᠡ ᠵᠢᠨ ᠤᠷᠤᠯᠳᠤᠭ᠋ᠠᠨ ᠵᠶ᠋ᠠᠷ ᠳᠡᠮᠵᠢᠨ ᠰᠤᠷᠤᠭᠴᠢᠳ ᠮᠠᠨ᠎ᠤ ᠤᠯᠤᠰ᠎ᠤᠨ ᠨᠢᠭᠡᠳᠦᠭᠰᠡᠨ ᠣᠯᠠᠨ ᠦᠨᠳᠦᠰᠦᠲᠡᠨ᠎ᠲᠠᠢ ᠤᠯᠤᠰ᠎ᠤᠨ ᠦᠨᠳᠦᠰᠦᠨ ᠪᠠᠶ᠋ᠢᠳᠠᠯ᠎ᠢ ᠣᠶ᠋ᠢᠯᠠᠭ᠋ᠠᠭᠰᠠᠨ ᠮᠥᠷᠲᠡᠭᠡᠨ ᠪᠠᠰᠠ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠤᠯᠤᠰ᠎ᠤᠨ ᠬᠣᠯᠪᠤᠭᠳᠠᠬᠤ ᠬᠠᠤᠯᠢ ᠴᠠᠭ᠋ᠠᠵᠠ ᠬᠠᠤᠯᠢ ᠳᠦᠷᠢᠮ᠎ᠢ ᠣᠶ᠋ᠢᠯᠠᠭ᠋ᠠᠪᠠ; ᠴᠠᠷᠭᠢᠯ ᠬᠣᠯᠪᠣᠭ᠎ᠠ᠎ᠪᠠᠷ ᠶᠠᠷᠢᠵᠤ ᠳᠠᠭᠤᠯᠠᠬᠤ᠂ ᠰᠢᠯᠦᠭ ᠤᠶᠠᠩᠭ᠋ᠠᠯᠠᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠶᠠᠷᠢᠬᠤ᠂ ᠦᠨᠳᠦᠰᠦᠲᠡᠨ᠎ᠤ ᠬᠤᠪᠴᠠᠰᠤ ᠵᠠᠰᠠᠯ ᠪᠠ ᠵᠢᠷᠤᠭ ᠵᠢᠷᠤᠬᠤ T ᠲᠠᠶ᠋ᠢᠰᠠᠨ᠎ᠤ ᠦᠵᠡᠭᠦᠯᠭᠡ ᠁ ᠵᠡᠷᠭᠡ ᠪᠠᠶᠠᠯᠢᠭ ᠰᠠᠶ᠋ᠢᠬᠠᠨ ᠲᠣᠭᠯᠠᠯᠲᠠ᠎ᠨᠢ ᠰᠤᠷᠭ᠋ᠠᠭᠤᠯᠢ ᠵᠢᠨ ᠴᠣᠭ ᠵᠢᠪᠬᠤᠭ᠎ᠠ ᠲᠡᠭᠦᠯᠳᠡᠷ᠂ ᠥᠭᠡᠳᠡᠷᠬᠡᠭ ᠪᠠᠳᠠᠷᠠᠩᠭᠤᠶ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠰᠤᠷᠭ᠋ᠠᠭᠤᠯᠢ ᠵᠢᠨ ᠬᠦᠷᠢᠶᠡᠨ᠎ᠤ ᠥᠨᠴᠥᠭ ᠪᠤᠯᠤᠩ ᠪᠦᠷᠢ᠎ᠳᠤ ᠨᠡᠪᠴᠢᠭᠦᠯᠵᠦ᠂ 《ᠳᠤᠮᠳᠠᠳᠤ ᠵᠢᠨ ᠦᠨᠳᠦᠰᠦᠲᠡᠨ ᠨᠢᠭᠡᠨ ᠬᠡᠷ᠎ᠤᠨ᠎ᠬᠢᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠬᠦᠰᠡᠯ᠎ᠢ ᠬᠠᠮᠲᠤ᠎ᠪᠠᠷ ᠪᠡᠶᠡᠯᠡᠭᠦᠯᠦᠶ᠎ᠡ》 ᠭᠡᠬᠦ ᠦᠷ᠎ᠡ ᠵᠢ ᠬᠡᠦᠬᠡᠳ ᠨᠢᠭᠡ ᠪᠦᠷᠢ ᠵᠢᠨ ᠰᠡᠳᠬᠢᠯ᠎ᠳᠤ ᠦᠨᠳᠦᠰᠦᠯᠡᠭᠦᠯᠵᠦ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ᠂ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠳᠦᠷᠢᠮ᠂ ᠦᠨᠳᠦᠰᠦᠲᠡᠨ᠎ᠤ ᠮᠡᠳᠡᠯᠭᠡ ᠵᠢᠨ ᠲᠤᠬᠠᠶ ᠥᠷᠭᠡᠨ ᠣᠯᠠᠨ ᠪᠠᠭᠰᠢ ᠰᠤᠷᠤᠭᠴᠢ ᠵᠢᠨ ᠣᠶ᠋ᠢᠯᠠᠭ᠋ᠠᠯᠲᠠ ᠪᠠ ᠲᠠᠨᠢᠯᠲᠠ ᠵᠢ ᠪᠦᠲᠦᠮᠵᠢᠲᠡᠶ ᠳᠡᠭᠡᠭᠰᠢᠯᠡᠭᠦᠯᠪᠡ᠃

《ᠡᠨᠡ ᠤᠳᠠᠭ᠋ᠠᠨ᠎ᠤ ᠭᠣᠣᠯ ᠰᠡᠳᠦᠪᠲᠦ ᠠᠩᠬᠢ ᠵᠢᠨ ᠬᠤᠷᠠᠯ ᠳᠡᠭᠡᠷ᠎ᠡ ᠪᠢ ᠺᠦᠷᠪᠠᠨ· ᠨᠢᠶᠠᠽᠢ ᠵᠢᠨ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠶᠠᠷᠢᠵᠤ᠂ ᠲᠡᠷᠡ᠎ᠪᠠᠷ ᠨᠤᠲᠤᠭ᠎ᠤᠨ ᠵᠶ᠋ᠠᠨ ᠬᠡᠦᠬᠡᠳ᠎ᠢ ᠬᠦᠳᠦᠯᠥᠨ ᠵᠢᠯᠣᠭᠣᠳᠴᠤ ᠬᠠᠪᠰᠤᠷᠤᠨ ᠦᠭᠡ ᠬᠡᠯᠡ ᠰᠣᠶᠣᠯ᠎ᠤᠨ ᠲᠦᠪᠰᠢᠨ᠎ᠢ᠎ᠨᠢ ᠳᠡᠭᠡᠭᠰᠢᠯᠡᠭᠦᠯᠬᠦ ᠵᠢᠨ ᠲᠥᠯᠥᠭᠡ᠂ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠪᠠᠭ᠎ᠠ ᠰᠤᠷᠭ᠋ᠠᠭᠤᠯᠢ ᠵᠢ ᠡᠭᠦᠰᠭᠡᠨ ᠪᠠᠶ᠋ᠢᠭᠤᠯᠤᠭᠰᠠᠨ ᠪᠥᠭᠡᠳ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠶᠡᠬᠡ᠎ᠪᠠᠷ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠤᠷᠤᠭᠴᠢᠳ᠎ᠤᠨ ᠰᠡᠳᠬᠢᠯ᠎ᠳᠤ ᠪᠠᠲᠤ ᠦᠨᠳᠦᠰᠦᠯᠡᠭᠦᠯᠵᠡᠢ᠃ ᠡᠨᠡ ᠬᠦ᠌ ᠦᠯᠢᠭᠡᠷ᠎ᠢ ᠶᠠᠷᠢᠬᠤ᠎ᠪᠠᠷ ᠲᠠᠮᠵᠢᠨ ᠪᠢ ᠪᠠᠭ᠎ᠠ ᠪᠤᠰᠤ ᠣᠯᠤᠯᠲᠠ᠎ᠲᠠᠢ ᠪᠤᠯᠵᠤ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠥᠯᠬᠦᠮᠳᠡᠬᠦ ᠤᠳᠬ᠎ᠠ ᠰᠠᠨᠠᠭ᠎ᠠ ᠵᠢ ᠨᠡᠩ ᠭᠦᠨᠵᠡᠭᠡᠢ ᠣᠶ᠋ᠢᠯᠠᠭ᠋ᠠᠪᠠ᠃》 ᠭᠡᠵᠦ ᠰᠢᠯᠢ ᠵᠢᠨ ᠡᠮᠦᠨ᠎ᠡ ᠵᠠᠮ᠎ᠤᠨ ᠪᠠᠭ᠎ᠠ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ ᠵᠢᠨ ᠰᠤᠷᠤᠭᠴᠢ ᠵᠠᠩ ᠪᠥᠸᠧ ᠶᠠ ᠬᠡᠯᠡᠪᠡ᠃
ᠠᠵᠢᠯᠯᠠᠭ᠋ᠠᠨ᠎ᠤ ᠶᠠᠪᠤᠴᠠ᠎ᠳᠤ᠂ ᠬᠥᠬᠡᠬᠣᠲᠠ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠤᠳᠤᠷᠢᠳᠤᠯᠭ᠎ᠠ ᠪᠠᠰᠠ ᠰᠢᠯᠢ ᠵᠢᠨ ᠡᠮᠦᠨ᠎ᠡ ᠵᠠᠮ᠎ᠤᠨ ᠪᠠᠭ᠎ᠠ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ ᠵᠢᠨ 《ᠳᠤᠮᠳᠠᠳᠤ ᠵᠢᠨ ᠦᠨᠳᠦᠰᠦᠲᠡᠨ ᠨᠢᠭᠡᠨ ᠭᠡᠷ᠎ᠤᠨ᠎ᠬᠢᠨ ᠮᠡᠲᠦ ᠳᠣᠲᠣᠨᠣ》 ᠭᠡᠬᠦ ᠤᠬᠠᠭᠤᠯᠭ᠎ᠠ ᠵᠢᠨ ᠦᠵᠡᠭᠦᠯᠭᠡ ᠵᠢᠨ ᠰᠠᠮᠪᠠᠷ᠎ᠠ ᠵᠢ ᠲᠣᠭᠣᠷᠢᠨ ᠦᠵᠡᠵᠦ᠂ ᠣᠯᠠᠨ ᠶᠠᠩᠵᠤ ᠬᠡᠯᠪᠡᠷᠢᠲᠦ ᠨᠡᠢ᠌ᠭᠡᠮ᠎ᠤᠨ ᠪᠥᠯᠬᠦᠮ᠎ᠤᠨ ᠬᠥᠳᠡᠯᠭᠡᠭᠡᠨ᠎ᠤ ᠦᠵᠡᠭᠦᠯᠭᠡ ᠵᠢ ᠰᠣᠨᠢᠷᠬᠠᠵᠤ᠂ ᠳᠠᠭᠤᠤ ᠪᠥᠵᠢᠭ᠎ᠤᠨ ᠫᠷᠤᠭ᠌ᠷᠠᠮ ᠵᠢᠴᠢ ᠰᠤᠷᠭ᠋ᠠᠭᠤᠯᠢ ᠵᠢᠨ ᠪᠠᠭᠰᠢ ᠰᠤᠷᠤᠭᠴᠢ ᠵᠢᠨ ᠦᠢ᠍ᠯᠡᠳᠦᠭᠰᠡᠨ ᠨᠠᠷᠢᠯᠢᠭ ᠰᠠᠶ᠋ᠢᠬᠠᠨ ᠵᠢᠷᠤᠭ᠂ ᠤᠷᠠᠨ ᠪᠢᠴᠢᠯᠭᠡ᠂ ᠭᠠᠷ ᠤᠷᠠᠯᠠᠯ᠎ᠤᠨ ᠪᠥᠲᠦᠭᠡᠭᠳᠡᠬᠦᠨᠢ ᠦᠵᠡᠭᠰᠡᠨ᠎ᠤ ᠬᠠᠮᠲᠤ ᠰᠤᠷᠭ᠋ᠠᠭᠤᠯᠢ᠎ᠠᠴᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠ ᠰᠤᠷᠭ᠋ᠠᠭᠤᠯᠢ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠤᠯᠠᠮᠵᠢᠯᠠᠭᠰᠠᠨ᠂ ᠰᠤᠷᠤᠭᠴᠢᠳ᠎ᠤᠨ ᠦᠨᠳᠦᠰᠦᠲᠡᠨ᠎ᠤ ᠪᠦᠯᠬᠦᠮᠳᠡᠯ᠎ᠤᠨ ᠤᠬᠠᠮᠰᠠᠷ᠎ᠢ ᠬᠥᠮᠥᠵᠢᠭᠦᠯᠦᠭᠰᠡᠨᠢ ᠭᠦᠢ᠍ᠴᠡᠳ ᠨᠣᠲᠠᠯᠠᠪᠠ᠃
2022 ᠣᠨ᠎ᠳᠤ᠂ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ 《ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》᠎ᠪᠠᠷ ᠭᠣᠣᠯ ᠰᠡᠳᠦᠪ ᠪᠣᠯᠭ᠋ᠠᠵᠤ᠂ 《ᠠᠨᠠᠷ᠎ᠤᠨ ᠦᠷ᠎ᠡ》 ᠵᠢᠨ ᠦᠨᠳᠦᠰᠦ ᠵᠢ ᠪᠣᠶ᠋ᠢᠵᠢᠭᠤᠯᠵᠤ ᠰᠦᠭ᠎ᠢ ᠱᠤᠭᠤᠬᠤ ᠢᠨᠵᠧᠨᠧᠷᠢᠩ᠎ᠢ ᠠᠬᠢᠭᠤᠯᠬᠤ᠎ᠲᠠᠢ ᠤᠶᠠᠯᠳᠤᠭᠤᠯᠵᠤ᠂ ᠡᠯᠪᠡᠭ ᠪᠠᠶᠠᠯᠢᠭ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠦᠷ᠎ᠡ ᠵᠢ ᠵᠠᠯᠠᠭᠤᠴᠤᠳ ᠪᠠᠭ᠋ᠠᠴᠤᠳ᠎ᠤᠨ ᠰᠡᠳᠬᠢᠯ᠎ᠳᠤ ᠭᠦᠨ ᠦᠨᠳᠦᠰᠦᠯᠡᠭᠦᠯᠵᠦ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠠᠵᠢᠯ᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭ᠋ᠠᠬᠤ ᠵᠢ ᠪᠦᠬᠦ ᠲᠠᠯ᠎ᠠ᠎ᠪᠠᠷ ᠠᠬᠢᠭᠤᠯᠤᠨ᠎ᠠ᠃