ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠠᠩᠬᠠᠷᠤᠯ ᠬᠠᠨᠳᠤᠭᠤᠯᠬᠤ᠎ᠨᠢ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠵᠤ ᠴᠢᠨᠠᠷᠯᠢᠭ ᠬᠥᠭᠵᠢᠭᠦᠯᠬᠦ᠎ᠳᠤ ᠬᠦᠴᠦᠨ ᠨᠡᠮᠡᠷᠢᠯᠡᠨᠡᠮ — ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ ᠬᠥᠳᠡᠭᠡ ᠳᠣᠰᠬᠤᠨ᠎ᠢ ᠬᠥᠭᠵᠢᠭᠦᠯᠦᠨ ᠮᠠᠨᠳᠤᠭᠤᠯᠬᠤ ᠬᠣᠯᠪᠤᠭ᠋ᠠᠯᠠᠨ ᠳᠠᠭ᠋ᠠᠭ᠋ᠠᠴᠢᠯᠠᠵᠤ ᠬᠠᠪᠰᠤᠷᠤᠨ ᠳᠡᠳᠬᠦᠬᠦ ᠲᠣᠰᠬᠤᠨ᠎ᠳᠤ ᠭᠦᠨᠵᠡᠭᠡᠢ᠌ᠷᠡᠵᠦ 《ᠦᠨᠳᠦᠰᠦᠲᠡᠨ᠎ᠤ ᠲᠥᠷᠦ ᠵᠢᠨ ᠪᠣᠳᠤᠯᠭ᠎ᠠ ᠵᠢᠨ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2022-05-31


          ᠰᠢᠷᠭ᠋ᠠᠭᠤ ᠴᠢᠷᠮᠠᠢ᠌ᠯᠭ᠎ᠠ ᠰᠢᠯᠢᠳᠡᠭ ᠪᠥᠲᠦᠭᠡᠯ
          ᠴᠠᠭ ᠦᠶ᠎ᠡ ᠵᠢᠨ ᠵᠣᠷᠢᠭ ᠰᠠᠨᠠᠭ᠎ᠠ ᠴᠤᠭ ᠪᠠᠳᠠᠷᠠᠩᠭᠤᠶ
          ᠠᠯᠤᠰ᠎ᠤᠨ ᠰᠠᠯᠬᠢ ᠠᠳᠠᠪᠠᠰᠢ ᠬᠦᠴᠦᠲᠡᠢ
          ᠠᠶᠠᠯᠠᠯ᠎ᠤᠨ ᠪᠦᠷᠢᠶᠡᠨ᠎ᠤ ᠬᠠᠩᠭᠢᠨᠠᠮ᠎ᠠ ᠳᠠᠭᠤᠨ ᠬᠥᠮᠦᠰ᠎ᠢ ᠤᠷᠮᠠᠰᠢᠭᠤᠯᠤᠨ᠎ᠠ


      ᠡᠨᠡ ᠵᠢᠯ᠂ ᠨᠠᠮ᠎ᠤᠨ ᠬᠣᠷᠢᠳᠤᠭ᠋ᠠᠷ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠬᠤ ᠪᠣᠯᠤᠨ᠎ᠠ᠂ ᠬᠤᠪᠢᠰᠤᠯᠲᠠ ᠵᠢᠨ ᠴᠠᠭ ᠪᠢᠳᠡᠨ᠎ᠢ ᠬᠦᠯᠢᠶᠡᠬᠦ ᠦᠭᠡᠢ᠂ ᠬᠥᠭᠵᠢᠯᠲᠡ ᠵᠢᠨ ᠡᠭᠦᠷᠭᠡ ᠬᠦᠨᠳᠦ ᠵᠠᠮ ᠬᠤᠯᠠ᠂ ᠰᠢᠨ᠎ᠡ ᠴᠠᠭ ᠦᠶ᠎ᠡ ᠵᠢᠨ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠥᠳᠲᠡᠷ ᠲᠦᠷᠭᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠪᠣᠯ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠵᠠᠭᠤᠨ ᠵᠢᠯ᠎ᠤᠨ ᠢᠷᠠᠭᠤ ᠠᠯᠳᠠᠷ᠎ᠢ ᠵᠠᠯᠭ᠋ᠠᠮᠵᠢᠯᠠᠵᠤ᠂ ᠴᠠᠭ ᠦᠶ᠎ᠡ ᠵᠢᠨ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠨᠡᠶ᠋ᠢᠲᠡᠯᠡᠯ》᠎ᠨᠢ 《ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠲᠤᠰᠬᠠᠶ ᠪᠤᠯᠤᠩ   ᠨᠡᠭᠡᠭᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠠᠭᠰᠢ ᠰᠤᠷᠤᠭᠴᠢᠳ᠎ᠤᠨ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠤᠮᠠᠷᠠᠲᠤ ᠬᠢᠯᠢ᠎ᠪᠠᠨ ᠪᠠᠲᠤ ᠴᠣᠭᠴᠠᠯᠠᠬᠤ》 ᠠᠮᠢᠳᠤᠯᠢᠭ ᠥᠯᠢᠭᠡᠷ᠎ᠢ ᠳᠡᠯᠭᠡᠨ ᠦᠵᠡᠭᠦᠯᠵᠦ᠂ ᠥᠷᠭᠡᠨ ᠣᠯᠠᠨ ᠪᠠᠭᠰᠢ ᠰᠤᠷᠤᠭᠴᠢ ᠵᠢᠨ ᠰᠢᠨ᠎ᠡ ᠰᠢᠯᠭ᠋ᠠᠯᠲᠠ᠎ᠳᠤ ᠣᠷᠣᠯᠴᠠᠬᠤ ᠵᠠᠮ᠎ᠳᠤ᠎ᠪᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠴᠥᠬᠥᠷᠡᠰᠢ ᠥᠬᠡᠶ ᠦᠢ᠍ᠯᠡᠳᠦᠯᠭᠡᠵᠢᠭᠦᠯᠵᠦ᠂ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠲᠠᠰᠤᠷᠠᠯᠲᠠ ᠥᠬᠡᠶ ᠵᠣᠷᠢᠭᠵᠢᠭᠤᠯᠤᠭᠰᠠᠭ᠋ᠠᠷ ᠪᠠᠢ᠌ᠨ᠎ᠠ!
      ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠠᠤᠯᠢ᠎ᠪᠠᠷ ᠵᠠᠰᠠᠬᠤ ᠵᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠳᠠᠭ᠋ᠠᠭ᠋ᠠᠴᠢᠯᠠᠨ ᠬᠣᠯᠪᠣᠭ᠋ᠠᠯᠠᠵᠤ ᠬᠠᠪᠰᠤᠷᠤᠨ ᠲᠡᠳᠬᠦᠬᠦ ᠠᠵᠢᠯ᠎ᠢ ᠬᠦᠴᠦᠯᠡᠨ ᠪᠣᠳᠠᠲᠠᠢ᠌ᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠨᠠᠷᠯᠢᠭ ᠬᠥᠭᠵᠢᠯᠲᠡ ᠵᠢ ᠠᠬᠢᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢᠨ ᠲᠥᠯᠥᠭᠡ᠂ 5 ᠰᠠᠷ᠎ᠠ ᠵᠢᠨ 27᠎ᠤ ᠡᠳᠦᠷ᠂ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠠᠭ᠋ᠠᠭ᠋ᠠᠴᠢᠯᠠᠨ ᠬᠣᠯᠪᠤᠭ᠋ᠠᠯᠠᠵᠤ ᠬᠠᠪᠰᠤᠷᠤᠨ ᠲᠡᠳᠬᠦᠬᠦ ᠲᠣᠰᠬᠣᠨ — ᠲᠦᠩᠯᠢᠶᠣᠤ ᠬᠣᠲᠠ ᠵᠢᠨ ᠬᠦᠷᠢᠶ᠎ᠡ ᠬᠣᠰᠢᠭᠤᠨ᠎ᠤ ᠰᠢᠶᠠᠨᠵᠢᠨ (ᠲᠡᠷᠢᠭᠦᠨ) ᠰᠤᠮᠤᠨ᠎ᠤ ᠨᠠᠷᠢᠨᠭᠣᠣᠯ ᠭᠠᠴᠠᠭ᠋ᠠᠨ᠎ᠳᠤ ᠭᠦᠨᠵᠡᠭᠡᠶ᠋ᠢᠷᠡᠨ 《ᠲᠤᠯᠤᠭ᠋ᠠᠨ ᠨᠢᠭᠡ》᠎ᠪᠠᠷ ᠭᠤᠤᠯ ᠠᠭᠤᠯᠭ᠎ᠠ ᠪᠣᠯᠭ᠋ᠠᠭᠰᠠᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢ ᠥᠷᠨᠢᠭᠦᠯᠪᠡ᠃



      ᠡᠨᠡ ᠤᠳᠠᠭ᠋ᠠᠨ᠎ᠤ ᠠᠵᠢᠯᠯᠠᠭ᠎ᠠ᠎ᠨᠢ ᠪᠣᠳᠠᠲᠠᠢ ᠠᠳᠬᠤᠵᠤ᠂ ᠭᠥᠯᠢᠶᠡᠨ ᠠᠪᠤᠭᠴᠢᠳ ᠲᠥᠷᠦᠭᠳᠡᠯᠲᠡᠢ᠂ ᠰᠤᠷᠭ᠋ᠠᠨ ᠬᠥᠮᠦᠵᠢᠯ᠎ᠳᠤ ᠠᠰᠢᠭᠲᠠᠢ ᠪᠠᠶ᠋ᠢᠬᠤ᠎ᠳᠤ ᠰᠠᠭᠤᠷᠢᠯᠠᠨ᠂ 《ᠲᠤᠯᠤᠭ᠋ᠠᠨ ᠨᠢᠭᠡ》 ᠵᠢᠨ ᠰᠢᠷᠢᠰ ᠠᠭᠤᠯᠭ᠎ᠠ ᠵᠢ ᠨᠠᠷᠢᠨ ᠨᠢᠮᠪᠠᠶ ᠲᠥᠯᠦᠪᠯᠡᠪᠡ᠂ ᠲᠤᠬᠠᠶ᠋ᠢᠯᠠᠪᠠᠯ᠂ ᠨᠢᠭᠡ ᠤᠳᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠦᠵᠡᠭᠦᠯᠭᠡ ᠡᠷᠭᠢᠯᠡᠬᠦ᠂ ᠨᠢᠭᠡ ᠪᠦᠯᠦᠭ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠬᠤ᠂ ᠨᠢᠭᠡ ᠬᠢᠴᠢᠶᠡᠯ᠎ᠤᠨ ᠲᠠᠩᠬᠢᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠤᠨ ᠬᠢᠴᠢᠶᠡᠯ ᠣᠷᠣᠬᠤ᠂ ᠨᠢᠭᠡ ᠬᠡᠰᠡᠭ ᠬᠥᠳᠡᠭᠡ ᠲᠣᠰᠬᠣᠨ᠎ᠤ ᠵᠡᠭᠡᠯᠢ ᠭᠤᠳᠤᠮᠵᠢ ᠵᠢ ᠭᠤᠶᠤᠵᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ   ᠵᠠᠭᠤᠴᠢᠯᠠᠭᠤᠷ᠎ᠤᠨ ᠪᠣᠯᠪᠠᠰᠤᠷᠠᠭᠤᠯᠤᠯ᠎ᠤᠨ ᠬᠤᠷᠠᠯ᠎ᠤᠨ ᠬᠡᠷ᠎ᠢ ᠪᠠᠶ᠋ᠢᠭᠤᠯᠬᠤ᠂ ᠨᠢᠭᠡ ᠪᠦᠯᠦᠭ ᠬᠠᠶ᠋ᠢᠷ᠎ᠠ ᠬᠠᠯᠠᠮᠵᠢᠲᠤ ᠡᠳ᠋ ᠪᠣᠳᠠᠰ᠎ᠢ ᠬᠦᠷᠭᠡᠬᠦ᠂ ᠨᠢᠭᠡ ᠤᠳᠠᠭ᠎ᠠ ᠤᠯᠤᠰ᠎ᠤᠨ ᠲᠣᠭ ᠮᠠᠨᠳᠤᠭᠤᠯᠬᠤ ᠵᠡᠷᠭᠡ ᠪᠣᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠲᠦᠷᠢᠮ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》᠂ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠬᠤ ᠤᠩᠰᠢᠬᠤ ᠪᠢᠴᠢᠭ》᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠲᠠ ᠵᠢᠨ ᠭᠠᠷ ᠠᠪᠤᠯᠭ᠎ᠠ》 ᠵᠡᠷᠭᠡ ᠬᠣᠯᠪᠤᠭᠳᠠᠬᠤ ᠬᠠᠤᠯᠢ ᠴᠠᠭ᠋ᠠᠵᠠ ᠵᠢᠨ ᠲᠦᠷᠢᠮ᠎ᠢ ᠭᠣᠣᠯᠳᠠᠯᠭ᠋ᠠᠲᠠᠢ ᠤᠬᠠᠭᠤᠯᠪᠠ᠃ ᠬᠣᠶᠠᠷ ᠲᠦᠮᠡ ᠭᠠᠷᠤᠶ ᠲᠥᠭᠥᠷᠢᠭ᠎ᠤᠨ ᠥᠷᠲᠡᠭ ᠪᠥᠬᠥᠶ ᠬᠠᠶ᠋ᠢᠷ᠎ᠠ ᠬᠠᠯᠠᠮᠵᠢᠲᠤ ᠡᠳ᠋ ᠪᠣᠳᠠᠰ᠎ᠢ ᠬᠦᠷᠭᠡᠵᠦ᠂ ᠲᠤᠬᠠᠶ ᠵᠢᠨ ᠭᠠᠵᠠᠷ᠎ᠤᠨ ᠭᠠᠴᠠᠭ᠋ᠠᠨ᠎ᠤ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ ᠪᠠ ᠠᠵᠢᠯ ᠥᠷᠨᠢᠭᠦᠯᠬᠦ ᠪᠣᠳᠠᠲᠠᠶ ᠬᠦᠴᠢᠷᠳᠡᠯ᠎ᠢ ᠰᠢᠢ᠍ᠳᠪᠦᠷᠢᠯᠡᠵᠦ᠂ ᠥᠷᠭᠡᠨ ᠣᠯᠠᠨ ᠲᠦᠮᠡᠨ᠎ᠢ ᠬᠥᠲᠥᠯᠥᠨ ᠳᠠᠭ᠋ᠠᠭᠤᠯᠵᠤ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠣᠨᠣᠯ ᠪᠠ ᠬᠠᠤᠯᠢ ᠴᠠᠭ᠋ᠠᠵᠠ ᠬᠠᠤᠯᠢ ᠳᠦᠷᠢᠮ᠎ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ᠎ᠤ ᠪᠦᠯᠬᠦᠮᠳᠡᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠨᠡᠶ᠋ᠢᠭᠡᠮ᠎ᠤᠨ ᠡᠶ᠎ᠡ ᠵᠣᠬᠢᠴᠠᠩᠭᠤᠶ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃



      ᠣᠷᠴᠢᠮ᠎ᠤᠨ ᠵᠢᠯ᠂ ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ 《ᠵᠢᠷᠭᠤᠭ᠎ᠠ ᠵᠢ ᠣᠷᠣᠭᠤᠯᠬᠤ》 ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠳᠠᠭᠤᠷᠢᠶᠠᠯ ᠦᠵᠡᠭᠦᠯᠦᠨ ᠬᠥᠲᠥᠯᠥᠨ ᠳᠠᠭ᠋ᠠᠭᠤᠯᠬᠤ ᠪᠠ ᠨᠥᠯᠥᠭᠡᠯᠡᠨ ᠳᠠᠶ᠋ᠢᠴᠢᠯᠠᠬᠤ ᠦᠢ᠍ᠯᠡᠳᠦᠯ᠎ᠢ ᠰᠠᠨᠠᠭ᠋ᠠᠴᠢᠯᠠᠭ᠎ᠠ᠎ᠠᠴᠠ᠎ᠪᠠᠨ ᠪᠠᠳᠠᠷᠠᠭᠤᠯᠵᠤ᠂ ᠭᠤᠷᠪᠠᠨ ᠵᠢᠯ ᠳᠠᠷᠠᠭ᠋ᠠᠯᠠᠨ ᠳᠠᠭ᠋ᠠᠭ᠋ᠠᠴᠢᠯᠠᠨ ᠬᠣᠯᠪᠤᠭ᠋ᠠᠯᠠᠵᠤ ᠬᠠᠪᠰᠤᠷᠤᠨ ᠲᠡᠳᠬᠦᠬᠦ ᠲᠣᠰᠬᠣᠨ᠎ᠳᠤ ᠬᠦᠷᠴᠦ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢ ᠥᠷᠨᠢᠭᠦᠯᠵᠦ᠂ 《ᠲᠤᠯᠤᠭ᠋ᠠᠨ ᠨᠢᠭᠡ》 ᠵᠢᠨ ᠠᠵᠢᠯᠯᠠᠭ᠋ᠠᠨ᠎ᠤ ᠠᠭᠤᠯᠭ᠎ᠠ ᠵᠢᠨ ᠰᠢᠨ᠎ᠡ ᠵᠢ ᠲᠠᠰᠤᠷᠠᠯᠲᠠ ᠥᠬᠡᠶ ᠡᠭᠦᠳᠴᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ 《ᠲᠠᠪᠤᠨ ᠦᠵᠡᠯᠲᠡ》 ᠵᠢ ᠤᠯᠠᠮ ᠨᠢᠭᠡ ᠠᠯᠬᠤᠮ ᠪᠠᠲᠤ ᠪᠡᠬᠢ ᠪᠣᠶ ᠪᠣᠯᠭ᠋ᠠᠵᠤ᠂ 《ᠲᠠᠪᠤ ᠵᠢ ᠮᠡᠳᠡᠷᠡᠬᠦ》 ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠵᠤ ᠴᠢᠨᠠᠷᠯᠢᠭ ᠬᠥᠭᠵᠢᠭᠦᠯᠬᠦ᠎ᠳᠤ ᠬᠦᠴᠦᠨ ᠨᠡᠮᠡᠷᠢᠯᠡᠬᠦ᠎ᠲᠠᠢ ᠪᠦᠲᠦᠮᠵᠢᠲᠡᠶ ᠵᠣᠯᠭ᠋ᠠᠭᠤᠯᠬᠤ᠎ᠪᠠᠷ ᠴᠢᠷᠮᠠᠢ᠌ᠵᠤ᠂ ᠨᠥᠯᠥᠭᠡᠯᠡᠬᠦ ᠬᠦᠴᠦᠨ᠎ᠨᠢ ᠲᠠᠰᠤᠷᠠᠯᠲᠠ ᠦᠭᠡᠢ ᠥᠷᠭᠡᠳᠴᠦ᠂ ᠲᠤᠬᠠᠶ ᠵᠢᠨ ᠭᠠᠵᠠᠷ᠎ᠤᠨ ᠣᠯᠠᠨ ᠲᠦᠮᠡᠨ᠎ᠤ ᠰᠠᠶ᠋ᠢᠨ ᠦᠨᠡᠯᠡᠯᠲᠡ ᠪᠠ ᠨᠡᠶ᠋ᠢᠭᠡᠮ᠎ᠤᠨ ᠵᠠᠭᠤᠴᠢᠯᠠᠭᠤᠷ᠎ᠤᠨ ᠠᠩᠬᠠᠷᠤᠯ᠎ᠢ ᠲᠠᠲᠠᠵᠠᠶ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ 《ᠰᠢᠨ᠎ᠡ ᠴᠠᠭ ᠦᠶ᠎ᠡ ᠵᠢᠨ ᠳᠡᠭᠡᠳᠦ ᠰᠤᠷᠭ᠋ᠠᠭᠤᠯᠢ᠂ ᠳᠤᠮᠳᠠ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ》 ᠪᠠᠶ᠋ᠢᠭᠤᠯᠤᠯᠲᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ᠄ ᠪᠤᠭᠤᠲᠤ ᠬᠣᠲᠠ ᠵᠢᠨ᠎ᠬᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠥᠳᠡᠯᠮᠦᠷᠢ ᠵᠢᠨ ᠬᠥᠮᠦᠵᠢᠯ᠎ᠤᠨ ᠬᠢᠴᠢᠶᠡᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠰᠤᠷᠤᠭᠴᠢᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠳᠤ ᠬᠦᠴᠦᠨ ᠨᠡᠮᠡᠷᠢᠯᠡᠪᠡ
ᠥᠪᠥᠷ ᠮᠣᠩᠭᠣᠯ 《ᠬᠤᠪᠢᠰᠬᠠᠯᠲᠤ ᠤᠳᠤᠮᠰᠢᠯ᠎ᠢ ᠦᠷᠭᠦᠯᠵᠢᠯᠡᠭᠦᠯᠵᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ》 ᠬᠤᠪᠢᠰᠬᠠᠯ᠎ᠤᠨ ᠲᠠᠶ᠋ᠢᠯᠪᠤᠷᠢᠯᠠᠭᠴᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠪᠡ
ᠰᠤᠷᠤᠯᠴᠠᠬᠤ ᠴᠢᠨᠠᠷ ᠴᠢᠨᠰᠠᠭ᠎ᠠ ᠵᠢ ᠪᠠᠲᠤᠯᠠᠭᠰᠠᠨ ᠪᠠᠭᠰᠢ ᠰᠤᠷᠤᠭᠴᠢᠳ᠎ᠤᠨ ᠮᠢᠩᠭ᠋ᠠᠨ ᠭᠠᠵᠠᠷ᠎ᠤᠨ ᠠᠯᠤᠰ᠎ᠲᠠᠬᠢ ᠬᠠᠮᠲᠤ ᠵᠢᠨ ᠬᠢᠴᠢᠶᠡᠯᠯᠡᠭᠡ — ᠰᠦᠯᠵᠢᠶᠡᠨ᠎ᠳᠠᠬᠢ ᠵᠢᠭ᠋ᠠᠨ ᠰᠤᠷᠭ᠋ᠠᠯᠲᠠ ᠪᠠ ᠵᠢᠭ᠋ᠠᠬᠤ ᠵᠢ ᠰᠣᠳᠤᠯᠬᠤ ᠵᠢ ᠵᠡᠷᠭᠡ᠎ᠪᠠᠷ ᠥᠷᠨᠢᠭᠦᠯᠵᠦ ᠰᠣᠳᠤᠯᠬᠤ ᠰᠤᠷᠤᠭᠴᠢ ᠵᠢᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠬᠥᠭᠵᠢᠶᠡᠨᠲᠡᠢ ᠶᠠᠪᠤᠭᠳᠠᠭᠤᠯᠤᠭᠰᠠᠭ᠋ᠠᠷ ᠪᠠᠢ᠌ᠨ᠎ᠠ
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ — ᠪᠤᠭᠤᠲᠤ ᠵᠢᠨ ᠮᠧᠬᠠᠨᠢᠭ᠎ᠤᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠠᠵᠤ ᠦᠢ᠍ᠯᠡᠰ᠎ᠤᠨ ᠬᠥᠭᠵᠢᠯᠲᠡ᠎ᠲᠠᠢ ᠵᠣᠯᠭ᠋ᠠᠭᠤᠯᠵᠤ ᠳᠤᠰᠬᠠᠢ ᠮᠡᠷᠭᠡᠵᠢᠯ᠎ᠢ ᠡᠷᠬᠢᠯᠡᠵᠦ ᠰᠤᠷᠭ᠋ᠠᠭᠤᠯᠢ ᠪᠠ ᠠᠵᠤ ᠠᠬᠤᠶ᠋ᠢᠯᠠᠯ ᠬᠣᠷᠰᠢᠶᠠᠯᠠᠨ ᠴᠢᠳᠠᠪᠤᠷᠢᠲᠠᠨ᠎ᠢ ᠬᠥᠮᠦᠵᠢᠭᠦᠯᠬᠦ ᠵᠢ ᠭᠦᠨᠵᠡᠭᠡᠢ᠌ᠷᠡᠭᠦᠯᠪᠡ
 
             蒙ICP备05000248号