ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠤᠭᠤᠲᠤ ᠬᠣᠲᠠ 《ᠰᠢᠨ᠎ᠡ ᠴᠠᠭ ᠦᠶ᠎ᠡ ᠵᠢᠨ ᠳᠡᠭᠡᠳᠦ ᠰᠤᠷᠭ᠋ᠠᠭᠤᠯᠢ᠂ ᠳᠤᠮᠳᠠ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ》 ᠪᠠᠶ᠋ᠢᠭᠤᠯᠤᠯᠲᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-06-14


     6 ᠰᠠᠷ᠎ᠠ ᠵᠢᠨ 11᠎ᠤ ᠡᠳᠦᠷ᠎ᠤᠨ ᠦᠳᠡ ᠵᠢᠨ ᠬᠣᠶ᠋ᠢᠨ᠎ᠠ᠂ ᠪᠤᠭᠤᠲᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠪᠤᠭᠤᠲᠤ ᠬᠣᠲᠠ ᠵᠢᠨ ᠰᠢᠨ᠎ᠡ ᠴᠠᠭ ᠦᠶ᠎ᠡ ᠵᠢᠨ ᠳᠡᠭᠡᠳᠦ ᠰᠤᠷᠭ᠋ᠠᠭᠤᠯᠢ᠂ ᠳᠤᠮᠳᠠ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠪᠥᠬᠥ ᠬᠣᠲᠠ ᠵᠢᠨ ᠳᠡᠭᠡᠳᠦ ᠰᠤᠷᠭ᠋ᠠᠭᠤᠯᠢ᠂ ᠳᠤᠮᠳᠠ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠱᠠᠲᠤᠴᠢ ᠴᠢᠨᠠᠷᠲᠠᠶ ᠦᠷ᠎ᠡ ᠪᠦᠲᠦᠭᠡᠯ᠎ᠢ ᠡᠮᠬᠢᠯᠡᠨ ᠳ᠋ᠦᠩᠨᠡᠵᠦ᠂ ᠬᠠᠮᠲᠤ ᠵᠢᠨ ᠲᠠᠨᠢᠯᠲᠠ᠎ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠴᠢᠭᠯᠡᠯ᠎ᠢ ᠲᠣᠳᠣᠷᠬᠠᠶ᠋ᠢᠯᠠᠵᠤ᠂ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠪᠥᠬᠥ ᠬᠣᠲᠠ ᠵᠢᠨ ᠳᠡᠭᠡᠳᠦ ᠰᠤᠷᠭ᠋ᠠᠭᠤᠯᠢ᠂ ᠳᠤᠮᠳᠠ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠠᠵᠢᠯ᠎ᠢ ᠳᠠᠶ᠋ᠢᠴᠢᠯᠠᠨ ᠪᠠᠶ᠋ᠢᠷᠢᠯᠠᠭᠤᠯᠪᠠ᠃



      ᠤᠢ᠍ᠢ᠍ᠷ᠎ᠠ ᠵᠢᠨ ᠵᠢᠯ᠂ ᠪᠤᠭᠤᠲᠤ ᠬᠤᠳᠠ ᠵᠢᠨ᠎ᠬᠢᠨ ᠪᠦᠬᠦ ᠤᠯᠤᠰ᠎ᠤᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠤᠨᠤᠯ᠎ᠤᠨ ᠬᠢᠴᠢᠶᠡᠯ᠎ᠤᠨ ᠪᠠᠭᠰᠢ ᠨᠠᠷ᠎ᠤᠨ ᠰᠠᠭᠤᠳᠠᠯ᠎ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠡᠭᠡᠳᠦ ᠰᠤᠷᠭ᠋ᠠᠭᠤᠯᠢ᠂ ᠳᠤᠮᠳᠠ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠨᠢᠭᠡ ᠴᠤᠬ᠍ᠴᠠᠵᠢᠭᠤᠯᠬᠤ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂   ᠬᠡᠦᠬᠡᠳ᠎ᠤᠨ ᠴᠡᠴᠡᠷᠯᠢᠭ᠂ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠭᠤᠯᠳᠤ᠎ᠪᠠᠷ ᠵᠣᠯᠭ᠋ᠠᠭᠤᠯᠤᠭᠰᠠᠨ᠂ ᠬᠥᠨᠳᠡᠯᠡᠨ ᠵᠶ᠋ᠠᠷ ᠨᠡᠪᠲᠡᠷᠡᠭᠦᠯᠦᠭᠰᠡᠨ᠂ ᠡᠷᠭᠢᠭᠦᠯᠭᠡᠨ ᠬᠡᠯᠪᠡᠷᠢ᠎ᠪᠠᠷ ᠳᠡᠭᠡᠭᠰᠢᠯᠡᠭᠦᠯᠦᠭᠰᠡᠨ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ 《ᠵᠢᠷᠭᠤᠭ᠋ᠠᠨ ᠶᠡᠬᠡ》 ᠰᠢᠰᠲ᠋ᠧᠮ᠎ᠢ ᠦᠨᠳᠦᠰᠦᠨ᠎ᠳᠤ᠎ᠪᠠᠨ ᠪᠠᠶ᠋ᠢᠭᠤᠯᠵᠤ᠂ ᠪᠦᠬᠦ ᠠᠵᠢᠯᠳᠠᠨ ᠬᠥᠮᠦᠨ᠎ᠢ ᠬᠥᠮᠦᠵᠢᠭᠦᠯᠬᠦ᠂ ᠪᠦᠬᠦ ᠶᠠᠪᠤᠴᠠ᠎ᠳᠤ ᠬᠥᠮᠦᠨ᠎ᠢ ᠬᠥᠮᠦᠵᠢᠭᠦᠯᠬᠦ᠂ ᠪᠦᠬᠦ ᠲᠠᠯ᠎ᠠ᠎ᠪᠠᠷ ᠬᠥᠮᠦᠨ᠎ᠢ ᠬᠥᠮᠦᠵᠢᠭᠦᠯᠬᠦ 《ᠭᠤᠷᠪᠠᠨ ᠪᠦᠬᠦ ᠲᠠᠯ᠎ᠠ᠎ᠪᠠᠷ ᠬᠥᠮᠦᠨ᠎ᠢ ᠬᠥᠮᠦᠵᠢᠭᠦᠯᠬᠦ》 ᠬᠥᠭᠵᠢᠯᠲᠡ ᠵᠢᠨ ᠪᠠᠶ᠋ᠢᠳᠠᠯ᠎ᠢ ᠪᠦᠷᠢᠯᠳᠦᠭᠦᠯᠵᠦ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠵᠢ ᠪᠣᠳᠠᠲᠠᠢ ᠪᠥᠭᠡᠳ ᠨᠠᠷᠢᠯᠢᠭ ᠨᠠᠶ᠋ᠢᠳᠠᠪᠤᠷᠢᠵᠢᠭᠤᠯᠬᠤ ᠵᠢ ᠬᠦᠴᠦᠲᠡᠢ ᠠᠬᠢᠭᠤᠯᠪᠠ᠃ ᠪᠤᠭᠤᠲᠤ ᠬᠤᠳᠠ ᠵᠢᠨ ᠴᠢᠩᠱ᠌ᠠᠨ ᠲᠣᠭᠣᠷᠢᠭ ᠲᠦᠷᠦᠭᠦᠯᠡᠨ ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠲᠠᠢ ᠬᠣᠯᠪᠣᠭ᠋ᠠᠯᠠᠨ 《ᠴᠢᠩᠱ᠌ᠠᠨ ᠲᠣᠭᠣᠷᠢᠭ᠎ᠤᠨ ᠰᠢᠨ᠎ᠡ ᠴᠠᠭ ᠦᠶ᠎ᠡ ᠵᠢᠨ ᠳᠡᠭᠡᠳᠦ ᠰᠤᠷᠭ᠋ᠠᠭᠤᠯᠢ᠂ ᠳᠤᠮᠳᠠ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠨᠢᠭᠡ ᠴᠤᠬ᠍ᠴᠠᠵᠢᠭᠤᠯᠬᠤ ᠪᠠᠶ᠋ᠢᠭᠤᠯᠤᠯᠲᠠ ᠵᠢᠨ ᠬᠣᠯᠪᠣᠭ᠎ᠠ》 ᠵᠢ ᠪᠠᠶ᠋ᠢᠭᠤᠯᠵᠤ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠤᠨ   ᠴᠢᠨᠠᠷᠯᠢᠭ ᠬᠥᠭᠵᠢᠯᠲᠡ᠎ᠳᠤ ᠠᠰᠢᠭᠲᠠᠢ ᠰᠦᠪᠡᠭᠴᠢᠯᠡᠯ᠎ᠢ ᠬᠠᠩᠭ᠋ᠠᠵᠤ᠂ ᠡᠷᠬᠢᠮ ᠨᠠᠨᠳᠢᠨ ᠲᠤᠷᠰᠢᠯᠭ᠎ᠠ ᠵᠢ ᠬᠤᠷᠠᠮᠳᠤᠭᠤᠯᠵᠠᠢ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ᠎ᠬᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠲᠣᠭ ᠲᠡᠮᠳᠡᠭ ᠲᠣᠳᠣᠷᠬᠠᠶ᠎ᠪᠠᠷ ᠰᠠᠶ᠋ᠢᠲᠤᠷ ᠨᠡᠭᠡᠭᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠲᠤᠬᠠᠢ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ 5 ᠳᠡᠪᠲᠡᠷ ᠤᠩᠰᠢᠬᠤ ᠪᠢᠴᠢᠭ᠎ᠢ ᠰᠠᠶ᠋ᠢᠲᠤᠷ ᠬᠡᠷᠡᠭᠯᠡᠵᠦ᠂ ᠡᠷᠡᠰ ᠭᠤᠶ᠋ᠢᠪᠢᠰᠢ ᠥᠬᠡᠶ᠎ᠪᠠᠷ ᠨᠠᠮ᠎ᠤᠨ ᠰᠢᠨ᠎ᠡ ᠵᠢ ᠡᠭᠦᠳᠬᠦ ᠣᠨᠣᠯ ᠵᠶ᠋ᠠᠷ ᠰᠦᠭ᠎ᠢ ᠱᠤᠭᠤᠵᠤ ᠬᠥᠮᠦᠨ᠎ᠢ ᠬᠥᠮᠦᠵᠢᠭᠦᠯᠪᠡ᠃ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠵᠢ ᠦᠵᠡᠯ ᠰᠠᠨᠠᠭ᠎ᠠ ᠶᠣᠰᠣ ᠰᠤᠷᠲᠠᠬᠤᠨ᠎ᠤ ᠬᠥᠮᠦᠵᠢᠯ᠂ ᠰᠣᠶᠣᠯ ᠮᠡᠳᠡᠯᠭᠡ ᠵᠢᠨ ᠬᠥᠮᠦᠵᠢᠯ᠂ ᠮᠡᠷᠭᠡᠵᠢᠯ ᠤᠷ᠎ᠠ ᠴᠢᠳᠠᠪᠤᠷᠢ ᠵᠢᠨ ᠬᠥᠮᠦᠵᠢᠯ᠂ ᠨᠡᠶ᠋ᠢᠭᠡᠮ᠎ᠤᠨ ᠦᠢ᠍ᠯᠡᠳᠦᠯᠭᠡ ᠵᠢᠨ ᠬᠥᠮᠦᠵᠢᠯ ᠵᠡᠷᠭᠡ ᠡᠯ᠎ᠡ ᠭᠣᠭᠴᠣᠭ᠎ᠠ᠎ᠳᠤ ᠠᠭᠤᠰᠬᠠᠪᠠ᠃ ᠪᠤᠢ ᠪᠦᠬᠦᠢ ᠬᠢᠴᠢᠶᠡᠯ᠎ᠤᠨ ᠬᠥᠮᠦᠨ᠎ᠢ ᠬᠥᠮᠦᠵᠢᠭᠦᠯᠬᠦ ᠴᠢᠳᠠᠮᠵᠢ ᠵᠢ ᠭᠦᠨᠵᠡᠭᠡᠶ ᠢᠯᠡᠷᠡᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠪᠣᠯᠤᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ᠂ ᠬᠢᠴᠢᠶᠡᠯ᠎ᠤᠨ ᠰᠤᠷᠭ᠋ᠠᠨ ᠬᠥᠮᠦᠵᠢᠯ ᠪᠣᠯᠤᠨ ᠬᠢᠴᠢᠶᠡᠯ᠎ᠤᠨ ᠭᠠᠳᠠᠨᠠᠬᠢ ᠰᠤᠷᠭ᠋ᠠᠨ ᠬᠥᠮᠦᠵᠢᠯ᠎ᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠵᠤ᠂ ᠡᠯ᠎ᠡ ᠲᠥᠷᠥᠯ᠎ᠤᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠯᠦᠭᠡ ᠢᠵᠢᠯ ᠴᠢᠭᠯᠡᠯ ᠵᠶ᠋ᠠᠷ ᠵᠡᠷᠭᠡ᠎ᠪᠠᠷ ᠤᠷᠤᠭᠰᠢᠯᠠᠵᠤ᠂ ᠬᠠᠮᠵᠢᠯᠴᠠᠨ ᠬᠥᠮᠦᠨ᠎ᠢ ᠬᠥᠮᠦᠵᠢᠭᠦᠯᠬᠦ ᠦᠢ᠍ᠯᠡᠳᠦᠯ᠎ᠢ ᠪᠦᠷᠢᠯᠳᠦᠭᠦᠯᠪᠡ᠃
      ᠳᠠᠷᠠᠭ᠎ᠠ ᠠᠯᠬᠤᠮ᠎ᠳᠤ᠂ ᠪᠤᠭᠤᠲᠤ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠶᠠᠮᠠᠷ ᠬᠥᠮᠦᠨ᠎ᠢ ᠬᠥᠮᠦᠵᠢᠭᠦᠯᠬᠦ᠂ ᠬᠥᠮᠦᠨ᠎ᠢ ᠶᠠᠭ᠋ᠠᠬᠢᠵᠤ ᠬᠥᠮᠦᠵᠢᠭᠦᠯᠬᠦ᠂ ᠬᠡᠨ᠎ᠤ ᠲᠥᠯᠥᠭᠡ ᠬᠥᠮᠦᠨ᠎ᠢ ᠬᠥᠮᠦᠵᠢᠭᠦᠯᠬᠦ ᠵᠢ ᠢᠮᠠᠭᠲᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠤᠨ᠎ᠠ᠃ ᠤᠳᠠᠭ᠋ᠠᠨ ᠳᠠᠭ᠋ᠠᠭ᠋ᠠᠮᠠᠭ᠋ᠠᠢ ᠪᠠᠷᠢᠮᠲᠠᠯᠠᠵᠤ᠂ ᠰᠠᠶ᠋ᠢᠲᠤᠷ ᠬᠢᠵᠦ ᠰᠠᠶ᠋ᠢᠲᠤᠷ ᠪᠦᠲᠦᠭᠡᠵᠦ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠠᠭᠤᠯᠤᠭᠳᠠᠬᠤᠨ᠎ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠵᠢ ᠰᠡᠳᠬᠢᠯ᠎ᠳᠤ᠎ᠪᠠᠨ ᠬᠠᠳᠠᠩᠰᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠤᠨ᠎ᠠ᠃ ᠦᠵᠡᠯ ᠰᠠᠨᠠᠭ᠎ᠠ ᠤᠯᠤᠰ ᠲᠥᠷᠥ ᠵᠢᠨ ᠡᠩᠨᠡᠭᠡ ᠵᠢ ᠤᠯᠠᠮ ᠨᠢᠭᠡ ᠠᠯᠬᠤᠮ ᠪᠠᠶ᠋ᠢᠭᠤᠯᠤᠨ ᠬᠦᠴᠦᠷᠬᠡᠭᠵᠢᠭᠦᠯᠵᠦ᠂ ᠬᠥᠭᠵᠢᠯᠲᠡ ᠵᠢᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠦᠨ᠎ᠡ᠃ ᠦᠨᠡᠯᠡᠯᠲᠡ ᠵᠢᠨ ᠳᠣᠬᠢᠭᠤᠷ᠎ᠢ ᠰᠠᠶ᠋ᠢᠲᠤᠷ ᠬᠡᠷᠡᠭᠯᠡᠵᠦ᠂ ᠬᠥᠭᠵᠢᠯᠲᠡ ᠵᠢᠨ ᠴᠢᠭᠯᠡᠯ᠎ᠢ ᠲᠣᠬᠢᠷᠠᠭᠤᠯᠵᠤ᠂ ᠦᠵᠡᠯ ᠰᠠᠨᠠᠭ᠋ᠠᠨ᠎ᠤ ᠬᠢᠴᠢᠶᠡᠯ᠎ᠤᠨ ᠪᠠᠶ᠋ᠢᠭᠤᠯᠤᠯᠲᠠ ᠵᠢᠨ ᠦᠷᠭᠦᠯᠵᠢᠯᠡᠨ ᠡᠷᠡᠭᠦᠯ ᠵᠶ᠋ᠠᠷ ᠡᠮᠬᠢ ᠵᠢᠷᠤᠮᠲᠠᠢ ᠬᠥᠭᠵᠢᠬᠦ ᠵᠢ   ᠠᠬᠢᠭᠤᠯᠤᠨ᠎ᠠ᠃



      ᠪᠤᠭᠤᠲᠤ ᠬᠣᠲᠠ᠎ᠠᠴᠠ ᠪᠥᠬᠥ ᠬᠣᠲᠠ ᠵᠢᠨ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ᠎ᠬᠢᠨ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠭᠡᠵᠦ᠂ ᠪᠥᠬᠥ ᠬᠣᠲᠠ ᠵᠢᠨ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠪᠤᠭᠤᠲᠤ ᠬᠣᠲᠠ ᠵᠢᠨ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠡᠬᠢ ᠪᠠᠶᠠᠯᠢᠭ᠎ᠢ ᠭᠦᠢ᠍ᠴᠡᠳ ᠰᠠᠶ᠋ᠢᠲᠤᠷ ᠠᠰᠢᠭᠯᠠᠵᠤ᠂ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠵᠤ ᠬᠠᠮᠵᠢᠯᠴᠠᠨ ᠬᠥᠮᠦᠨ᠎ᠢ ᠬᠥᠮᠦᠵᠢᠭᠦᠯᠬᠦ ᠬᠠᠮ ᠬᠦᠴᠦᠨ᠎ᠢ ᠦᠨᠡᠨ ᠬᠦ᠌ ᠨᠢᠭᠲᠠᠷᠠᠭᠤᠯᠵᠤ᠂ ᠭᠤᠯᠳᠤ᠎ᠪᠠᠷ ᠡᠮᠬᠢ ᠵᠢᠷᠤᠮᠲᠠᠢ ᠵᠠᠯᠭ᠋ᠠᠯᠳᠤᠭᠰᠠᠨ᠂ ᠬᠥᠨᠳᠡᠯᠡᠨ ᠵᠶ᠋ᠠᠷ ᠪᠦᠲᠦᠮᠵᠢᠲᠡᠶ ᠨᠡᠪᠲᠡᠷᠡᠭᠰᠡᠨ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠰᠢᠨ᠎ᠡ ᠪᠠᠶ᠋ᠢᠳᠠᠯ᠎ᠢ ᠪᠥᠬᠥ ᠲᠠᠯ᠎ᠠ᠎ᠪᠠᠷ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
      ᠬᠤᠷᠠᠯ᠎ᠤᠨ ᠬᠤᠭᠤᠴᠠᠭ᠋ᠠᠨ᠎ᠳᠤ᠂ ᠴᠢᠩᠱ᠌ᠠᠨ ᠲᠣᠭᠣᠷᠢᠭ ᠪᠠᠰᠠ 《ᠦᠵᠡᠯ ᠰᠠᠨᠠᠭ᠎ᠠ ᠤᠯᠤᠰ ᠲᠥᠷᠥ ᠵᠢᠨ ᠤᠩᠰᠢᠯᠭ᠎ᠠ ᠵᠢ ᠦᠶ᠎ᠡ ᠵᠢᠨ ᠦᠶ᠎ᠡ᠎ᠳᠤ ᠤᠯᠠᠮᠵᠢᠯᠠᠬᠤ》 ᠬᠤᠪᠢᠰᠬᠠᠯᠲᠤ ᠨᠣᠮ ᠤᠩᠰᠢᠬᠤ ᠪᠤᠯᠤᠩ᠎ᠤᠨ ᠡᠬᠢᠯᠡᠯᠲᠡ ᠵᠢᠨ ᠶᠣᠰᠣᠯᠠᠯ᠎ᠢ ᠶᠠᠪᠤᠭᠤᠯᠪᠠ᠃
      ᠡᠬᠢᠯᠡᠯᠲᠡ ᠵᠢᠨ ᠶᠣᠰᠣᠯᠠᠯ ᠳᠡᠭᠡᠷ᠎ᠡ᠂ ᠬᠠᠳᠠᠭ ᠵᠠᠮ᠎ᠤᠨ ᠪᠠᠭ᠎ᠠ ᠰᠤᠷᠭ᠋ᠠᠭᠤᠯᠢ ᠵᠢᠨ ᠪᠠᠭᠰᠢ ᠰᠤᠷᠤᠭᠴᠢᠳ 《ᠴᠢᠨ ᠧ ᠵᠢ ᠳᠤᠷᠠᠳᠬᠠᠬᠤ᠎ᠨᠢ· ᠯᠧᠦ ᠱᠠᠨ ᠭᠤᠸᠠᠨ》 ᠭᠡᠬᠦ ᠰᠣᠩᠭᠤᠳᠠᠭ ᠵᠣᠬᠢᠶᠠᠯ᠎ᠢ ᠤᠶᠠᠩᠭ᠋ᠠᠯᠠᠵᠤ᠂ 《ᠡᠮᠦᠨᠡᠰᠢ ᠨᠢᠰᠬᠦ ᠭᠠᠯᠠᠭᠤ》᠂ 《ᠳ᠋ᠧᠩ᠎ᠤᠨ ᠭᠡᠷᠡᠯ᠎ᠳᠠᠬᠢ ᠳᠤᠮᠳᠠᠳᠤ ᠤᠯᠤᠰ》 ᠵᠡᠷᠭᠡ ᠨᠠᠢ᠌ᠷᠠᠯ ᠳᠠᠭᠤᠤ ᠵᠢ ᠬᠠᠩᠭᠢᠨᠠᠭᠤᠯᠵᠤ᠂ 《ᠵᠠᠯᠠᠭᠤ ᠨᠠᠰᠤᠨ᠎ᠳᠤ᠎ᠪᠠᠨ ᠭᠠᠪᠰᠢᠭ᠋ᠠᠢ᠌ᠯᠠᠶ᠎ᠠ》 ᠵᠢ ᠤᠶᠠᠩᠭ᠋ᠠᠯᠠᠵᠤ᠂ ᠰᠣᠶᠣᠯ᠎ᠤᠨ ᠰᠣᠩᠭᠣᠳᠠᠭ ᠪᠦᠲᠦᠭᠡᠯ᠎ᠢ ᠤᠯᠠᠮᠵᠢᠯᠠᠨ ᠵᠠᠯᠭ᠋ᠠᠮᠵᠢᠯᠠᠵᠤ᠂ ᠰᠣᠶᠣᠯ᠎ᠤᠨ ᠢᠲᠡᠭᠡᠯ ᠵᠶ᠋ᠠᠨ ᠪᠠᠲᠤᠳᠬᠠᠪᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ᠄ ᠪᠤᠭᠤᠲᠤ ᠬᠣᠲᠠ ᠵᠢᠨ᠎ᠬᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠥᠳᠡᠯᠮᠦᠷᠢ ᠵᠢᠨ ᠬᠥᠮᠦᠵᠢᠯ᠎ᠤᠨ ᠬᠢᠴᠢᠶᠡᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠰᠤᠷᠤᠭᠴᠢᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠳᠤ ᠬᠦᠴᠦᠨ ᠨᠡᠮᠡᠷᠢᠯᠡᠪᠡ
ᠥᠪᠥᠷ ᠮᠣᠩᠭᠣᠯ 《ᠬᠤᠪᠢᠰᠬᠠᠯᠲᠤ ᠤᠳᠤᠮᠰᠢᠯ᠎ᠢ ᠦᠷᠭᠦᠯᠵᠢᠯᠡᠭᠦᠯᠵᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ》 ᠬᠤᠪᠢᠰᠬᠠᠯ᠎ᠤᠨ ᠲᠠᠶ᠋ᠢᠯᠪᠤᠷᠢᠯᠠᠭᠴᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠪᠡ
ᠰᠤᠷᠤᠯᠴᠠᠬᠤ ᠴᠢᠨᠠᠷ ᠴᠢᠨᠰᠠᠭ᠎ᠠ ᠵᠢ ᠪᠠᠲᠤᠯᠠᠭᠰᠠᠨ ᠪᠠᠭᠰᠢ ᠰᠤᠷᠤᠭᠴᠢᠳ᠎ᠤᠨ ᠮᠢᠩᠭ᠋ᠠᠨ ᠭᠠᠵᠠᠷ᠎ᠤᠨ ᠠᠯᠤᠰ᠎ᠲᠠᠬᠢ ᠬᠠᠮᠲᠤ ᠵᠢᠨ ᠬᠢᠴᠢᠶᠡᠯᠯᠡᠭᠡ — ᠰᠦᠯᠵᠢᠶᠡᠨ᠎ᠳᠠᠬᠢ ᠵᠢᠭ᠋ᠠᠨ ᠰᠤᠷᠭ᠋ᠠᠯᠲᠠ ᠪᠠ ᠵᠢᠭ᠋ᠠᠬᠤ ᠵᠢ ᠰᠣᠳᠤᠯᠬᠤ ᠵᠢ ᠵᠡᠷᠭᠡ᠎ᠪᠠᠷ ᠥᠷᠨᠢᠭᠦᠯᠵᠦ ᠰᠣᠳᠤᠯᠬᠤ ᠰᠤᠷᠤᠭᠴᠢ ᠵᠢᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠬᠥᠭᠵᠢᠶᠡᠨᠲᠡᠢ ᠶᠠᠪᠤᠭᠳᠠᠭᠤᠯᠤᠭᠰᠠᠭ᠋ᠠᠷ ᠪᠠᠢ᠌ᠨ᠎ᠠ
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ — ᠪᠤᠭᠤᠲᠤ ᠵᠢᠨ ᠮᠧᠬᠠᠨᠢᠭ᠎ᠤᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠠᠵᠤ ᠦᠢ᠍ᠯᠡᠰ᠎ᠤᠨ ᠬᠥᠭᠵᠢᠯᠲᠡ᠎ᠲᠠᠢ ᠵᠣᠯᠭ᠋ᠠᠭᠤᠯᠵᠤ ᠳᠤᠰᠬᠠᠢ ᠮᠡᠷᠭᠡᠵᠢᠯ᠎ᠢ ᠡᠷᠬᠢᠯᠡᠵᠦ ᠰᠤᠷᠭ᠋ᠠᠭᠤᠯᠢ ᠪᠠ ᠠᠵᠤ ᠠᠬᠤᠶ᠋ᠢᠯᠠᠯ ᠬᠣᠷᠰᠢᠶᠠᠯᠠᠨ ᠴᠢᠳᠠᠪᠤᠷᠢᠲᠠᠨ᠎ᠢ ᠬᠥᠮᠦᠵᠢᠭᠦᠯᠬᠦ ᠵᠢ ᠭᠦᠨᠵᠡᠭᠡᠢ᠌ᠷᠡᠭᠦᠯᠪᠡ
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ — ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠬᠤᠤᠰ ᠥᠨᠳᠥᠷ》 ᠲᠥᠰᠦᠯ ᠵᠶ᠋ᠠᠷ ᠰᠤᠷᠭ᠋ᠠᠭᠤᠯᠢ ᠵᠢᠨ ᠵᠶ᠋ᠡᠨ ᠬᠥᠭᠵᠢᠯᠲᠡ ᠵᠢ ᠬᠥᠲᠥᠯᠥᠨ ᠳᠠᠭ᠋ᠠᠭᠤᠯᠪᠠ
 
             蒙ICP备05000248号