ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ᠄ ᠪᠤᠭᠤᠲᠤ ᠬᠣᠲᠠ ᠵᠢᠨ᠎ᠬᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠥᠳᠡᠯᠮᠦᠷᠢ ᠵᠢᠨ ᠬᠥᠮᠦᠵᠢᠯ᠎ᠤᠨ ᠬᠢᠴᠢᠶᠡᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠰᠤᠷᠤᠭᠴᠢᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠳᠤ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2022-06-17


          ᠰᠢᠷᠭ᠋ᠠᠭᠤ ᠴᠢᠷᠮᠠᠢ᠌ᠯᠭ᠎ᠠ ᠰᠢᠯᠢᠳᠡᠭ ᠪᠥᠲᠦᠭᠡᠯ
          ᠴᠠᠭ ᠦᠶ᠎ᠡ ᠵᠢᠨ ᠵᠣᠷᠢᠭ ᠰᠠᠨᠠᠭ᠎ᠠ ᠴᠤᠭ ᠪᠠᠳᠠᠷᠠᠩᠭᠤᠶ
          ᠠᠯᠤᠰ᠎ᠤᠨ ᠰᠠᠯᠬᠢ ᠠᠳᠠᠪᠠᠰᠢ ᠬᠦᠴᠦᠲᠡᠢ
          ᠠᠶᠠᠯᠠᠯ᠎ᠤᠨ ᠪᠦᠷᠢᠶᠡᠨ᠎ᠤ ᠬᠠᠩᠭᠢᠨᠠᠮ᠎ᠠ ᠳᠠᠭᠤᠨ ᠬᠥᠮᠦᠰ᠎ᠢ ᠤᠷᠮᠠᠰᠢᠭᠤᠯᠤᠨ᠎ᠠ


      ᠡᠨᠡ ᠵᠢᠯ᠂ ᠨᠠᠮ᠎ᠤᠨ ᠬᠣᠷᠢᠳᠤᠭ᠋ᠠᠷ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠬᠤ ᠪᠣᠯᠤᠨ᠎ᠠ᠂ ᠬᠤᠪᠢᠰᠤᠯᠲᠠ ᠵᠢᠨ ᠴᠠᠭ ᠪᠢᠳᠡᠨ᠎ᠢ ᠬᠦᠯᠢᠶᠡᠬᠦ ᠦᠭᠡᠢ᠂ ᠬᠥᠭᠵᠢᠯᠲᠡ ᠵᠢᠨ ᠡᠭᠦᠷᠭᠡ ᠬᠦᠨᠳᠦ ᠵᠠᠮ ᠬᠤᠯᠠ᠂ ᠰᠢᠨ᠎ᠡ ᠴᠠᠭ ᠦᠶ᠎ᠡ ᠵᠢᠨ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠥᠳᠲᠡᠷ ᠲᠦᠷᠭᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠪᠣᠯ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠵᠠᠭᠤᠨ ᠵᠢᠯ᠎ᠤᠨ ᠢᠷᠠᠭᠤ ᠠᠯᠳᠠᠷ᠎ᠢ ᠵᠠᠯᠭ᠋ᠠᠮᠵᠢᠯᠠᠵᠤ᠂ ᠴᠠᠭ ᠦᠶ᠎ᠡ ᠵᠢᠨ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠨᠡᠶ᠋ᠢᠲᠡᠯᠡᠯ》᠎ᠨᠢ 《ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠲᠤᠰᠬᠠᠶ ᠪᠤᠯᠤᠩ   ᠨᠡᠭᠡᠭᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠠᠭᠰᠢ ᠰᠤᠷᠤᠭᠴᠢᠳ᠎ᠤᠨ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠤᠮᠠᠷᠠᠲᠤ ᠬᠢᠯᠢ᠎ᠪᠠᠨ ᠪᠠᠲᠤ ᠴᠣᠭᠴᠠᠯᠠᠬᠤ》 ᠠᠮᠢᠳᠤᠯᠢᠭ ᠥᠯᠢᠭᠡᠷ᠎ᠢ ᠳᠡᠯᠭᠡᠨ ᠦᠵᠡᠭᠦᠯᠵᠦ᠂ ᠥᠷᠭᠡᠨ ᠣᠯᠠᠨ ᠪᠠᠭᠰᠢ ᠰᠤᠷᠤᠭᠴᠢ ᠵᠢᠨ ᠰᠢᠨ᠎ᠡ ᠰᠢᠯᠭ᠋ᠠᠯᠲᠠ᠎ᠳᠤ ᠣᠷᠣᠯᠴᠠᠬᠤ ᠵᠠᠮ᠎ᠳᠤ᠎ᠪᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠴᠥᠬᠥᠷᠡᠰᠢ ᠥᠬᠡᠶ ᠦᠢ᠍ᠯᠡᠳᠦᠯᠭᠡᠵᠢᠭᠦᠯᠵᠦ᠂ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠲᠠᠰᠤᠷᠠᠯᠲᠠ ᠥᠬᠡᠶ ᠵᠣᠷᠢᠭᠵᠢᠭᠤᠯᠤᠭᠰᠠᠭ᠋ᠠᠷ ᠪᠠᠢ᠌ᠨ᠎ᠠ!



      ᠪᠤᠭᠤᠲᠤ ᠬᠤᠳᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠰᠤᠷᠭ᠋ᠠᠨ ᠬᠥᠮᠦᠵᠢᠯ᠎ᠤᠨ ᠲᠥᠪ᠎ᠤᠨ ᠲᠠᠷᠢᠶᠠᠯᠠᠩ᠎ᠤᠨ ᠬᠥᠳᠡᠯᠮᠦᠷᠢ ᠵᠢᠨ ᠰᠠᠭᠤᠷᠢᠨ ᠭᠠᠵᠠᠷ᠎ᠲᠤ ᠰᠤᠷᠤᠭᠴᠢᠳ ᠲᠠᠷᠢᠶᠠᠨ ᠭᠠᠵᠠᠷ ᠵᠶ᠋ᠠᠷ ᠰᠦᠯᠵᠢᠯᠳᠦᠵᠦ᠂ ᠭᠤᠷᠪᠠ᠎ᠠᠴᠠ ᠲᠠᠪᠤᠨ ᠬᠥᠮᠦᠨ ᠨᠢᠭᠡ ᠳᠤᠭᠤᠶ᠋ᠢᠯᠠᠩ ᠪᠣᠯᠵᠤ᠂ ᠲᠠᠷᠢᠶᠠᠨ ᠭᠠᠵᠠᠷ᠎ᠢ ᠳᠠᠭ᠋ᠠᠭ᠋ᠠᠴᠢᠯᠠᠵᠤ᠂ ᠭᠠᠵᠠᠷ ᠤᠷᠪᠠᠭᠤᠯᠵᠤ᠂ ᠲᠠᠷᠢᠵᠤ᠂ ᠪᠤᠷᠳᠤᠭᠤᠷ ᠣᠷᠣᠭᠤᠯᠵᠤ᠂ ᠰᠢᠷᠣᠢ ᠨᠡᠮᠡᠵᠦ᠂ ᠤᠰᠤᠯᠠᠵᠤ᠂ ᠯᠤᠤᠪᠠᠩ᠂ ᠨᠡᠷᠡᠨ ᠬᠤᠸᠠᠷ᠂ ᠡᠷᠳᠡᠨᠢ ᠰᠢᠰᠢ᠂ ᠲᠥᠪᠡᠳ ᠬᠠᠰᠢ᠂ ᠴᠠᠭ᠋ᠠᠨ ᠨᠣᠭᠣᠭ᠎ᠠ᠂ ᠥᠷᠭᠡᠰᠦᠲᠦ ᠬᠡᠮᠬᠡ᠂ ᠰᠢ ᠬᠤᠯᠤ ᠵᠡᠷᠭᠡ ᠵᠢ ᠲᠠᠷᠢᠵᠤ᠂ ᠬᠥᠳᠡᠯᠮᠦᠷᠢᠯᠡᠬᠦ ᠵᠢ ᠪᠡᠶ᠎ᠡ᠎ᠪᠠᠷ ᠵᠶ᠋ᠠᠨ ᠥᠩᠭᠡᠷᠡᠭᠦᠯᠵᠦ᠂ ᠬᠥᠳᠡᠯᠮᠦᠷᠢ ᠵᠢᠨ ᠬᠠᠲᠠᠭᠤ ᠪᠡᠷᠬᠡ ᠵᠢ ᠣᠶ᠋ᠢᠯᠠᠭ᠋ᠠᠪᠠ᠃ ᠤᠶᠤᠨᠴᠢ ᠲᠣᠮᠤ ᠪᠥᠬᠦᠭᠡ᠎ᠳᠤ᠂ ᠰᠤᠷᠤᠭᠴᠢᠳ ᠢᠳᠡᠰᠢᠨ ᠨᠣᠭᠣᠭ᠋ᠠᠨ᠎ᠤ ᠭᠠᠵᠠᠷ ᠵᠶ᠋ᠠᠷ ᠲᠤᠷᠰᠢᠯᠲᠠ ᠵᠢᠨ ᠲᠠᠷᠢᠶ᠎ᠠ ᠪᠣᠯᠭ᠋ᠠᠵᠤ᠂ ᠨᠣᠭᠣᠭ᠋ᠠᠨ ᠤᠷᠭᠤᠮᠠᠯ᠎ᠤᠨ ᠰᠢᠨ᠎ᠡ ᠬᠠᠭᠤᠴᠢᠨ᠎ᠤ ᠰᠣᠯᠢᠯᠴᠠᠭ᠎ᠠ᠂ ᠤᠷᠭᠤᠮᠠᠯ᠎ᠤᠨ ᠬᠣᠷᠮᠣᠨ᠎ᠤ ᠲᠤᠬᠢᠷᠠᠭᠤᠯᠭ᠎ᠠ᠂ ᠠᠮᠢᠳᠤ ᠪᠣᠳᠠᠰ᠎ᠤᠨ ᠦᠷᠡᠵᠢᠯ ᠪᠠ ᠪᠣᠶ᠋ᠢᠵᠢᠯᠲᠠ᠂ ᠤᠳᠤᠮᠰᠢᠯ ᠪᠠ ᠣᠨᠳᠣᠣᠰᠢᠯ ᠵᠡᠷᠭᠡ ᠮᠡᠳᠡᠯᠭᠡ ᠵᠢ ᠬᠡᠷᠡᠭᠯᠡᠵᠦ᠂ ᠲᠠᠷᠢᠶᠠᠯᠠᠩ ᠦᠢ᠍ᠯᠡᠳᠪᠦᠷᠢᠯᠡᠯ᠎ᠤᠨ ᠵᠠᠷᠢᠮ ᠪᠣᠳᠠᠲᠠᠢ ᠠᠰᠠᠭᠤᠳᠠᠯ᠎ᠢ ᠲᠠᠶ᠋ᠢᠯᠪᠤᠷᠢᠯᠠᠬᠤ ᠪᠤᠶᠤ ᠰᠢᠢ᠍ᠳᠪᠦᠷᠢᠯᠡᠵᠦ᠂ ᠦᠢ᠍ᠯᠡᠳᠦᠯᠭᠡ᠎ᠠᠴᠠ ᠮᠡᠳᠡᠯᠭᠡ ᠵᠢᠨ ᠲᠤᠬᠠᠢ ᠣᠶ᠋ᠢᠯᠠᠭ᠋ᠠᠯᠲᠠ᠎ᠪᠠᠨ ᠭᠦᠨᠵᠡᠭᠡᠢ᠌ᠷᠡᠭᠦᠯᠪᠡ᠃



     2021 ᠣᠨ᠎ᠤ 5 ᠰᠠᠷ᠎ᠠ᠎ᠳᠤ᠂ ᠪᠤᠭᠤᠲᠤ ᠬᠣᠲᠠ 《ᠳᠤᠮᠳᠠᠳᠤ ᠪᠠᠭ᠎ᠠ ᠰᠤᠷᠭ᠋ᠠᠭᠤᠯᠢ ᠵᠢᠨ ᠬᠥᠳᠡᠯᠮᠦᠷᠢ ᠵᠢᠨ ᠬᠥᠮᠦᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 2021 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠳᠤᠮᠳᠠᠳᠤ ᠪᠠᠭ᠎ᠠ ᠰᠤᠷᠭ᠋ᠠᠭᠤᠯᠢ᠎ᠳᠤ ᠬᠥᠳᠡᠯᠮᠦᠷᠢ ᠵᠢᠨ ᠬᠥᠮᠦᠵᠢᠯ᠎ᠤᠨ ᠵᠠᠪᠠᠯ ᠰᠤᠷᠬᠤ ᠬᠢᠴᠢᠶᠡᠯ᠎ᠢ ᠲᠤᠰᠠᠭ᠋ᠠᠷ ᠲᠣᠬᠢᠷᠠᠭᠤᠯᠵᠤ᠂ ᠭᠠᠷᠠᠭ ᠪᠦᠷᠢ ᠨᠢᠭᠡ ᠬᠢᠴᠢᠶᠡᠯ ᠣᠷᠣᠵᠤ᠂ ᠰᠠᠷ᠎ᠠ ᠪᠦᠷᠢ ᠨᠢᠭᠡ ᠡᠳᠦᠷ ᠬᠥᠳᠡᠯᠮᠦᠷᠢᠯᠡᠵᠦ᠂ ᠰᠤᠷᠤᠭᠴᠢᠳ᠎ᠢ ᠭᠠᠷ ᠬᠥᠳᠡᠯᠦᠨ ᠦᠢ᠍ᠯᠡᠳᠦᠯᠭᠡᠵᠢᠭᠦᠯᠵᠦ᠂ ᠬᠦᠴᠦ ᠬᠥᠯᠥᠰᠥ᠎ᠪᠠᠨ ᠤᠷᠤᠰᠬᠠᠵᠤ᠂ ᠪᠣᠯᠪᠠᠰᠤᠷᠠᠯ ᠭᠦᠷᠲᠡᠵᠦ᠂ ᠦᠵᠡᠯ ᠤᠬᠠᠮᠰᠠᠷ ᠵᠶ᠋ᠠᠨ ᠪᠣᠯᠪᠠᠰᠤᠷᠠᠭᠤᠯᠵᠤ᠂ ᠬᠥᠳᠡᠯᠮᠦᠷᠢ ᠵᠢᠨ ᠵᠥᠪ ᠥᠷᠲᠡᠭ᠎ᠤᠨ ᠦᠵᠡᠯᠲᠡ ᠪᠠ ᠰᠠᠶ᠋ᠢᠨ ᠰᠠᠶ᠋ᠢᠬᠠᠨ ᠬᠥᠳᠡᠯᠮᠦᠷᠢ ᠵᠢᠨ ᠵᠠᠩ ᠴᠢᠨᠠᠷ᠎ᠢ ᠬᠥᠮᠦᠵᠢᠭᠦᠯᠦᠨ᠎ᠡ ᠭᠡᠵᠦ ᠲᠣᠳᠣᠷᠬᠠᠶ ᠲᠣᠭᠲᠠᠭ᠋ᠠᠪᠠ᠃ 《ᠬᠥᠳᠡᠯᠮᠦᠷᠢ ᠵᠢᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ》᠎ᠳᠤ᠂ ᠪᠤᠭᠤᠲᠤ ᠬᠣᠲᠠ ᠵᠢᠨ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠵᠢᠨ᠎ᠬᠢᠨ 《ᠬᠥᠳᠡᠯᠮᠦᠷᠢ᠎ᠳᠤ ᠬᠠᠶ᠋ᠢᠷᠠᠲᠠᠶ᠂ ᠬᠥᠳᠡᠯᠮᠦᠷᠢ ᠬᠠᠮᠤᠭ᠎ᠠᠴᠠ ᠥᠩᠭᠡ ᠭᠡᠷᠡᠯᠲᠡᠢ》 ᠭᠡᠬᠦ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ᠂ 《ᠬᠥᠳᠡᠯᠮᠦᠷᠢ᠎ᠲᠠᠢ ᠬᠠᠮᠲᠤ ᠡᠷᠡᠭᠦᠯ ᠵᠶ᠋ᠠᠷ ᠦᠰᠦᠨ ᠪᠣᠶ᠋ᠢᠵᠢᠬᠤ》 ᠬᠥᠳᠡᠯᠮᠦᠷᠢ ᠦᠢ᠍ᠯᠡᠳᠦᠯᠭᠡ ᠵᠢᠨ ᠠᠵᠢᠯᠯᠠᠭ᠎ᠠ ᠪᠠ 《ᠬᠥᠳᠡᠯᠮᠦᠷᠢ ᠵᠢᠨ ᠪᠠᠶᠠᠷ ᠪᠠᠶᠠᠰᠤᠯ》 ᠭᠡᠬᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ᠂ ᠬᠥᠳᠡᠯᠮᠦᠷᠢ ᠵᠢᠨ ᠬᠥᠮᠦᠵᠢᠯ᠎ᠢ ᠬᠡᠷ ᠪᠦᠯᠢ᠂ ᠰᠤᠷᠭ᠋ᠠᠭᠤᠯᠢ᠂ ᠨᠡᠶ᠋ᠢᠭᠡᠮ᠎ᠤᠨ ᠡᠯ᠎ᠡ ᠲᠠᠯ᠎ᠠ᠎ᠳᠤ ᠲᠤᠭᠤᠰᠢᠯᠠᠭᠤᠯᠵᠤ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠤᠳ᠂ ᠭᠤᠸ᠎ᠠ ᠰᠠᠶ᠋ᠢᠬᠠᠨ᠎ᠤ ᠬᠥᠮᠦᠵᠢᠯ᠎ᠲᠠᠢ ᠠᠭᠤᠰᠬᠠᠵᠤ᠂ ᠪᠤᠭᠤᠲᠤ ᠵᠢᠨ ᠣᠨᠴᠠᠯᠢᠭ᠎ᠲᠠᠢ ᠬᠥᠳᠡᠯᠮᠦᠷᠢ ᠵᠢᠨ ᠬᠥᠮᠦᠵᠢᠯ᠎ᠤᠨ ᠵᠠᠭᠪᠤᠷ᠎ᠢ ᠢᠳᠡᠪᠬᠢᠲᠡᠶ ᠰᠦᠪᠡᠭᠴᠢᠯᠡᠪᠡ᠃
      ᠪᠤᠭᠤᠲᠤ ᠬᠣᠲᠠ ᠵᠢᠨ ᠬᠥᠨᠳᠡᠯᠡᠨ ᠲᠣᠭᠣᠷᠢᠭ᠎ᠤᠨ ᠵᠠᠯᠠᠭᠤᠴᠤᠳ ᠵᠠᠮ᠎ᠤᠨ ᠬᠣᠶᠠᠳᠤᠭ᠋ᠠᠷ ᠪᠠᠭ᠎ᠠ ᠰᠤᠷᠭ᠋ᠠᠭᠤᠯᠢ ᠵᠢᠨ ᠠᠩᠬᠠᠳᠤᠭ᠋ᠠᠷ ᠬᠤᠭᠤᠴᠠᠭ᠋ᠠᠨ᠎ᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ 《ᠬᠥᠳᠡᠯᠮᠦᠷᠢᠴᠢᠳ᠎ᠤᠨ ᠪᠠᠶᠠᠷ》 ᠵᠢᠴᠢ ᠬᠥᠳᠡᠯᠮᠦᠷᠢ ᠵᠢᠨ ᠤᠷ᠎ᠠ ᠮᠡᠷᠭᠡᠰᠢᠯ᠎ᠤᠨ ᠤᠷᠤᠯᠳᠤᠭ᠋ᠠᠨ᠎ᠳᠤ ᠳᠤᠤᠷ᠎ᠠ ᠣᠨ᠎ᠤ ᠰᠤᠷᠤᠭᠴᠢᠳ ᠬᠥᠳᠡᠯᠮᠦᠷᠢ ᠵᠢᠨ ᠤᠷ᠎ᠠ ᠴᠢᠳᠠᠪᠤᠷᠢ ᠪᠠ ᠪᠡᠶ᠎ᠡ ᠵᠢᠨ ᠲᠠᠮᠢᠷ᠎ᠤᠨ ᠤᠷ᠎ᠠ ᠴᠢᠳᠠᠪᠤᠷᠢ ᠵᠢᠨ ᠶᠡᠷᠦᠩᠬᠡᠶ᠋ᠢᠯᠡᠭᠰᠡᠨ ᠴᠢᠨᠠᠷᠲᠠᠶ ᠵᠤᠭ᠎ᠠ ᠴᠡᠩᠭᠡᠯ᠎ᠤᠨ ᠪᠣᠣᠭᠢᠶ᠎ᠠ ᠤᠷᠤᠯᠳᠤᠭ᠋ᠠᠨ ᠵᠶ᠋ᠠᠷ ᠭᠤᠤᠯ ᠪᠣᠯᠭ᠋ᠠᠵᠤ᠂ ᠬᠤᠪᠴᠠᠰᠤ ᠡᠪᠬᠡᠬᠦ᠂ ᠬᠥᠨᠵᠢᠯᠡ ᠡᠪᠬᠡᠬᠦ᠂ ᠯᠤᠤᠪᠠᠩ᠎ᠤᠨ ᠬᠠᠯᠢᠰᠤ ᠵᠢ ᠠᠷᠢᠯᠭ᠋ᠠᠬᠤ᠂ ᠬᠣᠭ ᠨᠣᠪᠰᠢ ᠵᠢ ᠲᠥᠷᠥᠯ ᠬᠤᠪᠢᠶᠠᠬᠤ ᠵᠡᠷᠭᠡ ᠲᠥᠷᠥᠯ ᠵᠦᠢ᠍ᠯ ᠵᠶ᠋ᠠᠷ ᠳᠠᠮᠵᠢᠭᠤᠯᠤᠨ᠂ ᠰᠤᠷᠤᠭᠴᠢᠳ᠎ᠤᠨ ᠦᠨᠳᠦᠰᠦᠨ ᠠᠮᠢᠳᠤᠷᠠᠯ᠎ᠤᠨ ᠮᠡᠳᠡᠯᠭᠡ ᠪᠠ ᠤᠷ᠎ᠠ ᠴᠢᠳᠠᠪᠤᠷᠢ ᠵᠢ ᠡᠵᠡᠮᠰᠢᠭᠰᠡᠨ ᠪᠠᠶ᠋ᠢᠳᠠᠯ᠎ᠢ ᠰᠢᠯᠭ᠋ᠠᠨ ᠪᠠᠶ᠋ᠢᠴᠠᠭ᠋ᠠᠪᠠ᠃ ᠰᠤᠷᠤᠭᠴᠢᠳ ᠤᠷᠤᠯᠳᠤᠭ᠋ᠠᠨ᠎ᠤ ᠶᠠᠪᠤᠴᠠ᠎ᠳᠤ ᠶᠠᠭ᠋ᠠᠷᠠᠵᠤ ᠰᠠᠨᠳᠤᠷᠬᠤ ᠦᠭᠡᠢ ᠪᠠᠢ᠌ᠬᠤ᠎ᠨᠢ ᠶᠠᠭ ᠯᠠ 《ᠠᠮᠢᠳᠤᠷᠠᠯ ᠵᠶ᠋ᠠᠨ ᠥᠪᠡᠷ ᠵᠶ᠋ᠠᠨ ᠠᠷᠭ᠋ᠠᠴᠠᠬᠤ ᠪᠢᠴᠢᠬᠠᠨ ᠴᠢᠳᠠᠪᠤᠷᠢᠲᠠᠨ》 ᠮᠡᠲᠦ ᠪᠠᠢ᠌ᠯ᠎ᠠ᠃ ᠳᠡᠭᠡᠷ᠎ᠡ ᠣᠨ᠎ᠤ ᠰᠤᠷᠤᠭᠴᠢᠳ᠎ᠤᠨ ᠤᠷᠤᠯᠳᠤᠭ᠋ᠠᠨ᠎ᠨᠢ ᠨᠡᠩ ᠢᠯᠡᠭᠦᠦ ᠥᠷᠢᠰᠦᠯᠳᠦᠭᠡᠨᠲᠦ ᠴᠢᠨᠠᠷᠲᠠᠢ ᠪᠠᠶ᠋ᠢᠵᠤ᠂ ᠤᠷᠠᠯᠢᠭ᠎ᠤᠨ ᠵᠢᠷᠤᠭ ᠲᠥᠯᠥᠪᠯᠡᠭᠡ ᠪᠠ ᠠᠮᠲᠠᠲᠤ ᠢᠳᠡᠭᠡᠨ ᠬᠢᠬᠦ ᠬᠣᠶᠠᠷ ᠵᠦᠢ᠍ᠯ᠎ᠤᠨ ᠤᠷ᠎ᠠ ᠴᠢᠳᠠᠪᠤᠷᠢ ᠵᠢ ᠤᠶᠠᠯᠳᠤᠭᠤᠯᠵᠤ᠂ ᠥᠪᠡᠰᠦᠪᠡᠨ ᠠᠮᠲᠠᠲᠤ ᠢᠳᠡᠭᠡᠨ᠎ᠢ ᠲᠥᠰᠦᠪᠯᠡᠵᠦ᠂ ᠰᠤᠷᠤᠯᠴᠠᠬᠤ ᠪᠠ ᠥᠪᠡᠰᠦᠪᠡᠨ 《ᠭᠠᠷᠰᠢᠭᠰᠠᠨ ᠨᠣᠭᠣᠭ᠎ᠠ》 ᠬᠢᠵᠦ᠂ ᠰᠤᠷᠤᠭᠴᠢᠳ ᠤᠷᠠᠨ ᠳᠡᠮᠲᠡᠢ ᠭᠠᠷ ᠵᠶ᠋ᠠᠷ ᠵᠶ᠋ᠠᠨ ᠠᠮᠲᠠᠲᠤ ᠵᠠᠭᠤᠰᠢ ᠵᠢ ᠲᠠᠪᠠᠭ ᠲᠠᠪᠠᠭ ᠵᠶ᠋ᠠᠷ ᠵᠠᠯᠭ᠋ᠠᠭ᠎ᠠ᠎ᠪᠠᠷ ᠬᠢᠵᠦ ᠭᠠᠷᠭ᠋ᠠᠪᠠ᠃ ᠰᠤᠷᠤᠭᠴᠢᠳ ᠠᠮᠲᠠᠲᠤ ᠢᠳᠡᠭᠡᠨ ᠬᠢᠬᠦ ᠶᠠᠪᠤᠴᠠ᠎ᠳᠤ᠎ᠪᠠᠨ ᠳᠤᠮᠳᠠᠳᠤ ᠵᠢᠨ ᠤᠷᠠᠯᠢᠭ᠂ ᠳᠤᠮᠳᠠᠳᠤ ᠤᠯᠤᠰ᠎ᠤᠨ ᠠᠮᠲᠠᠲᠤ ᠢᠳᠡᠭᠡᠨ᠎ᠤ ᠥᠷᠭᠡᠨ ᠳᠡᠯᠭᠡᠷ ᠭᠦᠨ ᠭᠦᠨᠵᠡᠭᠡᠶ ᠵᠢ ᠮᠡᠳᠡᠷᠡᠵᠦ᠂ ᠬᠥᠳᠡᠯᠮᠦᠷᠢ ᠵᠢᠨ ᠬᠠᠲᠠᠭᠤ ᠪᠡᠷᠬᠡ ᠪᠠ ᠬᠥᠳᠡᠯᠮᠦᠷᠢ ᠳᠡᠯᠡᠬᠡᠶ ᠶᠢᠷᠲᠢᠨᠴᠦ ᠵᠢ ᠡᠭᠦᠳᠦᠨ ᠪᠦᠲᠦᠭᠡᠭᠰᠡᠨ᠎ᠢ ᠣᠢ᠌ᠯᠠᠭ᠋ᠠᠭᠰᠠᠨ᠎ᠤ ᠤᠯᠠᠮ ᠵᠶ᠋ᠠᠷ ᠵᠥᠪ ᠬᠥᠳᠡᠯᠮᠦᠷᠢ ᠵᠢᠨ ᠦᠵᠡᠯᠲᠡ ᠵᠢ ᠪᠣᠶ ᠪᠣᠯᠭ᠋ᠠᠪᠠ᠃



      ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠢᠷᠠᠭᠤ ᠠᠯᠳᠠᠷᠲᠤ ᠵᠠᠮ᠎ᠤᠨ ᠪᠠᠭ᠎ᠠ ᠰᠤᠷᠭ᠋ᠠᠭᠤᠯᠢ᠎ᠳᠤ᠂ ᠣᠯᠠᠨ ᠶᠠᠩᠵᠤ ᠵᠢᠨ 《ᠬᠥᠳᠡᠯᠮᠦᠷᠢ ᠵᠢᠨ ᠠᠵᠢᠯᠯᠠᠬᠤ ᠲᠠᠰᠤᠭ》᠎ᠨᠢ ᠰᠤᠷᠤᠭᠴᠢᠳ᠎ᠲᠤ ᠡᠷᠳᠡᠮ ᠴᠢᠳᠠᠪᠤᠷᠢ᠎ᠪᠠᠨ ᠭᠠᠶ᠋ᠢᠬᠠᠭᠤᠯᠬᠤ ᠲᠠᠪᠴᠠᠩ᠎ᠢ ᠬᠠᠩᠭ᠋ᠠᠵᠤ᠂ ᠰᠤᠷᠤᠭᠴᠢᠳ ᠥᠪᠡᠷ᠎ᠤᠨ ᠳᠤᠷ᠎ᠠ ᠰᠣᠨᠢᠷᠬᠠᠯ ᠵᠶ᠋ᠠᠷ ᠵᠶ᠋ᠠᠨ ᠠᠳᠠᠯᠢ ᠪᠤᠰᠤ ᠠᠵᠢᠯᠯᠠᠬᠤ ᠲᠠᠰᠤᠭ᠎ᠲᠤ ᠬᠥᠳᠡᠯᠮᠦᠷᠢ ᠵᠢᠨ ᠪᠠᠶᠠᠷ ᠪᠠᠶᠠᠰᠤᠯ᠎ᠢ ᠪᠡᠶᠡᠴᠢᠯᠡᠨ ᠣᠢ᠌ᠯᠠᠭ᠋ᠠᠪᠠ᠃ ᠭᠤᠯᠢᠷ᠎ᠤᠨ ᠱᠤᠭᠤᠮᠠᠯ᠎ᠤᠨ ᠲᠠᠰᠤᠭ᠎ᠲᠤ᠂ ᠰᠤᠷᠤᠭᠴᠢᠳ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ 《ᠭᠤᠯᠢᠷ᠎ᠤᠨ ᠱᠤᠭᠤᠮᠠᠯ》᠎ᠢ ᠤᠯᠠᠮᠵᠢᠯᠠᠨ ᠵᠠᠯᠭ᠋ᠠᠮᠵᠢᠯᠠᠬᠤ ᠤᠷᠠᠯᠢᠭ᠎ᠤᠨ ᠵᠢᠯᠣᠭᠣᠳᠣᠯᠭ᠎ᠠ ᠵᠶ᠋ᠠᠷ ᠠᠮᠢᠳᠤᠯᠢᠭ ᠰᠠᠶ᠋ᠢᠬᠠᠨ ᠬᠤᠸᠠᠷᠲᠠᠢ ᠮᠠᠨᠲᠠᠤ ᠬᠢᠬᠦ ᠵᠢ ᠰᠤᠷᠴᠤ᠂ ᠪᠢᠴᠢᠬᠠᠨ 《ᠰᠢᠵᠢᠷ ᠠᠯᠲᠠᠨ ᠪᠠᠭ᠋ᠠᠴᠤᠳ᠎ᠤᠨ ᠭᠤᠯᠢᠷ᠎ᠤᠨ ᠱᠤᠭᠤᠮᠠᠯ᠎ᠤᠨ ᠤᠯᠠᠮᠵᠢᠯᠠᠭᠴᠢ》 ᠪᠣᠯᠪᠠ᠃ ᠢᠳᠡᠰᠢᠨ ᠨᠣᠭᠤᠭ᠋ᠠᠨ᠎ᠤ ᠲᠣᠮᠤ ᠪᠥᠬᠦᠭᠡ ᠪᠠ ᠪᠢᠴᠢᠯ ᠤᠷᠭᠤᠮᠠᠯ᠎ᠤᠨ ᠦᠢ᠍ᠯᠡᠳᠪᠦᠷᠢ᠎ᠳᠤ ᠣᠷᠣᠬᠤ᠎ᠳᠤ ᠰᠤᠷᠤᠭᠴᠢᠳ ᠪᠣᠳᠠᠲᠤ ᠠᠬᠤᠢ᠎ᠳᠤ ᠪᠡᠶ᠎ᠡ᠎ᠪᠠᠷ ᠵᠶ᠋ᠠᠨ ᠥᠩᠭᠡᠷᠡᠭᠦᠯᠦᠭᠰᠡᠨ ᠥᠩᠭᠡᠷᠡᠯᠲᠡ᠎ᠠᠴᠠ ᠶᠤᠸᠠᠨ ᠯᠦᠩ ᠫᠢᠩ᠎ᠤᠨ 《ᠲᠠᠰ᠎ᠠᠴᠠ ᠳᠠᠪᠠᠭᠰᠠᠨ ᠲᠤᠲᠤᠷᠭ᠎ᠠ》 ᠵᠢᠨ ᠦᠷ᠎ᠡ ᠵᠢ ᠪᠣᠢ᠌ᠵᠢᠭᠤᠯᠤᠭᠰᠠᠨ ᠠᠭᠤᠤ ᠶᠡᠬᠡ ᠵᠢ ᠣᠶ᠋ᠢᠯᠠᠭ᠋ᠠᠵᠤ᠂ 《ᠤᠷᠭᠤᠮᠠᠯ᠎ᠤᠨ ᠦᠢ᠍ᠯᠡᠳᠪᠦᠷᠢ》᠂ 《ᠤᠶᠤᠨᠴᠢ ᠨᠣᠭᠣᠭ᠎ᠠ ᠳᠠᠷᠢᠬᠤ ᠮᠠᠰᠢᠨ》 ᠵᠡᠷᠭᠡ ᠣᠲᠣ ᠦᠶ᠎ᠡ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠶ᠋ᠢᠬᠠᠮᠰᠢᠭᠲᠤ ᠬᠦᠴᠦᠨ᠎ᠢ ᠣᠶ᠋ᠢᠯᠠᠭ᠋ᠠᠪᠠ᠃ ᠸᠠᠭ᠋ᠠᠷ᠎ᠤᠨ ᠤᠷᠠᠯᠢᠭ᠎ᠤᠨ ᠦᠢ᠍ᠯᠡᠳᠪᠦᠷᠢ ᠵᠢᠨ ᠲᠠᠰᠤᠭ᠂ ᠮᠢᠬᠠᠯᠢᠭ ᠤᠷᠭᠤᠮᠠᠯ᠎ᠤᠨ ᠦᠢ᠍ᠯᠡᠳᠪᠦᠷᠢ᠂ ᠬᠢᠮᠡᠯ ᠤᠶᠤᠨ᠎ᠤ ᠠᠵᠢᠯᠯᠠᠬᠤ ᠲᠠᠰᠤᠭ᠎ᠨᠢ ᠰᠤᠷᠤᠭᠴᠢᠳ᠎ᠤᠨ ᠰᠡᠳᠬᠢᠯ᠎ᠳᠤ ᠬᠠᠷᠠᠬᠠᠨ ᠪᠠᠭ᠎ᠠ᠎ᠠᠴᠠ᠎ᠪᠠᠨ ᠰᠢᠨᠵᠢᠯᠡᠬᠦ ᠤᠬᠠᠭ᠋ᠠᠨ᠎ᠢ ᠪᠠᠬᠠᠷᠬᠠᠵᠤ᠂ ᠰᠢᠨᠵᠢᠯᠡᠬᠦ ᠤᠬᠠᠭ᠋ᠠᠨ᠎ᠢ ᠰᠤᠷᠤᠯᠴᠠᠬᠤ ᠦᠷ᠎ᠡ ᠵᠢ ᠰᠠᠴᠤᠵᠠᠢ᠃
      ᠪᠤᠭᠤᠲᠤ ᠬᠣᠲᠠ ᠵᠢᠨ ᠬᠥᠨᠳᠡᠯᠡᠨ ᠲᠣᠭᠣᠷᠢᠭ᠎ᠤᠨ ᠪᠥᠯᠬᠦᠮᠳᠡᠯ ᠶᠡᠬᠡ ᠵᠡᠭᠡᠯᠢ ᠵᠢᠨ ᠳᠥᠷᠪᠡᠳᠦᠭᠡᠷ ᠪᠠᠭ᠎ᠠ ᠰᠤᠷᠭ᠋ᠠᠭᠤᠯᠢ ᠵᠢᠨ ᠠᠩᠬᠠᠳᠤᠭ᠋ᠠᠷ ᠬᠤᠭᠤᠴᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠵᠢᠨ ᠢᠦᠶ ᠬᠥᠳᠡᠯᠮᠦᠷᠢᠴᠢᠳ᠎ᠤᠨ ᠪᠠᠶᠠᠷ᠎ᠲᠤ ᠰᠤᠷᠤᠭᠴᠢᠳ ᠠᠩᠭᠢ᠎ᠪᠠᠷ ᠨᠢᠭᠡᠴᠢ ᠪᠣᠯᠭ᠋ᠠᠵᠤ᠂ ᠲᠣᠭᠣᠷᠢᠭ ᠬᠤᠪᠢᠶᠠᠨ ᠣᠨᠴᠠᠯᠢᠭᠲᠤ ᠳᠡᠯᠭᠡᠨ ᠪᠣᠷᠣᠯᠠᠭᠤᠯᠬᠤ ᠵᠠᠢ ᠭᠠᠷᠭ᠋ᠠᠵᠤ᠂ 《ᠵᠢᠨ ᠢᠦᠶ ᠵᠠᠬ᠎ᠠ ᠳᠡᠯᠭᠡᠭᠦᠷ》᠎ᠤᠨ ᠠᠵᠢᠯ ᠮᠡᠷᠭᠡᠵᠢᠯ᠎ᠢ ᠪᠡᠶᠡᠴᠢᠯᠡᠨ ᠣᠶ᠋ᠢᠯᠠᠭ᠋ᠠᠬᠤ ᠬᠥᠳᠡᠯᠮᠦᠷᠢ ᠵᠢᠨ ᠠᠵᠢᠯᠯᠠᠭ᠎ᠠ᠎ᠳᠤ ᠣᠷᠣᠯᠴᠠᠪᠠ᠃ ᠲᠤᠤ ᠪᠦᠦ ᠳᠡᠯᠭᠡᠭᠦᠷ᠂ ᠡᠯᠳᠡᠪ ᠪᠠᠷᠠᠭ᠋ᠠᠨ᠎ᠤ ᠳᠡᠯᠭᠡᠭᠦᠷ᠂ ᠪᠢᠴᠢᠭ᠎ᠤᠨ ᠬᠡᠷᠡᠭᠰᠡᠯ᠎ᠤᠨ ᠳᠡᠯᠭᠡᠭᠦᠷ᠂ ᠣᠶᠤᠨᠴᠢ ᠨᠣᠮ᠎ᠤᠨ ᠥᠷᠥᠭᠡ᠂ ᠢᠳᠡᠰᠢᠨ ᠨᠣᠭᠣᠭ᠎ᠠ ᠵᠢᠮᠢᠰ᠎ᠤᠨ ᠴᠢᠯᠦᠭᠡᠲᠦ ᠳᠡᠯᠭᠡᠭᠦᠷ ᠁ ᠡᠯ᠎ᠡ ᠠᠩᠭᠢ ᠵᠢᠨ ᠳᠡᠯᠭᠡᠭᠦᠷ ᠥᠪᠡᠷᠮᠢᠴᠡ ᠤᠷᠠᠨ ᠰᠡᠳᠬᠢᠮᠵᠢ᠎ᠲᠠᠢ᠂ ᠪᠢᠴᠢᠬᠠᠨ ᠬᠤᠳᠠᠯᠳᠤᠭᠴᠢᠳ ᠨᠠᠷᠢᠨ ᠨᠢᠮᠪᠠᠶ ᠵᠢᠷᠤᠵᠤ ᠲᠥᠯᠥᠪᠯᠡᠭᠰᠡᠨ ᠵᠠᠷ ᠮᠡᠳᠡᠭᠡᠨ᠎ᠤ ᠫᠠᠶ᠋ᠢᠰᠠ ᠵᠢᠨ ᠡᠮᠦᠨ᠎ᠡ ᠴᠢᠷᠮᠠᠶ᠋ᠢᠨ ᠬᠤᠳᠠᠯᠳᠤᠵᠤ᠂ ᠬᠠᠮᠲᠤ ᠰᠤᠷᠤᠯᠭ᠋ᠠᠲᠠᠨ᠎ᠤ ᠬᠣᠭᠣᠷᠣᠨᠳᠣᠬᠢ 《ᠬᠤᠳᠠᠯᠳᠤᠭ᠋ᠠᠯᠠᠬᠤ》 ᠬᠥᠳᠡᠯᠮᠦᠷᠢ᠎ᠪᠠᠷ ᠳᠠᠮᠵᠢᠨ ᠠᠰᠢᠭ ᠣᠷᠣᠯᠭ᠎ᠠ ᠣᠯᠪᠠ᠃ ᠣᠷᠴᠢᠨ ᠲᠣᠭᠣᠷᠢᠨ᠎ᠢ ᠬᠠᠮᠠᠭ᠋ᠠᠯᠠᠬᠤ ᠭᠠᠷᠮᠠᠭ᠋ᠠᠢ ᠭᠠᠷ᠂ ᠵᠠᠮ ᠬᠠᠷᠢᠯᠴᠠᠭ᠋ᠠᠨ᠎ᠤ ᠴᠠᠭᠳᠠᠭ᠎ᠠ᠂ ᠡᠮᠬᠢ ᠳᠢᠭᠯᠢᠮ᠎ᠢ ᠵᠣᠬᠢᠴᠠᠭᠤᠯᠬᠤ ᠴᠠᠭᠳᠠᠭ᠎ᠠ᠂ ᠵᠢᠷᠤᠮ᠎ᠤᠨ ᠬᠤᠳᠠᠯᠳᠤᠭ᠋ᠠᠨ᠎ᠤ ᠳᠠᠭ᠋ᠠᠭᠤᠯᠤᠭᠴᠢ᠂ ᠠᠵᠢᠯᠯᠠᠭ᠋ᠠᠨ᠎ᠤ ᠳᠠᠭ᠋ᠠᠭᠤᠯᠤᠭᠴᠢ ᠁ ᠪᠢᠴᠢᠬᠠᠨ ᠠᠵᠢᠯ ᠮᠡᠷᠭᠡᠵᠢᠯ᠎ᠢ ᠪᠡᠶᠡᠴᠢᠯᠡᠨ ᠣᠶ᠋ᠢᠯᠠᠭ᠋ᠠᠬᠤ ᠰᠠᠶ᠋ᠢᠨ ᠳᠤᠷᠠᠴᠤᠤᠯ ᠵᠢᠨ ᠢᠦᠶ ᠬᠤᠳᠠᠯᠳᠤᠭ᠋ᠠᠨ᠎ᠤ ᠵᠠᠬ᠎ᠠ ᠳᠡᠯᠭᠡᠭᠦᠷ᠎ᠢ ᠬᠠᠮᠠᠭ᠋ᠠᠯᠠᠵᠤ᠂ ᠠᠳᠠᠯᠢ ᠪᠤᠰᠤ ᠠᠵᠢᠯ ᠮᠡᠷᠭᠡᠵᠢᠯ ᠵᠶ᠋ᠠᠷ ᠠᠵᠢᠯᠯᠠᠭᠰᠠᠳ᠎ᠤᠨ ᠰᠢᠷᠭ᠋ᠠᠭᠤ ᠬᠠᠲᠠᠭᠤᠵᠢᠯᠲᠠᠶ ᠴᠢᠷᠮᠠᠶ᠋ᠢᠯᠭ᠎ᠠ ᠵᠢ ᠣᠶ᠋ᠢᠯᠠᠭ᠋ᠠᠪᠠ᠃



      ᠪᠤᠭᠤᠲᠤ ᠬᠣᠲᠠ ᠰᠤᠷᠤᠯᠭ᠎ᠠ ᠵᠢᠨ ᠬᠤᠭᠤᠴᠠᠭ᠎ᠠ ᠬᠤᠪᠢᠶᠠᠨ 《ᠰᠤᠷᠭ᠋ᠠᠨ ᠬᠥᠮᠦᠵᠢᠯ᠎ᠤᠨ ᠶᠠᠮᠤᠨ᠎ᠤ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠥᠳᠡᠯᠮᠦᠷᠢ ᠵᠢᠨ ᠬᠥᠮᠦᠵᠢᠯ᠎ᠢ ᠵᠢᠯᠣᠭᠣᠳᠬᠤ ᠬᠥᠲᠥᠯᠪᠦᠷᠢ (ᠲᠤᠷᠰᠢᠨ ᠬᠡᠷᠡᠭᠵᠢᠭᠦᠯᠬᠦ)》 ᠵᠢᠨ ᠠᠭᠤᠯᠭ᠎ᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠥᠳᠡᠯᠮᠦᠷᠢ ᠵᠢᠨ ᠬᠥᠮᠦᠵᠢᠯ᠎ᠤᠨ ᠠᠭᠤᠯᠭ᠎ᠠ ᠵᠢ ᠪᠠᠶᠠᠯᠢᠭᠵᠢᠭᠤᠯᠵᠤ᠂ ᠬᠥᠳᠡᠯᠮᠦᠷᠢ ᠵᠢᠨ ᠬᠥᠮᠦᠵᠢᠯ᠎ᠤᠨ ᠠᠷᠭ᠎ᠠ ᠵᠠᠮ᠎ᠢ ᠥᠷᠭᠡᠳᠬᠡᠵᠦ᠂ ᠬᠥᠳᠡᠯᠮᠦᠷᠢ ᠵᠢᠨ ᠬᠥᠮᠦᠵᠢᠯ᠎ᠤᠨ ᠬᠠᠮ ᠴᠣᠭᠴᠠ ᠵᠢ ᠤᠷᠲᠤᠳᠬᠠᠵᠤ᠂ ᠰᠢᠨ᠎ᠡ ᠴᠠᠭ ᠦᠶ᠎ᠡ ᠵᠢᠨ ᠬᠥᠳᠡᠯᠮᠦᠷᠢ ᠵᠢᠨ ᠬᠥᠮᠦᠵᠢᠯ᠎ᠤᠨ ᠳᠣᠭᠲᠠᠯᠴᠠᠭ᠎ᠠ ᠵᠢ ᠪᠥᠬᠥ ᠲᠠᠯ᠎ᠠ᠎ᠪᠠᠷ ᠪᠠᠶ᠋ᠢᠭᠤᠯᠪᠠ᠃ ᠬᠡᠦᠬᠡᠳ᠎ᠤᠨ ᠴᠡᠴᠡᠷᠯᠢᠭ ᠬᠥᠳᠡᠯᠮᠦᠷᠢ ᠵᠢᠨ ᠤᠬᠠᠮᠰᠠᠷ᠎ᠢ ᠪᠣᠢ ᠪᠣᠯᠭ᠋ᠠᠬᠤ ᠵᠢ ᠴᠢᠬᠤᠯᠠᠴᠢᠯᠠᠵᠤ᠂ ᠬᠥᠳᠡᠯᠮᠦᠷᠢ᠎ᠳᠤ ᠳᠤᠷᠠᠲᠠᠶ ᠪᠣᠯᠭ᠋ᠠᠬᠤ ᠬᠡᠷᠡᠭᠲᠡᠢ᠃ ᠪᠠᠭ᠎ᠠ ᠰᠤᠷᠭ᠋ᠠᠭᠤᠯᠢ ᠵᠢᠨ ᠳᠣᠣᠷ᠎ᠠ ᠣᠨ᠎ᠳᠤ ᠬᠥᠳᠡᠯᠮᠦᠷᠢ ᠵᠢᠨ ᠦᠵᠡᠯ ᠤᠬᠠᠮᠰᠠᠷ ᠪᠣᠯᠤᠨ ᠬᠥᠳᠡᠯᠮᠦᠷᠢ ᠵᠢᠨ ᠠᠮᠤᠷ ᠲᠦᠪᠰᠢᠨ᠎ᠤ ᠦᠵᠡᠯ ᠤᠬᠠᠮᠰᠠᠷ᠎ᠢ ᠬᠥᠮᠦᠵᠢᠭᠦᠯᠬᠦ ᠵᠢ ᠴᠢᠬᠤᠯᠠᠴᠢᠯᠠᠵᠤ᠂ ᠪᠠᠭ᠎ᠠ ᠰᠤᠷᠭ᠋ᠠᠭᠤᠯᠢ ᠵᠢᠨ ᠳᠡᠭᠡᠷ᠎ᠡ ᠣᠨ᠎ᠳᠤ ᠡᠷᠡᠭᠦᠯ ᠬᠠᠮᠠᠭ᠋ᠠᠯᠠᠯ᠂ ᠬᠥᠳᠡᠯᠮᠦᠷᠢ ᠵᠢᠨ ᠳᠠᠳᠬᠠᠯ᠎ᠲᠠᠢ ᠪᠣᠯᠭ᠋ᠠᠬᠤ ᠵᠢ ᠴᠢᠬᠤᠯᠠᠴᠢᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠳᠡᠯᠮᠦᠷᠢ ᠪᠣᠯᠤᠨ ᠭᠡᠷ᠎ᠤᠨ ᠬᠥᠳᠡᠯᠮᠦᠷᠢ᠎ᠪᠠᠷ ᠳᠠᠮᠵᠢᠭᠤᠯᠤᠨ᠂ ᠬᠣᠷᠰᠢᠶᠠᠯᠠᠨ ᠬᠥᠳᠡᠯᠮᠦᠷᠢᠯᠡᠬᠦ ᠵᠢ ᠰᠤᠷᠴᠤ᠂ ᠰᠤᠷᠤᠭᠴᠢᠳ᠎ᠲᠤ ᠬᠥᠳᠡᠯᠮᠦᠷᠢ ᠪᠣᠯ ᠥᠩᠭᠡ ᠭᠡᠷᠡᠯᠲᠡᠢ ᠭᠡᠳᠡᠭ᠎ᠢ ᠣᠢ᠌ᠯᠠᠭ᠋ᠠᠭᠤᠯᠵᠤ᠂ ᠬᠥᠳᠡᠯᠮᠦᠷᠢ ᠵᠢᠨ ᠳᠠᠳᠬᠠᠯ᠎ᠲᠠᠢ ᠪᠣᠯᠭ᠋ᠠᠬᠤ ᠬᠡᠷᠡᠭᠲᠡᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠤ ᠬᠥᠳᠡᠯᠮᠦᠷᠢ ᠵᠢᠨ ᠮᠡᠳᠡᠯᠭᠡ᠂ ᠤᠷ᠎ᠠ ᠴᠢᠳᠠᠪᠤᠷᠢ ᠵᠢᠨ ᠲᠣᠭᠣᠷᠢᠨ᠎ᠳᠤ᠂ ᠭᠡᠷ ᠠᠬᠤᠶ ᠵᠢᠨ ᠰᠤᠷᠤᠯᠴᠠᠯᠭ᠎ᠠ ᠵᠢ ᠴᠢᠩᠭ᠋ᠠᠳᠬᠠᠬᠤ᠂ ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡᠨ᠎ᠢ ᠥᠷᠨᠢᠭᠦᠯᠬᠦ᠂ ᠦᠢ᠍ᠯᠡᠳᠪᠦᠷᠢᠯᠡᠯ ᠬᠥᠳᠡᠯᠮᠦᠷᠢ᠎ᠳᠤ ᠵᠣᠬᠢᠰᠲᠠᠶ᠎ᠪᠠᠷ ᠣᠷᠣᠯᠴᠠᠬᠤ ᠵᠢ ᠴᠢᠬᠤᠯᠠᠴᠢᠯᠠᠵᠤ᠂ ᠰᠤᠷᠤᠭᠴᠢᠳ᠎ᠢ ᠨᠠᠷᠢᠨ ᠬᠢᠨᠠᠮᠠᠭ᠋ᠠᠶ ᠬᠠᠷᠢᠭᠤᠴᠠᠵᠤ᠂ ᠲᠡᠰᠪᠦᠷᠢ ᠬᠠᠲᠠᠭᠤᠵᠢᠯᠲᠠᠶ ᠬᠥᠳᠡᠯᠮᠦᠷᠢᠯᠡᠬᠦ ᠵᠠᠩ ᠴᠢᠨᠠᠷ ᠪᠣᠯᠤᠨ ᠡᠷᠬᠢᠯᠡᠭᠰᠡᠨ ᠠᠵᠢᠯ᠎ᠤᠨ ᠦᠵᠡᠯ ᠤᠬᠠᠮᠰᠠᠷᠲᠠᠢ ᠪᠣᠯᠭ᠋ᠠᠬᠤ ᠬᠡᠷᠡᠭᠲᠡᠶ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ᠎ᠬᠢᠨ ᠡᠷᠬᠢᠯᠡᠭᠰᠡᠨ ᠠᠵᠢᠯ᠎ᠤᠨ ᠣᠶ᠋ᠢᠯᠠᠭ᠋ᠠᠮᠵᠢ᠎ᠪᠠᠨ ᠪᠠᠶᠠᠯᠢᠭᠵᠢᠭᠤᠯᠬᠤ᠂ ᠦᠢ᠍ᠯᠡᠴᠢᠯᠡᠭᠡᠨ᠎ᠤ ᠮᠠᠶᠢᠭᠲᠤ ᠬᠥᠳᠡᠯᠮᠦᠷᠢ ᠵᠢ ᠥᠷᠨᠢᠭᠦᠯᠬᠦ᠂ ᠦᠢ᠍ᠯᠡᠳᠪᠦᠷᠢᠯᠡᠯ ᠬᠥᠳᠡᠯᠮᠦᠷᠢ᠎ᠳᠤ ᠣᠷᠣᠯᠴᠠᠬᠤ ᠵᠢ ᠴᠢᠬᠤᠯᠠᠴᠢᠯᠠᠵᠤ᠂ ᠰᠤᠷᠤᠭᠴᠢᠳ᠎ᠲᠤ ᠵᠣᠬᠢᠬᠤ ᠬᠥᠳᠡᠯᠮᠦᠷᠢ ᠵᠢᠨ ᠤᠷ᠎ᠠ ᠴᠢᠳᠠᠪᠤᠷᠢ ᠵᠢ ᠪᠣᠯᠪᠠᠰᠤᠷᠠᠩᠭᠤᠶ ᠡᠵᠡᠮᠰᠢᠭᠦᠯᠵᠦ᠂ ᠬᠥᠳᠡᠯᠮᠦᠷᠢ ᠵᠢᠨ ᠡᠭᠦᠳᠦᠨ ᠪᠦᠲᠦᠭᠡᠬᠦ ᠥᠷᠲᠡᠭ᠎ᠢ ᠣᠢ᠌ᠯᠠᠭ᠋ᠠᠭᠤᠯᠵᠤ᠂ ᠬᠥᠳᠡᠯᠮᠦᠷᠢ ᠵᠢᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠬᠤ ᠦᠵᠡᠯ ᠤᠬᠠᠮᠰᠠᠷ ᠪᠣᠯᠤᠨ ᠰᠠᠨᠠᠭ᠋ᠠᠴᠢᠯᠠᠭ᠎ᠠ᠎ᠠᠴᠠ᠎ᠪᠠᠨ ᠪᠤᠰᠤᠳ᠎ᠲᠤ ᠦᠢ᠍ᠯᠡᠴᠢᠯᠡᠬᠦ᠂ ᠨᠡᠶ᠋ᠢᠭᠡᠮ᠎ᠳᠤ ᠦᠢ᠍ᠯᠡᠴᠢᠯᠡᠬᠦ ᠰᠡᠳᠬᠢᠯᠭᠡ᠎ᠲᠠᠢ ᠪᠠᠶ᠋ᠢᠯᠭ᠋ᠠᠬᠤ ᠬᠡᠷᠡᠭᠲᠡᠶ᠃ ᠠᠵᠢᠯ ᠮᠡᠷᠭᠡᠵᠢᠯ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠭᠤᠤᠯᠳᠠᠭᠤ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠎ᠲᠠᠢ ᠤᠶᠠᠯᠳᠤᠭᠤᠯᠵᠤ᠂ ᠰᠤᠷᠤᠭᠴᠢᠳ᠎ᠤᠨ ᠠᠵᠢᠯ ᠮᠡᠷᠭᠡᠵᠢᠯ᠎ᠤᠨ ᠢᠷᠠᠭᠤ ᠠᠯᠳᠠᠷᠲᠤ ᠰᠡᠳᠬᠢᠯᠭᠡ ᠵᠢ ᠨᠡᠮᠡᠭᠳᠡᠭᠦᠯᠵᠦ᠂ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠰᠤᠷᠤᠭᠴᠢᠳ᠎ᠤᠨ ᠨᠢᠭᠲᠠ᠎ᠠᠴᠠ ᠨᠢᠭᠲᠠ ᠪᠠᠶ᠋ᠢᠬᠤ ᠤᠷᠠᠨ ᠳᠠᠷᠬᠠᠨ᠎ᠤ ᠵᠣᠷᠢᠭ ᠰᠠᠨᠠᠭ᠎ᠠ ᠪᠣᠯᠤᠨ ᠠᠵᠢᠯ᠎ᠤᠨ ᠪᠠᠶ᠋ᠢᠷᠢ᠎ᠪᠠᠨ ᠬᠠᠶ᠋ᠢᠷᠠᠯᠠᠵᠤ ᠠᠵᠢᠯ ᠦᠢ᠍ᠯᠡᠰ ᠵᠶ᠋ᠠᠨ ᠳᠡᠭᠡᠳᠦᠯᠡᠬᠦ ᠬᠥᠳᠡᠯᠮᠦᠷᠢ ᠵᠢᠨ ᠣᠪᠣᠷ᠎ᠢ ᠬᠥᠮᠦᠵᠢᠭᠦᠯᠬᠦ ᠬᠡᠷᠡᠭᠲᠡᠶ᠃



      ᠪᠤᠭᠤᠲᠤ ᠬᠤᠳᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ᠎ᠳᠤ᠂ ᠠᠮᠢᠳᠤ ᠪᠣᠳᠠᠰ᠎ᠤᠨ ᠪᠠᠭᠰᠢ ᠨᠠᠷ ᠤᠯᠠᠮᠵᠢᠯᠠᠯᠲᠤ ᠢᠰᠬᠡᠬᠦ ᠮᠡᠷᠭᠡᠵᠢᠯ᠎ᠢ ᠲᠤᠷᠰᠢᠯᠲᠠ ᠵᠢᠨ ᠲᠠᠰᠤᠭ᠎ᠤᠨ ᠬᠢᠴᠢᠶᠡᠯ᠎ᠤᠨ ᠲᠠᠩᠬᠢᠮ᠎ᠳᠤ ᠣᠷᠣᠭᠤᠯᠵᠤ᠂ ᠠᠮᠢᠳᠤ ᠪᠣᠳᠠᠰ᠎ᠤᠨ ᠲᠤᠷᠰᠢᠯᠲᠠ ᠵᠢᠨ ᠲᠠᠰᠤᠭ᠎ᠢ 《ᠠᠮᠢᠳᠤᠷᠠᠯ᠎ᠤᠨ ᠲᠣᠭᠣᠭ᠋ᠠᠨ ᠭᠡᠷ》 ᠪᠣᠯᠭ᠋ᠠᠵᠠᠢ᠃ ᠰᠤᠷᠤᠭᠴᠢᠳ ᠥᠪᠡᠰᠦᠪᠡᠨ ᠢᠳᠡᠰᠢᠨ ᠨᠣᠭᠣᠭ᠎ᠠ ᠵᠢᠮᠢᠰ ᠪᠡᠯᠡᠳᠬᠡᠵᠦ᠂ ᠠᠵᠢᠯ ᠬᠤᠪᠢᠶᠠᠨ ᠬᠠᠮᠵᠢᠯᠴᠠᠵᠤ᠂ ᠦᠵᠦᠮ᠎ᠤᠨ ᠠᠷᠢᠬᠢ ᠪᠠ ᠳᠠᠷᠤᠰᠢᠯᠠᠭᠤᠯᠤᠭᠰᠠᠨ ᠨᠣᠭᠣᠭ᠎ᠠ ᠬᠢᠬᠦ ᠪᠦᠷᠢᠨ ᠪᠦᠲᠦᠨ ᠶᠠᠪᠤᠴᠠ ᠵᠢ ᠪᠡᠶᠡᠴᠢᠯᠡᠨ ᠣᠶ᠋ᠢᠯᠠᠭ᠋ᠠᠪᠠ᠃ ᠴᠠᠭ᠎ᠤᠨ ᠤᠷᠲᠤ᠎ᠳᠤ ᠥᠩᠭᠡ ᠦᠨᠦᠷ ᠪᠦᠷᠢᠨ ᠪᠠᠶ᠋ᠢᠳᠠᠭ ᠦᠵᠦᠮ᠎ᠤᠨ ᠠᠷᠢᠬᠢ ᠪᠠ ᠳᠠᠷᠤᠰᠢᠯᠠᠭᠤᠯᠤᠭᠰᠠᠨ ᠨᠣᠭᠣᠭ᠎ᠠ ᠵᠢ ᠬᠢᠬᠦ᠎ᠪᠠᠷ ᠳᠡᠮᠵᠢᠨ᠂ ᠰᠤᠷᠤᠭᠴᠢᠳ ᠦᠢ᠍ᠯᠡᠳᠦᠯᠭᠡ ᠵᠢᠨ ᠶᠠᠪᠤᠴᠠ᠎ᠳᠤ ᠢᠰᠬᠡᠬᠦ ᠮᠡᠳᠡᠯᠭᠡ ᠵᠢ ᠤᠯᠠᠮ ᠨᠢᠭᠡ ᠠᠯᠬᠤᠮ ᠣᠢ᠌ᠯᠠᠭ᠋ᠠᠭᠰᠠᠨ᠎ᠤ ᠬᠠᠮᠲᠤ ᠬᠥᠳᠡᠯᠮᠦᠷᠢ ᠵᠢᠨ ᠰᠠᠶ᠋ᠢᠨ ᠰᠠᠶ᠋ᠢᠬᠠᠨ ᠪᠠ ᠬᠠᠪᠤ ᠴᠡᠩᠭᠡᠯ᠎ᠢ ᠭᠦᠢ᠍ᠴᠡᠳ ᠣᠶ᠋ᠢᠯᠠᠭ᠋ᠠᠪᠠ᠃



      ᠪᠤᠭᠤᠲᠤ ᠬᠣᠲᠠ ᠵᠢᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ 2020 ᠣᠨ᠎ᠳᠤ ᠰᠤᠷᠭ᠋ᠠᠭᠤᠯᠢ ᠵᠢᠨ ᠬᠦᠷᠢᠶᠡᠨ᠎ᠤ ᠪᠠᠷᠠᠭᠤᠨ ᠡᠮᠦᠨ᠎ᠡ ᠥᠨᠴᠥᠭ᠎ᠲᠤ ᠰᠤᠷᠭ᠋ᠠᠭᠤᠯᠢ ᠵᠢᠨ ᠬᠦᠷᠢᠶᠡᠨ᠎ᠤ ᠲᠠᠷᠢᠶᠠᠯᠠᠩ᠎ᠤᠨ ᠲᠠᠯᠠᠪᠠᠶ ᠭᠠᠷᠭ᠋ᠠᠵᠤ᠂ ᠡᠨᠡ ᠬᠦ᠌ ᠭᠠᠵᠠᠷ ᠰᠢᠷᠣᠶ᠎ᠳᠤ ᠲᠦᠰᠢᠭᠯᠡᠨ᠂ ᠦᠢ᠍ᠯᠡᠳᠪᠦᠷᠢᠯᠡᠯ ᠬᠥᠳᠡᠯᠮᠦᠷᠢ᠎ᠳᠤ ᠣᠷᠣᠯᠴᠠᠬᠤ᠎ᠪᠠᠷ ᠭᠤᠤᠯ ᠰᠡᠳᠦᠪ ᠪᠣᠯᠭ᠋ᠠᠭᠰᠠᠨ 《ᠬᠥᠳᠡᠯᠮᠦᠷᠢ ᠵᠢᠨ ᠬᠢᠴᠢᠶᠡᠯ᠎ᠤᠨ ᠲᠠᠩᠬᠢᠮ》᠎ᠢ ᠭᠠᠷᠭ᠋ᠠᠵᠤ᠂ ᠲᠠᠷᠢᠶᠠᠯᠠᠩ ᠦᠢ᠍ᠯᠡᠳᠪᠦᠷᠢᠯᠡᠯ᠎ᠤᠨ ᠮᠡᠳᠡᠯᠭᠡ ᠵᠢ ᠪᠡᠶᠡᠴᠢᠯᠡᠨ ᠣᠶ᠋ᠢᠯᠠᠭ᠋ᠠᠬᠤ᠎ᠪᠠᠷ ᠠᠭᠤᠯᠭ᠎ᠠ ᠪᠣᠯᠭ᠋ᠠᠭᠰᠠᠨ ᠬᠥᠳᠡᠯᠮᠦᠷᠢ ᠵᠢᠨ ᠣᠨᠴᠠᠯᠢᠭᠲᠤ ᠰᠤᠷᠭ᠋ᠠᠭᠤᠯᠢ ᠵᠢᠨ ᠬᠢᠴᠢᠶᠡᠯ᠎ᠢ ᠪᠠᠶ᠋ᠢᠭᠤᠯᠵᠤ᠂ ᠰᠤᠷᠤᠭᠴᠢᠳ᠎ᠲᠤ ᠬᠥᠷᠥᠰᠥ ᠰᠢᠷᠣᠶ᠎ᠲᠠᠢ ᠣᠶ᠋ᠢᠷᠠᠳᠬᠤ᠂ ᠪᠠᠶ᠋ᠢᠭ᠋ᠠᠯᠢ᠎ᠲᠠᠢ ᠣᠶ᠋ᠢᠷᠠᠳᠬᠤ᠂ ᠲᠠᠷᠢᠶᠠᠯᠠᠬᠤ ᠵᠢ ᠪᠡᠶᠡᠴᠢᠯᠡᠨ ᠣᠶ᠋ᠢᠯᠠᠭ᠋ᠠᠬᠤ ᠵᠠᠪᠰᠢᠶᠠᠨ ᠣᠯᠭᠣᠪᠠ᠃ ᠬᠢᠴᠢᠶᠡᠯ ᠨᠡᠭᠡᠭᠡᠭᠰᠡᠨ᠎ᠠᠴᠠ ᠣᠲᠣ ᠪᠣᠯᠲᠠᠯ᠎ᠠ ᠪᠠᠭᠰᠢ ᠰᠤᠷᠤᠭᠴᠢᠳ ᠮᠥᠷᠥ ᠵᠡᠷᠭᠡᠴᠡᠨ ᠬᠥᠳᠡᠯᠮᠦᠷᠢᠯᠡᠵᠦ᠂ ᠥᠪᠡᠷ᠎ᠤᠨ 《ᠨᠢᠭᠡ ᠮᠥ᠍ ᠭᠤᠷᠪᠠᠨ ᠬᠤᠪᠢ ᠲᠠᠷᠢᠶᠠᠨ ᠭᠠᠵᠠᠷ》᠎ᠲᠤ ᠬᠥᠳᠡᠯᠮᠦᠷᠢᠯᠡᠵᠦ᠂ ᠬᠥᠷᠥᠰᠥ ᠰᠤᠯᠠᠷᠠᠭᠤᠯᠬᠤ᠂ ᠴᠢᠬᠢ ᠪᠣᠶ᠋ᠢᠵᠢᠭᠤᠯᠬᠤ᠂ ᠳᠠᠷᠢᠬᠤ᠂ ᠵᠠᠶ᠋ᠢᠯᠠᠬᠤ᠂ ᠤᠰᠤᠯᠠᠬᠤ᠂ ᠪᠣᠷᠲᠣᠭᠣᠷ ᠣᠷᠣᠭᠤᠯᠬᠤ᠂ ᠡᠳᠦᠷ ᠲᠤᠲᠤᠮ ᠠᠷᠠᠴᠢᠯᠠᠬᠤ᠂ ᠬᠤᠷᠢᠶᠠᠬᠤ ᠪᠥᠬᠥ ᠶᠠᠪᠤᠴᠠ᠎ᠳᠤ ᠣᠷᠣᠯᠴᠠᠬᠤ᠂ ᠪᠡᠶ᠎ᠡ ᠵᠢᠨ ᠬᠥᠳᠡᠯᠮᠦᠷᠢ ᠵᠢᠨ ᠬᠦᠴᠢᠷ ᠪᠡᠷᠬᠡ᠎ᠠᠴᠠ ᠬᠥᠳᠡᠯᠮᠦᠷᠢ ᠵᠢᠨ ᠤᠷ᠎ᠠ ᠮᠡᠷᠭᠡᠰᠢᠯ᠎ᠢ ᠤᠯᠬᠤ ᠪᠥᠭᠡᠳ ᠡᠯ᠎ᠡ ᠲᠥᠷᠦᠯ᠎ᠤᠨ ᠬᠢᠴᠢᠶᠡᠯ᠎ᠳᠤ ᠰᠣᠷᠣᠭᠰᠠᠨ ᠮᠡᠳᠡᠯᠭᠡ᠎ᠪᠠᠨ ᠦᠢ᠍ᠯᠡᠳᠦᠯᠭᠡ᠎ᠳᠤ ᠬᠡᠷᠡᠭᠯᠡᠵᠦ᠂ ᠰᠣᠷᠣᠭᠰᠠᠨ ᠵᠶ᠋ᠠᠨ ᠬᠡᠷᠡᠭᠯᠡᠭᠰᠡᠨ ᠳᠦᠭᠦᠷᠡᠩ ᠣᠯᠤᠯᠲᠠ ᠪᠠ ᠲᠥᠷᠥᠭᠳᠡᠯ᠎ᠲᠠᠢ ᠪᠣᠯᠵᠠᠶ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ 《ᠬᠤᠪᠢᠰᠬᠠᠯᠲᠤ ᠤᠳᠤᠮᠰᠢᠯ᠎ᠢ ᠦᠷᠭᠦᠯᠵᠢᠯᠡᠭᠦᠯᠵᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ》 ᠬᠤᠪᠢᠰᠬᠠᠯ᠎ᠤᠨ ᠲᠠᠶ᠋ᠢᠯᠪᠤᠷᠢᠯᠠᠭᠴᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠪᠡ
ᠰᠤᠷᠤᠯᠴᠠᠬᠤ ᠴᠢᠨᠠᠷ ᠴᠢᠨᠰᠠᠭ᠎ᠠ ᠵᠢ ᠪᠠᠲᠤᠯᠠᠭᠰᠠᠨ ᠪᠠᠭᠰᠢ ᠰᠤᠷᠤᠭᠴᠢᠳ᠎ᠤᠨ ᠮᠢᠩᠭ᠋ᠠᠨ ᠭᠠᠵᠠᠷ᠎ᠤᠨ ᠠᠯᠤᠰ᠎ᠲᠠᠬᠢ ᠬᠠᠮᠲᠤ ᠵᠢᠨ ᠬᠢᠴᠢᠶᠡᠯᠯᠡᠭᠡ — ᠰᠦᠯᠵᠢᠶᠡᠨ᠎ᠳᠠᠬᠢ ᠵᠢᠭ᠋ᠠᠨ ᠰᠤᠷᠭ᠋ᠠᠯᠲᠠ ᠪᠠ ᠵᠢᠭ᠋ᠠᠬᠤ ᠵᠢ ᠰᠣᠳᠤᠯᠬᠤ ᠵᠢ ᠵᠡᠷᠭᠡ᠎ᠪᠠᠷ ᠥᠷᠨᠢᠭᠦᠯᠵᠦ ᠰᠣᠳᠤᠯᠬᠤ ᠰᠤᠷᠤᠭᠴᠢ ᠵᠢᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠬᠥᠭᠵᠢᠶᠡᠨᠲᠡᠢ ᠶᠠᠪᠤᠭᠳᠠᠭᠤᠯᠤᠭᠰᠠᠭ᠋ᠠᠷ ᠪᠠᠢ᠌ᠨ᠎ᠠ
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ — ᠪᠤᠭᠤᠲᠤ ᠵᠢᠨ ᠮᠧᠬᠠᠨᠢᠭ᠎ᠤᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠠᠵᠤ ᠦᠢ᠍ᠯᠡᠰ᠎ᠤᠨ ᠬᠥᠭᠵᠢᠯᠲᠡ᠎ᠲᠠᠢ ᠵᠣᠯᠭ᠋ᠠᠭᠤᠯᠵᠤ ᠳᠤᠰᠬᠠᠢ ᠮᠡᠷᠭᠡᠵᠢᠯ᠎ᠢ ᠡᠷᠬᠢᠯᠡᠵᠦ ᠰᠤᠷᠭ᠋ᠠᠭᠤᠯᠢ ᠪᠠ ᠠᠵᠤ ᠠᠬᠤᠶ᠋ᠢᠯᠠᠯ ᠬᠣᠷᠰᠢᠶᠠᠯᠠᠨ ᠴᠢᠳᠠᠪᠤᠷᠢᠲᠠᠨ᠎ᠢ ᠬᠥᠮᠦᠵᠢᠭᠦᠯᠬᠦ ᠵᠢ ᠭᠦᠨᠵᠡᠭᠡᠢ᠌ᠷᠡᠭᠦᠯᠪᠡ
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ — ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠬᠤᠤᠰ ᠥᠨᠳᠥᠷ》 ᠲᠥᠰᠦᠯ ᠵᠶ᠋ᠠᠷ ᠰᠤᠷᠭ᠋ᠠᠭᠤᠯᠢ ᠵᠢᠨ ᠵᠶ᠋ᠡᠨ ᠬᠥᠭᠵᠢᠯᠲᠡ ᠵᠢ ᠬᠥᠲᠥᠯᠥᠨ ᠳᠠᠭ᠋ᠠᠭᠤᠯᠪᠠ
ᠠᠮᠤᠷ ᠲᠦᠪᠰᠢᠨ᠎ᠤ ᠬᠥᠮᠦᠵᠢᠯ — ᠬᠥᠯᠥᠨ ᠪᠣᠶ᠋ᠢᠷ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ ᠤᠰᠤᠨ᠎ᠳᠤ ᠤᠨᠠᠬᠤ ᠵᠢ ᠰᠡᠷᠭᠡᠶ᠋ᠢᠯᠡᠬᠦ ᠲᠤᠰᠬᠠᠶ ᠠᠮᠤᠷ ᠲᠦᠪᠰᠢᠨ᠎ᠤ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠪᠡ
 
             蒙ICP备05000248号