ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠰᠤᠷᠤᠭᠴᠢᠳ᠎ᠤᠨ ᠲᠠᠷᠢᠬᠢ ᠲᠣᠯᠣᠭ᠋ᠠᠢ ᠵᠢ ᠵᠡᠪᠰᠡᠭᠯᠡᠬᠦ ᠵᠢ ᠠᠬᠢᠭᠤᠯᠵᠤ᠂ 《ᠨᠠᠮ᠎ᠤᠨ ᠬᠣᠷᠢᠳᠤᠭ᠋ᠠᠷ ᠶᠡᠬᠡ ᠬᠤᠷᠠᠯ》᠎ᠢ ᠤᠬᠠᠭᠤᠯᠤᠨ ᠲᠤᠭᠤᠰᠢᠯᠠᠭᠤᠯᠵᠤ ᠤᠭᠲᠤᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ 《ᠤᠯᠤᠰ ᠵᠶ᠋ᠠᠨ ᠬᠦᠴᠦᠷᠬᠡᠭᠵᠢᠭᠦᠯᠵᠦ ᠰᠡᠷᠭᠦᠨ ᠮᠠᠨᠳᠤᠭᠤᠯᠬᠤ᠎ᠳᠤ ᠪᠢ ᠪᠣᠢ》 ᠭᠡᠬᠦ ᠤᠯᠠᠨ ᠲᠦᠮᠡᠨᠴᠢ ᠴᠢᠨᠠᠷᠲᠠᠢ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠵᠠᠯᠠᠭᠤᠴᠤᠳ ᠪᠠᠭ᠋ᠠᠴᠤᠳ᠎ᠢ ᠬᠦᠳᠦᠯᠥᠨ ᠳᠠᠭ᠋ᠠᠭᠤᠯᠵᠤ ᠬᠤᠪᠢᠰᠬᠠᠯᠲᠤ ᠤᠳᠤᠮᠰᠢᠯ᠎ᠢ ᠦᠷᠭᠦᠯᠵᠢᠯᠡᠭᠦᠯᠵᠦ᠂ ᠴᠠᠭ ᠦᠶ᠎ᠡ ᠵᠢᠨ ᠰᠢᠨ᠎ᠡ ᠬᠥᠮᠦᠨ ᠪᠣᠯᠭ᠋ᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠎ᠲᠠᠢ ᠬᠠᠮᠲᠤᠷᠠᠨ 《ᠬᠤᠪᠢᠰᠬᠠᠯᠲᠤ ᠤᠳᠤᠮᠰᠢᠯ᠎ᠢ ᠦᠷᠭᠦᠯᠵᠢᠯᠡᠭᠦᠯᠵᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ》 ᠬᠤᠪᠢᠰᠬᠠᠯ᠎ᠤᠨ ᠲᠠᠶ᠋ᠢᠯᠪᠤᠷᠢᠯᠠᠭᠴᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠦᠭᠰᠡᠨ ᠪᠥᠭᠡᠳ 6 ᠰᠠᠷ᠎ᠠ ᠵᠢᠨ 21᠎ᠤ ᠡᠳᠦᠷ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠵᠢᠨ ᠴᠢᠶᠣᠤ ᠪᠠᠭ᠎ᠠ ᠰᠤᠷᠭ᠋ᠠᠭᠤᠯᠢ᠎ᠳᠤ ᠡᠬᠢᠯᠡᠯᠲᠡ ᠵᠢᠨ ᠶᠣᠰᠣᠯᠠᠯ ᠶᠠᠪᠤᠭᠤᠯᠪᠠ᠃





ᠡᠬᠢᠯᠡᠯᠲᠡ ᠵᠢᠨ ᠶᠣᠰᠣᠯᠠᠯ ᠳᠡᠭᠡᠷ᠎ᠡ᠂ ᠪᠥᠬᠥ ᠤᠯᠤᠰ᠎ᠤᠨ ᠲᠠᠪᠤᠨ ᠰᠠᠢ᠌ᠲᠠᠢ ᠲᠠᠶ᠋ᠢᠯᠪᠤᠷᠢᠯᠠᠭᠴᠢ ᠵᠠᠩ ᠾᠦᠢ ᠮᠢᠨ 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠬᠦᠷᠴᠦ ᠢᠷᠡᠭᠰᠡᠨ》 ᠬᠥᠮᠦᠰ᠎ᠤᠨ ᠰᠡᠳᠬᠢᠯ᠎ᠢ ᠬᠥᠳᠡᠯᠭᠡᠮ᠎ᠡ ᠦᠢ᠍ᠯᠡ ᠠᠵᠢᠯᠯᠠᠭ᠎ᠠ ᠵᠢ ᠶᠠᠷᠢᠪᠠ; ᠦᠷᠡᠭᠳᠡᠭᠰᠡᠨ ᠪᠠᠭ᠋ᠠᠲᠤᠷ ᠳ᠋ᠦᠸᠸ ᠰᠦᠩ ᠨᠢᠶᠠᠨ᠎ᠤ ᠳᠤᠷᠠᠰᠬᠠᠯ᠎ᠤᠨ ᠣᠷᠳᠣᠨ᠎ᠤ ᠰᠢᠯᠢᠳᠡᠭ ᠲᠠᠶ᠋ᠢᠯᠪᠤᠷᠢᠯᠠᠭᠴᠢ ᠭᠤᠤ ᠿᠦᠢ ᠵᠢᠤᠸᠠᠨ ᠲᠠᠯ᠎ᠠ ᠨᠤᠲᠤᠭ᠎ᠲᠤ ᠦᠰᠦᠨ ᠪᠣᠢ᠌ᠵᠢᠭᠰᠠᠨ ᠬᠤᠪᠢᠰᠬᠠᠯᠲᠤ ᠪᠠᠭ᠋ᠠᠲᠤᠷ ᠳ᠋ᠦᠸᠸ ᠰᠦᠩ ᠨᠢᠶᠠ᠎ᠨᠢ ᠶᠠᠷᠢᠪᠠ; ᠤᠯᠠᠭ᠋ᠠᠨᠬᠦᠦ ᠵᠢᠨ ᠳᠤᠷᠠᠰᠬᠠᠯ᠎ᠤᠨ ᠣᠷᠳᠣᠨ᠎ᠤ ᠰᠢᠯᠢᠳᠡᠭ ᠲᠠᠶ᠋ᠢᠯᠪᠤᠷᠢᠯᠠᠭᠴᠢ ᠯᠢ ᠯᠢᠩ ᠨᠠ 《ᠠᠷᠤᠭ ᠡᠭᠦᠷᠦᠭᠰᠡᠨ ᠭᠠᠳᠠᠭ᠋ᠠᠳᠤ᠎ᠳᠤ ᠰᠤᠷᠤᠯᠴᠠᠭᠴᠢ》 ᠤᠯᠠᠭ᠋ᠠᠨᠬᠦᠦ ᠵᠢᠨ ᠲᠤᠬᠠᠢ ᠵᠢᠨ ᠵᠢᠯ ᠳᠠᠶ᠋ᠢᠰᠤᠨ᠎ᠲᠠᠢ ᠪᠠᠭ᠋ᠠᠲᠤᠷᠯᠠᠨ ᠲᠡᠮᠡᠴᠡᠭᠰᠡᠨ ᠠᠮᠢᠳᠤᠯᠢᠭ ᠦᠯᠢᠭᠡᠷ᠎ᠢ ᠶᠠᠷᠢᠪᠠ; ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠪᠠᠶ᠋ᠢᠩᠭᠤ ᠵᠢᠨ ᠭᠡᠰᠢᠭᠦᠨ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ ᠫᠷᠤᠹᠸᠰᠰᠤᠷ ᠯᠢ ᠱᠦ᠍ ᠿᠦᠩ ᠲᠡᠮᠦᠷ ᠵᠠᠮ᠎ᠤᠨ ᠠᠵᠢᠯᠴᠢᠨ ᠪᠣᠯᠤᠨ ᠬᠤᠪᠸᠢ ᠵᠢ ᠲᠤᠰᠠᠯᠠᠬᠤ ᠡᠮᠴᠢᠯᠡᠭᠡᠨ᠎ᠤ ᠠᠵᠢᠯᠳᠠᠨ᠎ᠤ ᠠᠵᠢᠯ᠎ᠤᠨ ᠪᠠᠶ᠋ᠢᠷᠢ᠎ᠳᠤ᠎ᠪᠠᠨ ᠦᠨᠡᠨᠴᠢ ᠰᠢᠳᠤᠷᠭᠤ᠂ ᠳᠤᠷᠠᠲᠠᠶ᠎ᠠ ᠬᠤᠪᠢ ᠨᠡᠮᠡᠷᠢ ᠦᠵᠡᠭᠦᠯᠦᠭᠰᠡᠨ ᠦᠯᠢᠭᠡᠷ᠎ᠢ ᠶᠠᠷᠢᠪᠠ; ᠪᠦᠬᠦ ᠤᠯᠤᠰ᠎ᠤᠨ ᠰᠢᠯᠢᠳᠡᠭ ᠠᠷᠠᠳ᠎ᠤᠨ ᠴᠠᠭᠳᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠲᠠᠢ ᠲᠡᠮᠡᠴᠡᠭᠰᠡᠨ ᠲᠡᠷᠢᠭᠦᠨ᠎ᠤ ᠬᠤᠪᠢ ᠬᠥᠮᠦᠨ》᠂ ᠠᠷᠪᠠ ᠶᠢᠰᠦᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ 《ᠠᠷᠪᠠᠨ ᠰᠢᠯᠢᠳᠡᠭ ᠬᠠᠤᠯᠢ᠎ᠪᠠᠷ ᠵᠠᠰᠠᠭᠴᠢ》 ᠨᠠᠰᠤᠨ ᠤᠯᠤᠰ᠎ᠤᠨ ᠡᠭᠦᠳᠡᠨ᠎ᠳᠤ ᠬᠢᠵᠢᠭ᠎ᠲᠠᠢ ᠲᠡᠮᠡᠴᠡᠵᠦ ᠡᠮᠦᠨ᠎ᠡ ᠹᠷᠣᠨᠲ᠎ᠲᠤ ᠡᠷᠡᠯᠬᠡᠭᠯᠡᠨ ᠲᠡᠮᠡᠴᠡᠵᠦ᠂ ᠵᠠᠯᠠᠭᠤ ᠨᠠᠰᠤᠨ᠎ᠳᠤ᠎ᠪᠠᠨ ᠦᠨᠳᠦᠰᠦᠨ ᠱᠠᠲᠤᠨ᠎ᠳᠤ ᠦᠢ᠍ᠯᠡᠴᠢᠯᠡᠬᠦ᠎ᠳᠤ ᠭᠢᠯᠠᠯᠵᠠᠭᠤᠯᠵᠤ ᠶᠠᠪᠤᠭᠰᠠᠨ ᠦᠯᠢᠭᠡᠷ᠎ᠢ ᠶᠠᠷᠢᠪᠠ᠃ ᠡᠭᠦᠨ᠎ᠠᠴᠠ ᠭᠠᠳᠠᠨ᠎ᠠ ᠪᠠᠰᠠ ᠵᠢᠨ ᠴᠢᠶᠣᠤ ᠪᠠᠭ᠎ᠠ ᠰᠤᠷᠭ᠋ᠠᠭᠤᠯᠢ ᠵᠢᠨ ᠲᠠᠪᠤᠳᠤᠭ᠋ᠠᠷ ᠣᠨ᠎ᠤ ᠶᠠᠩ ᠢᠦᠢ ᠿᠦ᠍ ᠪᠣᠯᠤᠨ ᠶᠡᠬᠡ ᠰᠤᠷᠭ᠋ᠠᠭᠤᠯᠢ ᠵᠠᠮ᠎ᠤᠨ ᠪᠠᠭ᠎ᠠ ᠰᠤᠷᠭ᠋ᠠᠭᠤᠯᠢ ᠵᠢᠨ ᠪᠢᠨ ᠾᠧ ᠰᠤᠷᠭ᠋ᠠᠭᠤᠯᠢ ᠵᠢᠨ ᠲᠣᠭᠣᠷᠢᠭ᠎ᠤᠨ ᠲᠠᠪᠤᠳᠤᠭ᠋ᠠᠷ ᠣᠨ᠎ᠤ ᠵᠢᠷᠭᠤᠳᠤᠭ᠋ᠠᠷ ᠠᠩᠬᠢ ᠵᠢᠨ ᠰᠦᠩ ᠵᠢᠩ ᠬᠣᠶᠠᠷ 《ᠤᠯᠠᠭ᠋ᠠᠨ ᠪᠥᠴᠡᠲᠡᠨ᠎ᠤ ᠲᠠᠶ᠋ᠢᠯᠪᠤᠷᠢᠯᠠᠭᠴᠢ》᠎ᠠᠴᠠ 《ᠦᠨᠢ ᠡᠭᠦᠷᠢᠲᠡ ᠵᠢᠨ ᠶᠢᠰᠦᠨ ᠨᠠᠰᠤ》 ᠪᠣᠯᠤᠨ 《ᠤᠷᠤᠭᠰᠢᠯᠠᠵᠤ ᠪᠠᠢ᠌ᠭ᠎ᠠ ᠤᠯᠠᠭ᠋ᠠᠨ ᠣᠩᠭᠣᠴᠠ》 ᠵᠢᠨ ᠦᠯᠢᠭᠡᠷ᠎ᠢ ᠶᠠᠷᠢᠭᠰᠠᠨ ᠪᠠᠶ᠋ᠢᠨ᠎ᠠ᠃
ᠡᠬᠢᠯᠡᠯᠲᠡ ᠵᠢᠨ ᠶᠣᠰᠣᠯᠠᠯ᠎ᠤᠨ ᠳᠠᠷᠠᠭ᠎ᠠ᠂ ᠪᠥᠬᠥ ᠣᠷᠣᠨ᠎ᠤ ᠡᠯ᠎ᠡ ᠠᠶ᠋ᠢᠮᠠᠭ ᠬᠣᠲᠠ 6 - 10 ᠰᠠᠷ᠎ᠠ ᠪᠣᠯᠲᠠᠯ᠎ᠠ ᠬᠤᠪᠢᠰᠬᠠᠯ᠎ᠤᠨ ᠲᠠᠶ᠋ᠢᠯᠪᠤᠷᠢᠯᠠᠭᠴᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠰᠢᠷᠢᠰ ᠠᠵᠢᠯᠯᠠᠭ᠎ᠠ᠂ ᠵᠢᠱ᠌ᠢᠶᠡᠯᠡᠪᠡᠯ᠂ ᠬᠤᠪᠢᠰᠬᠠᠯ᠎ᠤᠨ ᠲᠠᠶ᠋ᠢᠯᠪᠤᠷᠢᠯᠠᠭᠴᠢ ᠰᠤᠷᠭ᠋ᠠᠭᠤᠯᠢ ᠵᠢᠨ ᠬᠦᠷᠢᠶᠡᠨ᠎ᠳᠤ ᠤᠬᠠᠭᠤᠯᠤᠨ ᠲᠠᠢ᠌ᠯᠪᠤᠷᠢᠯᠠᠬᠤ᠂ ᠵᠠᠯᠠᠭᠤᠴᠤᠳ ᠪᠠᠭ᠋ᠠᠴᠤᠳ᠎ᠤᠨ ᠬᠤᠪᠢᠰᠬᠠᠯᠲᠤ ᠰᠤᠳᠤᠯᠤᠨ ᠰᠤᠷᠤᠯᠴᠠᠬᠤ ᠠᠵᠢᠯᠯᠠᠭ᠎ᠠ᠂ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠡᠷᠭᠡ ᠵᠢ ᠦᠷᠭᠦᠯᠵᠢᠯᠡᠨ ᠥᠷᠨᠢᠭᠦᠯᠬᠦ ᠪᠣᠯᠤᠨ᠎ᠠ᠃ ᠠᠵᠢᠯᠯᠠᠭ᠎ᠠ᠎ᠨᠢ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ ᠵᠢᠨ ᠲᠤᠷᠰᠢᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠥᠯᠢᠭᠡᠷ᠂ ᠬᠤᠪᠢᠰᠬᠠᠯ᠎ᠤᠨ ᠥᠯᠢᠭᠡᠷ᠂ ᠪᠠᠭ᠋ᠠᠲᠤᠷ᠎ᠤᠨ ᠥᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠣᠶᠤᠨ ᠰᠠᠨᠠᠭ᠋ᠠᠨ᠎ᠤ ᠴᠠᠳᠢᠭ᠎ᠢ ᠭᠦᠨᠵᠡᠭᠡᠶ ᠲᠣᠳᠣᠷᠬᠠᠶ᠋ᠢᠯᠠᠨ ᠥᠭᠦᠯᠡᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠤᠨ ᠣᠷᠳᠣ ᠬᠤᠭᠤᠴᠠᠭ᠎ᠠ ᠬᠦᠴᠦᠨ᠎ᠲᠡᠢ ᠪᠣᠯᠭ᠋ᠠᠬᠤ ᠵᠢ ᠠᠬᠢᠭᠤᠯᠪᠠ᠃ ᠡᠭᠦᠨ᠎ᠤ ᠬᠠᠮᠲᠤ᠂ ᠠᠵᠢᠯᠯᠠᠭ᠎ᠠ᠎ᠨᠢ ᠡᠯ᠎ᠡ ᠭᠠᠵᠠᠷ᠎ᠤᠨ ᠬᠤᠪᠢᠰᠬᠠᠯ᠎ᠤᠨ ᠬᠥᠮᠦᠵᠢᠯ ᠵᠶ᠋ᠡᠷ ᠬᠥᠮᠦᠨ᠎ᠢ ᠬᠥᠮᠦᠵᠢᠭᠦᠯᠬᠦ ᠨᠡᠶ᠋ᠢᠭᠡᠮ᠎ᠤᠨ ᠡᠬᠢ ᠪᠠᠶᠠᠯᠢᠭ᠎ᠢ ᠨᠡᠶ᠋ᠢᠳᠬᠡᠵᠦ᠂ ᠨᠡᠶ᠋ᠢᠲᠡᠯᠢᠭ ᠬᠥᠮᠦᠰ᠎ᠤᠨ ᠳᠠᠭᠤᠷᠢᠶᠠᠯ ᠦᠵᠡᠭᠦᠯᠵᠦ ᠬᠦᠳᠦᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠶᠡᠷᠦᠩᠬᠡᠢ ᠱᠦᠵᠢ ᠵᠢᠨ 《ᠦᠵᠡᠯ ᠰᠠᠨᠠᠭ᠎ᠠ ᠤᠯᠤᠰ ᠲᠦᠷᠦ ᠵᠢᠨ ᠲᠣᠮᠤ ᠬᠢᠴᠢᠶᠡᠯ᠎ᠢ ᠰᠠᠶ᠋ᠢᠲᠤᠷ ᠶᠠᠷᠢᠬᠤ》 ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠯᠠᠭᠤᠴᠤᠳ ᠪᠠᠭ᠋ᠠᠴᠤᠳ ᠰᠤᠷᠤᠭᠴᠢᠳ᠎ᠢ ᠬᠥᠮᠦᠵᠢᠭᠦᠯᠵᠦ ᠬᠦᠳᠦᠯᠥᠨ ᠵᠢᠯᠣᠭᠣᠳᠴᠤ ᠨᠠᠮ ᠵᠶ᠋ᠠᠨ ᠬᠠᠶ᠋ᠢᠷᠠᠯᠠᠬᠤ᠂ ᠤᠯᠤᠰ ᠵᠶ᠋ᠠᠨ ᠬᠠᠶ᠋ᠢᠷᠠᠯᠠᠬᠤ᠂ ᠨᠡᠶ᠋ᠢᠭᠡᠮ ᠵᠢᠷᠤᠮ ᠵᠶ᠋ᠡᠨ ᠬᠠᠶ᠋ᠢᠷᠠᠯᠠᠬᠤ ᠰᠡᠳᠬᠢᠯᠭᠡ ᠵᠢ ᠵᠤᠵᠠᠭ᠋ᠠᠳᠬᠠᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠡᠭᠦᠷᠢᠳᠡ ᠨᠠᠮ ᠵᠶ᠋ᠠᠨ ᠲᠠᠭ᠋ᠠᠬᠤ ᠢᠲᠡᠭᠡᠯ ᠪᠢᠰᠢᠷᠡᠯ ᠢᠲᠡᠭᠡᠯ ᠵᠣᠷᠢᠭ᠎ᠢ ᠲᠠᠰᠤᠷᠠᠯᠳᠠ ᠦᠭᠡᠢ ᠴᠢᠩᠭ᠋ᠠᠳᠬᠠᠪᠠ᠃