ᠰᠢᠷᠭ᠋ᠠᠭᠤ ᠴᠢᠷᠮᠠᠢ᠌ᠯᠭ᠎ᠠ ᠰᠢᠯᠢᠳᠡᠭ ᠪᠥᠲᠦᠭᠡᠯ
ᠴᠠᠭ ᠦᠶ᠎ᠡ ᠵᠢᠨ ᠵᠣᠷᠢᠭ ᠰᠠᠨᠠᠭ᠎ᠠ ᠴᠤᠭ ᠪᠠᠳᠠᠷᠠᠩᠭᠤᠶ
ᠠᠯᠤᠰ᠎ᠤᠨ ᠰᠠᠯᠬᠢ ᠠᠳᠠᠪᠠᠰᠢ ᠬᠦᠴᠦᠲᠡᠢ
ᠠᠶᠠᠯᠠᠯ᠎ᠤᠨ ᠪᠦᠷᠢᠶᠡᠨ᠎ᠤ ᠬᠠᠩᠭᠢᠨᠠᠮ᠎ᠠ ᠳᠠᠭᠤᠨ ᠬᠥᠮᠦᠰ᠎ᠢ ᠤᠷᠮᠠᠰᠢᠭᠤᠯᠤᠨ᠎ᠠ
ᠡᠨᠡ ᠵᠢᠯ᠂ ᠨᠠᠮ᠎ᠤᠨ ᠬᠣᠷᠢᠳᠤᠭ᠋ᠠᠷ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠬᠤ ᠪᠣᠯᠤᠨ᠎ᠠ᠂ ᠬᠤᠪᠢᠰᠤᠯᠲᠠ ᠵᠢᠨ ᠴᠠᠭ ᠪᠢᠳᠡᠨ᠎ᠢ ᠬᠦᠯᠢᠶᠡᠬᠦ ᠦᠭᠡᠢ᠂ ᠬᠥᠭᠵᠢᠯᠲᠡ ᠵᠢᠨ ᠡᠭᠦᠷᠭᠡ ᠬᠦᠨᠳᠦ ᠵᠠᠮ ᠬᠤᠯᠠ᠂ ᠰᠢᠨ᠎ᠡ ᠴᠠᠭ ᠦᠶ᠎ᠡ ᠵᠢᠨ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠥᠳᠲᠡᠷ ᠲᠦᠷᠭᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠪᠣᠯ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠵᠠᠭᠤᠨ ᠵᠢᠯ᠎ᠤᠨ ᠢᠷᠠᠭᠤ ᠠᠯᠳᠠᠷ᠎ᠢ ᠵᠠᠯᠭ᠋ᠠᠮᠵᠢᠯᠠᠵᠤ᠂ ᠴᠠᠭ ᠦᠶ᠎ᠡ ᠵᠢᠨ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠨᠡᠶ᠋ᠢᠲᠡᠯᠡᠯ》᠎ᠨᠢ 《ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠲᠤᠰᠬᠠᠶ ᠪᠤᠯᠤᠩ ᠨᠡᠭᠡᠭᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠠᠭᠰᠢ ᠰᠤᠷᠤᠭᠴᠢᠳ᠎ᠤᠨ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠤᠮᠠᠷᠠᠲᠤ ᠬᠢᠯᠢ᠎ᠪᠠᠨ ᠪᠠᠲᠤ ᠴᠣᠭᠴᠠᠯᠠᠬᠤ》 ᠠᠮᠢᠳᠤᠯᠢᠭ ᠥᠯᠢᠭᠡᠷ᠎ᠢ ᠳᠡᠯᠭᠡᠨ ᠦᠵᠡᠭᠦᠯᠵᠦ᠂ ᠥᠷᠭᠡᠨ ᠣᠯᠠᠨ ᠪᠠᠭᠰᠢ ᠰᠤᠷᠤᠭᠴᠢ ᠵᠢᠨ ᠰᠢᠨ᠎ᠡ ᠰᠢᠯᠭ᠋ᠠᠯᠲᠠ᠎ᠳᠤ ᠣᠷᠣᠯᠴᠠᠬᠤ ᠵᠠᠮ᠎ᠳᠤ᠎ᠪᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠴᠥᠬᠥᠷᠡᠰᠢ ᠥᠬᠡᠶ ᠦᠢ᠍ᠯᠡᠳᠦᠯᠭᠡᠵᠢᠭᠦᠯᠵᠦ᠂ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠲᠠᠰᠤᠷᠠᠯᠲᠠ ᠥᠬᠡᠶ ᠵᠣᠷᠢᠭᠵᠢᠭᠤᠯᠤᠭᠰᠠᠭ᠋ᠠᠷ ᠪᠠᠢ᠌ᠨ᠎ᠠ!
ᠪᠤᠭᠤᠲᠤ ᠵᠢᠨ ᠮᠧᠬᠠᠨᠢᠭ᠎ᠤᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯ ᠪᠤᠭᠤᠲᠤ ᠬᠣᠲᠠ ᠵᠢᠨ ᠰᠤᠷᠭ᠋ᠠᠨ ᠬᠥᠮᠦᠵᠢᠯ᠎ᠤᠨ ᠳᠣᠪᠴᠢᠶᠠᠨ᠎ᠤ ᠬᠠᠷᠢᠶ᠎ᠠ ᠲᠧᠭᠨᠢᠭ᠎ᠤᠨ ᠤᠬᠠᠭ᠋ᠠᠨ᠎ᠤ ᠲᠥᠷᠥᠯ᠎ᠤᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠂ ᠲᠣᠭ᠋ᠠᠨ᠎ᠤ ᠡᠵᠡᠮᠰᠢᠯ᠂ ᠠᠵᠤ ᠦᠢ᠍ᠯᠡᠳᠪᠦᠷᠢ ᠵᠢᠨ ᠮᠠᠰᠢᠨ ᠬᠥᠮᠦᠨ᠂ ᠭᠠᠩᠨᠠᠯᠲᠠ ᠵᠡᠷᠭᠡ 5 ᠶᠡᠬᠡ ᠲᠥᠷᠥᠯ᠎ᠤᠨ 16 ᠲᠤᠰᠬᠠᠶ ᠮᠡᠷᠭᠡᠵᠢᠯ᠎ᠲᠠᠢ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 2300᠃ ᠰᠤᠷᠭ᠋ᠠᠭᠤᠯᠢ᠎ᠨᠢ 《ᠠᠵᠤ ᠦᠢ᠍ᠯᠡᠰ᠎ᠤᠨ ᠬᠥᠭᠵᠢᠯᠲᠡ᠎ᠯᠦᠭᠡ ᠵᠣᠯᠭ᠋ᠠᠭᠤᠯᠵᠤ ᠲᠤᠰᠬᠠᠶ ᠮᠡᠷᠭᠡᠵᠢᠯ ᠡᠷᠭᠢᠯᠡᠬᠦ᠂ ᠰᠤᠷᠭ᠋ᠠᠭᠤᠯᠢ ᠪᠠ ᠠᠵᠤ ᠠᠬᠤᠶ᠋ᠢᠯᠠᠯ ᠬᠣᠷᠰᠢᠶᠠᠯᠠᠨ ᠴᠢᠳᠠᠪᠤᠷᠢᠲᠠᠨ᠎ᠢ ᠬᠥᠮᠦᠵᠢᠭᠦᠯᠬᠦ》 ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠠᠶ᠃
ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠵᠢᠯᠴᠠᠨ ᠬᠥᠮᠦᠨ᠎ᠢ ᠬᠥᠮᠦᠵᠢᠭᠦᠯᠬᠦ ᠲᠣᠭᠲᠠᠴᠠ ᠵᠢ ᠪᠠᠢ᠌ᠭᠤᠯᠪᠠ
ᠨᠢᠭᠡ᠎ᠳᠤ᠂ 《ᠪᠤᠭᠤᠲᠤ ᠵᠢᠨ ᠮᠧᠬᠠᠨᠢᠭ᠎ᠤᠨ ᠠᠵᠤ ᠦᠢ᠍ᠯᠡᠳᠪᠦᠷᠢ ᠵᠢᠨ ᠰᠤᠷᠭ᠋ᠠᠨ ᠬᠥᠮᠦᠵᠢᠯ᠎ᠤᠨ ᠪᠦᠯᠦᠭᠯᠡᠯ》᠎ᠢ ᠵᠣᠬᠢᠶᠠᠨ ᠪᠠᠶ᠋ᠢᠭᠤᠯᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠂ ᠳᠤᠮᠳᠠ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠵᠣᠯᠭ᠋ᠠᠭᠤᠯᠤᠨ ᠬᠥᠮᠦᠨ᠎ᠢ ᠬᠥᠮᠥᠵᠢᠭᠦᠯᠬᠦ ᠲᠠᠪᠴᠠᠩ᠎ᠢ ᠪᠠᠢ᠌ᠭᠤᠯᠪᠠ᠃
ᠬᠣᠶᠠᠷ᠎ᠲᠤ᠂ ᠤᠯᠤᠰ᠎ᠤᠨ ᠤᠷ᠎ᠠ ᠴᠢᠳᠠᠪᠤᠷᠢᠲᠤ ᠪᠠᠭᠰᠢ᠂ ᠳᠡᠭᠡᠳᠦ ᠰᠤᠷᠭ᠋ᠠᠭᠤᠯᠢ ᠵᠢᠨ ᠫᠷᠣᠹᠧᠰᠰᠤᠷ ᠪᠣᠯᠤᠨ ᠰᠤᠷᠭ᠋ᠠᠭᠤᠯᠢ ᠵᠢᠨ ᠭᠣᠣᠯᠯᠠᠭᠴᠢ ᠪᠠᠭᠰᠢ᠎ᠪᠠᠷ ᠪᠦᠷᠢᠯᠳᠦᠭᠰᠡᠨ ᠪᠦᠲᠦᠴᠡ ᠵᠢ ᠤᠯᠠᠨ ᠡᠰᠢᠵᠢᠭᠦᠯᠦᠭᠰᠡᠨ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠭᠰᠡᠨ 《ᠭᠤᠷᠪᠠ ᠵᠢ ᠨᠢᠭᠡ ᠴᠤᠭᠴᠠᠵᠢᠭᠤᠯᠤᠭᠰᠠᠨ》 ᠪᠠᠭᠰᠢ ᠵᠢᠨ ᠡᠩᠨᠡᠭᠡ ᠵᠢ ᠪᠠᠢ᠌ᠭᠤᠯᠪᠠ᠃
ᠭᠤᠷᠪᠠ᠎ᠳᠤ᠂ 《ᠵᠠᠰᠠᠭ᠎ᠤᠨ ᠣᠷᠳᠣᠨ᠂ ᠠᠵᠤ ᠠᠬᠤᠶ᠋ᠢᠯᠠᠯ᠂ ᠰᠤᠷᠭ᠋ᠠᠭᠤᠯᠢ》᠂ 《ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠤ ᠠᠬᠤᠶ᠋ᠢᠯᠠᠯ》᠎ᠤᠨ ᠣᠯᠠᠨ ᠡᠰᠢᠵᠢᠭᠦᠯᠦᠭᠰᠡᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠠᠰᠠᠯᠲᠠ ᠵᠢᠨ ᠪᠦᠲᠦᠴᠡ ᠵᠢ ᠲᠡᠭᠦᠯᠳᠡᠷᠵᠢᠭᠦᠯᠵᠦ᠂ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠪᠡ᠃

ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢᠨ ᠬᠥᠳᠡᠯᠦᠩᠭᠦᠶ ᠬᠥᠭᠵᠢᠯᠲᠡ ᠵᠢ ᠠᠬᠢᠭᠤᠯᠪᠠ
ᠨᠢᠭᠡ᠎ᠳᠤ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠣᠲᠠ ᠵᠢᠨ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ ᠵᠢᠨ ᠬᠤᠪᠢᠷᠠᠯᠲᠠ ᠪᠠ ᠮᠡᠷᠭᠡᠵᠢᠯ᠎ᠤᠨ ᠳᠠᠪᠰᠢᠯᠲᠠ᠎ᠲᠠᠢ ᠵᠣᠯᠭ᠋ᠠᠭᠤᠯᠵᠤ᠂ ᠠᠵᠤ ᠦᠢ᠍ᠯᠡᠳᠪᠦᠷᠢ ᠵᠢᠨ ᠮᠠᠰᠢᠨ ᠬᠥᠮᠦᠨ᠂ ᠪᠣᠳᠠᠰ᠎ᠤᠨ ᠰᠦᠯᠵᠢᠶ᠎ᠡ ᠵᠡᠷᠭᠡ ᠰᠢᠨ᠎ᠡ ᠲᠤᠰᠬᠠᠶ ᠮᠡᠷᠭᠡᠵᠢᠯ᠎ᠢ ᠳᠣᠭᠢᠷᠠᠭᠤᠯᠵᠤ᠂ ᠤᠯᠠᠮᠵᠢᠯᠠᠯᠲᠤ ᠪᠣᠯᠪᠠᠰᠤᠷᠠᠭᠤᠯᠤᠨ ᠦᠢ᠍ᠯᠡᠳᠬᠦ ᠵᠢ ᠣᠶᠤᠨᠴᠢ ᠦᠢ᠍ᠯᠡᠳᠬᠦ ᠲᠤᠰᠬᠠᠶ ᠮᠡᠷᠭᠡᠵᠢᠯ ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠪᠡᠶᠡᠯᠡᠭᠦᠯᠪᠡ᠃
ᠬᠣᠶᠠᠷ᠎ᠲᠤ᠂ ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ 8 ᠳᠡᠭᠡᠳᠦ ᠰᠤᠷᠭ᠋ᠠᠭᠤᠯᠢ᠎ᠲᠠᠢ 《ᠳᠤᠮᠳᠠ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠨᠡᠪᠲᠡᠷᠡᠭᠦᠯᠦᠨ ᠬᠥᠮᠦᠵᠢᠭᠦᠯᠬᠦ》 ᠵᠢ ᠭᠦᠨᠵᠡᠭᠡᠶ᠋ᠢᠷᠡᠭᠦᠯᠵᠦ᠂ 《ᠨᠢᠭᠡ ᠴᠤᠭᠴᠠᠵᠢᠭᠤᠯᠤᠭᠰᠠᠨ》 ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠠᠬᠢᠭᠤᠯᠪᠠ᠃
ᠭᠤᠷᠪᠠ᠎ᠳᠤ᠂ ᠠᠵᠤ ᠦᠢ᠍ᠯᠡᠰ᠎ᠤᠨ ᠬᠡᠯᠬᠢᠶᠡᠲᠦ ᠣᠶᠤᠨᠴᠢ ᠦᠢ᠍ᠯᠡᠳᠬᠦ ᠦᠢ᠍ᠯᠡᠰ᠎ᠤᠨ ᠲᠤᠰᠬᠠᠶ ᠮᠡᠷᠭᠡᠵᠢᠯ᠎ᠤᠨ ᠴᠤᠭᠯᠠᠷᠠᠯ᠎ᠢ ᠪᠠᠶ᠋ᠢᠭᠤᠯᠵᠤ᠂ ᠠᠵᠤ ᠦᠢ᠍ᠯᠡᠰ᠂ ᠰᠤᠷᠭ᠋ᠠᠭᠤᠯᠢ᠂ ᠰᠣᠳᠤᠯᠭ᠋ᠠᠨ᠎ᠤ ᠪᠠᠢ᠌ᠭᠤᠯᠤᠮᠵᠢ ᠵᠢᠨ ᠭᠦᠨᠵᠡᠭᠡᠶ ᠠᠭᠤᠰᠤᠯᠴᠠᠭ᠎ᠠ ᠵᠢ ᠠᠬᠢᠭᠤᠯᠵᠤ᠂ ᠲᠤᠰᠬᠠᠶ ᠮᠡᠷᠭᠡᠵᠢᠯ᠎ᠤᠨ ᠲᠣᠬᠢᠷᠠᠭᠤᠯᠤᠯᠲᠠ ᠵᠢ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠵᠣᠯᠭ᠋ᠠᠭᠤᠯᠵᠤ᠂ ᠬᠢᠴᠢᠶᠡᠯ᠎ᠤᠨ ᠠᠭᠤᠯᠭ᠎ᠠ ᠵᠢ ᠠᠵᠢᠯ ᠮᠡᠷᠭᠡᠵᠢᠯ᠎ᠤᠨ ᠪᠠᠷᠢᠮᠵᠢᠶ᠎ᠠ᠎ᠲᠠᠢ ᠵᠣᠯᠭ᠋ᠠᠭᠤᠯᠵᠤ᠂ ᠵᠢᠭ᠋ᠠᠨ ᠰᠤᠷᠭ᠋ᠠᠯᠲᠠ ᠵᠢᠨ ᠶᠠᠪᠤᠴᠠ ᠵᠢ ᠦᠢ᠍ᠯᠡᠳᠪᠦᠷᠢᠯᠡᠯ᠎ᠤᠨ ᠶᠠᠪᠤᠴᠠ᠎ᠲᠠᠢ ᠵᠣᠯᠭ᠋ᠠᠭᠤᠯᠵᠤ᠂ ᠲᠤᠰᠬᠠᠶ ᠮᠡᠷᠭᠡᠵᠢᠯ᠎ᠤᠨ ᠬᠥᠭᠵᠢᠯᠲᠡ ᠵᠢᠨ ᠵᠣᠬᠢᠴᠠᠬᠤ ᠴᠢᠨᠠᠷ᠎ᠢ ᠴᠢᠩᠭ᠋ᠠᠳᠬᠠᠪᠠ᠃

ᠰᠢᠨ᠎ᠡ ᠵᠢ ᠡᠭᠦᠳᠬᠦ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠬᠠᠭᠰᠠᠨ ᠬᠥᠮᠦᠵᠢᠭᠦᠯᠬᠦ ᠵᠠᠭᠪᠤᠷ
ᠨᠢᠭᠡ᠎ᠳᠤ᠂ ᠦᠢ᠍ᠯᠡᠳᠪᠦᠷᠢᠯᠡᠯ᠎ᠤᠨ ᠴᠢᠨᠠᠷᠲᠠᠶ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠬᠠᠮᠲᠤ᠎ᠪᠠᠷ ᠪᠠᠢ᠌ᠭᠤᠯᠪᠠ᠃ 《1 + N》 ᠬᠠᠮᠲᠤᠷᠠᠯᠴᠠᠭ᠋ᠠᠨ᠎ᠤ ᠵᠠᠭᠪᠤᠷ ᠪᠠ 《ᠠᠵᠤ ᠠᠬᠤᠶ᠋ᠢᠯᠠᠯ᠎ᠢ ᠰᠤᠷᠭ᠋ᠠᠭᠤᠯᠢ᠎ᠳᠤ ᠣᠷᠣᠭᠤᠯᠬᠤ》᠂ 《ᠰᠤᠷᠭ᠋ᠠᠨ ᠬᠥᠮᠦᠵᠢᠯ᠎ᠢ ᠠᠵᠤ ᠠᠬᠤᠶ᠋ᠢᠯᠠᠯ᠎ᠳᠤ ᠣᠷᠣᠭᠤᠯᠬᠤ》 ᠠᠷᠭ᠎ᠠ ᠬᠡᠯᠪᠡᠷᠢ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠲᠥᠰᠦᠯ᠂ ᠲᠥᠬᠥᠭᠡᠷᠦᠮᠵᠢ᠂ ᠮᠡᠷᠭᠡᠵᠢᠯ ᠵᠡᠷᠭᠡ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ 《ᠤᠯᠤᠰ᠎ᠤᠨ ᠠᠵᠤ ᠦᠢ᠍ᠯᠡᠰ ᠪᠠ ᠰᠤᠷᠭ᠋ᠠᠨ ᠬᠥᠮᠥᠵᠢᠯ᠎ᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ》᠂ 《ᠤᠯᠤᠰ᠎ᠤᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ》᠂ 《ᠳᠡᠯᠡᠬᠡᠶ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠭᠠᠩᠨᠠᠯᠲᠠ ᠵᠢᠨ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ》᠂ 《ᠱᠠᠩᠬᠠᠶ ᠵᠢᠨ ᠨᠡᠶ᠋ᠢᠳᠡᠮ ᠬᠡᠷᠡᠭᠯᠡᠭᠡᠨ᠎ᠤ AYEC ᠮᠠᠰᠢᠨ ᠲᠡᠷᠭᠡᠨ᠎ᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ》᠂ 《ᠳᠤᠮᠳᠠᠳᠤ ᠭᠧᠷᠮᠠᠨ᠎ᠤ ᠣᠶᠤᠨᠴᠢ ᠦᠢ᠍ᠯᠡᠳᠬᠦ (ᠠᠵᠤ ᠦᠢ᠍ᠯᠡᠳᠪᠦᠷᠢ 4 . 0) ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ》᠂ 《ᠬᠠᠢ ᠡᠯ ᠪᠣᠳᠠᠰ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ》 ᠵᠡᠷᠭᠡ ᠠᠵᠤ ᠦᠢ᠍ᠯᠡᠰ ᠪᠠ ᠵᠢᠭ᠋ᠠᠨ ᠰᠤᠷᠭ᠋ᠠᠯᠲᠠ ᠵᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ 12᠎ᠢ ᠪᠠᠢ᠌ᠭᠤᠯᠪᠠ᠃ ᠰᠤᠷᠭ᠋ᠠᠭᠤᠯᠢ ᠪᠣᠯᠤᠨ ᠨᠢᠭᠡᠳᠦᠭᠡᠷ ᠮᠠᠰᠢᠨ᠎ᠤ ᠪᠦᠯᠦᠭᠯᠡᠯ᠎ᠤᠨ ᠿᠦᠢ ᠲᠧ ᠺᠣᠮᠫᠠᠨᠢ᠎ᠲᠠᠢ ᠬᠠᠮᠲᠤ 《ᠭᠤᠷᠪᠠᠨ ᠱᠤᠭᠤᠮ ᠨᠢᠭᠡ ᠲᠠᠪᠴᠠᠩ》᠎ᠤᠨ ᠦᠢ᠍ᠯᠡᠳᠪᠦᠷᠢᠯᠡᠯ᠎ᠤᠨ ᠴᠢᠨᠠᠷᠲᠠᠶ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠪᠧᠢ ᠪᠧᠨ ᠬᠦᠨᠳᠦ ᠮᠠᠰᠢᠨ᠎ᠤ ᠪᠦᠯᠦᠭᠯᠡᠯ᠎ᠲᠠᠢ ᠬᠠᠮᠲᠤ᠎ᠪᠠᠷ ᠪᠠᠶ᠋ᠢᠭᠤᠯᠤᠭᠰᠠᠨ 《ᠣᠲᠣ ᠦᠶ᠎ᠡ ᠵᠢᠨ ᠱᠠᠪᠢᠯᠠᠬᠤ ᠳᠦᠷᠢᠮᠲᠦ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ》᠎ᠨᠢ ᠳᠠᠭᠤᠷᠢᠶᠠᠯ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠪᠠ᠃ 《〈5543〉 ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠰᠦᠪᠡᠭᠴᠢᠯᠡᠯ ᠪᠠ ᠦᠢ᠍ᠯᠡᠳᠦᠯᠭᠡ》᠎ᠨᠢ ᠪᠥᠬᠥ ᠤᠯᠤᠰ᠎ᠤᠨ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠬᠠᠵᠤ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠨ ᠠᠵᠢᠯᠯᠠᠭᠰᠠᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠦᠨᠡᠯᠡᠭᠳᠡᠪᠡ᠃
ᠬᠣᠶᠠᠷ᠎ᠲᠤ᠂ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠭᠦᠨᠵᠡᠭᠡᠢ᠌ᠷᠡᠭᠦᠯᠪᠡ᠃ 《ᠪᠠᠭᠰᠢ ᠰᠣᠷᠣᠭᠴᠢ ᠵᠢ ᠠᠵᠤ ᠠᠬᠤᠶ᠋ᠢᠯᠠᠯ᠎ᠳᠤ ᠣᠴᠢᠭᠤᠯᠬᠤ᠂ ᠤᠯᠤᠰ᠎ᠤᠨ ᠲᠣᠮᠣ ᠤᠷᠠᠨ ᠳᠠᠷᠬᠠᠨ᠎ᠢ ᠬᠢᠴᠢᠶᠡᠯ᠎ᠤᠨ ᠳᠠᠪᠴᠠᠩ᠎ᠳᠤ ᠭᠠᠷᠭ᠋ᠠᠵᠤ᠂ ᠠᠵᠤ ᠠᠬᠤᠶ᠋ᠢᠯᠠᠯ᠎ᠤᠨ ᠰᠣᠶᠣᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠠᠵᠢᠯᠯᠠᠭ᠎ᠠ ᠵᠢ ᠡᠷᠭᠢᠯᠡᠵᠦ᠂ ᠪᠠᠭᠰᠢ ᠰᠣᠷᠣᠭᠴᠢ ᠵᠢᠨ ᠠᠵᠢᠯ ᠣᠯᠵᠤ ᠦᠢ᠍ᠯᠡᠰ ᠪᠣᠰᠬᠠᠬᠤ᠂ ᠠᠵᠢᠯ ᠮᠡᠷᠭᠡᠵᠢᠯ᠎ᠤᠨ ᠬᠡᠪ ᠪᠣᠯᠪᠠᠰᠤᠷᠠᠯ ᠪᠠ ᠤᠷᠠᠨ ᠳᠠᠷᠬᠠᠨ᠎ᠤ ᠵᠣᠷᠢᠭ ᠰᠠᠨᠠᠭ᠋ᠠᠨ᠎ᠤ ᠬᠥᠮᠦᠵᠢᠯ᠎ᠢ ᠴᠢᠩᠭ᠋ᠠᠳᠬᠠᠪᠠ᠃
ᠭᠤᠷᠪᠠ᠎ᠳᠤ᠂ 《ᠬᠤᠤᠰ ᠬᠢᠷᠢ ᠬᠡᠮᠲᠦ》 ᠪᠠᠭᠰᠢ ᠵᠢ ᠬᠥᠮᠦᠵᠢᠭᠦᠯᠬᠦ ᠵᠢ ᠴᠢᠩᠭ᠋ᠠᠳᠬᠠᠪᠠ᠃ ᠤᠯᠤᠰ᠎ᠤᠨ ᠲᠣᠮᠤ ᠤᠷᠠᠨ ᠳᠠᠷᠬᠠᠨ ᠯᠦ᠍ ᠿᠧᠨ ᠹᠧᠩ ᠵᠡᠷᠭᠡ 45 ᠤᠷ᠎ᠠ ᠴᠢᠳᠠᠪᠤᠷᠢᠲᠤ ᠶᠡᠬᠡ ᠪᠠᠭᠰᠢ᠂ ᠤᠷᠠᠨ ᠳᠠᠷᠬᠠᠨ᠎ᠢ ᠤᠷᠢᠵᠤ ᠰᠤᠷᠭ᠋ᠠᠭᠤᠯᠢ ᠵᠢᠨ 《ᠣᠨᠴᠠ ᠤᠷᠢᠭᠰᠠᠨ ᠪᠠᠭᠰᠢ》 ᠪᠣᠯᠭ᠋ᠠᠵᠤ᠂ 《ᠤᠯᠤᠰ᠎ᠤᠨ ᠲᠣᠮᠤ ᠤᠷᠠᠨ ᠳᠠᠷᠬᠠᠨ᠎ᠤ ᠵᠢᠭ᠋ᠠᠨ ᠰᠤᠷᠭ᠋ᠠᠯᠲᠠ ᠵᠢᠨ ᠴᠡᠭ》 ᠪᠠ 《ᠵᠢᠶᠠᠩ ᠳ᠋ᠠ ᠶᠤᠸᠠᠨ ᠰᠤᠷᠭ᠋ᠠᠨ ᠬᠥᠮᠦᠵᠢᠯ᠎ᠤᠨ ᠨᠠᠷᠠᠲᠤ ᠬᠥᠮᠦᠨ᠎ᠤ ᠠᠵᠢᠯᠯᠠᠬᠤ ᠲᠠᠰᠤᠭ》᠎ᠢ ᠪᠠᠶ᠋ᠢᠭᠤᠯᠵᠤ᠂ 《ᠬᠤᠤᠰ ᠬᠢᠷᠢ ᠬᠡᠮᠲᠦ ᠪᠠᠭᠰᠢ》 ᠵᠢᠨ ᠬᠠᠷᠢᠴᠠᠯ᠎ᠢ 65 %᠎ᠳᠤ ᠬᠦᠷᠭᠡᠵᠦ᠂ 4 ᠪᠠᠭᠰᠢ 《ᠪᠥᠬᠥ ᠤᠯᠤᠰ᠎ᠤᠨ ᠰᠢᠯᠢᠳᠡᠭ ᠰᠤᠷᠭ᠋ᠠᠨ ᠬᠥᠮᠦᠵᠢᠯ᠎ᠤᠨ ᠠᠵᠢᠯᠲᠠᠨ》᠂ 《ᠪᠥᠬᠥ ᠤᠯᠤᠰ᠎ᠤᠨ ᠰᠢᠯᠢᠳᠡᠭ ᠪᠠᠭᠰᠢ》᠂ 《ᠪᠥᠬᠥ ᠤᠯᠤᠰ᠎ᠤᠨ ᠰᠢᠯᠢᠳᠡᠭ ᠵᠢᠯᠣᠭᠣᠳᠤᠭᠴᠢ ᠪᠠᠭᠰᠢ》᠎ᠪᠠᠷ ᠰᠣᠩᠭᠣᠭᠳᠠᠵᠤ᠂ 5 ᠪᠠᠭᠰᠢ 《ᠲᠠᠯ᠎ᠠ ᠨᠤᠲᠤᠭ᠎ᠤᠨ ᠴᠢᠳᠠᠪᠤᠷᠢᠲᠠᠨ》᠂ 《ᠥᠪᠡᠷᠲᠡᠭᠡᠨ ᠵᠠᠰᠠᠬᠤ ᠣᠷᠣᠨ᠎ᠤ ᠲᠤᠰᠬᠠᠶ ᠮᠡᠷᠭᠡᠵᠢᠯ᠎ᠤᠨ ᠳᠠᠭ᠋ᠠᠭᠤᠯᠤᠭᠴᠢ》᠎ᠪᠠᠷ ᠦᠨᠡᠯᠡᠭᠳᠡᠪᠡ᠃
ᠳᠥᠷᠪᠡ᠎ᠳᠤ᠂ ᠵᠢᠭ᠋ᠠᠨ ᠰᠤᠷᠭ᠋ᠠᠯᠲᠠ᠂ ᠡᠷᠳᠡᠮ ᠰᠢᠨᠵᠢᠯᠡᠭᠡᠨ᠎ᠤ ᠴᠢᠳᠠᠪᠤᠷᠢ ᠪᠠ ᠰᠤᠷᠤᠭᠴᠢᠳ᠎ᠤᠨ ᠤᠷ᠎ᠠ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ 《ᠰᠤᠷᠭ᠋ᠠᠭᠤᠯᠢ ᠵᠢᠨ ᠣᠯᠠᠨ ᠡᠰᠢᠲᠦ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠰᠤᠳᠤᠯᠭ᠋ᠠᠨ ᠬᠢᠭᠡᠳ ᠦᠢ᠍ᠯᠡᠳᠦᠯᠭᠡ》᠎ᠨᠢ 2018 ᠣᠨ᠎ᠤ ᠤᠯᠤᠰ᠎ᠤᠨ ᠲᠠᠰ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠱᠠᠩᠨᠠᠯ᠎ᠤᠨ ᠬᠣᠶᠠᠳᠤᠭ᠋ᠠᠷ ᠳᠡᠰ᠎ᠤᠨ ᠱᠠᠩᠨᠠᠯ᠎ᠢ ᠭᠥᠷᠳᠡᠵᠦ᠂ 《ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠠᠵᠤ ᠦᠢ᠍ᠯᠡᠰ᠎ᠤᠨ ᠬᠡᠯᠬᠢᠶᠡᠨ᠎ᠤ ᠬᠡᠯᠪᠡᠷᠢᠲᠦ 〈ᠳᠥᠷᠪᠡᠨ ᠬᠡᠮᠵᠢᠯᠳᠦ ᠵᠠᠯᠭ᠋ᠠᠳᠠᠰᠤ〉 ᠵᠢᠨ ᠣᠶᠤᠨᠴᠢ ᠦᠢ᠍ᠯᠡᠳᠬᠦ ᠲᠤᠰᠬᠠᠶ ᠮᠡᠷᠭᠡᠵᠢᠯ᠎ᠤᠨ ᠪᠦᠯᠦᠭᠯᠡᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠬᠠᠶ᠋ᠢᠨ ᠰᠥᠪᠡᠭᠴᠢᠯᠡᠯᠲᠡ ᠬᠢᠭᠡᠳ ᠦᠢ᠍ᠯᠡᠳᠦᠯᠭᠡ》᠎ᠨᠢ 2022 ᠣᠨ᠎ᠤ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ᠃ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠵᠤ᠂ ᠭᠤᠷᠪᠠᠳᠤᠭ᠋ᠠᠷ ᠳᠡᠰ᠎ᠠᠴᠠ ᠳᠡᠭᠡᠭᠰᠢᠬᠢ ᠪᠥᠬᠥ ᠤᠯᠤᠰ᠎ᠤᠨ ᠱᠠᠩᠨᠠᠯ 21 (ᠨᠢᠭᠡᠳᠦᠭᠡᠷ ᠳᠡᠰ᠎ᠤᠨ ᠱᠠᠩᠨᠠᠯ 2᠂ ᠬᠣᠶᠠᠳᠤᠭ᠋ᠠᠷ ᠳᠡᠰ᠎ᠤᠨ ᠱᠠᠩᠨᠠᠯ 4)᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠱᠠᠩᠨᠠᠯ 162 (ᠨᠢᠭᠡᠳᠦᠭᠡᠷ ᠳᠡᠰ᠎ᠤᠨ ᠱᠠᠩᠨᠠᠯ 54)᠎ᠢ ᠭᠥᠷᠳᠡᠪᠡ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠠᠵᠤ ᠠᠬᠤᠶ᠋ᠢᠯᠠᠯ᠎ᠢ ᠨᠡᠪᠲᠡᠷᠡᠭᠦᠯᠬᠦ ᠵᠠᠭᠪᠤᠷ ᠵᠶ᠋ᠠᠷ ᠳᠠᠮᠵᠢᠭᠤᠯᠤᠨ᠂ ᠼᠠᠢ ᠴᠦᠨ ᠪᠥᠸᠧ᠂ ᠹᠧᠩ ᠴᠧᠨ ᠾᠦᠢ᠂ ᠭᠤᠤ ᠯᠸᠢ ᠵᠡᠷᠭᠡ ᠪᠥᠬᠥ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠂ ᠥᠪᠡᠷᠲᠡᠭᠡᠨ ᠵᠠᠰᠠᠬᠤ ᠣᠷᠣᠨ᠎ᠤ 《5·1》᠎ᠤ ᠬᠥᠳᠡᠯᠮᠦᠷᠢ ᠵᠢᠨ ᠱᠠᠩᠨᠠᠯ ᠬᠦᠷᠲᠡᠭᠴᠢ᠂ ᠥᠴᠥᠭᠡᠳᠦᠷ᠎ᠤᠨ 《ᠰᠤᠷᠭ᠋ᠠᠭᠤᠯᠢ ᠵᠢᠨ ᠬᠦᠷᠢᠶᠡᠨ᠎ᠤ ᠪᠢᠴᠢᠬᠠᠨ ᠳᠠᠷᠬᠠᠨ》 ᠥᠨᠥᠳᠦᠷ᠎ᠤᠨ ᠲᠣᠮᠤ ᠳᠠᠷᠬᠠᠨ ᠪᠣᠯᠤᠭᠰᠠᠨ ᠪᠠᠶ᠋ᠢᠨ᠎ᠠ᠃
ᠪᠤᠭᠤᠲᠤ ᠵᠢᠨ ᠮᠧᠬᠠᠨᠢᠭ᠎ᠤᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠨᠠᠶ᠋ᠢᠳᠠᠪᠤᠷᠢᠵᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠰᠢᠨ᠎ᠡ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ》 ᠵᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ 《ᠤᠷ᠎ᠠ ᠴᠢᠳᠠᠪᠤᠷᠢᠲᠤ ᠴᠢᠳᠠᠪᠤᠷᠢᠲᠠᠨ ᠪᠣᠯᠵᠣ᠂ ᠤᠷ᠎ᠠ ᠴᠢᠳᠠᠪᠤᠷᠢ᠎ᠪᠠᠷ ᠤᠯᠤᠰ᠎ᠤᠨ ᠵᠶ᠋ᠠᠨ ᠠᠴᠢ ᠵᠢ ᠬᠠᠷᠢᠭᠤᠯᠠᠬᠤ》 ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠠᠭᠪᠤᠷ᠎ᠲᠤ ᠴᠢᠨᠠᠷ ᠪᠠ ᠰᠠᠭᠤᠷᠢ ᠴᠢᠨᠠᠷᠲᠠᠶ ᠰᠤᠷᠭ᠋ᠠᠭᠤᠯᠢ ᠡᠷᠭᠢᠯᠡᠬᠦ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ 《ᠤᠷ᠎ᠠ ᠴᠢᠳᠠᠪᠤᠷᠢᠲᠤ ᠥᠪᠥᠷ ᠮᠣᠩᠭᠣᠯ》᠎ᠢ ᠬᠠᠮᠲᠤ᠎ᠪᠠᠷ ᠪᠠᠶ᠋ᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠨᠡᠮ!