ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ — ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠬᠤᠤᠰ ᠥᠨᠳᠥᠷ》 ᠲᠥᠰᠦᠯ ᠵᠶ᠋ᠠᠷ ᠰᠤᠷᠭ᠋ᠠᠭᠤᠯᠢ ᠵᠢᠨ ᠵᠶ᠋ᠡᠨ ᠬᠥᠭᠵᠢᠯᠲᠡ ᠵᠢ ᠬᠥᠲᠥᠯᠥᠨ ᠳᠠᠭ᠋ᠠᠭᠤᠯᠪᠠ
ᠨᠡᠶ᠋ᠢᠲᠡᠯᠡᠭᠰᠡᠨ ᠴᠠᠭ᠄ 2022-07-14


          ᠰᠢᠷᠭ᠋ᠠᠭᠤ ᠴᠢᠷᠮᠠᠢ᠌ᠯᠭ᠎ᠠ ᠰᠢᠯᠢᠳᠡᠭ ᠪᠥᠲᠦᠭᠡᠯ
          ᠴᠠᠭ ᠦᠶ᠎ᠡ ᠵᠢᠨ ᠵᠣᠷᠢᠭ ᠰᠠᠨᠠᠭ᠎ᠠ ᠴᠤᠭ ᠪᠠᠳᠠᠷᠠᠩᠭᠤᠶ
          ᠠᠯᠤᠰ᠎ᠤᠨ ᠰᠠᠯᠬᠢ ᠠᠳᠠᠪᠠᠰᠢ ᠬᠦᠴᠦᠲᠡᠢ
          ᠠᠶᠠᠯᠠᠯ᠎ᠤᠨ ᠪᠦᠷᠢᠶᠡᠨ᠎ᠤ ᠬᠠᠩᠭᠢᠨᠠᠮ᠎ᠠ ᠳᠠᠭᠤᠨ ᠬᠥᠮᠦᠰ᠎ᠢ ᠤᠷᠮᠠᠰᠢᠭᠤᠯᠤᠨ᠎ᠠ


      ᠡᠨᠡ ᠵᠢᠯ᠂ ᠨᠠᠮ᠎ᠤᠨ ᠬᠣᠷᠢᠳᠤᠭ᠋ᠠᠷ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠬᠤ ᠪᠣᠯᠤᠨ᠎ᠠ᠂ ᠬᠤᠪᠢᠰᠤᠯᠲᠠ ᠵᠢᠨ ᠴᠠᠭ ᠪᠢᠳᠡᠨ᠎ᠢ ᠬᠦᠯᠢᠶᠡᠬᠦ ᠦᠭᠡᠢ᠂ ᠬᠥᠭᠵᠢᠯᠲᠡ ᠵᠢᠨ ᠡᠭᠦᠷᠭᠡ ᠬᠦᠨᠳᠦ ᠵᠠᠮ ᠬᠤᠯᠠ᠂ ᠰᠢᠨ᠎ᠡ ᠴᠠᠭ ᠦᠶ᠎ᠡ ᠵᠢᠨ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠥᠳᠲᠡᠷ ᠲᠦᠷᠭᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠪᠣᠯ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠵᠠᠭᠤᠨ ᠵᠢᠯ᠎ᠤᠨ ᠢᠷᠠᠭᠤ ᠠᠯᠳᠠᠷ᠎ᠢ ᠵᠠᠯᠭ᠋ᠠᠮᠵᠢᠯᠠᠵᠤ᠂ ᠴᠠᠭ ᠦᠶ᠎ᠡ ᠵᠢᠨ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠨᠡᠶ᠋ᠢᠲᠡᠯᠡᠯ》᠎ᠨᠢ 《ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠲᠤᠰᠬᠠᠶ ᠪᠤᠯᠤᠩ   ᠨᠡᠭᠡᠭᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠠᠭᠰᠢ ᠰᠤᠷᠤᠭᠴᠢᠳ᠎ᠤᠨ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠤᠮᠠᠷᠠᠲᠤ ᠬᠢᠯᠢ᠎ᠪᠠᠨ ᠪᠠᠲᠤ ᠴᠣᠭᠴᠠᠯᠠᠬᠤ》 ᠠᠮᠢᠳᠤᠯᠢᠭ ᠥᠯᠢᠭᠡᠷ᠎ᠢ ᠳᠡᠯᠭᠡᠨ ᠦᠵᠡᠭᠦᠯᠵᠦ᠂ ᠥᠷᠭᠡᠨ ᠣᠯᠠᠨ ᠪᠠᠭᠰᠢ ᠰᠤᠷᠤᠭᠴᠢ ᠵᠢᠨ ᠰᠢᠨ᠎ᠡ ᠰᠢᠯᠭ᠋ᠠᠯᠲᠠ᠎ᠳᠤ ᠣᠷᠣᠯᠴᠠᠬᠤ ᠵᠠᠮ᠎ᠳᠤ᠎ᠪᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠴᠥᠬᠥᠷᠡᠰᠢ ᠥᠬᠡᠶ ᠦᠢ᠍ᠯᠡᠳᠦᠯᠭᠡᠵᠢᠭᠦᠯᠵᠦ᠂ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠲᠠᠰᠤᠷᠠᠯᠲᠠ ᠥᠬᠡᠶ ᠵᠣᠷᠢᠭᠵᠢᠭᠤᠯᠤᠭᠰᠠᠭ᠋ᠠᠷ ᠪᠠᠢ᠌ᠨ᠎ᠠ!  


     《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ᠎ᠠᠴᠠ ᠨᠠᠭ᠋ᠠᠰᠢ᠂ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠢᠮᠠᠭᠲᠠ ᠣᠷᠣᠨ ᠪᠦᠰᠡ ᠵᠢᠨ ᠠᠵᠤ ᠠᠬᠤᠶ ᠪᠠ ᠥᠪᠡᠷᠲᠡᠭᠡᠨ ᠵᠠᠰᠠᠬᠤ ᠣᠷᠣᠨ᠎ᠤ ᠲᠤᠯᠭ᠋ᠠᠭᠤᠷᠢ ᠠᠵᠤ ᠦᠢ᠍ᠯᠡᠰ᠎ᠲᠤ ᠦᠢ᠍ᠯᠡᠴᠢᠯᠡᠬᠦ ᠵᠢᠨ ᠲᠣᠭᠣᠷᠢᠨ᠎ᠳᠤ ᠤᠯᠤᠰ᠎ᠤᠨ ᠭᠤᠤᠯᠯᠠᠭᠴᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠤᠯᠤᠰ᠎ᠤᠨ ᠴᠢᠨᠠᠷᠯᠢᠭ ᠲᠤᠰᠬᠠᠶ ᠮᠡᠷᠭᠡᠵᠢᠯ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠤᠮᠳᠠᠳᠤ ᠤᠯᠤᠰ᠎ᠤᠨ ᠣᠨᠴᠠᠯᠢᠭᠲᠤ ᠥᠨᠳᠥᠷ ᠬᠢᠷᠢ ᠲᠦᠪᠰᠢᠨ ᠪᠥᠬᠥᠶ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠪᠥᠲᠥᠭᠡᠨ ᠪᠠᠶ᠋ᠢᠭᠤᠯᠬᠤ᠎ᠠᠴᠠ ᠭᠠᠷᠳᠠᠵᠤ᠂ ᠠᠭᠤᠯᠤᠭᠳᠠᠬᠤᠨ᠎ᠤ ᠪᠠᠶ᠋ᠢᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠣᠨᠴᠠᠯᠢᠭᠲᠤ᠂ ᠰᠢᠨ᠎ᠡ ᠵᠢ ᠡᠭᠦᠳᠬᠦ ᠪᠠ   ᠴᠢᠨᠠᠷᠯᠢᠭ ᠬᠥᠭᠵᠢᠯᠲᠡ ᠵᠢ ᠪᠡᠶᠡᠯᠡᠭᠦᠯᠪᠡ᠃
      ᠤᠯᠤᠰ᠎ᠤᠨ ᠴᠢᠬᠤᠯᠠ ᠶᠡᠬᠡ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠲᠥᠰᠦᠯ᠎ᠢ ᠡᠭᠦᠷᠭᠡᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠲᠦᠯᠬᠢᠨ ᠠᠬᠢᠭᠤᠯᠪᠠ᠃ ᠰᠤᠷᠭ᠋ᠠᠭᠤᠯᠢ᠎ᠨᠢ ᠤᠷᠢᠳ ᠬᠣᠵᠢᠳ ᠤᠯᠤᠰ᠎ᠤᠨ ᠠᠩᠬᠠᠳᠠᠭᠴᠢ ᠪᠦᠯᠦᠭ᠎ᠤᠨ ᠣᠳᠣ ᠦᠶ᠎ᠡ ᠵᠢᠨ ᠱᠠᠪᠢᠯᠠᠬᠤ ᠳᠦᠷᠢᠮ᠂ ᠤᠯᠤᠰ᠎ᠤᠨ ᠲᠠᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠰᠢᠨ᠎ᠡ ᠵᠢ ᠡᠭᠦᠳᠬᠦ ᠪᠦᠯᠬᠦᠮ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠲᠡᠰ᠎ᠤᠨ ᠲᠤᠰᠬᠠᠶ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ᠂ ᠰᠤᠷᠭ᠋ᠠᠨ ᠬᠥᠮᠦᠵᠢᠯ᠎ᠤᠨ ᠶᠠᠮᠤᠨ᠎ᠤ ᠬᠣᠶᠠᠳᠤᠭ᠋ᠠᠷ ᠪᠦᠯᠦᠭ᠎ᠤᠨ ᠬᠢᠮᠡᠯ ᠣᠶᠤᠨ ᠵᠶ᠋ᠡᠷ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠠᠬᠢᠭᠤᠯᠬᠤ ᠠᠵᠢᠯᠯᠠᠭ᠎ᠠ᠂ ᠤᠯᠤᠰ᠎ᠤᠨ ᠲᠠᠰ᠎ᠤᠨ 《ᠬᠤᠤᠰ ᠬᠢᠷᠢ ᠬᠡᠮᠲᠦ》 ᠪᠠᠭᠰᠢ ᠵᠢ ᠬᠥᠮᠦᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠂ ᠪᠦᠬᠦ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠠᠬᠢᠷᠤᠯ᠎ᠢ ᠪᠣᠯᠪᠠᠰᠤᠷᠠᠭᠤᠯᠤᠨ ᠬᠥᠮᠦᠵᠢᠭᠦᠯᠬᠦ ᠰᠠᠭᠤᠷᠢᠨ ᠭᠠᠵᠠᠷ᠂ ᠤᠯᠤᠰ᠎ᠤᠨ ᠲᠠᠰ᠎ᠤᠨ ᠣᠶᠤᠨᠴᠢ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠳᠠᠭᠤᠷᠢᠶᠠᠮᠠᠯ ᠪᠣᠳᠠᠲᠠᠶ ᠪᠣᠯᠪᠠᠰᠤᠷᠠᠯ᠎ᠤᠨ ᠰᠠᠭᠤᠷᠢᠨ ᠭᠠᠵᠠᠷ᠂ ᠠᠩᠬᠠᠳᠠᠭᠴᠢ ᠪᠦᠯᠦᠭ᠎ᠤᠨ ᠤᠯᠤᠰ᠎ᠤᠨ ᠲᠠᠰ᠎ᠤᠨ ᠳᠠᠭᠤᠷᠢᠶᠠᠯ ᠦᠵᠡᠭᠦᠯᠬᠦ ᠴᠢᠨᠠᠷᠲᠠᠶ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠯᠦᠭᠯᠡᠯ᠂ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠣᠭ᠋ᠠᠵᠢᠭᠤᠯᠤᠭᠰᠠᠨ ᠰᠤᠷᠭ᠋ᠠᠭᠤᠯᠢ ᠵᠢᠨ ᠬᠦᠷᠢᠶᠡᠨ᠎ᠤ ᠲᠤᠷᠰᠢᠯᠲᠠ ᠵᠢᠨ ᠰᠤᠷᠭ᠋ᠠᠭᠤᠯᠢ ᠵᠢᠨ ᠲᠠᠭᠤᠷᠢᠶᠠᠯᠲᠤ ᠳᠡᠭᠡᠳᠦ ᠰᠤᠷᠭ᠋ᠠᠭᠤᠯᠢ ᠵᠡᠷᠭᠡ ᠲᠥᠰᠦᠯ᠎ᠤᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠡᠭᠦᠷᠭᠡᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠪᠠ ᠬᠥᠭᠵᠢᠯᠲᠡ ᠵᠢ ᠬᠥᠲᠥᠯᠥᠨ ᠵᠢᠯᠣᠭᠣᠳᠴᠤ ᠠᠬᠢᠭᠤᠯᠪᠠ᠃



      ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ   ᠪᠠᠷᠢᠮᠵᠢᠶᠠᠨ᠎ᠤ ᠳᠣᠭᠲᠠᠯᠴᠠᠭ᠋ᠠᠨ᠎ᠤ ᠪᠠᠶ᠋ᠢᠭᠤᠯᠤᠯᠲᠠ᠎ᠳᠤ ᠣᠷᠣᠯᠴᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠢᠭᠡᠳ ᠬᠥᠭᠵᠢᠯᠲᠡ᠎ᠳᠤ ᠡᠨᠧᠷᠭᠢ ᠣᠯᠭᠣᠪᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠲᠠᠰ᠎ᠤᠨ ᠲᠤᠰᠬᠠᠶ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢᠨ ᠪᠠᠶ᠋ᠢᠭᠤᠯᠤᠯᠲᠠ ᠵᠢ ᠡᠷᠭᠢᠯᠡᠵᠦ᠂ 3 ᠤᠯᠤᠰ᠎ᠤᠨ ᠲᠤᠰᠬᠠᠶ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢᠨ ᠪᠠᠶ᠋ᠢᠭᠤᠯᠤᠯᠲᠠ᠎ᠳᠤ ᠣᠷᠣᠯᠴᠠᠵᠤ᠂ 12 ᠤᠯᠤᠰ᠎ᠤᠨ ᠵᠢᠭ᠋ᠠᠨ ᠰᠤᠷᠭ᠋ᠠᠯᠲᠠ ᠵᠢᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠣᠯᠴᠠᠵᠤ᠂ 17 ᠮᠤᠵᠢ ᠵᠢᠨ ᠲᠠᠰ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠪᠠᠷᠢᠮᠵᠢᠶ᠎ᠠ ᠵᠢ ᠲᠣᠭᠲᠠᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠷᠢᠮᠵᠢᠶᠠᠨ᠎ᠤ ᠳᠣᠭᠲᠠᠯᠴᠠᠭ᠋ᠠᠨ᠎ᠤ ᠪᠠᠶ᠋ᠢᠭᠤᠯᠤᠯᠲᠠ᠎ᠳᠤ ᠬᠤᠪᠢ ᠨᠡᠮᠡᠷᠢ ᠦᠵᠡᠭᠦᠯᠪᠡ᠃ 《ᠰᠢᠰᠲ᠋ᠧᠮᠲᠡᠢ ᠵᠢᠷᠤᠵᠤ ᠲᠥᠯᠥᠪᠯᠡᠬᠦ᠂ ᠲᠠᠪᠴᠠᠩ ᠵᠶ᠋ᠠᠷ ᠲᠤᠯᠭ᠋ᠠᠭᠤᠷᠢᠯᠠᠬᠤ᠂ ᠪᠥᠬᠥ ᠶᠠᠪᠤᠴᠠ᠎ᠳᠤ ᠬᠠᠮᠢᠶᠠᠷᠬᠤ᠂ ᠲᠥᠷᠥᠯ ᠬᠤᠪᠢᠶᠠᠨ ᠦᠨᠡᠯᠡᠬᠦ》 ᠠᠵᠢᠯ᠎ᠤᠨ ᠪᠠᠶ᠋ᠢᠷᠢ ᠣᠷᠣᠯᠠᠨ ᠳᠠᠳᠤᠯᠭ᠎ᠠ ᠬᠢᠬᠦ ᠬᠠᠮᠢᠶᠠᠷᠤᠯᠲᠠ ᠵᠢᠨ ᠵᠠᠭᠪᠤᠷ᠎ᠢ ᠡᠭᠦᠳᠦᠨ ᠪᠠᠢ᠌ᠭᠤᠯᠪᠠ᠃ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠨ ᠰᠤᠷᠤᠭᠴᠢᠳ᠎ᠤᠨ ᠠᠵᠢᠯ᠎ᠤᠨ ᠪᠠᠶ᠋ᠢᠷᠢ ᠣᠷᠣᠯᠠᠨ ᠳᠠᠳᠤᠯᠭ᠎ᠠ ᠬᠢᠬᠦ ᠮᠡᠳᠡᠭᠡ ᠵᠠᠩᠭᠢᠴᠢᠯᠠᠯᠲᠠ ᠵᠢᠨ ᠰᠦᠯᠵᠢᠶᠡᠨ᠎ᠳᠠᠬᠢ ᠬᠠᠮᠢᠶᠠᠷᠤᠯᠲᠠ ᠵᠢᠨ ᠲᠠᠪᠴᠠᠩ᠎ᠢ ᠨᠡᠭᠡᠭᠡᠨ ᠬᠥᠭᠵᠢᠭᠦᠯᠵᠦ᠂ ᠠᠵᠢᠯ᠎ᠤᠨ ᠪᠠᠶ᠋ᠢᠷᠢ ᠣᠷᠣᠯᠠᠨ ᠳᠠᠳᠤᠯᠭ᠎ᠠ ᠬᠢᠬᠦ ᠬᠠᠮᠢᠶᠠᠷᠤᠯᠲᠠ ᠵᠢᠨ ᠠᠵᠢᠯ᠎ᠤᠨ ᠪᠠᠢ᠌ᠩᠭᠤ ᠵᠢᠨ ᠥᠪᠡᠷ᠎ᠢ᠎ᠪᠠᠨ ᠣᠨᠣᠰᠢᠯᠠᠬᠤ ᠵᠠᠭᠪᠤᠷ᠎ᠢ ᠪᠠᠶ᠋ᠢᠭᠤᠯᠵᠤ᠂ ᠪᠥᠬᠥ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 《ᠳᠠᠳᠤᠯᠭ᠎ᠠ ᠵᠢᠨ ᠬᠠᠮᠢᠶᠠᠷᠤᠯᠲᠠ ᠵᠢᠨ 50 ᠬᠦᠴᠦᠷᠬᠡᠭ》 ᠵᠶ᠋ᠠᠷ ᠦᠨᠡᠯᠡᠭᠳᠡᠪᠡ; ᠠᠵᠢᠯ᠎ᠤᠨ ᠪᠠᠶ᠋ᠢᠷᠢ ᠣᠷᠣᠯᠠᠨ ᠳᠠᠳᠤᠯᠭ᠎ᠠ ᠬᠢᠬᠦ ᠬᠠᠮᠢᠶᠠᠷᠤᠯᠲᠠ ᠵᠢᠨ ᠵᠠᠭᠪᠤᠷ᠎ᠤᠨ ᠰᠤᠳᠤᠯᠭ᠋ᠠᠨ ᠪᠠ ᠦᠢ᠍ᠯᠡᠳᠦᠯᠭᠡ ᠵᠢᠨ ᠲᠥᠰᠦᠯ᠎ᠤᠨ ᠤᠯᠤᠰ᠎ᠤᠨ ᠲᠠᠰ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠱᠠᠩᠨᠠᠯ᠎ᠢ ᠭᠥᠷᠳᠡᠪᠡ᠃
      ᠤᠯᠤᠰ᠎ᠤᠨ ᠲᠣᠭ᠋ᠠᠵᠢᠭᠤᠯᠤᠭᠰᠠᠨ ᠰᠤᠷᠭ᠋ᠠᠭᠤᠯᠢ ᠵᠢᠨ ᠬᠦᠷᠢᠶᠡᠨ᠎ᠤ ᠲᠤᠷᠰᠢᠯᠲᠠ ᠵᠢᠨ ᠰᠤᠷᠭ᠋ᠠᠭᠤᠯᠢ ᠵᠢᠨ ᠳᠠᠭᠤᠷᠢᠶᠠᠯᠲᠤ ᠳᠡᠭᠡᠳᠦ ᠰᠤᠷᠭ᠋ᠠᠭᠤᠯᠢ ᠵᠢ ᠪᠠᠶ᠋ᠢᠭᠤᠯᠵᠤ᠂   ᠣᠶᠤᠨᠴᠢ ᠰᠤᠷᠭ᠋ᠠᠭᠤᠯᠢ ᠵᠢᠨ ᠬᠦᠷᠢᠶᠡᠨ᠎ᠤ ᠰᠢᠨ᠎ᠡ ᠠᠮᠢ ᠠᠬᠤᠢ ᠵᠢ ᠴᠣᠭᠴᠠᠯᠠᠪᠠ᠃ ᠨᠢᠭᠡᠳᠦᠯᠲᠡᠶ ᠳ᠋ᠠᠶ᠋ᠢᠲ᠋ᠠ ᠵᠢᠨ ᠪᠠᠷᠢᠮᠵᠢᠶ᠎ᠠ ᠵᠢᠴᠢ ᠲᠣᠮᠣ ᠳ᠋ᠠᠶ᠋ᠢᠲ᠋ᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠥᠪ᠂ ᠣᠶᠤᠨᠴᠢ ᠬᠠᠮᠢᠶᠠᠷᠤᠯᠲᠠ ᠵᠢᠨ ᠡᠭᠦᠯᠡᠨᠴᠢᠷ ᠲᠠᠪᠴᠠᠩ ᠪᠠ ᠡᠭᠦᠯᠡᠨᠴᠢᠷ ᠪᠤᠳᠤᠯᠲᠠ ᠵᠢᠨ ᠲᠥᠪ᠎ᠢ ᠪᠠᠢ᠌ᠭᠤᠯᠪᠠ᠃ ᠳᠠᠳᠤᠯᠭ᠎ᠠ ᠪᠣᠯᠪᠠᠰᠤᠷᠠᠯ ᠪᠣᠯᠤᠨ ᠳᠠᠭᠤᠷᠢᠶᠠᠮᠠᠯ ᠦᠢ᠍ᠯᠡᠳᠪᠦᠷᠢ ᠵᠢᠨ ᠵᠢᠭ᠋ᠠᠨ ᠰᠤᠷᠭ᠋ᠠᠯᠲᠠ ᠵᠢᠨ ᠦᠢ᠍ᠯᠡᠳᠦᠯᠴᠡᠬᠦ ᠰᠢᠰᠲ᠋ᠧᠮ᠎ᠤᠨ ᠲᠠᠪᠴᠠᠩ ᠪᠠ ᠳᠠᠭᠤᠷᠢᠶᠠᠮᠠᠯ ᠪᠣᠳᠠᠲᠠᠶ ᠪᠣᠯᠪᠠᠰᠤᠷᠠᠭᠤᠯᠤᠯ᠎ᠤᠨ ᠲᠥᠪ᠎ᠢ 5 ᠪᠠᠶ᠋ᠢᠭᠤᠯᠪᠠ᠃ ᠬᠠᠮᠲᠤ᠎ᠪᠠᠷ ᠬᠤᠪᠢᠶᠠᠯᠴᠠᠨ ᠡᠳ᠋ᠯᠡᠬᠦ ᠬᠡᠯᠪᠡᠷᠢ ᠵᠢᠨ ᠰᠢᠯᠢᠳᠡᠭ ᠲᠣᠭ᠋ᠠᠵᠢᠭᠤᠯᠤᠭᠰᠠᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠲᠥᠪ᠎ᠢ ᠪᠠᠶ᠋ᠢᠭᠤᠯᠵᠤ᠂ ᠮᠡᠳᠡᠭᠡ ᠵᠠᠩᠭᠢ ᠵᠢᠨ ᠮᠡᠷᠭᠡᠵᠢᠯ ᠪᠣᠯᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠭᠦᠨᠵᠡᠭᠡᠢ ᠠᠭᠤᠰᠤᠯᠴᠠᠭ᠎ᠠ ᠵᠢ ᠪᠡᠶᠡᠯᠡᠭᠦᠯᠪᠡ᠃ ᠰᠤᠷᠭ᠋ᠠᠭᠤᠯᠢ᠎ᠨᠢ ᠲᠥᠪ᠎ᠤᠨ ᠴᠠᠬᠢᠯᠭ᠋ᠠᠨᠴᠢᠯᠠᠭᠰᠠᠨ ᠰᠤᠷᠭ᠋ᠠᠨ ᠬᠥᠮᠦᠵᠢᠯ᠎ᠤᠨ ᠣᠷᠳᠣᠨ᠎ᠳᠤ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠣᠭ᠋ᠠᠵᠢᠭᠤᠯᠤᠭᠰᠠᠨ ᠰᠤᠷᠭ᠋ᠠᠭᠤᠯᠢ ᠵᠢᠨ ᠬᠦᠷᠢᠶᠡᠨ᠎ᠤ ᠲᠤᠷᠰᠢᠯᠲᠠ ᠵᠢᠨ ᠰᠤᠷᠭ᠋ᠠᠭᠤᠯᠢ ᠵᠢᠨ ᠳᠠᠭᠤᠷᠢᠶᠠᠯᠲᠤ ᠳᠡᠭᠡᠳᠦ ᠰᠤᠷᠭ᠋ᠠᠭᠤᠯᠢ᠎ᠪᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ᠎ᠤ 《ᠲᠣᠭ᠋ᠠᠵᠢᠭᠤᠯᠤᠭᠰᠠᠨ ᠰᠤᠷᠭ᠋ᠠᠭᠤᠯᠢ ᠵᠢᠨ ᠬᠦᠷᠢᠶᠡᠨ᠎ᠤ ᠳᠠᠭᠤᠷᠢᠶᠠᠯᠲᠤ ᠰᠤᠷᠭ᠋ᠠᠭᠤᠯᠢ》 ᠪᠠ 《5 G + ᠣᠶᠤᠨᠴᠢ ᠰᠤᠷᠭ᠋ᠠᠨ ᠬᠥᠮᠦᠵᠢᠯ᠎ᠤᠨ ᠲᠤᠷᠰᠢᠯᠲᠠ ᠵᠢᠨ ᠴᠡᠭ》᠎ᠤᠨ ᠪᠥᠲᠥᠭᠡᠨ ᠪᠠᠶ᠋ᠢᠭᠤᠯᠤᠯᠲᠠ ᠵᠢᠨ ᠨᠢᠭᠡᠴᠢ᠎ᠪᠠᠷ ᠦᠨᠡᠯᠡᠭᠳᠡᠪᠡ᠃



     《ᠠᠵᠢᠯ᠎ᠤᠨ ᠪᠠᠶ᠋ᠢᠷᠢ ᠬᠢᠴᠢᠶᠡᠯ ᠤᠷᠤᠯᠳᠤᠭ᠋ᠠᠨ ᠦᠨᠡᠮᠯᠡᠯ᠎ᠢ ᠨᠡᠪᠲᠡᠷᠡᠭᠦᠯᠬᠦ》 ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠬᠡᠷᠡᠭᠵᠢᠭᠦᠯᠵᠦ᠂ ᠥᠨᠳᠦᠷ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠥᠵᠢᠭᠦᠯᠪᠡ᠃ ᠳᠡᠭᠡᠳᠦ ᠰᠤᠷᠭ᠋ᠠᠭᠤᠯᠢ᠎ᠨᠢ ᠴᠢᠳᠠᠪᠤᠷᠢᠲᠠᠨ᠎ᠢ ᠬᠥᠮᠦᠵᠢᠭᠦᠯᠬᠦ ᠪᠠ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠰᠢᠰᠲ᠋ᠧᠮᠲᠡᠢ ᠵᠣᠯᠭ᠋ᠠᠭᠤᠯᠵᠤ᠂ ᠤᠷᠤᠯᠳᠤᠭ᠋ᠠᠨ ᠵᠶ᠋ᠠᠷ ᠵᠢᠭ᠋ᠠᠨ ᠰᠤᠷᠭ᠋ᠠᠯᠲᠠ ᠵᠢ ᠠᠬᠢᠭᠤᠯᠵᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠵᠤ᠂ ᠰᠤᠷᠤᠭᠴᠢᠳ ᠡᠯ᠎ᠡ ᠱᠠᠲᠤᠨ᠎ᠤ ᠡᠯ᠎ᠡ ᠲᠥᠷᠥᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠵᠠᠯᠭ᠋ᠠᠭ᠎ᠠ᠎ᠪᠠᠷ ᠰᠢᠯᠢᠳᠡᠭ ᠬᠢᠷᠢ ᠪᠦᠲᠦᠮᠵᠢ ᠣᠯᠵᠤ᠂ ᠣᠯᠠᠨ ᠤᠯᠤᠰ᠎ᠤᠨ ᠲᠠᠰ᠂ ᠤᠯᠤᠰ᠎ᠤᠨ ᠲᠠᠰ ᠵᠢᠴᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠱᠠᠩᠨᠠᠯ 200 ᠭᠠᠷᠤᠶ ᠭᠥᠷᠳᠡᠪᠡ; ᠤᠯᠤᠰ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠤᠷᠤᠯᠳᠤᠭ᠋ᠠᠨ᠎ᠤ ᠱᠠᠩᠨᠠᠯ160 ᠭᠠᠷᠤᠶ ᠭᠥᠷᠳᠡᠪᠡ᠃ 2020 ᠣᠨ᠎ᠳᠤ᠂ ᠰᠤᠷᠤᠭᠴᠢ ᠸᠠᠩ ᠰᠢᠶᠤᠤ ᠪᠥᠸᠧ ᠪᠥᠬᠥ ᠤᠯᠤᠰ᠎ᠤᠨ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠮᠠᠲ᠋ᠧᠷᠢᠶᠠᠯ ᠨᠡᠮᠡᠵᠦ ᠦᠢ᠍ᠯᠡᠳᠬᠦ ᠲᠥᠰᠦᠯ᠎ᠤᠨ ᠳᠥᠷᠪᠡᠳᠦᠭᠡᠷ ᠨᠡᠷ᠎ᠡ᠎ᠳᠤ ᠣᠷᠣᠭᠰᠠᠨ ᠪᠥᠭᠡᠳ ᠪᠥᠬᠥ ᠤᠯᠤᠰ᠎ᠤᠨ ᠤᠷ᠎ᠠ ᠴᠢᠳᠠᠪᠤᠷᠢᠲᠠᠨ᠂ ᠪᠠᠷᠠᠭᠤᠨ ᠣᠷᠣᠨ᠎ᠤ ᠤᠷ᠎ᠠ ᠴᠢᠳᠠᠪᠤᠷᠢᠲᠤ ᠣᠳᠣᠨ ᠭᠡᠬᠦ ᠢᠷᠠᠭᠤ ᠠᠯᠳᠠᠷ᠎ᠤᠨ ᠴᠣᠯᠠ ᠵᠢ ᠭᠥᠷᠳᠡᠪᠡ᠃ 2021 ᠣᠨ᠎ᠳᠤ᠂ ᠰᠤᠷᠭ᠋ᠠᠭᠤᠯᠢ᠎ᠨᠢ 46 ᠳ᠋ᠤᠭ᠋ᠠᠷ ᠬᠤᠭᠤᠴᠠᠭ᠋ᠠᠨ᠎ᠤ ᠳᠡᠯᠡᠬᠡᠶ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠣᠭ᠎ᠠ᠎ᠪᠠᠷ ᠡᠵᠡᠮᠳᠡᠬᠦ ᠮᠠᠰᠢᠨ᠎ᠤ ᠲᠥᠰᠦᠯ᠎ᠤᠨ ᠳᠤᠮᠳᠠᠳᠤ ᠤᠯᠤᠰ᠎ᠤᠨ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠵᠶ᠋ᠠᠷ ᠲᠣᠭᠲᠠᠭ᠋ᠠᠭᠳᠠᠪᠠ᠃
      ᠠᠹᠷᠢᠺᠠ ᠲᠢᠪ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠡᠮᠵᠢᠵᠦ᠂ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠪᠡ᠃ ᠰᠤᠷᠭ᠋ᠠᠭᠤᠯᠢ᠎ᠨᠢ 2010 ᠣᠨ᠎ᠠᠴᠠ ᠡᠬᠢᠯᠡᠨ ᠳᠤᠮᠳᠠᠳᠤ ᠤᠯᠤᠰ᠎ᠤᠨ ᠣᠯᠠᠨ ᠤᠯᠤᠰ᠎ᠤᠨ ᠠᠭ᠋ᠠᠷ᠎ᠤᠨ ᠠᠶᠠᠯᠠᠯ᠎ᠲᠠᠢ ᠬᠠᠮᠲᠤᠷᠠᠨ᠂ ᠠᠹᠷᠢᠺᠠ ᠲᠢᠪ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠰᠦᠯ᠎ᠢ ᠥᠷᠨᠢᠭᠦᠯᠪᠡ᠃ ᠠᠹᠷᠢᠺᠠ ᠲᠢᠪ᠎ᠲᠤ 《ᠵᠡᠭᠦᠨ ᠠᠹᠷᠢᠺᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠮᠲᠤᠷᠠᠭᠰᠠᠨ ᠪᠣᠯᠪᠠᠰᠤᠷᠠᠭᠤᠯᠤᠯ᠎ᠤᠨ ᠰᠠᠭᠤᠷᠢᠨ》᠎ᠢ ᠪᠠᠶ᠋ᠢᠭᠤᠯᠵᠤ᠂ ᠺᠸᠨᠢᠶᠠ᠂ ᠭᠠᠨᠠ ᠵᠡᠷᠭᠡ ᠠᠹᠷᠢᠺᠠ ᠲᠢᠪ᠎ᠤᠨ ᠤᠯᠤᠰ᠎ᠤᠳ᠎ᠲᠤ ᠪᠠᠭᠰᠢ ᠵᠢᠨ ᠪᠣᠯᠪᠠᠰᠤᠷᠠᠭᠤᠯᠤᠯ᠂ ᠮᠡᠷᠭᠡᠵᠢᠯ᠎ᠤᠨ ᠳᠡᠮᠵᠢᠯᠭᠡ ᠪᠣᠯᠤᠨ ᠦᠢ᠍ᠯᠡᠴᠢᠯᠡᠭᠡ ᠬᠠᠩᠭ᠋ᠠᠪᠠ᠃ 《ATC ᠠᠹᠷᠢᠺᠠ ᠲᠢᠪ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠥᠷᠢᠰᠥᠯᠳᠦᠭᠡᠨ᠎ᠤ ᠤᠷᠤᠯᠳᠤᠭ᠋ᠠᠨ》᠎ᠢ ᠡᠭᠦᠰᠭᠡᠨ ᠪᠠᠶ᠋ᠢᠭᠤᠯᠵᠤ᠂ ᠠᠹᠷᠢᠺᠠ ᠲᠢᠪ᠎ᠤᠨ ᠭᠠᠵᠠᠷ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠥᠷᠢᠰᠥᠯᠳᠦᠭᠡᠨ᠎ᠤ ᠤᠷᠤᠯᠳᠤᠭ᠋ᠠᠨ (ATC)᠎ᠢ ᠲᠠᠪᠤᠨ ᠬᠤᠭᠤᠴᠠᠭ᠎ᠠ ᠳᠠᠷᠠᠭ᠋ᠠᠯᠠᠨ ᠵᠣᠬᠢᠶᠠᠨ ᠪᠠᠶ᠋ᠢᠭᠤᠯᠵᠤ᠂ 《ᠲᠠᠪᠴᠠᠩ ᠪᠠᠶ᠋ᠢᠭᠤᠯᠬᠤ᠂ ᠪᠠᠷᠢᠮᠵᠢᠶ᠎ᠠ ᠵᠢ ᠬᠦᠷᠭᠡᠬᠦ᠂ ᠤᠷᠤᠯᠳᠤᠭ᠋ᠠᠨ ᠪᠠᠶ᠋ᠢᠭᠤᠯᠬᠤ》 ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠠᠭᠪᠤᠷ᠎ᠢ ᠡᠭᠦᠳᠦᠨ ᠪᠠᠶ᠋ᠢᠭᠤᠯᠵᠤ᠂ 《ᠭᠠᠳᠠᠭᠰᠢ ᠭᠠᠷᠬᠤ》 ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠳᠤ ᠦᠯᠡᠮᠵᠢ ᠣᠯᠠᠨ ᠥᠨᠳᠥᠷ ᠬᠡᠪ ᠴᠢᠨᠠᠷ ᠪᠥᠬᠥᠶ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠥᠵᠢᠭᠦᠯᠵᠦ ᠥᠭᠪᠡ᠃



     《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ   ᠴᠢᠨᠠᠷᠯᠢᠭ ᠬᠥᠭᠵᠢᠯᠲᠡ᠎ᠪᠠᠷ ᠬᠠᠷᠠᠯᠲᠠ ᠪᠣᠯᠭ᠋ᠠᠵᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠂ ᠰᠢᠨ᠎ᠡ ᠬᠤᠪᠢᠷᠠᠯᠲᠠ᠎ᠲᠠᠢ ᠨᠢᠭᠲᠠ ᠤᠶᠠᠯᠳᠤᠭᠤᠯᠵᠤ᠂ 《ᠬᠤᠤᠰ ᠥᠨᠳᠥᠷ ᠲᠥᠯᠥᠪᠯᠡᠭᠡ》 ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠭᠰᠠᠨ ᠬᠥᠭᠵᠢᠯᠲᠡ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠠᠮᠤᠷ ᠲᠦᠪᠰᠢᠨ᠎ᠤ ᠬᠥᠮᠦᠵᠢᠯ — ᠬᠥᠯᠥᠨ ᠪᠣᠶ᠋ᠢᠷ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ ᠤᠰᠤᠨ᠎ᠳᠤ ᠤᠨᠠᠬᠤ ᠵᠢ ᠰᠡᠷᠭᠡᠶ᠋ᠢᠯᠡᠬᠦ ᠲᠤᠰᠬᠠᠶ ᠠᠮᠤᠷ ᠲᠦᠪᠰᠢᠨ᠎ᠤ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠪᠡ
ᠠᠮᠤᠷ ᠲᠦᠪᠰᠢᠨ᠎ᠤ ᠬᠥᠮᠦᠵᠢᠯ — ᠲᠦᠩᠯᠢᠶᠣᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ
ᠠᠮᠤᠷ ᠲᠦᠪᠰᠢᠨ᠎ᠤ ᠬᠥᠮᠦᠵᠢᠯ — ᠪᠠᠶᠠᠨᠨᠠᠭᠤᠷ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ᠎ᠢ ᠪᠥᠬᠥ ᠬᠦᠴᠦᠨ ᠵᠶ᠋ᠠᠷ ᠪᠣᠳᠠᠲᠠᠢ᠌ᠵᠢᠭᠤᠯᠤᠨ ᠠᠳᠬᠤᠪᠠ
ᠠᠮᠤᠷ ᠲᠦᠪᠰᠢᠨ᠎ᠤ ᠬᠥᠮᠦᠵᠢᠯ — ᠦᠬᠠᠢ ᠬᠤᠳᠠ ᠵᠢᠨ᠎ᠬᠢᠨ ᠬᠠᠷᠠᠯᠲᠠ᠎ᠲᠠᠢ ᠬᠦᠴᠦᠯᠡᠵᠦ ᠨᠠᠷᠢᠯᠢᠭ ᠣᠨᠣᠴᠠᠲᠠᠢ ᠠᠷᠭ᠎ᠠ ᠪᠤᠳᠤᠯᠭ᠎ᠠ ᠵᠢ ᠬᠡᠷᠡᠭᠵᠢᠭᠦᠯᠵᠦ ᠪᠠᠭᠰᠢ ᠰᠤᠷᠤᠭᠴᠢᠳ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠪᠠᠲᠤᠯᠠᠪᠠ
ᠠᠮᠤᠷ ᠲᠦᠪᠰᠢᠨ᠎ᠤ ᠬᠥᠮᠦᠵᠢᠯ — ᠠᠮᠤᠷ ᠲᠦᠪᠰᠢᠨ ᠠᠮᠠᠷᠠᠯᠲᠠ ᠥᠬᠡᠶ ᠠᠯᠠᠱ᠌ᠠ ᠠᠶ᠋ᠢᠮᠠᠭ᠎ᠤᠨ ᠬᠡᠷ ᠪᠠ ᠰᠤᠷᠭ᠋ᠠᠭᠤᠯᠢ ᠬᠠᠮᠲᠤᠷᠠᠨ ᠬᠠᠯᠬᠠᠪᠴᠢ ᠬᠡᠷᠡᠮ ᠪᠠᠢ᠌ᠭᠤᠯᠪᠠ
 
             蒙ICP备05000248号