ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠳᠦᠷᠢᠮᠵᠢᠭᠦᠯᠵᠦ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠠᠵᠢᠯ᠎ᠢ ᠴᠢᠩᠭ᠎ᠠ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠪᠠ᠃ ᠬᠥᠯᠥᠨ ᠪᠣᠶ᠋ᠢᠷ ᠬᠣᠲᠠ ᠵᠢᠨ ᠪᠣᠳᠠᠲᠠᠶ ᠠᠷᠭ᠎ᠠ ᠬᠡᠮᠵᠢᠶ᠎ᠡ ᠵᠢ ᠬᠠᠮᠲᠤ᠎ᠳᠤ᠎ᠪᠠᠨ ᠦᠵᠡᠵᠡᠭᠡᠶ᠎ᠡ!
ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠤᠰᠤᠨ᠎ᠳᠤ ᠤᠨᠠᠬᠤ ᠬᠡᠷᠡᠭ ᠠᠮᠠᠷᠬᠠᠨ ᠡᠭᠦᠰᠳᠡᠭ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠦᠨᠡᠨ ᠬᠦ᠌ ᠰᠠᠶ᠋ᠢᠲᠤᠷ ᠬᠢᠬᠦ ᠵᠢᠨ ᠲᠥᠯᠥᠭᠡ᠂ ᠬᠥᠯᠥᠨ ᠪᠣᠶ᠋ᠢᠷ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠪᠥᠬᠥ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ (ᠬᠡᠦᠬᠡᠳ᠎ᠤᠨ ᠴᠡᠴᠡᠷᠯᠢᠭ᠎ᠤᠨ ᠰᠤᠷᠤᠭᠴᠢᠳ᠎ᠢ ᠪᠠᠭᠲᠠᠭ᠋ᠠᠨ᠎ᠠ) ᠪᠣᠯᠤᠨ ᠬᠡᠷ᠎ᠤᠨ ᠠᠬᠠᠮᠠᠳ᠎ᠢ ᠵᠣᠬᠢᠶᠠᠨ ᠪᠠᠶ᠋ᠢᠭᠤᠯᠵᠤ 《ᠵᠣᠨ᠎ᠤ ᠠᠮᠠᠷᠠᠯᠲᠠ ᠵᠢᠨ ᠠᠮᠤᠷ ᠲᠦᠪᠰᠢᠨ᠎ᠤ ᠨᠢᠭᠡᠳᠦᠭᠡᠷ ᠬᠢᠴᠢᠶᠡᠯ᠄ ᠠᠮᠢ ᠨᠠᠰᠤ᠎ᠪᠠᠨ ᠨᠠᠨᠳᠢᠩᠨᠠᠨ ᠬᠠᠶ᠋ᠢᠷᠠᠯᠠᠵᠤ ᠤᠰᠤᠨ᠎ᠳᠤ ᠤᠨᠠᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ》 ᠭᠡᠬᠦ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠲᠤᠰᠬᠠᠶ ᠰᠡᠳᠦᠪᠲᠦ ᠫᠷᠤᠭ᠌ᠷᠠᠮ᠎ᠢ ᠲᠥᠪᠯᠡᠷᠡᠭᠦᠯᠦᠨ ᠦᠵᠡᠪᠡ᠃
ᠬᠠᠶ᠋ᠢᠯᠠᠷ ᠲᠣᠭᠣᠷᠢᠭ
ᠬᠠᠢ᠌ᠯᠠᠷ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠵᠢᠴᠢ ᠠᠯᠪᠠᠨ (ᠠᠷᠠᠳ)᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ᠎ᠬᠢᠨ ᠤᠰᠤᠨ᠎ᠳᠤ ᠤᠨᠠᠬᠤ᠎ᠠᠴᠠ ᠰᠡᠷᠭᠡᠶ᠋ᠢᠯᠡᠬᠦ ᠲᠤᠰᠬᠠᠶ ᠠᠮᠤᠷ ᠲᠦᠪᠰᠢᠨ᠎ᠤ ᠬᠥᠮᠦᠵᠢᠯ᠎ᠢ ᠥᠷᠨᠢᠭᠦᠯᠪᠡ᠃ ᠰᠤᠷᠭ᠋ᠠᠭᠤᠯᠢ ᠵᠢᠨ ᠬᠦᠷᠢᠶᠡᠨ᠎ᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠠᠵᠢᠯ᠎ᠢ ᠨᠠᠷᠢᠨ ᠨᠢᠭᠲᠠ ᠪᠠᠶ᠋ᠢᠷᠢᠯᠠᠭᠤᠯᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠠᠵᠢᠯ᠎ᠤᠨ ᠦᠨᠡᠨ ᠬᠦ᠌ ᠶᠠᠪᠤᠭᠳᠠᠭᠤᠰᠢᠲᠠᠶ ᠪᠡᠯᠡᠳᠬᠡᠯ ᠲᠥᠰᠦᠯ᠎ᠢ ᠳᠣᠭᠲᠠᠭ᠋ᠠᠪᠠ᠃ ᠪᠦᠬᠦ ᠪᠠᠭᠰᠢ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠲᠤᠰᠬᠠᠶ ᠰᠡᠳᠦᠪᠲᠦ ᠬᠤᠷᠠᠯ᠎ᠢ ᠬᠤᠷᠠᠯᠳᠤᠭᠤᠯᠵᠤ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠭᠤᠯᠵᠤ᠂ ᠪᠦᠬᠦ ᠪᠠᠭᠰᠢ ᠠᠵᠢᠯᠲᠠᠨ ᠠᠵᠢᠯᠴᠢᠨ᠎ᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠰᠤᠷᠭ᠋ᠠᠨ ᠬᠥᠮᠦᠵᠢᠯ᠎ᠤᠨ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠪᠣᠯᠤᠨ ᠲᠤᠯᠭ᠋ᠠᠮ ᠰᠡᠳᠬᠢᠯᠭᠡ ᠵᠢ ᠳᠡᠭᠡᠭᠰᠢᠯᠡᠭᠦᠯᠪᠡ᠃ ᠡᠯ᠎ᠡ ᠰᠤᠷᠭ᠋ᠠᠭᠤᠯᠢ᠎ᠨᠢ ᠰᠣᠷᠣᠭᠴᠢ᠂ ᠬᠡᠦᠬᠡᠳ᠎ᠤᠨ ᠨᠠᠰᠤ ᠪᠠ ᠲᠠᠨᠢᠨ ᠮᠡᠳᠡᠬᠦᠶ ᠵᠢᠨ ᠣᠨᠴᠠᠯᠢᠭ᠎ᠲᠠᠢ ᠤᠶᠠᠯᠳᠤᠭᠤᠯᠤᠨ᠂ ᠲᠣᠰ ᠲᠣᠰ 《ᠠᠮᠢ ᠨᠠᠰᠤ᠎ᠪᠠᠨ ᠨᠠᠨᠳᠢᠩᠨᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ》 ᠭᠤᠤᠯ ᠰᠡᠳᠦᠪᠲᠦ ᠠᠩᠭᠢ ᠵᠢᠨ ᠬᠤᠷᠠᠯ᠂ ᠬᠠᠤᠯᠢ᠎ᠪᠠᠷ ᠵᠠᠰᠠᠬᠤ ᠰᠤᠷᠭ᠋ᠠᠭᠤᠯᠢ ᠵᠢᠨ ᠳᠡᠳ᠋ ᠵᠠᠬᠢᠷᠤᠯ ᠬᠢᠴᠢᠶᠡᠯ ᠣᠷᠣᠬᠤ᠂ ᠤᠯᠤᠰ᠎ᠤᠨ ᠲᠣᠭ᠎ᠤᠨ ᠳᠤᠤᠷ᠎ᠠ ᠶᠠᠷᠢᠶ᠎ᠠ ᠲᠠᠯᠪᠢᠬᠤ᠂ ᠷᠠᠳᠢᠣ᠋ ᠨᠡᠪᠲᠡᠷᠡᠭᠦᠯᠭᠡ ᠵᠢᠨ ᠲᠠᠶ᠋ᠢᠯᠤᠮᠵᠢ ᠬᠢᠬᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠰᠣᠷᠢᠯᠲᠠ ᠬᠢᠬᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠤᠬᠠᠭᠤᠯᠭ᠎ᠠ ᠵᠢᠨ ᠹᠢᠯᠢᠮ ᠦᠵᠡᠬᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠵᠢᠷᠤᠭ ᠦᠵᠡᠵᠦ ᠵᠣᠬᠢᠶᠠᠯ ᠪᠢᠴᠢᠬᠦ᠂ ᠬᠣᠯᠪᠣᠭ᠋ᠠᠲᠤ ᠪᠠᠯᠭ᠋ᠠᠰᠤᠨ᠎ᠤ ᠠᠯᠪᠠᠨ ᠬᠡᠷ᠎ᠲᠠᠢ ᠬᠠᠮᠲᠤᠷᠠᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠤᠬᠠᠭᠤᠯᠭ᠎ᠠ ᠬᠥᠮᠦᠵᠢᠯ᠎ᠤᠨ ᠠᠵᠢᠯ᠎ᠢ ᠥᠷᠨᠢᠭᠦᠯᠬᠦ ᠵᠡᠷᠭᠡ ᠠᠵᠢᠯ᠎ᠢ ᠥᠷᠨᠢᠭᠦᠯᠪᠡ᠃


ᠰᠢᠨ᠎ᠡ ᠪᠠᠷᠭᠤ ᠪᠠᠷᠠᠭᠤᠨ ᠬᠣᠰᠢᠭᠤ
ᠰᠢᠨ᠎ᠡ ᠪᠠᠷᠭᠤ ᠪᠠᠷᠠᠭᠤᠨ ᠬᠣᠰᠢᠭᠤᠨ᠎ᠤ ᠰᠤᠷᠭ᠋ᠠᠨ ᠬᠥᠮᠦᠵᠢᠯ᠎ᠤᠨ ᠲᠣᠪᠴᠢᠶ᠎ᠠ ᠡᠯ᠎ᠡ ᠰᠤᠷᠭ᠋ᠠᠭᠤᠯᠢ ᠵᠢ ᠵᠣᠬᠢᠶᠠᠨ ᠪᠠᠶ᠋ᠢᠭᠤᠯᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠤᠬᠠᠭᠤᠯᠭ᠎ᠠ ᠵᠢᠨ ᠪᠢᠴᠢᠯ ᠸᠢᠳᠢᠣ᠋ ᠵᠢ ᠦᠵᠡᠵᠦ᠂ PPT᠎ᠲᠠᠢ ᠤᠶᠠᠯᠳᠤᠭᠤᠯᠤᠨ ᠠᠰᠠᠭᠤᠯᠲᠠ ᠳᠤᠷᠠᠳᠬᠤ ᠬᠡᠯᠪᠡᠷᠢ᠎ᠪᠠᠷ ᠰᠤᠷᠤᠭᠴᠢᠳ᠎ᠢ ᠬᠠᠪᠰᠤᠷᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ 《ᠵᠢᠷᠭᠤᠭ᠋ᠠᠨ ᠪᠣᠯᠬᠤ ᠥᠬᠡᠶ》 ᠵᠢᠨ ᠠᠭᠤᠯᠭ᠎ᠠ ᠵᠢ ᠤᠯᠠᠮ ᠴᠠᠭ᠋ᠠᠰᠢᠲᠠ ᠪᠡᠬᠢᠵᠢᠭᠦᠯᠪᠡ᠃ ᠪᠠᠭᠰᠢ ᠵᠢᠨ ᠦᠵᠡᠭᠦᠯᠭᠡ᠎ᠪᠠᠷ ᠳᠡᠮᠵᠢᠨ᠂ ᠤᠰᠤᠨ᠎ᠳᠤ ᠤᠨᠠᠭᠰᠠᠨ ᠦᠶ᠎ᠡ᠎ᠳᠤ ᠠᠪᠤᠷᠠᠨ ᠲᠤᠰᠠᠯᠠᠬᠤ ᠠᠷᠭ᠎ᠠ ᠵᠢ ᠪᠡᠶᠡᠴᠢᠯᠡᠨ ᠣᠶ᠋ᠢᠯᠠᠭ᠋ᠠᠵᠤ᠂ ᠬᠣᠯᠪᠤᠭᠳᠠᠬᠤ ᠮᠡᠳᠡᠯᠭᠡ ᠪᠠ ᠤᠷ᠎ᠠ ᠴᠢᠳᠠᠪᠤᠷᠢ ᠵᠢ ᠤᠯᠠᠮᠵᠢᠯᠠᠵᠤ᠂ ᠠᠮᠤᠷ ᠲᠦᠪᠰᠢᠨ᠎ᠤ ᠤᠬᠠᠮᠰᠠᠷ ᠪᠠ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ᠎ᠢ᠎ᠨᠢ ᠲᠠᠰᠤᠷᠠᠯᠲᠠ ᠥᠬᠡᠶ ᠴᠢᠩᠭ᠋ᠠᠳᠬᠠᠵᠤ᠂ ᠬᠡᠦᠬᠡᠳ᠎ᠤᠨ ᠠᠶᠤᠯ᠎ᠠᠴᠠ ᠵᠠᠶ᠋ᠢᠯᠠᠵᠤ ᠭᠠᠮᠰᠢᠭ᠎ᠠᠴᠠ ᠰᠡᠷᠭᠡᠶ᠋ᠢᠯᠡᠬᠦ ᠪᠠ ᠥᠪᠡᠷ᠎ᠢ᠎ᠪᠠᠨ ᠠᠪᠤᠷᠬᠠᠤ ᠴᠢᠳᠠᠪᠤᠷᠢ ᠵᠢ ᠳᠡᠭᠡᠭᠰᠢᠯᠡᠭᠦᠯᠵᠦ᠂ ᠰᠠᠨᠠᠭ᠋ᠠᠨ᠎ᠳᠤ ᠥᠬᠡᠶ ᠡᠨᠳᠡᠯ ᠡᠭᠦᠰᠬᠦ ᠵᠢ ᠴᠢᠩᠭ᠎ᠠ ᠰᠡᠷᠭᠡᠢ᠌ᠯᠡᠪᠡ᠃ ᠠᠵᠢᠯᠯᠠᠭ᠎ᠠ᠎ᠨᠢ ᠪᠠᠰᠠ ᠬᠡᠷ᠎ᠤᠨ ᠠᠬᠠᠮᠠᠳ᠎ᠲᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠵᠤ᠂ ᠬᠡᠷ᠎ᠤᠨ ᠠᠬᠠᠮᠠᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠤᠬᠠᠮᠰᠠᠷ᠎ᠢ ᠳᠡᠭᠡᠭᠰᠢᠯᠡᠭᠦᠯᠪᠡ᠃
ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ
ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠰᠤᠷᠭ᠋ᠠᠨ ᠬᠥᠮᠦᠵᠢᠯ᠎ᠤᠨ ᠲᠣᠪᠴᠢᠶ᠎ᠠ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠠᠵᠢᠯ᠎ᠢ ᠨᠠᠩ ᠰᠠᠶ᠋ᠢᠨ ᠥᠷᠨᠢᠭᠦᠯᠬᠦ ᠵᠢᠨ ᠲᠥᠯᠥᠭᠡ᠂ ᠪᠣᠷᠣᠭ᠋ᠠᠨ᠎ᠠᠴᠠ ᠡᠮᠦᠨ᠎ᠡ ᠪᠡᠯᠡᠳᠬᠡᠯ ᠬᠢᠵᠦ᠂ ᠡᠯ᠎ᠡ ᠵᠦᠢ᠍ᠯ᠎ᠤᠨ ᠬᠦᠴᠦᠲᠡᠶ ᠠᠷᠭ᠎ᠠ ᠬᠡᠮᠵᠢᠶ᠎ᠡ ᠵᠢ ᠠᠪᠴᠤ᠂ ᠬᠡᠷ᠂ ᠰᠤᠷᠭ᠋ᠠᠭᠤᠯᠢ ᠵᠢᠨ ᠠᠮᠤᠷ ᠲᠦᠪᠰᠢᠨ᠎ᠤ ᠰᠦᠯᠵᠢᠶ᠎ᠡ ᠵᠢ ᠪᠠᠶ᠋ᠢᠭᠤᠯᠵᠤ᠂ 《ᠤᠰᠤᠨ᠎ᠳᠤ ᠤᠨᠠᠬᠤ ᠵᠢ ᠰᠡᠷᠭᠡᠶ᠋ᠢᠯᠡᠬᠦ》 ᠠᠵᠢᠯ᠎ᠢ ᠦᠨᠡᠨ ᠬᠦ᠌ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠪᠠ᠃ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠤᠨ ᠲᠥᠰᠦᠯ᠎ᠢ ᠲᠣᠭᠲᠠᠭ᠋ᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠠᠵᠢᠯ᠎ᠤᠨ ᠬᠤᠷᠠᠯᠳᠤᠭ᠋ᠠᠨ᠎ᠢ ᠬᠤᠷᠠᠯᠳᠤᠭᠤᠯᠪᠠ᠃ LED ᠳᠡᠯᠭᠡᠴᠡ ᠵᠢ ᠠᠰᠢᠭᠯᠠᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠮᠡᠳᠡᠯᠭᠡ ᠵᠢ ᠡᠭᠡᠯᠵᠢᠯᠡᠨ ᠨᠡᠪᠲᠡᠷᠡᠭᠦᠯᠵᠦ᠂ ᠰᠤᠷᠤᠭᠴᠢᠳ᠎ᠤᠨ ᠳᠤᠮᠲᠠ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠢ ᠰᠡᠳᠬᠢᠯ᠎ᠳᠤ᠎ᠪᠠᠨ ᠪᠠᠲᠤ ᠴᠡᠭᠡᠵᠢᠯᠡᠵᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠤᠬᠠᠮᠰᠠᠷ ᠪᠠ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠪᠠ᠃ ᠡᠯ᠎ᠡ ᠠᠩᠭᠢ ᠵᠢᠨ᠎ᠬᠢᠨ ᠭᠣᠣᠯ ᠰᠡᠳᠦᠪᠲᠦ ᠠᠩᠭᠢ ᠵᠢᠨ ᠬᠤᠷᠠᠯ ᠵᠶ᠋ᠠᠷ ᠳᠠᠮᠵᠢᠨ᠂ ᠰᠤᠷᠤᠭᠴᠢᠳ᠎ᠤᠨ ᠤᠰᠤᠨ᠎ᠳᠤ ᠤᠨᠠᠬᠤ ᠵᠢ ᠬᠡᠷᠬᠢᠨ ᠰᠡᠷᠭᠡᠶ᠋ᠢᠯᠡᠬᠦ ᠲᠤᠬᠠᠢ ᠬᠥᠮᠦᠵᠢᠯ ᠬᠢᠵᠦ᠂ ᠤᠰᠤᠨ᠎ᠳᠤ ᠤᠨᠠᠭᠰᠠᠨ ᠦᠶᠡᠰ ᠥᠪᠡᠷ᠎ᠢ᠎ᠪᠠᠨ ᠠᠪᠤᠷᠠᠬᠤ ᠪᠠ ᠪᠤᠰᠤᠳ᠎ᠢ ᠠᠪᠤᠷᠠᠬᠤ ᠠᠷᠭ᠎ᠠ ᠵᠢ ᠵᠢᠭ᠋ᠠᠵᠤ᠂ ᠰᠤᠷᠤᠭᠴᠢᠳ᠎ᠤᠨ ᠥᠪᠡᠷ ᠵᠶ᠋ᠠᠨ ᠰᠡᠷᠭᠡᠶ᠋ᠢᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠬᠠᠮᠲᠤ ᠤᠰᠤᠨ᠎ᠳᠤ ᠤᠨᠠᠬᠤ ᠵᠢ ᠰᠡᠷᠭᠡᠶ᠋ᠢᠯᠡᠬᠦ 《ᠵᠢᠷᠭᠤᠭ᠋ᠠᠨ ᠪᠣᠯᠬᠤ ᠦᠭᠡᠢ》 ᠵᠢᠨ ᠠᠭᠤᠯᠭ᠎ᠠ ᠵᠢ ᠰᠤᠷᠤᠯᠴᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ᠎ᠨᠢ ᠲᠠᠶ᠋ᠢᠱ᠌ᠠᠨ ᠠᠭᠤᠯᠠᠨ᠎ᠠᠴᠠ ᠬᠦᠨᠳᠦ ᠭᠡᠳᠡᠭ᠎ᠢ ᠴᠠᠭ ᠢᠮᠠᠭᠲᠠ ᠴᠡᠭᠡᠵᠢᠯᠡᠪᠡ᠃ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠨᠡᠶ᠋ᠢᠲᠡᠯᠢᠭ ᠡᠨᠳᠡᠯ᠎ᠤᠨ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠦᠢ᠍ᠯᠡᠳᠦᠯᠴᠡᠬᠦ ᠦᠵᠡᠭᠦᠯᠭᠡ᠂ ᠠᠬᠤᠢ ᠲᠠᠯᠠᠪᠠᠶ ᠵᠢᠨ ᠳᠠᠭᠤᠷᠢᠶᠠᠮᠠᠯ᠂ ᠸᠢᠳᠢᠤ᠋ ᠺᠠᠷᠲ᠋ᠣᠨ ᠵᠡᠷᠭᠡ ᠰᠣᠨᠢᠷᠬᠠᠯᠲᠠᠢ ᠵᠢᠭ᠋ᠠᠨ ᠰᠤᠷᠭ᠋ᠠᠯᠲᠠ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠶᠡᠷᠦ ᠵᠢᠨ ᠮᠡᠳᠡᠯᠭᠡ᠂ ᠣᠩᠭᠣᠴᠠᠨ᠎ᠳᠤ ᠰᠠᠭᠤᠬᠤ ᠠᠮᠤᠷ ᠲᠦᠪᠰᠢᠨ᠎ᠤ ᠮᠡᠳᠡᠯᠭᠡ ᠪᠠ ᠤᠰᠤᠨ᠎ᠳᠤ ᠤᠨᠠᠬᠤ ᠵᠢ ᠰᠡᠷᠭᠡᠶ᠋ᠢᠯᠡᠬᠦ ᠮᠡᠳᠡᠯᠭᠡ ᠵᠡᠷᠭᠡ ᠭᠤᠷᠪᠠᠨ ᠲᠠᠯ᠎ᠠ᠎ᠠᠴᠠ ᠲᠠᠶ᠋ᠢᠯᠤᠮᠵᠢ ᠬᠢᠵᠦ᠂ ᠰᠤᠷᠤᠭᠴᠢᠳ᠎ᠤᠨ ᠣᠩᠭᠣᠴᠠᠨ᠎ᠳᠤ ᠰᠠᠭᠤᠬᠤ ᠤᠬᠠᠮᠰᠠᠷ ᠪᠠ ᠤᠰᠤᠨ ᠳᠡᠭᠡᠷᠡᠬᠢ ᠠᠮᠤᠷ ᠲᠦᠪᠰᠢᠨ᠎ᠤ ᠮᠡᠳᠡᠯᠭᠡ ᠵᠢᠴᠢ ᠥᠪᠡᠷ᠎ᠢ᠎ᠪᠠᠨ ᠠᠪᠤᠷᠠᠬᠤ ᠪᠠ ᠪᠤᠰᠤᠳ᠎ᠢ ᠠᠪᠤᠷᠠᠬᠤ ᠤᠷ᠎ᠠ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃


ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ