ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠮᠤᠷ ᠲᠦᠪᠰᠢᠨ᠎ᠤ ᠬᠥᠮᠦᠵᠢᠯ — ᠲᠦᠩᠯᠢᠶᠣᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ
ᠨᠡᠶ᠋ᠢᠲᠡᠯᠡᠭᠰᠡᠨ ᠴᠠᠭ᠄ 2022-07-20


      ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠳᠦᠷᠢᠮᠵᠢᠭᠦᠯᠵᠦ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠠᠵᠢᠯ᠎ᠢ ᠴᠢᠩᠭ᠎ᠠ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠪᠠ᠃ ᠲᠦᠩᠯᠢᠶᠣᠤ ᠬᠣᠲᠠ ᠵᠢᠨ ᠪᠣᠳᠠᠲᠠᠶ ᠠᠷᠭ᠎ᠠ ᠬᠡᠮᠵᠢᠶ᠎ᠡ ᠵᠢ ᠬᠠᠮᠲᠤ᠎ᠳᠤ᠎ᠪᠠᠨ     ᠦᠵᠡᠵᠡᠭᠡᠶ᠎ᠡ!
      ᠵᠣᠨ᠎ᠤ ᠤᠯᠠᠷᠢᠯ ᠪᠣᠯ ᠤᠰᠤᠨ᠎ᠳᠤ ᠤᠨᠠᠬᠤ ᠡᠨᠳᠡᠯ ᠣᠯᠠᠨ ᠭᠠᠷᠳᠠᠭ ᠤᠯᠠᠷᠢᠯ ᠪᠣᠯᠤᠨ᠎ᠠ᠂ ᠵᠠᠯᠠᠭᠤ ᠪᠠᠭ᠎ᠠ ᠰᠤᠷᠤᠭᠴᠢᠳ ᠠᠮᠤᠷ ᠲᠦᠪᠰᠢᠨ ᠪᠠᠶᠠᠷ ᠬᠥᠷᠲᠡᠢ᠎ᠪᠠᠷ ᠵᠣᠨ᠎ᠤ ᠠᠮᠠᠷᠠᠯᠲᠠ᠎ᠪᠠᠨ ᠥᠩᠭᠡᠷᠡᠭᠦᠯᠬᠦ ᠵᠢ ᠪᠠᠲᠤᠯᠠᠬᠤ ᠵᠢᠨ ᠲᠥᠯᠥᠭᠡ᠂ ᠲᠦᠩᠯᠢᠶᠣᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠰᠤᠨ᠎ᠳᠤ ᠤᠨᠠᠬᠤ᠎ᠠᠴᠠ ᠰᠡᠷᠭᠡᠶ᠋ᠢᠯᠡᠬᠦ ᠠᠮᠤᠷ ᠲᠦᠪᠰᠢᠨ᠎ᠤ ᠬᠢᠵᠠᠭ᠋ᠠᠷ ᠱᠤᠭᠤᠮ᠎ᠢ ᠪᠠᠲᠤ ᠰᠠᠬᠢᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠥᠬᠥ ᠬᠣᠲᠠ ᠵᠢ ᠵᠣᠬᠢᠶᠠᠨ ᠪᠠᠶ᠋ᠢᠭᠤᠯᠵᠤ ᠤᠰᠤᠨ᠎ᠳᠤ ᠤᠨᠠᠬᠤ᠎ᠠᠴᠠ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠠᠵᠢᠯ᠎ᠢ ᠥᠷᠨᠢᠭᠦᠯᠪᠡ᠃
      ᠡᠭᠦᠷᠭᠡᠯᠡᠯ ᠵᠶ᠋ᠠᠨ ᠴᠢᠩᠭ᠋ᠠᠳᠬᠠᠵᠤ᠂ ᠤᠰᠤᠨ᠎ᠳᠤ ᠤᠨᠠᠬᠤ᠎ᠠᠴᠠ ᠰᠡᠷᠭᠡᠶ᠋ᠢᠯᠡᠬᠦ ᠬᠠᠷᠢᠭᠤᠴᠠᠯᠭ᠎ᠠ ᠵᠢ ᠡᠷᠡᠰ ᠨᠠᠢ᠌ᠳᠠᠪᠤᠷᠢᠵᠢᠭᠤᠯᠪᠠ᠃ 2022 ᠣᠨ᠎ᠠᠴᠠ ᠨᠠᠭ᠋ᠠᠰᠢ᠂ ᠲᠦᠩᠯᠢᠶᠣᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠷᠢᠳ ᠬᠣᠵᠢᠳ ᠬᠤᠷᠠᠯ ᠬᠤᠷᠠᠯᠳᠤᠭᠤᠯᠤᠭᠰᠠᠨ ᠪᠥᠭᠡᠳ ᠪᠢᠴᠢᠭ ᠮᠠᠲ᠋ᠧᠷᠢᠶᠠᠯ ᠪᠠᠭᠤᠯᠭ᠋ᠠᠵᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠲᠤᠰᠬᠠᠶ ᠪᠠᠶ᠋ᠢᠷᠢᠯᠠᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠠᠮᠤᠷ ᠲᠣᠭᠲᠠᠭᠤᠨ ᠪᠠᠶ᠋ᠢᠯᠭ᠋ᠠᠬᠤ ᠠᠵᠢᠯ᠎ᠤᠨ ᠴᠢᠬᠤᠯᠠ᠎ᠠᠴᠠ ᠴᠢᠬᠤᠯᠠ ᠪᠠᠶ᠋ᠢᠷᠢᠨ᠎ᠳᠤ ᠲᠠᠯᠪᠢᠵᠤ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠦᠨᠡᠨ ᠬᠦ᠌ ᠬᠡᠷᠡᠭᠵᠢᠭᠦᠯᠵᠦ ᠪᠣᠯᠬᠤᠶ᠋ᠢᠴᠠ ᠠᠷᠭ᠎ᠠ ᠬᠡᠮᠵᠢᠶ᠎ᠡ ᠳᠤᠷᠠᠳᠴᠤ᠂ ᠰᠤᠷᠤᠭᠴᠢᠳ᠎ᠤᠨ ᠤᠰᠤᠨ᠎ᠳᠤ ᠤᠨᠠᠬᠤ ᠡᠨᠳᠡᠯ ᠭᠠᠷᠬᠤ ᠵᠢ ᠰᠡᠷᠭᠡᠶ᠋ᠢᠯᠡᠵᠦ᠂ ᠰᠤᠷᠤᠭᠴᠢᠳ᠎ᠤᠨ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
      ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ᠃ ᠤᠰᠤᠨ᠎ᠳᠤ ᠤᠨᠠᠬᠤ ᠵᠢ ᠰᠡᠷᠭᠡᠶ᠋ᠢᠯᠡᠬᠦ ᠳᠡᠭᠡᠳᠦ ᠱᠠᠲᠤᠨ᠎ᠤ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠶ᠋ᠢᠷᠢᠯᠠᠭᠤᠯᠤᠯᠲᠠ ᠶᠣᠰᠤ᠎ᠪᠠᠷ 6 ᠰᠠᠷ᠎ᠠ ᠵᠢᠨ 27 — 7 ᠰᠠᠷ᠎ᠠ ᠵᠢᠨ 1᠎ᠤ ᠡᠳᠦᠷ ᠪᠣᠯᠲᠠᠯ᠎ᠠ᠂ ᠪᠥᠬᠥ ᠬᠣᠲᠠ ᠵᠢᠨ ᠬᠡᠪᠴᠢᠶᠡᠨ᠎ᠳᠤ 《ᠠᠮᠢ ᠨᠠᠰᠤ᠎ᠪᠠᠨ ᠨᠠᠨᠳᠢᠩᠨᠠᠵᠤ ᠤᠰᠤᠨ᠎ᠳᠤ ᠤᠨᠠᠬᠤ ᠵᠢ ᠴᠢᠩᠭ᠎ᠠ ᠰᠡᠷᠭᠡᠢ᠌ᠯᠡᠰᠦᠭᠡᠢ》 ᠭᠡᠬᠦ ᠲᠤᠰᠬᠠᠶ ᠰᠡᠳᠦᠪᠲᠦ ᠫᠷᠤᠭ᠌ᠷᠠᠮ᠎ᠢ ᠵᠣᠬᠢᠶᠠᠨ ᠪᠠᠶ᠋ᠢᠭᠤᠯᠤᠨ ᠦᠵᠡᠵᠦ᠂ 36 ᠲᠦᠮᠡᠨ ᠰᠣᠷᠣᠭᠴᠢ ᠵᠢᠴᠢ ᠬᠡᠷ᠎ᠤᠨ ᠠᠬᠠᠮᠠᠳ ᠲᠤᠰᠬᠠᠶ ᠰᠡᠳᠦᠪᠲᠦ ᠫᠷᠤᠭ᠌ᠷᠠᠮ᠎ᠢ ᠭᠥᠯᠢᠶᠡᠨ ᠠᠪᠴᠤ ᠦᠵᠡᠭᠰᠡᠨ᠎ᠤ ᠬᠠᠮᠲᠤ ᠪᠠᠰᠠ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠠᠴᠠ ᠨᠡᠢ᠌ᠲᠡᠯᠡᠭᠰᠡᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠪᠢᠴᠢᠯ ᠸᠢᠳᠢᠣ᠋᠎ᠢ ᠵᠣᠬᠢᠶᠠᠨ ᠪᠠᠢ᠌ᠭᠤᠯᠤᠨ ᠦᠵᠡᠭᠦᠯᠵᠦ᠂ ᠬᠡᠷ᠎ᠤᠨ ᠠᠬᠠᠮᠠᠳ ᠵᠢᠴᠢ ᠰᠤᠷᠤᠭᠴᠢᠳ᠎ᠤᠨ ᠠᠮᠤᠷ ᠲᠦᠪᠰᠢᠨ᠎ᠤ ᠤᠬᠠᠮᠰᠠᠷ ᠪᠠ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠬᠡᠷ᠎ᠤᠨ ᠠᠬᠠᠮᠠᠳ᠎ᠤᠨ ᠬᠠᠷᠢᠭᠤᠴᠠᠯᠭ᠎ᠠ ᠡᠭᠦᠷᠭᠡᠯᠡᠯ᠎ᠢ ᠴᠢᠩᠭ᠋ᠠᠳᠬᠠᠵᠤ᠂ ᠰᠠᠨᠠᠭ᠋ᠠᠨ᠎ᠳᠤ ᠥᠬᠡᠶ ᠡᠨᠳᠡᠯ ᠭᠠᠷᠬᠤ ᠵᠢ ᠴᠢᠩᠭ᠎ᠠ ᠰᠡᠷᠭᠡᠶ᠋ᠢᠯᠡᠵᠦ᠂ 《ᠠᠮᠤᠷ ᠲᠦᠪᠰᠢᠨ ᠲᠦᠩᠯᠢᠶᠣᠤ》 ᠵᠢ ᠪᠠᠶ᠋ᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠪᠠ᠃



      ᠤᠰᠤᠨ᠎ᠳᠤ ᠤᠨᠠᠬᠤ ᠵᠢ ᠰᠡᠷᠭᠡᠶ᠋ᠢᠯᠡᠬᠦ ᠲᠤᠰᠬᠠᠶ ᠰᠡᠳᠦᠪᠲᠦ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠪᠡ᠃ ᠲᠦᠩᠯᠢᠶᠣᠤ ᠬᠣᠲᠠ ᠵᠢᠨ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠵᠢᠨ ᠷᠠᠳᠢᠣ᠋ ᠨᠡᠪᠲᠡᠷᠡᠭᠦᠯᠭᠡ ᠵᠢᠨ ᠥᠷᠲᠡᠭᠡ᠂ ᠤᠬᠠᠭᠤᠯᠭ᠎ᠠ ᠵᠢᠨ ᠪᠤᠯᠤᠩ᠂ ᠡᠯᠧᠺᠲᠷᠣᠨ ᠳᠡᠯᠭᠡᠴᠡ᠂ ᠤᠬᠠᠭᠤᠯᠭ᠎ᠠ ᠵᠢᠨ ᠬᠥᠨᠳᠡᠯᠡᠨ ᠪᠢᠴᠢᠭᠡᠰᠦ᠂ ᠰᠠᠮᠪᠠᠷ᠎ᠠ ᠵᠢᠨ ᠰᠣᠨᠢᠨ᠂ ᠭᠠᠷ ᠪᠢᠴᠢᠮᠡᠯ ᠰᠣᠨᠢᠨ ᠵᠡᠷᠭᠡ ᠤᠬᠠᠭᠤᠯᠭ᠎ᠠ ᠵᠢᠨ ᠲᠠᠪᠴᠠᠩ ᠪᠣᠯᠤᠨ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠭᠤᠤᠯ ᠴᠣᠭᠴᠠ ᠵᠢᠨ ᠲᠣᠭᠣᠷᠢᠨ᠎ᠳᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠭᠤᠤᠯ ᠰᠡᠳᠦᠪᠲᠦ ᠠᠩᠭᠢ ᠪᠠ ᠪᠠᠭ᠋ᠠᠴᠤᠳ᠎ᠤᠨ ᠬᠣᠰᠢᠭᠤᠴᠢ ᠠᠩᠭᠢ ᠵᠢᠨ ᠬᠤᠷᠠᠯ᠂ ᠲᠤᠰᠬᠠᠶ ᠰᠡᠳᠦᠪᠲᠦ ᠬᠥᠮᠦᠵᠢᠯ᠎ᠤᠨ ᠫᠷᠤᠭ᠌ᠷᠠᠮ᠂ ᠮᠡᠳᠡᠯᠭᠡ ᠵᠢᠨ ᠤᠷᠤᠯᠳᠤᠭ᠋ᠠᠨ᠂ ᠬᠡᠷ᠎ᠤᠨ ᠠᠬᠠᠮᠠᠳ᠎ᠲᠤ ᠥᠭᠭᠦᠭᠰᠡᠨ ᠵᠠᠬᠢᠳᠠᠯ ᠵᠡᠷᠭᠡ ᠬᠡᠯᠪᠡᠷᠢ᠎ᠪᠠᠷ ᠳᠠᠮᠵᠢᠭᠤᠯᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠪᠡ᠃ ᠲᠦᠩᠯᠢᠶᠣᠤ ᠬᠣᠲᠠ ᠵᠢᠨ ᠲᠠᠪᠤᠳᠤᠭ᠋ᠠᠷ ᠳᠤᠮᠳᠠᠳᠤ ᠰᠤᠷᠭ᠋ᠠᠭᠤᠯᠢ ᠥᠷᠯᠥᠭᠡ ᠵᠢᠨ ᠤᠩᠰᠢᠯᠭ᠎ᠠ ᠵᠢᠨ ᠴᠠᠭ᠎ᠢ ᠠᠰᠢᠭᠯᠠᠨ᠂ ᠡᠯ᠎ᠡ ᠠᠩᠭᠢ ᠵᠢᠨ ᠡᠷᠬᠢᠯᠡᠭᠴᠢ ᠰᠤᠷᠤᠭᠴᠢᠳ ᠵᠶ᠋ᠠᠨ ᠳᠠᠭ᠋ᠠᠭᠤᠯᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ   ᠬᠣᠯᠪᠤᠭᠳᠠᠬᠤ ᠠᠩᠬᠠᠷᠬᠤ ᠵᠦᠢ᠍ᠯ᠎ᠢ ᠤᠩᠰᠢᠵᠤ᠂ ᠤᠰᠤᠨ᠎ᠳᠤ ᠤᠨᠠᠬᠤ ᠵᠢ ᠴᠢᠩᠭ᠎ᠠ ᠰᠡᠷᠭᠡᠶ᠋ᠢᠯᠡᠬᠦ ᠤᠬᠠᠭᠤᠯᠭ᠎ᠠ ᠬᠥᠮᠦᠵᠢᠯ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠥᠵᠢᠯ᠎ᠢ ᠦᠨᠡᠨ ᠬᠦ᠌ ᠨᠢᠳᠦᠨ᠎ᠳᠤ ᠦᠵᠡᠭᠳᠡᠮ᠎ᠡ᠂ ᠴᠢᠬᠢᠨ᠎ᠳᠤ   ᠰᠣᠨᠣᠰᠳᠠᠮ᠎ᠠ᠂ ᠰᠡᠳᠬᠢᠯ᠎ᠳᠤ ᠬᠠᠳᠠᠩᠰᠢᠮ᠎ᠠ ᠬᠢᠪᠡ; ᠬᠤᠤᠯᠢᠨ ᠭᠤᠤᠯ ᠬᠣᠲᠠ ᠵᠢᠨ ᠨᠢᠭᠡᠳᠦᠭᠡᠷ ᠪᠠᠭ᠎ᠠ ᠰᠤᠷᠭ᠋ᠠᠭᠤᠯᠢ ᠵᠤᠨ᠎ᠤ ᠠᠮᠠᠷᠠᠯᠲᠠ ᠵᠢᠨ ᠠᠮᠤᠷ ᠲᠦᠪᠰᠢᠨ᠎ᠤ ᠬᠥᠮᠦᠵᠢᠯ᠎ᠤᠨ ᠪᠢᠴᠢᠯ ᠸᠢᠳᠢᠣ᠋᠎ᠢ ᠰᠡᠭᠦᠳᠡᠷᠯᠡᠬᠦ᠎ᠪᠠᠷ ᠳᠠᠮᠵᠢᠭᠤᠯᠤᠨ ᠰᠡᠳᠬᠢᠯ᠎ᠢ ᠳᠠᠲᠠᠭᠰᠠᠨ ᠪᠢᠴᠢᠯ ᠸᠢᠳᠢᠤ᠋ ᠵᠢᠨ ᠬᠡᠯᠪᠡᠷᠢ᠎ᠪᠠᠷ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠥᠩᠭᠡᠷᠡᠭᠰᠡᠨ᠎ᠤ ᠠᠮᠲᠠ ᠰᠢᠮᠲᠠ ᠦᠭᠡᠢ ᠤᠬᠠᠭᠤᠯᠭ᠎ᠠ ᠵᠢᠨ ᠬᠡᠯᠪᠡᠷᠢ ᠵᠢ ᠬᠤᠪᠢᠷᠠᠭᠤᠯᠵᠤ᠂ ᠠᠮᠤᠷ ᠲᠦᠪᠰᠢᠨ᠎ᠤ ᠬᠥᠮᠦᠵᠢᠯ᠎ᠢ ᠠᠮᠢᠳᠤ ᠲᠥᠷᠰᠦᠯᠢᠭ᠂ ᠰᠢᠨ᠎ᠡ ᠰᠤᠷᠭᠤᠭ ᠪᠣᠯᠭ᠋ᠠᠪᠠ; ᠲᠦᠩᠯᠢᠶᠣᠤ ᠬᠣᠲᠠ ᠵᠢᠨ ᠨᠡᠭᠡᠭᠡᠯᠲᠡᠲᠦ ᠲᠣᠭᠣᠷᠢᠭ᠎ᠤᠨ ᠰᠢᠨ᠎ᠡ ᠬᠣᠲᠠ ᠵᠢᠨ ᠬᠣᠶᠠᠳᠤᠭ᠋ᠠᠷ ᠪᠠᠭ᠎ᠠ ᠰᠤᠷᠭ᠋ᠠᠭᠤᠯᠢ ᠵᠢᠨ ᠠᠩᠭᠢ ᠵᠢᠨ ᠡᠷᠬᠢᠯᠡᠭᠴᠢᠳ 《ᠤᠰᠤᠨ᠎ᠳᠤ ᠤᠨᠠᠬᠤ ᠵᠢ ᠰᠡᠷᠭᠡᠶ᠋ᠢᠯᠡᠬᠦ ᠭᠠᠷ᠎ᠤᠨ ᠳᠣᠬᠢᠶᠠᠨ ᠪᠥᠵᠢᠭ》᠎ᠢ ᠥᠪᠡᠷᠰᠡᠳ ᠵᠶ᠋ᠠᠨ ᠨᠠᠶ᠋ᠢᠷᠠᠭᠤᠯᠤᠨ ᠵᠣᠬᠢᠶᠠᠵᠤ᠂ ᠪᠠᠰᠠ ᠬᠡᠦᠬᠡᠳ᠎ᠲᠤ ᠬᠥᠳᠡᠯᠭᠡᠭᠡᠨ ᠨᠢᠭᠡ ᠪᠦᠷᠢ ᠵᠢᠨ ᠠᠴᠢ ᠬᠣᠯᠪᠣᠭᠳᠠᠯ᠎ᠢ ᠲᠠᠶ᠋ᠢᠯᠪᠤᠷᠢᠯᠠᠵᠤ ᠥᠭᠭᠦᠨ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠮᠡᠳᠡᠯᠭᠡ ᠵᠢ ᠠᠮᠲᠠ ᠰᠢᠮᠲᠡ᠎ᠲᠠᠢ ᠪᠣᠯᠭ᠋ᠠᠵᠤ᠂ ᠲᠠᠭᠤ ᠪᠠ ᠪᠥᠵᠢᠭ ᠵᠶ᠋ᠠᠷ ᠳᠠᠮᠵᠢᠭᠤᠯᠤᠨ ᠰᠤᠷᠤᠭᠴᠢᠳ᠎ᠤᠨ ᠰᠡᠳᠬᠢᠯ᠎ᠳᠤ ᠰᠡᠢ᠌ᠯᠪᠡ᠃ ᠣᠳᠣ ᠪᠣᠯᠲᠠᠯ᠎ᠠ᠂ 《ᠲᠦᠩᠯᠢᠶᠣᠤ ᠵᠢᠨ ᠰᠤᠷᠭ᠋ᠠᠨ ᠬᠥᠮᠦᠵᠢᠯ》 ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠰᠠᠨᠠᠭᠤᠯᠤᠮᠵᠢ ᠵᠢᠨ ᠮᠡᠳᠡᠭᠡ ᠵᠠᠩᠭᠢ ᠵᠢ 5 ᠬᠤᠭᠤᠴᠠᠭ᠎ᠠ ᠨᠡᠶ᠋ᠢᠲᠡᠯᠡᠵᠦ᠂ ᠥᠷᠭᠡᠨ ᠣᠯᠠᠨ ᠬᠡᠷ᠎ᠤᠨ ᠠᠬᠠᠮᠠᠳ ᠪᠣᠯᠤᠨ ᠰᠤᠷᠤᠭᠴᠢ᠎ᠳᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠢ ᠠᠩᠬᠠᠷᠴᠤ᠂ ᠰᠤᠷᠤᠭᠴᠢᠳ᠎ᠤᠨ ᠠᠮᠤᠷ ᠲᠦᠪᠰᠢᠨ᠂ ᠡᠷᠡᠭᠦᠯ ᠮᠡᠨᠳᠦ᠂ ᠪᠠᠶᠠᠷ ᠬᠥᠷᠲᠡᠢ ᠦᠰᠦᠨ ᠪᠣᠶ᠋ᠢᠵᠢᠬᠤ ᠵᠢ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃



      ᠳᠠᠷᠠᠭ᠎ᠠ ᠠᠯᠬᠤᠮ᠎ᠳᠤ ᠲᠦᠩᠯᠢᠶᠣᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠦᠷᠭᠦᠯᠵᠢᠯᠡᠨ ᠳᠡᠭᠡᠳᠦ ᠳᠤᠤᠷᠠᠳᠤ ᠱᠠᠲᠤ᠎ᠪᠠᠷ ᠬᠣᠯᠪᠣᠭ᠋ᠠᠯᠠᠨ ᠬᠥᠳᠡᠯᠦᠯᠴᠡᠬᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ᠂ ᠪᠥᠬᠥ ᠬᠥᠮᠦᠨ ᠣᠷᠣᠯᠴᠠᠬᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠬᠦ ᠵᠡᠷᠭᠡ ᠬᠡᠯᠪᠡᠷᠢ ᠵᠢ ᠠᠪᠴᠤ᠂ ᠵᠠᠯᠠᠭᠤᠴᠤᠳ ᠪᠠᠭ᠋ᠠᠴᠤᠳ ᠬᠡᠦᠬᠡᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠦᠷᠭᠦᠯᠵᠢᠯᠡᠨ ᠭᠦᠨᠵᠡᠭᠡᠶ ᠰᠠᠶ᠋ᠢᠲᠤᠷ ᠬᠢᠵᠦ᠂ ᠰᠤᠷᠭ᠋ᠠᠭᠤᠯᠢ ᠵᠢᠨ ᠬᠦᠷᠢᠶᠡᠨ᠎ᠤ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠵᠤ᠂ ᠬᠡᠷ᠎ᠤᠨ ᠠᠬᠠᠮᠠᠳ᠎ᠢ ᠱᠠᠭ᠋ᠠᠷᠳᠠᠵᠤ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠭᠦᠢ᠍ᠴᠡᠳᠭᠡᠭᠦᠯᠵᠦ᠂ ᠬᠡᠦᠬᠡᠳ᠎ᠢ ᠤᠰᠤᠨ᠎ᠳᠤ ᠤᠨᠠᠬᠤ᠎ᠠᠴᠠ ᠬᠣᠯᠠ ᠵᠠᠶ᠋ᠢᠳᠠᠭᠤᠯᠵᠤ᠂ ᠠᠮᠤᠷ ᠲᠦᠪᠰᠢᠨ ᠪᠠᠶᠠᠷ ᠬᠥᠷᠲᠡᠢ ᠵᠣᠨ᠎ᠤ ᠠᠮᠠᠷᠠᠯᠲᠠ ᠵᠢ ᠥᠩᠭᠡᠷᠡᠭᠦᠯᠬᠦ ᠪᠣᠯᠤᠨ᠎ᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠠᠮᠤᠷ ᠲᠦᠪᠰᠢᠨ᠎ᠤ ᠬᠥᠮᠦᠵᠢᠯ — ᠪᠠᠶᠠᠨᠨᠠᠭᠤᠷ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ᠎ᠢ ᠪᠥᠬᠥ ᠬᠦᠴᠦᠨ ᠵᠶ᠋ᠠᠷ ᠪᠣᠳᠠᠲᠠᠢ᠌ᠵᠢᠭᠤᠯᠤᠨ ᠠᠳᠬᠤᠪᠠ
ᠠᠮᠤᠷ ᠲᠦᠪᠰᠢᠨ᠎ᠤ ᠬᠥᠮᠦᠵᠢᠯ — ᠦᠬᠠᠢ ᠬᠤᠳᠠ ᠵᠢᠨ᠎ᠬᠢᠨ ᠬᠠᠷᠠᠯᠲᠠ᠎ᠲᠠᠢ ᠬᠦᠴᠦᠯᠡᠵᠦ ᠨᠠᠷᠢᠯᠢᠭ ᠣᠨᠣᠴᠠᠲᠠᠢ ᠠᠷᠭ᠎ᠠ ᠪᠤᠳᠤᠯᠭ᠎ᠠ ᠵᠢ ᠬᠡᠷᠡᠭᠵᠢᠭᠦᠯᠵᠦ ᠪᠠᠭᠰᠢ ᠰᠤᠷᠤᠭᠴᠢᠳ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠪᠠᠲᠤᠯᠠᠪᠠ
ᠠᠮᠤᠷ ᠲᠦᠪᠰᠢᠨ᠎ᠤ ᠬᠥᠮᠦᠵᠢᠯ — ᠠᠮᠤᠷ ᠲᠦᠪᠰᠢᠨ ᠠᠮᠠᠷᠠᠯᠲᠠ ᠥᠬᠡᠶ ᠠᠯᠠᠱ᠌ᠠ ᠠᠶ᠋ᠢᠮᠠᠭ᠎ᠤᠨ ᠬᠡᠷ ᠪᠠ ᠰᠤᠷᠭ᠋ᠠᠭᠤᠯᠢ ᠬᠠᠮᠲᠤᠷᠠᠨ ᠬᠠᠯᠬᠠᠪᠴᠢ ᠬᠡᠷᠡᠮ ᠪᠠᠢ᠌ᠭᠤᠯᠪᠠ
ᠠᠮᠤᠷ ᠲᠦᠪᠰᠢᠨ᠎ᠤ ᠬᠥᠮᠦᠵᠢᠯ — ᠰᠢᠯᠢ ᠵᠢᠨ ᠭᠤᠤᠯ ᠠᠶ᠋ᠢᠮᠠᠭ᠎ᠤᠨ 2022 ᠣᠨ᠎ᠤ ᠵᠣᠨ᠎ᠤ ᠠᠮᠠᠷᠠᠯᠲᠠ ᠵᠢᠨ ᠠᠮᠤᠷ ᠲᠦᠪᠰᠢᠨ᠎ᠤ ᠠᠵᠢᠯ᠎ᠤᠨ ᠪᠠᠶ᠋ᠢᠷᠢᠯᠠᠭᠤᠯᠤᠯᠲᠠ
ᠠᠮᠤᠷ ᠲᠦᠪᠰᠢᠨ᠎ᠤ ᠬᠥᠮᠦᠵᠢᠯ — ᠬᠢᠩᠭ᠋ᠠᠨ ᠠᠶ᠋ᠢᠮᠠᠭ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠬᠥᠳᠡᠯᠦᠯᠴᠡᠬᠦ᠎ᠪᠠᠨ ᠴᠢᠩᠭ᠋ᠠᠳᠬᠠᠵᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠶ᠋ᠢᠭᠤᠯᠪᠠ
 
             蒙ICP备05000248号