ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠮᠤᠷ ᠲᠦᠪᠰᠢᠨ᠎ᠤ ᠬᠥᠮᠦᠵᠢᠯ — ᠪᠠᠶᠠᠨᠨᠠᠭᠤᠷ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ᠎ᠢ ᠪᠥᠬᠥ ᠬᠦᠴᠦᠨ ᠵᠶ᠋ᠠᠷ ᠪᠣᠳᠠᠲᠠᠢ᠌ᠵᠢᠭᠤᠯᠤᠨ ᠠᠳᠬᠤᠪᠠ
ᠨᠡᠶ᠋ᠢᠲᠡᠯᠡᠭᠰᠡᠨ ᠴᠠᠭ᠄ 2022-07-21


      ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠠᠵᠢᠯ᠎ᠢ ᠴᠢᠩᠭ᠎ᠠ ᠨᠠᠶ᠋ᠢᠳᠠᠪᠤᠷᠢᠵᠢᠭᠤᠯᠤᠨ ᠨᠠᠷᠢᠯᠢᠭᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠪᠠ᠃ ᠬᠠᠮᠲᠤ᠎ᠳᠤ᠎ᠪᠠᠨ ᠪᠠᠶᠠᠨᠨᠠᠭᠤᠷ ᠬᠣᠲᠠ ᠵᠢᠨ ᠪᠣᠳᠠᠲᠠᠶ ᠠᠷᠭ᠎ᠠ ᠬᠡᠮᠵᠢᠶ᠎ᠡ ᠵᠢ ᠦᠵᠡᠵᠡᠭᠡᠶ᠎ᠡ!
      ᠪᠠᠶᠠᠨᠨᠠᠭᠤᠷ ᠬᠣᠲᠠ ᠵᠢᠨ ᠭᠤᠤᠯ ᠮᠥᠷᠡᠨ ᠨᠠᠭᠤᠷ ᠴᠥᠭᠥᠷᠥᠮ ᠣᠯᠠᠨ᠂ ᠤᠰᠤᠨ ᠲᠤᠤᠷ ᠨᠢᠭᠲᠠ ᠪᠠᠢ᠌ᠳᠠᠭ᠂ ᠤᠰᠤᠨ᠎ᠳᠤ ᠤᠨᠠᠬᠤ ᠪᠣᠯ ᠰᠤᠷᠤᠭᠴᠢᠳ᠎ᠤᠨ ᠠᠮᠤᠷ ᠲᠦᠪᠰᠢᠨ᠎ᠢ ᠰᠦᠷᠳᠡᠭᠦᠯᠬᠦ ᠬᠦᠨᠳᠦ ᠶᠡᠬᠡ ᠳᠠᠯᠳᠠ ᠬᠡᠮ ᠪᠣᠯᠤᠨ᠎ᠠ᠃ ᠵᠤᠨ᠎ᠤ ᠠᠮᠠᠷᠠᠯᠲᠠ ᠪᠣᠯᠬᠤ᠎ᠳᠤ ᠤᠰᠤᠨ᠎ᠳᠤ ᠤᠨᠠᠬᠤ ᠡᠨᠳᠡᠯ ᠣᠯᠠᠨ ᠡᠭᠦᠰᠳᠡᠭ᠃ ᠰᠤᠷᠤᠭᠴᠢᠳ᠎ᠤᠨ ᠤᠰᠤᠨ᠎ᠳᠤ ᠤᠨᠠᠬᠤ ᠡᠨᠳᠡᠯ᠎ᠢ ᠪᠦᠲᠦᠮᠵᠢᠲᠡᠶ ᠰᠡᠷᠭᠡᠶ᠋ᠢᠯᠡᠬᠦ ᠪᠠ ᠬᠣᠷᠢᠭᠯᠠᠬᠤ ᠵᠢᠨ ᠲᠥᠯᠦᠭᠡ᠂ ᠪᠠᠶᠠᠨᠨᠠᠭᠤᠷ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠣᠳᠣᠬᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠡᠯ᠎ᠡ ᠵᠦᠢ᠍ᠯ᠎ᠤᠨ ᠠᠵᠢᠯᠯᠠᠭ᠎ᠠ ᠵᠢ ᠪᠥᠬᠥ ᠲᠠᠯ᠎ᠠ᠎ᠪᠠᠷ᠂ ᠣᠯᠠᠨ ᠲᠠᠯ᠎ᠠ᠎ᠠᠴᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠠᠷᠢᠨ ᠨᠢᠮᠪᠠᠶ ᠪᠠᠢ᠌ᠷᠢᠯᠠᠭᠤᠯᠵᠤ᠂ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠰᠤᠷᠤᠭᠴᠢᠳ᠎ᠤᠨ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠪᠠᠲᠤᠯᠠᠪᠠ᠃



      ᠭᠣᠣᠯᠯᠠᠨ ᠬᠠᠮᠢᠶᠠᠷᠬᠤ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠪᠠ
     2022 ᠣᠨ᠎ᠳᠤ ᠰᠤᠷᠭ᠋ᠠᠭᠤᠯᠢ ᠡᠬᠢᠯᠡᠭᠰᠡᠨ᠎ᠠᠴᠠ ᠨᠠᠭ᠋ᠠᠰᠢ᠂ ᠪᠠᠶᠠᠨᠨᠠᠭᠤᠷ ᠬᠣᠲᠠ ᠰᠤᠷᠭ᠋ᠠᠭᠤᠯᠢ ᠵᠢᠨ ᠠᠮᠤᠷ ᠲᠦᠪᠰᠢᠨ᠎ᠤ ᠠᠵᠢᠯ᠎ᠢ ᠠᠬᠢᠭᠤᠯᠬᠤ ᠬᠤᠷᠠᠯ᠎ᠢ ᠣᠯᠠᠨᠲᠠ ᠬᠤᠷᠠᠯᠳᠤᠭᠤᠯᠵᠤ᠂ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠲᠠᠢ ᠬᠠᠮᠲᠤᠷᠠᠨ 《ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠳᠣᠭᠲᠠᠭ᠋ᠠᠵᠤ ᠳᠠᠷᠤᠮᠠᠯᠯᠠᠨ ᠲᠠᠷᠬᠠᠭ᠋ᠠᠵᠤ᠂ 《ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠢ ᠵᠢᠯᠣᠭᠣᠳᠬᠤ ᠭᠠᠵᠠᠷ᠎ᠲᠠᠢ ᠬᠠᠮᠲᠤᠷᠠᠨ 《ᠦᠶᠡᠷ᠎ᠤᠨ ᠬᠤᠭᠤᠴᠠᠭ᠋ᠠᠨ᠎ᠳᠤ ᠤᠰᠤᠨ ᠣᠷᠣᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠠᠶᠠᠨᠨᠠᠭᠤᠷ᠎ᠤᠨ ᠰᠤᠷᠭ᠋ᠠᠨ ᠬᠥᠮᠦᠵᠢᠯ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ᠎ᠠᠴᠠ 《ᠪᠥᠬᠥ ᠬᠣᠲᠠ ᠵᠢᠨ ᠠᠷᠠᠳ᠎ᠲᠤ ᠥᠭᠭᠦᠭᠰᠡᠨ ᠵᠠᠬᠢᠳᠠᠯ》᠂ 《ᠪᠠᠶᠠᠨᠨᠠᠭᠤᠷ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶᠠᠨ᠎ᠠᠴᠠ ᠰᠤᠷᠤᠭᠴᠢᠳ᠎ᠲᠤ ᠥᠭᠭᠦᠭᠰᠡᠨ ᠨᠢᠭᠡᠨ ᠬᠤᠪᠢ ᠵᠠᠬᠢᠳᠠᠯ》 ᠵᠡᠷᠭᠡ ᠪᠢᠴᠢᠭ ᠮᠠᠲ᠋ᠧᠷᠢᠶᠠᠯ ᠪᠠ ᠠᠮᠤᠷ ᠲᠦᠪᠰᠢᠨ᠎ᠤ ᠰᠠᠨᠠᠭᠤᠯᠤᠮᠵᠢ ᠵᠢ ᠵᠠᠯᠭ᠋ᠠᠭ᠎ᠠ᠎ᠪᠠᠷ ᠨᠡᠢ᠌ᠲᠡᠯᠡᠵᠦ᠂ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ᠂ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠠᠵᠢᠯ᠎ᠤᠨ ᠲᠣᠭᠲᠠᠴᠠ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠭᠡᠯ ᠲᠥᠰᠦᠯ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠠᠵᠢᠯ᠎ᠤᠨ ᠲᠥᠯᠥᠪᠯᠡᠭᠡ ᠵᠢ ᠲᠣᠭᠲᠠᠭ᠋ᠠᠵᠤ᠂ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠨ ᠲᠣᠳᠤᠷᠬᠠᠢ᠌ᠯᠠᠵᠤ᠂ ᠠᠮᠤᠷ ᠲᠦᠪᠰᠢᠨ᠎ᠤ ᠬᠥᠮᠦᠵᠢᠯ᠂ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ᠂ ᠬᠠᠮᠲᠤᠷᠠᠨ ᠬᠥᠳᠡᠯᠦᠯᠴᠡᠵᠦ ᠰᠡᠷᠭᠡᠶ᠋ᠢᠯᠡᠬᠦ ᠵᠡᠷᠭᠡ ᠵᠠᠩᠭᠢᠯᠠᠭ᠎ᠠ ᠵᠢ ᠨᠠᠢ᠌ᠳᠠᠪᠤᠷᠢᠵᠢᠭᠤᠯᠵᠤ᠂ ᠡᠷᠲᠡ ᠲᠣᠬᠢᠷᠠᠭᠤᠯᠬᠤ᠂ ᠡᠷᠲᠡ ᠰᠡᠷᠭᠡᠶ᠋ᠢᠯᠡᠬᠦ᠂ ᠳᠠᠯᠳᠠ ᠭᠡᠮ᠎ᠢ ᠡᠷᠲᠡ ᠠᠷᠢᠯᠭ᠋ᠠᠬᠤ ᠵᠢ ᠪᠡᠶᠡᠯᠡᠭᠦᠯᠪᠡ᠃



      ᠣᠯᠠᠨ ᠵᠦᠢ᠍ᠯ᠎ᠤᠨ ᠬᠡᠯᠪᠡᠷᠢ᠎ᠪᠠᠷ ᠤᠬᠠᠭᠤᠯᠭ᠎ᠠ ᠬᠥᠮᠦᠵᠢᠯ᠎ᠢ ᠥᠷᠨᠢᠭᠦᠯᠪᠡ
      ᠪᠠᠶᠠᠨᠨᠠᠭᠤᠷ ᠬᠣᠲᠠ ᠵᠢᠨ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ ᠵᠢᠨ᠎ᠬᠢᠨ ᠰᠤᠷᠭ᠋ᠠᠭᠤᠯᠢ ᠵᠢᠨ ᠬᠦᠷᠢᠶᠡᠨ᠎ᠳᠤ ᠷᠠᠳᠢᠣ᠋ ᠨᠡᠪᠲᠡᠷᠡᠭᠦᠯᠭᠡ᠂ ᠬᠥᠨᠳᠡᠯᠡᠨ ᠪᠢᠴᠢᠭᠡᠰᠦ᠂ ᠭᠤᠤᠯ ᠰᠡᠳᠦᠪᠲᠦ ᠠᠩᠭᠢ ᠵᠢᠨ ᠬᠤᠷᠠᠯ᠂ ᠡᠯᠧᠺᠲᠷᠣᠨ ᠳᠡᠯᠭᠡᠴᠡ ᠵᠡᠷᠭᠡ ᠬᠡᠯᠪᠡᠷᠢ᠎ᠪᠠᠷ ᠳᠠᠮᠵᠢᠭᠤᠯᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠮᠡᠳᠡᠯᠭᠡ ᠵᠢ ᠢᠳᠡᠪᠬᠢᠲᠡᠶ ᠤᠬᠠᠭᠤᠯᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠰᠤᠷᠤᠭᠴᠢᠳ᠎ᠢ ᠢᠳᠡᠪᠬᠢᠲᠡᠶ ᠵᠣᠬᠢᠶᠠᠨ ᠪᠠᠶ᠋ᠢᠭᠤᠯᠤᠨ ᠰᠤᠷᠭ᠋ᠠᠨ ᠬᠥᠮᠦᠵᠢᠯ᠎ᠤᠨ ᠶᠠᠮᠤᠨ᠎ᠤ ᠡᠷᠭᠢᠯᠡᠭᠰᠡᠨ 《ᠠᠮᠢ ᠨᠠᠰᠤ᠎ᠪᠠᠨ ᠨᠠᠨᠳᠢᠩᠨᠠᠵᠤ ᠤᠰᠤᠨ᠎ᠳᠤ ᠤᠨᠠᠬᠤ ᠵᠢ ᠴᠢᠩᠭ᠎ᠠ ᠰᠡᠷᠭᠡᠶ᠋ᠢᠯᠡᠬᠦ》 ᠭᠤᠤᠯ ᠰᠡᠳᠦᠪᠲᠦ ᠬᠥᠮᠦᠵᠢᠯ᠎ᠤᠨ ᠬᠢᠴᠢᠶᠡᠯ ᠪᠠ ᠰᠤᠷᠭ᠋ᠠᠨ ᠬᠥᠮᠦᠵᠢᠯ᠎ᠤᠨ ᠲᠢᠩᠬᠢᠮ᠎ᠤᠨ ᠡᠷᠭᠢᠯᠡᠭᠰᠡᠨ 《ᠪᠠᠶᠠᠷ ᠪᠠᠶᠠᠰᠬᠤᠯᠠᠩᠲᠤ ᠵᠣᠨ᠎ᠤ ᠠᠮᠠᠷᠠᠯᠲᠠ ᠠᠮᠤᠷ ᠲᠦᠪᠰᠢᠨ ᠡᠩ ᠲᠡᠷᠢᠭᠦᠨ᠎ᠳᠤ》 ᠭᠡᠬᠦ ᠭᠤᠤᠯ ᠰᠡᠳᠦᠪᠲᠦ ᠬᠥᠮᠦᠵᠢᠯ᠎ᠤᠨ ᠢᠯᠡ ᠬᠢᠴᠢᠶᠡᠯ᠎ᠢ ᠰᠣᠨᠢᠷᠬᠠᠭᠤᠯᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ 《ᠵᠢᠷᠭᠤᠭ᠋ᠠᠨ ᠪᠣᠯᠬᠤ ᠥᠬᠡᠶ》 ᠵᠢ ᠪᠡᠶᠡᠯᠡᠭᠦᠯᠬᠦ᠎ᠪᠠᠷ ᠰᠤᠷᠤᠭᠴᠢᠳ᠎ᠢ ᠬᠥᠮᠥᠵᠢᠭᠦᠯᠵᠦ᠂ ᠤᠰᠤᠨ᠎ᠳᠤ ᠤᠨᠠᠪᠠᠯ ᠥᠪᠡᠷ᠎ᠢ᠎ᠪᠠᠨ ᠠᠪᠤᠷᠬᠠᠤ ᠪᠠ ᠠᠪᠤᠷᠠᠯᠳᠠ ᠬᠢᠬᠦ ᠠᠷᠭ᠎ᠠ ᠵᠢ ᠡᠵᠡᠮᠰᠢᠭᠦᠯᠪᠡ᠃ ᠡᠭᠦᠨ᠎ᠤ ᠬᠠᠮᠲᠤ᠂ ᠰᠤᠷᠤᠭᠴᠢᠳ᠎ᠢ ᠵᠣᠬᠢᠶᠠᠨ ᠪᠠᠶ᠋ᠢᠭᠤᠯᠵᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠭᠤᠤᠯ ᠰᠡᠳᠦᠪᠲᠦ ᠰᠠᠮᠪᠠᠷ᠎ᠠ ᠵᠢᠨ ᠰᠣᠨᠢᠨ ᠪᠠ ᠭᠠᠷ ᠪᠢᠴᠢᠮᠡᠯ ᠰᠣᠨᠢᠨ᠎ᠢ ᠬᠢᠯᠭᠡᠵᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠭᠤᠤᠯ ᠰᠡᠳᠦᠪᠲᠦ ᠬᠥᠮᠦᠵᠢᠯ᠎ᠤᠨ ᠠᠵᠢᠯᠯᠠᠭ᠋ᠠᠨ᠎ᠤ ᠣᠯᠤᠯᠲᠠ ᠲᠥᠷᠥᠭᠳᠡᠯ᠎ᠢ ᠪᠢᠴᠢᠭᠦᠯᠵᠦ᠂ ᠰᠢᠷᠢᠰ ᠠᠵᠢᠯᠯᠠᠭ᠎ᠠ᠎ᠪᠠᠷ ᠳᠡᠮᠵᠢᠨ᠂ ᠪᠥᠬᠥ ᠬᠣᠲᠠ ᠵᠢᠨ ᠪᠠᠭᠰᠢ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠤᠬᠠᠮᠰᠠᠷ᠎ᠢ ᠪᠥᠬᠥ ᠲᠠᠯ᠎ᠠ᠎ᠪᠠᠷ ᠴᠢᠩᠭ᠋ᠠᠷᠠᠭᠤᠯᠵᠤ᠂ ᠤᠰᠤᠨ᠎ᠳᠤ ᠤᠨᠠᠪᠠᠯ ᠥᠪᠡᠷ᠎ᠢ᠎ᠪᠠᠨ ᠬᠠᠮᠠᠭ᠋ᠠᠯᠠᠬᠤ ᠥᠪᠡᠷ᠎ᠢ ᠎ᠪᠠᠨ ᠠᠪᠤᠷᠬᠠᠤ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠪᠡ᠃



      ᠡᠯ᠎ᠡ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ᠎ᠬᠢᠨ ᠴᠢᠯᠥᠭᠡ ᠲᠠᠯᠪᠢᠬᠤ᠎ᠠᠴᠠ ᠡᠮᠦᠨ᠎ᠡ ᠣᠯᠠᠨ ᠨᠡᠶ᠋ᠢᠲᠡ ᠵᠢᠨ ᠳ᠋ᠤᠭ᠋ᠠᠷ᠂ ᠸᠢᠴᠠᠲ᠎ᠤᠨ ᠬᠣᠯᠪᠣᠭ᠎ᠠ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠭᠡᠷ᠎ᠤᠨ ᠠᠬᠠᠮᠠᠳ᠎ᠲᠤ ᠳᠠᠷᠤᠶ᠎ᠳᠤ᠎ᠨᠢ ᠰᠤᠷᠭ᠋ᠠᠨ ᠬᠥᠮᠦᠵᠢᠯ᠎ᠤᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠣᠯᠤᠨ ᠪᠠᠶᠠᠨᠨᠠᠭᠤᠷ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠵᠢᠨ 《ᠰᠤᠷᠤᠭᠴᠢᠳ᠎ᠤᠨ ᠭᠡᠷ᠎ᠤᠨ ᠠᠬᠠᠮᠠᠳ᠎ᠲᠤ ᠢᠯᠡᠭᠡᠭᠰᠡᠨ ᠵᠠᠬᠢᠳᠠᠯ》᠎ᠢ ᠬᠦᠷᠭᠡᠭᠰᠡᠨ᠎ᠤ ᠬᠠᠮᠲᠤ ᠰᠦᠯᠵᠢᠶᠡᠨ᠎ᠳᠤ ᠭᠡᠷ᠎ᠤᠨ ᠠᠬᠠᠮᠠᠳ᠎ᠤᠨ ᠬᠤᠷᠠᠯ᠎ᠢ ᠬᠤᠷᠠᠯᠳᠤᠭᠤᠯᠵᠤ᠂ ᠭᠡᠷ ᠪᠦᠯᠢ ᠪᠠ ᠰᠤᠷᠭ᠋ᠠᠭᠤᠯᠢ ᠵᠢᠨ ᠬᠠᠷᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠤᠷᠤᠭᠴᠢᠳ᠎ᠤᠨ ᠭᠡᠷ᠎ᠤᠨ ᠠᠬᠠᠮᠠᠳ᠎ᠲᠤ ᠠᠮᠤᠷ ᠲᠦᠪᠰᠢᠨ᠎ᠤ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠬᠤ ᠵᠢ ᠰᠠᠨᠠᠭᠤᠯᠵᠤ᠂ ᠤᠰᠤᠨ᠎ᠳᠤ ᠤᠨᠠᠬᠤ ᠵᠢ ᠤᠷᠢᠳᠴᠢᠯᠠᠨ ᠰᠡᠷᠭᠡᠶ᠋ᠢᠯᠡᠬᠦ ᠠᠵᠢᠯ᠎ᠤᠨ ᠬᠢᠨᠠᠨ ᠬᠠᠮᠠᠭ᠋ᠠᠯᠠᠭᠴᠢ ᠵᠢᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ 《ᠳᠥᠷᠪᠡ ᠵᠢ ᠮᠡᠳᠡᠬᠦ》᠂ 《ᠵᠢᠷᠭᠤᠭ᠋ᠠᠨ ᠪᠣᠯᠬᠤ ᠥᠬᠡᠶ》 ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠡᠦᠬᠡᠳ᠎ᠤᠨ ᠠᠮᠤᠷ ᠲᠦᠪᠰᠢᠨ᠎ᠤ ᠬᠥᠮᠦᠵᠢᠯ᠎ᠤᠨ ᠠᠵᠢᠯ᠎ᠢ ᠦᠷᠭᠦᠯᠵᠢ ᠵᠢᠨ ᠴᠢᠨᠠᠷᠲᠠᠶ ᠰᠠᠶ᠋ᠢᠲᠤᠷ ᠬᠢᠵᠦ᠂ ᠭᠡᠷ ᠪᠦᠯᠢ ᠪᠠ ᠰᠤᠷᠭ᠋ᠠᠭᠤᠯᠢ ᠬᠠᠮᠲᠤ᠎ᠪᠠᠷ ᠬᠥᠮᠥᠵᠢᠭᠦᠯᠬᠦ ᠵᠢ ᠪᠦᠬᠦ ᠲᠠᠯ᠎ᠠ᠎ᠪᠠᠷ ᠠᠬᠢᠭᠤᠯᠵᠤ᠂ ᠰᠤᠷᠤᠭᠴᠢᠳ ᠠᠮᠠᠷᠠᠯᠲᠠ ᠵᠢᠨ ᠬᠤᠭᠤᠴᠠᠭ᠋ᠠᠨ᠎ᠳᠤ ᠤᠰᠤᠨ᠎ᠳᠤ ᠤᠨᠠᠬᠤ ᠡᠨᠳᠡᠯ᠎ᠢ ᠴᠢᠩᠭ᠎ᠠ ᠰᠡᠷᠭᠡᠶ᠋ᠢᠯᠡᠬᠦ ᠬᠡᠷᠡᠭᠲᠡᠶ᠃ ᠡᠯ᠎ᠡ ᠰᠤᠷᠭ᠋ᠠᠭᠤᠯᠢ ᠵᠢᠨ᠎ᠬᠢᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠤᠨ ᠬᠠᠷᠢᠭᠤᠴᠠᠯᠭ᠎ᠠ᠎ᠪᠠᠨ ᠪᠥᠬᠥ ᠲᠠᠯ᠎ᠠ᠎ᠪᠠᠷ ᠴᠢᠩᠭ᠋ᠠᠳᠬᠠᠵᠤ᠂ ᠰᠤᠷᠭ᠋ᠠᠭᠤᠯᠢ ᠵᠢᠨ ᠵᠠᠬᠢᠷᠤᠯ᠂ ᠬᠤᠪᠢᠳᠠᠨ ᠬᠠᠮᠢᠶᠠᠷᠴᠤ ᠪᠠᠶ᠋ᠢᠭ᠎ᠠ ᠰᠤᠷᠭ᠋ᠠᠭᠤᠯᠢ ᠵᠢᠨ ᠵᠠᠬᠢᠷᠤᠯ᠂ ᠠᠩᠭᠢ ᠵᠢᠨ ᠡᠷᠬᠢᠯᠡᠭᠴᠢ ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠠᠮᠠᠷᠠᠯᠲᠠ ᠵᠢᠨ ᠬᠤᠭᠤᠴᠠᠭ᠎ᠠ ᠪᠣᠯᠬᠤ ᠪᠦᠷᠢ ᠴᠥᠮ ᠰᠤᠷᠤᠭᠴᠢᠳ᠎ᠤᠨ ᠬᠡᠷ᠎ᠤᠨ ᠠᠬᠠᠮᠠᠳ᠎ᠲᠠᠢ 《ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠮᠡᠳᠡᠭᠳᠡᠯ᠎ᠤᠨ ᠪᠢᠴᠢᠭ》᠎ᠢ ᠲᠣᠭᠲᠠᠵᠤ᠂ ᠰᠤᠷᠤᠭᠴᠢᠳ᠎ᠲᠤ ᠡᠳᠦᠷ ᠲᠤᠲᠤᠮ᠎ᠤᠨ ᠬᠥᠮᠦᠵᠢᠯ ᠪᠠ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠤᠰᠤᠨ᠎ᠳᠤ ᠤᠨᠠᠬᠤ ᠵᠢ ᠰᠡᠷᠭᠡᠶ᠋ᠢᠯᠡᠬᠦ》 ᠠᠵᠢᠯ᠎ᠢ ᠴᠠᠭ᠎ᠤᠨ ᠲᠠᠯ᠎ᠠ᠎ᠪᠠᠷ ᠲᠠᠰᠤᠯᠳᠠᠯ ᠥᠬᠡᠶ᠂ ᠣᠷᠣᠨ ᠵᠠᠶ ᠵᠢᠨ ᠲᠠᠯ᠎ᠠ᠎ᠪᠠᠷ ᠳᠤᠲᠠᠭᠳᠠᠯ ᠥᠬᠡᠶ᠂ ᠬᠠᠷᠢᠭᠤᠴᠠᠯᠭ᠎ᠠ ᠵᠢᠨ ᠲᠠᠯ᠎ᠠ᠎ᠪᠠᠷ ᠪᠠᠯᠠᠶ ᠣᠷᠣᠨ ᠥᠬᠡᠶ   ᠪᠠᠢ᠌ᠯᠭ᠋ᠠᠬᠤ ᠵᠢ ᠦᠨᠡᠨ ᠬᠦ᠌ ᠪᠠᠲᠤᠯᠠᠪᠠ᠃



      ᠠᠮᠤᠷ ᠲᠦᠪᠰᠢᠨ᠎ᠢ ᠲᠡᠷᠢᠭᠦᠨ᠎ᠳᠤ ᠲᠠᠯᠪᠢᠵᠤ᠂ ᠤᠷᠢᠳᠴᠢᠯᠠᠨ ᠰᠡᠷᠭᠡᠶ᠋ᠢᠯᠡᠬᠦ ᠵᠢ ᠲᠡᠷᠢᠭᠦᠨ᠎ᠳᠤ ᠲᠠᠯᠪᠢᠨ᠎ᠠ᠃ ᠬᠣᠶ᠋ᠢᠰᠢᠳᠠ᠂ ᠪᠠᠶᠠᠨᠨᠠᠭᠤᠷ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠠᠵᠢᠯ᠎ᠤᠨ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠤᠷ ᠲᠦᠪᠰᠢᠨ᠎ᠤ ᠬᠠᠷᠢᠭᠤᠴᠠᠯᠭ᠎ᠠ᠎ᠪᠠᠨ ᠪᠠᠲᠤᠳᠬᠠᠵᠤ᠂ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠎ᠠ ᠠᠳᠬᠤᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠰᠢᠯᠢᠳᠡᠭᠵᠢᠭᠦᠯᠵᠦ᠂ ᠬᠣᠯᠪᠤᠭᠳᠠᠬᠤ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠰᠤᠨ᠎ᠳᠤ ᠤᠨᠠᠬᠤ ᠵᠢ ᠤᠷᠢᠳᠴᠢᠯᠠᠨ ᠰᠡᠷᠭᠡᠶ᠋ᠢᠯᠡᠬᠦ ᠠᠵᠢᠯ᠎ᠢ ᠨᠠᠷᠢᠯᠢᠭ ᠪᠥᠭᠡᠳ ᠪᠣᠳᠠᠲᠠᠶ ᠰᠠᠶ᠋ᠢᠲᠤᠷ ᠠᠳᠬᠤᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠥᠬᠥ ᠲᠠᠯ᠎ᠠ᠎ᠪᠠᠷ ᠪᠡᠬᠢᠵᠢᠭᠦᠯᠵᠦ᠂ ᠪᠥᠬᠥ ᠬᠣᠲᠠ ᠵᠢᠨ ᠥᠷᠭᠡᠨ ᠣᠯᠠᠨ ᠰᠤᠷᠤᠭᠴᠢ ᠵᠢᠨ ᠠᠮᠢ ᠨᠠᠰᠤᠨ᠎ᠤ ᠠᠮᠤᠷ ᠲᠦᠪᠰᠢᠨ᠎ᠢ ᠢᠳᠡᠪᠬᠢᠲᠡᠶ ᠬᠠᠮᠠᠭ᠋ᠠᠯᠠᠨ᠎ᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠮᠤᠷ ᠲᠦᠪᠰᠢᠨ᠎ᠤ ᠬᠥᠮᠦᠵᠢᠯ — ᠦᠬᠠᠢ ᠬᠤᠳᠠ ᠵᠢᠨ᠎ᠬᠢᠨ ᠬᠠᠷᠠᠯᠲᠠ᠎ᠲᠠᠢ ᠬᠦᠴᠦᠯᠡᠵᠦ ᠨᠠᠷᠢᠯᠢᠭ ᠣᠨᠣᠴᠠᠲᠠᠢ ᠠᠷᠭ᠎ᠠ ᠪᠤᠳᠤᠯᠭ᠎ᠠ ᠵᠢ ᠬᠡᠷᠡᠭᠵᠢᠭᠦᠯᠵᠦ ᠪᠠᠭᠰᠢ ᠰᠤᠷᠤᠭᠴᠢᠳ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠪᠠᠲᠤᠯᠠᠪᠠ
ᠠᠮᠤᠷ ᠲᠦᠪᠰᠢᠨ᠎ᠤ ᠬᠥᠮᠦᠵᠢᠯ — ᠠᠮᠤᠷ ᠲᠦᠪᠰᠢᠨ ᠠᠮᠠᠷᠠᠯᠲᠠ ᠥᠬᠡᠶ ᠠᠯᠠᠱ᠌ᠠ ᠠᠶ᠋ᠢᠮᠠᠭ᠎ᠤᠨ ᠬᠡᠷ ᠪᠠ ᠰᠤᠷᠭ᠋ᠠᠭᠤᠯᠢ ᠬᠠᠮᠲᠤᠷᠠᠨ ᠬᠠᠯᠬᠠᠪᠴᠢ ᠬᠡᠷᠡᠮ ᠪᠠᠢ᠌ᠭᠤᠯᠪᠠ
ᠠᠮᠤᠷ ᠲᠦᠪᠰᠢᠨ᠎ᠤ ᠬᠥᠮᠦᠵᠢᠯ — ᠰᠢᠯᠢ ᠵᠢᠨ ᠭᠤᠤᠯ ᠠᠶ᠋ᠢᠮᠠᠭ᠎ᠤᠨ 2022 ᠣᠨ᠎ᠤ ᠵᠣᠨ᠎ᠤ ᠠᠮᠠᠷᠠᠯᠲᠠ ᠵᠢᠨ ᠠᠮᠤᠷ ᠲᠦᠪᠰᠢᠨ᠎ᠤ ᠠᠵᠢᠯ᠎ᠤᠨ ᠪᠠᠶ᠋ᠢᠷᠢᠯᠠᠭᠤᠯᠤᠯᠲᠠ
ᠠᠮᠤᠷ ᠲᠦᠪᠰᠢᠨ᠎ᠤ ᠬᠥᠮᠦᠵᠢᠯ — ᠬᠢᠩᠭ᠋ᠠᠨ ᠠᠶ᠋ᠢᠮᠠᠭ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠬᠥᠳᠡᠯᠦᠯᠴᠡᠬᠦ᠎ᠪᠠᠨ ᠴᠢᠩᠭ᠋ᠠᠳᠬᠠᠵᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠶ᠋ᠢᠭᠤᠯᠪᠠ
ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠡᠯᠪᠡᠭ ᠪᠠᠶᠠᠯᠢᠭ ᠠᠮᠢᠳᠤᠷᠠᠯ 《ᠡᠭᠦᠯᠡᠨᠴᠢᠷ ᠲᠠᠪᠴᠠᠩ》᠎ᠳᠠᠬᠢ ᠮᠥᠷᠦᠢ᠌ᠴᠡᠯᠳᠦᠭᠡᠨ — ᠪᠥᠬᠥ ᠣᠷᠣᠨ᠎ᠤ᠎ᠬᠢᠨ 《2022 ᠣᠨ᠎ᠤ ᠵᠣᠨ᠎ᠤ ᠠᠮᠠᠷᠠᠯᠲᠠ ᠵᠢᠨ 〈ᠬᠣᠶᠠᠷ᠎ᠢ ᠬᠥᠩᠭᠡᠷᠡᠭᠦᠯᠬᠦ〉 ᠠᠵᠢᠯᠯᠠᠭ᠎ᠠ — ᠠᠮᠠᠷᠠᠯᠲᠠ ᠵᠢᠨ ᠬᠤᠭᠤᠴᠠᠭ᠋ᠠᠨ᠎ᠤ ᠪᠠᠶᠠᠷ ᠪᠠᠶᠠᠰᠤᠯᠲᠤ ᠭᠤᠤᠯ ᠰᠡᠳᠦᠪᠲᠦ ᠰᠢᠷᠢᠰ ᠠᠵᠢᠯᠯᠠᠭ᠎ᠠ》 ᠵᠢ ᠬᠥᠷ ᠬᠥᠭᠵᠢᠶᠡᠨᠲᠡᠢ ᠥᠷᠨᠢᠭᠦᠯᠵᠦ ᠪᠣᠢ
 
             蒙ICP备05000248号