ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠬᠣᠶᠠᠷ᠎ᠢ ᠬᠥᠩᠭᠡᠷᠡᠭᠦᠯᠬᠦ》 ᠲᠤᠬᠠᠶ ᠣᠯᠠᠨ᠎ᠤ ᠶᠠᠷᠢᠯᠴᠠᠭ᠎ᠠ — 《ᠬᠣᠶᠠᠷ᠎ᠢ ᠬᠥᠩᠭᠡᠷᠡᠭᠦᠯᠬᠦ》 ᠠᠬᠤᠶ ᠪᠠᠶ᠋ᠢᠳᠠᠯ᠎ᠳᠠᠬᠢ ᠪᠠᠭᠰᠢ ᠵᠢᠨ ᠳᠦᠷᠢ
ᠨᠡᠶ᠋ᠢᠲᠡᠯᠡᠭᠰᠡᠨ ᠴᠠᠭ᠄ 2022-08-17


     《ᠬᠣᠶᠠᠷ᠎ᠢ ᠬᠥᠩᠭᠡᠷᠡᠭᠦᠯᠬᠦ》 ᠠᠬᠤᠶ ᠪᠠᠶ᠋ᠢᠳᠠᠯ᠎ᠳᠠᠬᠢ ᠪᠠᠭᠰᠢ ᠵᠢᠨ ᠳᠦᠷᠢ


ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ᠂ ᠫᠷᠣᠹᠧᠰᠰᠤᠷ   ᠵᠤᠤ ᠿᠥᠩ ᠾᠦᠢ
     《ᠬᠣᠶᠠᠷ᠎ᠢ ᠬᠥᠩᠭᠡᠷᠡᠭᠦᠯᠬᠦ》 ᠪᠣᠯ ᠨᠠᠮ ᠪᠣᠯᠤᠨ ᠤᠯᠤᠰ᠎ᠤᠨ ᠰᠢᠨ᠎ᠡ ᠴᠠᠭ ᠦᠶ᠎ᠡ ᠵᠢᠨ ᠵᠣᠭᠰᠤᠴᠠ᠎ᠠᠴᠠ ᠰᠢᠨ᠎ᠡ ᠪᠠᠶ᠋ᠢᠳᠠᠯ᠎ᠳᠤ ᠬᠠᠨᠳᠤᠵᠤ᠂ ᠰᠤᠷᠭ᠋ᠠᠨ ᠬᠥᠮᠦᠵᠢᠯ᠎ᠤᠨ ᠠᠵᠢᠯ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠪᠣᠯᠤᠨ᠎ᠠ᠂ ᠥᠭᠡᠷᠡᠴᠢᠯᠡᠯᠲᠡ ᠵᠢᠨ ᠭᠤᠤᠯᠳᠠᠯᠭ᠎ᠠ᠎ᠨᠢ ᠰᠢᠨ᠎ᠡ ᠴᠠᠭ ᠦᠶ᠎ᠡ ᠵᠢᠨ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ᠎ᠳᠤ ᠪᠣᠶ᠃ ᠪᠠᠭᠰᠢ ᠪᠣᠯ 《ᠬᠣᠶᠠᠷ᠎ᠢ ᠬᠥᠩᠭᠡᠷᠡᠭᠦᠯᠬᠦ》 ᠵᠢ ᠨᠠᠶ᠋ᠢᠳᠠᠪᠤᠷᠢᠵᠢᠭᠤᠯᠬᠤ ᠴᠢᠬᠤᠯᠠ ᠬᠡᠷᠡᠭᠵᠢᠭᠦᠯᠦᠭᠴᠢ᠂ 《ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠦᠭᠴᠢ᠂ ᠰᠤᠷᠭ᠋ᠠᠨ ᠬᠥᠮᠦᠵᠢᠯ᠎ᠤᠨ ᠰᠢᠨ᠎ᠡ ᠵᠢ ᠡᠭᠦᠳᠦᠭᠴᠢ᠂ ᠬᠦᠴᠦ᠎ᠪᠠᠨ ᠬᠠᠮᠲᠤᠳᠬᠠᠨ ᠬᠠᠮᠲᠤᠷᠠᠨ ᠠᠵᠢᠯᠯᠠᠭᠴᠢ》 ᠵᠢᠨ ᠳᠦᠷᠢ ᠵᠢ ᠰᠠᠨᠠᠭ᠋ᠠᠴᠢᠯᠠᠭ᠎ᠠ᠎ᠠᠴᠠ᠎ᠪᠠᠨ ᠲᠣᠭᠯᠠᠬᠤ ᠬᠡᠷᠡᠭᠲᠡᠢ᠃ ᠪᠠᠭᠰᠢ ᠪᠣᠯᠤᠭᠰᠠᠳ ᠢᠳᠡᠪᠬᠢᠲᠡᠶ᠎ᠪᠠᠷ ᠰᠠᠨᠠᠭ᠋ᠠᠴᠢᠯᠠᠭ᠎ᠠ᠎ᠠᠴᠠ᠎ᠪᠠᠨ ᠳᠦᠷᠢ᠎ᠪᠠᠨ ᠬᠤᠪᠢᠷᠠᠭᠤᠯᠵᠤ᠂ ᠥᠪᠡᠷ᠎ᠤᠨ ᠲᠤᠰᠬᠠᠶ ᠮᠡᠷᠭᠡᠵᠢᠯ᠎ᠤᠨ ᠪᠣᠶ᠋ᠢᠵᠢᠯᠲᠠ᠎ᠪᠠᠨ ᠲᠠᠰᠤᠷᠠᠯᠲᠠ ᠥᠬᠡᠶ ᠠᠬᠢᠭᠤᠯᠪᠠᠯ ᠰᠠᠶᠢ 《ᠬᠣᠶᠠᠷ᠎ᠢ ᠬᠥᠩᠭᠡᠷᠡᠭᠦᠯᠬᠦ》 ᠵᠣᠷᠢᠭ ᠰᠠᠨᠠᠭ᠎ᠠ ᠵᠢ ᠦᠨᠡᠨ ᠬᠦ᠌ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠵᠤ ᠴᠢᠳᠠᠨ᠎ᠠ᠃
     《ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠦᠭᠴᠢ》 ᠭᠡᠳᠡᠭ ᠪᠣᠯ ᠪᠠᠭᠰᠢ ᠵᠢ 《ᠬᠣᠶᠠᠷ᠎ᠢ ᠬᠥᠩᠭᠡᠷᠡᠭᠦᠯᠬᠦ》 ᠲᠦᠷᠦ ᠵᠢᠨ ᠪᠤᠳᠤᠯᠭ᠎ᠠ ᠵᠢ ᠤᠬᠠᠮᠰᠠᠷ᠎ᠠᠴᠠ᠎ᠪᠠᠨ ᠤᠬᠠᠪᠤᠷᠢᠯᠠᠵᠤ᠂ 《ᠬᠣᠶᠠᠷ᠎ᠢ ᠬᠥᠩᠭᠡᠷᠡᠭᠦᠯᠬᠦ》 ᠲᠦᠷᠦ ᠵᠢᠨ ᠪᠤᠳᠤᠯᠭ᠎ᠠ ᠵᠢ ᠣᠶ᠋ᠢᠯᠠᠭ᠋ᠠᠵᠤ᠂ 《ᠬᠣᠶᠠᠷ᠎ᠢ ᠬᠥᠩᠭᠡᠷᠡᠭᠦᠯᠬᠦ》 ᠲᠦᠷᠦ ᠵᠢᠨ ᠪᠤᠳᠤᠯᠭ᠎ᠠ ᠵᠢ ᠲᠠᠶ᠋ᠢᠯᠪᠤᠷᠢᠯᠠᠬᠤ ᠵᠢᠨ ᠬᠠᠮᠲᠤ 《ᠬᠣᠶᠠᠷ᠎ᠢ ᠬᠥᠩᠭᠡᠷᠡᠭᠦᠯᠬᠦ》 ᠲᠦᠷᠦ ᠵᠢᠨ ᠪᠤᠳᠤᠯᠭ᠎ᠠ ᠵᠢᠨ ᠱᠠᠭ᠋ᠠᠷᠳᠠᠯᠭ᠎ᠠ ᠶᠣᠰᠤ᠎ᠪᠠᠷ ᠣᠳᠣᠬᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠷᠭ᠎ᠠ ᠬᠡᠯᠪᠡᠷᠢ ᠵᠢ ᠢᠳᠡᠪᠬᠢᠲᠡᠢ ᠬᠤᠪᠢᠷᠠᠭᠤᠯᠬᠤ ᠵᠢ ᠱᠠᠭ᠋ᠠᠷᠳᠠᠵᠤ ᠪᠠᠶ᠋ᠢᠨ᠎ᠠ᠃ ᠪᠠᠭᠰᠢ ᠪᠣᠯᠤᠭᠰᠠᠳ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠦᠨᠡᠯᠡᠯᠲᠡ ᠵᠢᠨ ᠲᠦᠷᠢᠮ᠎ᠢ ᠤᠬᠠᠮᠰᠠᠷ᠎ᠠᠴᠠ᠎ᠪᠠᠨ ᠥᠭᠡᠷᠡᠴᠢᠯᠡᠵᠦ᠂ ᠰᠤᠷᠤᠭᠴᠢᠳ᠎ᠤᠨ ᠢᠳᠡᠪᠬᠢᠵᠢᠯ᠎ᠢ ᠭᠦᠢ᠍ᠴᠡᠳ ᠳᠠᠢ᠌ᠴᠢᠯᠠᠵᠤ᠂ ᠰᠤᠷᠤᠭᠴᠢᠳ᠎ᠤᠨ ᠰᠤᠷᠤᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠰᠤᠷᠤᠭᠴᠢᠳ᠎ᠢ ᠡᠯ᠎ᠡ ᠵᠦᠢ᠍ᠯ᠎ᠤᠨ ᠰᠤᠷᠤᠯᠴᠠᠬᠤ ᠠᠵᠢᠯᠯᠠᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ᠂ ᠪᠡᠶ᠎ᠡ᠎ᠪᠠᠨ ᠳᠠᠭ᠋ᠠᠭ᠋ᠠᠵᠤ᠂ ᠤᠬᠠᠮᠰᠠᠷ᠎ᠠᠴᠠ᠎ᠪᠠᠨ ᠣᠷᠣᠯᠴᠠᠬᠤ ᠪᠣᠯᠭ᠋ᠠᠬᠤ ᠬᠡᠷᠡᠭᠲᠡᠢ; ᠰᠤᠷᠤᠭᠴᠢᠳ᠎ᠤᠨ ᠰᠤᠷᠤᠯᠭ᠎ᠠ ᠵᠢᠨ ᠳᠠᠷᠤᠭ᠋ᠠᠰᠤ ᠵᠢ ᠰᠠᠨᠠᠭ᠋ᠠᠴᠢᠯᠠᠭ᠎ᠠ᠎ᠠᠴᠠ᠎ᠪᠠᠨ ᠬᠥᠩᠭᠡᠷᠡᠭᠦᠯᠵᠦ᠂ ᠰᠤᠷᠤᠭᠴᠢᠳ᠎ᠤᠨ ᠪᠦᠬᠦ ᠲᠠᠯ᠎ᠠ᠎ᠪᠠᠷ ᠦᠰᠦᠨ ᠪᠣᠶ᠋ᠢᠵᠢᠬᠤ᠎ᠳᠤ ᠤᠯᠠᠨ ᠶᠠᠩᠵᠤ ᠵᠢᠨ ᠨᠥᠬᠥᠴᠡᠯ᠎ᠢ ᠪᠦᠷᠢᠯᠳᠦᠭᠦᠯᠦᠨ ᠥᠭᠴᠦ᠂ ᠰᠤᠷᠤᠭᠴᠢᠳ᠎ᠤᠨ ᠬᠥᠭᠵᠢᠯᠲᠡ᠎ᠳᠤ ᠬᠦᠷᠦᠯᠴᠡᠬᠦᠢ᠍ᠢ᠍ᠴᠡ ᠴᠠᠭ ᠪᠠ ᠣᠷᠣᠨ ᠵᠠᠢ ᠵᠢ ᠬᠠᠩᠭ᠋ᠠᠨ ᠥᠭᠴᠦ᠂ ᠰᠤᠷᠤᠭᠴᠢᠳ᠎ᠢ ᠴᠣᠭ ᠵᠢᠪᠬᠤᠭ᠎ᠠ᠎ᠲᠠᠢ᠂ ᠬᠠᠯᠠᠭᠤᠨ ᠰᠡᠳᠬᠢᠯᠭᠡ᠎ᠲᠠᠢ᠂ ᠤᠷᠮ᠎ᠠ ᠪᠠᠬ᠎ᠠ᠎ᠲᠠᠢ᠎ᠪᠠᠷ ᠪᠠᠶᠠᠯᠢᠭ ᠰᠠᠶ᠋ᠢᠬᠠᠨ ᠰᠤᠷᠤᠯᠭ᠎ᠠ ᠠᠮᠢᠳᠤᠷᠠᠯ᠎ᠢ ᠪᠡᠶᠡᠴᠢᠯᠡᠨ ᠣᠶ᠋ᠢᠯᠠᠭ᠋ᠠᠬᠤ ᠪᠣᠯᠭ᠋ᠠᠬᠤ ᠬᠡᠷᠡᠭᠲᠡᠢ᠃ ᠪᠠᠭᠰᠢ ᠪᠣᠯᠤᠭᠰᠠᠳ ᠥᠪᠡᠷ᠎ᠤᠨ ᠪᠠᠶ᠋ᠢᠷᠢ ᠲᠣᠭᠲᠠᠭ᠋ᠠᠯᠲᠠ᠎ᠪᠠᠨ ᠨᠠᠷᠢᠯᠢᠭ ᠣᠨᠣᠴᠠᠲᠠᠢ ᠳᠣᠭᠲᠠᠭ᠋ᠠᠵᠤ᠂ ᠬᠢᠴᠢᠶᠡᠯᠯᠡᠭᠡ ᠵᠢᠨ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠬᠦ᠎ᠪᠠᠷ ᠦᠨᠳᠦᠰᠦ ᠪᠣᠯᠭ᠋ᠠᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ᠎ᠳᠤ ᠣᠷᠣᠯᠴᠠᠵᠤ᠂ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠤᠭ ᠪᠠᠶ᠋ᠢᠷᠢᠨ᠎ᠳᠤ ᠪᠤᠴᠠᠬᠤ ᠬᠡᠷᠡᠭᠲᠡᠢ᠃
     《ᠰᠤᠷᠭ᠋ᠠᠨ ᠬᠥᠮᠦᠵᠢᠯ᠎ᠤᠨ ᠰᠢᠨ᠎ᠡ ᠵᠢ ᠡᠭᠦᠳᠦᠭᠴᠢ》 ᠭᠡᠳᠡᠭ ᠪᠣᠯ ᠪᠠᠭᠰᠢ ᠵᠢ 《ᠰᠢᠨᠵᠢᠯᠡᠬᠦ ᠤᠬᠠᠭ᠋ᠠᠨᠴᠢ᠎ᠪᠠᠷ ᠵᠢᠭ᠋ᠠᠨ ᠰᠤᠷᠭ᠋ᠠᠬᠤ》᠎ᠪᠠᠷ ᠪᠠᠷᠠᠬᠤ ᠦᠭᠡᠢ ᠪᠠᠰᠠ 《ᠵᠢᠭ᠋ᠠᠨ ᠰᠤᠷᠭ᠋ᠠᠯᠲᠠ ᠵᠢᠨ ᠰᠢᠨᠵᠢᠯᠡᠬᠦ ᠤᠬᠠᠭ᠋ᠠᠨ》᠎ᠲᠠᠢ ᠪᠠᠶ᠋ᠢᠬᠤ ᠵᠢ ᠱᠠᠭ᠋ᠠᠷᠳᠠᠪᠠ᠃ 《ᠰᠤᠷᠭ᠋ᠠᠨ ᠬᠥᠮᠦᠵᠢᠯ᠎ᠤᠨ ᠰᠢᠨ᠎ᠡ ᠵᠢ ᠡᠭᠦᠳᠦᠭᠴᠢᠳ》 《ᠬᠣᠶᠠᠷ᠎ᠢ ᠬᠥᠩᠭᠡᠷᠡᠭᠦᠯᠬᠦ》᠎ᠨᠢ ᠵᠥᠪᠬᠡᠨ 《ᠬᠠᠰᠤᠬᠤ》 ᠲᠡᠳᠦᠶ ᠪᠢᠰᠢ᠂ ᠪᠠᠰᠠ ᠵᠣᠬᠢᠰᠲᠠᠶ᠎ᠪᠠᠷ 《ᠨᠡᠮᠡᠨ᠎ᠡ》᠂ ᠥᠭᠡᠷ᠎ᠡ᠎ᠪᠠᠷ ᠬᠡᠯᠡᠪᠡᠯ ᠰᠤᠷᠤᠭᠴᠢᠳ᠎ᠤᠨ ᠥᠪᠡᠷᠮᠢᠴᠡ ᠴᠢᠨᠠᠷ᠎ᠤᠨ ᠬᠥᠭᠵᠢᠯᠲᠡ ᠵᠢ ᠠᠬᠢᠭᠤᠯᠵᠤ᠂ ᠰᠤᠷᠤᠭᠴᠢᠳ᠎ᠤᠨ ᠳᠤᠷ᠎ᠠ ᠪᠠᠬᠠᠲᠠᠶ ᠠᠵᠢᠯᠯᠠᠭ᠎ᠠ ᠵᠢ ᠨᠡᠮᠡᠭᠳᠡᠭᠦᠯᠦᠨ᠎ᠡ ᠭᠡᠳᠡᠭ᠎ᠢ ᠲᠣᠳᠣᠷᠬᠠᠶ ᠲᠠᠨᠢᠬᠤ ᠬᠡᠷᠡᠭᠲᠡᠢ᠃ 《ᠰᠤᠷᠭ᠋ᠠᠨ ᠬᠥᠮᠦᠵᠢᠯ᠎ᠤᠨ ᠰᠢᠨ᠎ᠡ ᠵᠢ ᠡᠭᠦᠳᠦᠭᠴᠢ》᠎ᠨᠢ ᠬᠣᠴᠣᠷᠤᠩᠭᠤᠢ ᠰᠤᠷᠭ᠋ᠠᠨ ᠬᠥᠮᠦᠵᠢᠯ᠎ᠤᠨ ᠦᠵᠡᠯᠲᠡ ᠵᠢ ᠵᠣᠷᠢᠭᠲᠠᠢ ᠲᠠᠶᠠᠭᠳᠠᠵᠤ᠂ ᠰᠢᠯᠢᠳᠡᠭ ᠰᠤᠷᠭ᠋ᠠᠨ ᠬᠥᠮᠦᠵᠢᠯ᠎ᠤᠨ ᠦᠷ᠎ᠡ ᠪᠦᠲᠦᠭᠡᠯ ᠪᠠ ᠲᠡᠷᠢᠭᠦᠨ᠎ᠤ ᠰᠤᠷᠭ᠋ᠠᠨ ᠬᠥᠮᠦᠵᠢᠯ᠎ᠤᠨ ᠲᠤᠷᠰᠢᠯᠭ᠎ᠠ ᠵᠢ ᠵᠣᠷᠢᠭᠲᠠᠢ ᠰᠢᠩᠭᠡᠭᠡᠨ ᠠᠪᠴᠤ᠂ ᠵᠢᠭ᠋ᠠᠨ ᠰᠤᠷᠭ᠋ᠠᠯᠲᠠ ᠵᠢᠨ ᠤᠨᠤᠯ᠎ᠢ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ᠎ᠲᠠᠢ ᠣᠷᠭ᠋ᠠᠨᠢᠭ ᠵᠶ᠋ᠠᠷ ᠤᠶᠠᠯᠳᠤᠭᠤᠯᠬᠤ᠎ᠳᠤ᠎ᠪᠠᠨ ᠴᠢᠳᠠᠮᠠᠭ᠋ᠠᠢ ᠪᠠᠶ᠋ᠢᠵᠤ᠂ ᠬᠥᠮᠦᠨ᠎ᠢ ᠬᠥᠮᠦᠵᠢᠭᠦᠯᠬᠦ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠰᠤᠷᠭ᠋ᠠᠨ ᠬᠥᠮᠦᠵᠢᠯ᠎ᠤᠨ ᠬᠤᠪᠢᠰᠤᠯᠲᠠ ᠵᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠨᠢ ᠪᠠᠭᠰᠢ ᠵᠢ ᠬᠠᠪᠰᠤᠷᠤᠨ ᠰᠤᠷᠭ᠋ᠠᠨ ᠬᠥᠮᠦᠵᠢᠯ᠎ᠤᠨ ᠤᠶᠤᠨ ᠴᠢᠳᠠᠯ᠎ᠢ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠬᠠᠷᠠᠭ᠋ᠠᠰᠤ ᠵᠢ ᠥᠷᠭᠡᠳᠭᠡᠵᠦ᠂ ᠬᠥᠮᠦᠨ᠎ᠢ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ 《ᠬᠣᠶᠠᠷ᠎ᠢ ᠬᠥᠩᠭᠡᠷᠡᠭᠦᠯᠬᠦ》᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢ ᠪᠦᠲᠦᠮᠵᠢᠲᠡᠢ ᠰᠢᠢ᠍ᠳᠪᠦᠷᠢᠯᠡᠬᠦ ᠬᠡᠷᠡᠭᠲᠡᠢ᠃ ᠠᠩᠬᠠᠷᠤᠭᠤᠰᠢᠲᠠᠶ᠎ᠨᠢ᠂ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠨᠢ ᠣᠶᠤᠨ ᠤᠬᠠᠭ᠋ᠠᠨ ᠣᠷᠭᠢᠯᠣᠨ ᠪᠠᠳᠠᠷᠠᠭᠰᠠᠨ ᠬᠠᠴᠢᠨ ᠰᠣᠨᠢᠨ ᠪᠣᠳᠣᠯ ᠪᠢᠰᠢ᠂ ᠨᠠᠩ ᠴᠤ᠌ ᠪᠣᠳᠠᠲᠤ ᠪᠠᠶ᠋ᠢᠳᠠᠯ᠎ᠠᠴᠠ ᠰᠠᠯᠤᠩᠭᠢᠷᠠᠭᠰᠠᠨ ᠬᠡᠢ ᠬᠣᠭᠣᠰᠣᠨ ᠪᠣᠳᠣᠯ ᠪᠢᠰᠢ᠂ ᠡᠷᠬᠡᠪᠰᠢ ᠥᠷᠭᠡᠨ ᠳᠡᠯᠭᠡᠷ ᠮᠡᠳᠡᠯᠭᠡ ᠪᠠ ᠡᠯᠪᠡᠭ ᠪᠠᠶᠠᠯᠢᠭ ᠲᠤᠷᠰᠢᠯᠭ᠎ᠠ ᠵᠢᠨ ᠰᠠᠭᠤᠷᠢᠨ ᠳᠡᠭᠡᠷ᠎ᠡ ᠪᠠᠶ᠋ᠢᠭᠤᠯᠵᠤ᠂ ᠴᠥᠬᠥᠷᠡᠰᠢ ᠥᠬᠡᠶ ᠰᠦᠪᠡᠭᠴᠢᠯᠡᠬᠦ ᠪᠠ ᠲᠠᠰᠤᠷᠠᠯᠲᠠ ᠥᠬᠡᠶ ᠰᠡᠳᠬᠢᠬᠦ ᠶᠠᠪᠤᠴᠠ᠎ᠳᠤ ᠦᠷᠭᠦᠯᠵᠢᠯᠡᠨ ᠡᠷᠢᠯᠬᠢᠯᠡᠬᠦ ᠬᠡᠷᠡᠭᠲᠡᠶ᠃
     《ᠬᠦᠴᠦ᠎ᠪᠠᠨ ᠬᠠᠮᠲᠤᠳᠬᠠᠨ ᠬᠠᠮᠲᠤᠷᠠᠨ ᠠᠵᠢᠯᠯᠠᠭᠴᠢ》 ᠭᠡᠳᠡᠭ ᠪᠣᠯ ᠪᠠᠭᠰᠢ ᠵᠢ ᠶᠣᠰᠣ ᠮᠣᠷᠠᠯ᠎ᠤᠨ ᠢᠲᠡᠭᠡᠯ ᠵᠣᠷᠢᠭ᠂ ᠶᠣᠰᠣ ᠮᠣᠷᠠᠯ᠎ᠤᠨ ᠰᠡᠳᠬᠢᠯᠭᠡ᠂ ᠶᠣᠰᠣ ᠮᠣᠷᠠᠯ᠎ᠤᠨ ᠵᠣᠷᠢᠭ ᠰᠠᠨᠠᠭ᠎ᠠ᠎ᠲᠠᠢ᠂ ᠬᠠᠮᠲᠤᠷᠠᠨ ᠠᠵᠢᠯᠯᠠᠬᠤ ᠤᠬᠠᠮᠰᠠᠷ᠂ ᠬᠠᠮᠲᠤᠷᠠᠨ ᠠᠵᠢᠯᠯᠠᠬᠤ ᠴᠢᠳᠠᠪᠤᠷᠢ᠂ ᠬᠠᠮᠲᠤᠷᠠᠨ ᠠᠵᠢᠯᠯᠠᠬᠤ ᠵᠣᠷᠢᠭ ᠰᠠᠨᠠᠭ᠎ᠠ᠎ᠲᠠᠢ ᠪᠠᠶ᠋ᠢᠵᠤ᠂ ᠬᠠᠮᠲᠤᠷᠠᠨ ᠠᠵᠢᠯᠯᠠᠬᠤ ᠤᠷ᠎ᠠ ᠮᠡᠷᠭᠡᠵᠢᠯ᠂ ᠬᠠᠮᠲᠤᠷᠠᠨ ᠠᠵᠢᠯᠯᠠᠬᠤ ᠠᠷᠭ᠎ᠠ᠂ ᠬᠠᠮᠲᠤᠷᠠᠨ ᠠᠵᠢᠯᠯᠠᠬᠤ ᠠᠷᠭ᠎ᠠ ᠪᠣᠳᠣᠯᠭ᠎ᠠ ᠵᠢ ᠡᠵᠡᠮᠰᠢᠵᠦ᠂ ᠪᠠᠭᠰᠢ᠂ ᠭᠡᠷ᠎ᠤᠨ ᠠᠬᠠᠮᠠᠳ ᠵᠢᠴᠢ ᠰᠤᠷᠤᠭᠴᠢᠳ᠎ᠲᠠᠢ ᠡᠷᠬᠡ ᠲᠡᠭᠰᠢ᠂ ᠬᠠᠷᠢᠯᠴᠠᠨ ᠬᠠᠪᠰᠤᠷᠬᠤ᠂ ᠨᠥᠬᠥᠷᠰᠡᠭ ᠵᠶ᠋ᠠᠷ ᠬᠠᠮᠲᠤᠷᠠᠨ ᠠᠵᠢᠯᠯᠠᠬᠤ ᠬᠠᠷᠢᠴᠠᠭ᠎ᠠ ᠵᠢ ᠪᠠᠶ᠋ᠢᠭᠤᠯᠵᠤ᠂ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ᠎ᠢ ᠬᠠᠮᠲᠤ᠎ᠪᠠᠷ ᠢᠯᠠᠨ ᠳᠠᠪᠠᠵᠤ᠂ ᠬᠥᠮᠦᠨ᠎ᠢ ᠬᠥᠮᠦᠵᠢᠭᠦᠯᠬᠦ ᠰᠢᠨ᠎ᠡ ᠠᠷᠭ᠎ᠠ ᠵᠠᠮ᠎ᠢ ᠨᠡᠭᠡᠭᠡᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠶᠡᠬᠡ ᠬᠠᠮ ᠬᠦᠴᠦᠨ᠎ᠢ ᠪᠦᠷᠢᠯᠳᠦᠭᠦᠯᠵᠦ᠂ ᠳᠠᠷᠤᠭ᠋ᠠᠰᠤ ᠵᠢ ᠬᠥᠩᠭᠡᠷᠡᠭᠦᠯᠬᠦ ᠬᠠᠷᠠᠯᠲᠠ ᠵᠢ ᠦᠨᠡᠨ ᠬᠦ᠌ ᠪᠡᠶᠡᠯᠡᠭᠦᠯᠵᠦ᠂ ᠰᠤᠷᠤᠭᠴᠢᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠠᠬᠢᠭᠤᠯᠬᠤ ᠵᠢ ᠱᠠᠭ᠋ᠠᠷᠳᠠᠪᠠ᠃ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢ ᠨᠡᠶ᠋ᠢᠲᠡᠯᠡᠨ ᠬᠡᠷᠡᠭᠵᠢᠭᠦᠯᠦᠭᠰᠡᠨ᠎ᠤ ᠴᠢᠬᠤᠯᠠ ᠵᠣᠷᠢᠯᠭ᠎ᠠ ᠪᠣᠯ ᠬᠡᠷ᠎ᠤᠨ ᠠᠬᠠᠮᠠᠳ᠎ᠤᠨ ᠵᠣᠪᠠᠨᠢᠯ᠎ᠢ ᠨᠠᠮᠳᠠᠭᠤᠯᠬᠤ ᠵᠢᠨ ᠲᠥᠯᠥᠭᠡ ᠶᠤᠮ᠂ ᠡᠭᠦᠨ᠎ᠳᠤ ᠪᠠᠭᠰᠢ ᠪᠣᠯᠤᠨ ᠬᠡᠷ᠎ᠤᠨ ᠠᠬᠠᠮᠠᠳ᠎ᠤᠨ ᠬᠣᠭᠣᠷᠣᠨᠳᠣᠬᠢ ᠬᠠᠮᠲᠤᠷᠠᠯᠴᠠᠭ᠎ᠠ ᠱᠠᠭ᠋ᠠᠷᠳᠠᠭᠳᠠᠨ᠎ᠠ᠃ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ᠎ᠳᠤ ᠬᠡᠷ ᠪᠦᠯᠢ᠂ ᠰᠤᠷᠭ᠋ᠠᠭᠤᠯᠢ᠂ ᠨᠡᠶ᠋ᠢᠭᠡᠮ᠎ᠤᠨ ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠬᠡᠷ ᠪᠦᠯᠢ ᠵᠢᠨ ᠬᠥᠮᠦᠵᠢᠯ᠎ᠤᠨ ᠵᠢᠯᠣᠭᠣᠳᠬᠤ ᠲᠠᠪᠴᠠᠩ᠎ᠢ ᠰᠠᠶ᠋ᠢᠲᠤᠷ ᠡᠷᠭᠢᠯᠡᠵᠦ᠂ ᠬᠡᠷ᠎ᠤᠨ ᠠᠬᠠᠮᠠᠳ᠎ᠢ ᠬᠥᠲᠥᠯᠥᠨ ᠵᠢᠯᠣᠭᠣᠳᠴᠤ ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠦᠵᠡᠯᠲᠡ ᠵᠢ ᠪᠣᠶ ᠪᠣᠯᠭ᠋ᠠᠬᠤ ᠵᠢ ᠴᠢᠬᠤᠯᠠᠴᠢᠯᠠᠪᠠ᠃ ᠵᠠᠷᠢᠮ ᠲᠠᠯ᠎ᠠ᠎ᠠᠴᠠ ᠠᠪᠴᠤ ᠬᠡᠯᠡᠪᠡᠯ᠂ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ᠎ᠨᠢ ᠬᠡᠷ ᠪᠦᠯᠢ ᠪᠠ ᠰᠤᠷᠭ᠋ᠠᠭᠤᠯᠢ ᠬᠠᠮᠵᠢᠯᠴᠠᠨ ᠬᠥᠮᠦᠨ᠎ᠢ ᠬᠥᠮᠦᠵᠢᠭᠦᠯᠬᠦ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠬᠤ ᠵᠢᠨ ᠬᠠᠮᠲᠤ ᠬᠡᠷ ᠪᠦᠯᠢ ᠪᠠ ᠰᠤᠷᠭ᠋ᠠᠭᠤᠯᠢ ᠵᠢᠨ ᠬᠠᠮᠲᠤᠷᠠᠯᠴᠠᠭ᠋ᠠᠨ᠎ᠳᠤ ᠨᠠᠩ ᠲᠤᠯᠭ᠋ᠠᠮ ᠱᠠᠭ᠋ᠠᠷᠳᠠᠯᠭ᠎ᠠ ᠵᠢ ᠳᠤᠷᠠᠳᠤᠭᠰᠠᠨ ᠪᠠᠶ᠋ᠢᠨ᠎ᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠤᠷᠭ᠋ᠠᠨ ᠬᠦᠮᠦᠵᠢᠯ᠎ᠤᠨ ᠬᠦᠴᠦᠷᠬᠡᠭ ᠤᠯᠤᠰ      2024-2035  ㉒
ᠰᠤᠷᠭ᠋ᠠᠨ ᠬᠦᠮᠦᠵᠢᠯ᠎ᠤᠨ ᠬᠦᠴᠦᠷᠬᠡᠭ ᠤᠯᠤᠰ      2024-2035  ⑤
ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ ᠵᠢᠨ ᠴᠣᠭ ᠵᠢᠪᠬᠤᠭ᠎ᠠ — ᠵᠣᠣ ᠶᠢᠩ ᠾᠦᠢ᠄ ᠮᠡᠳᠡᠯᠭᠡ ᠳᠡᠯᠭᠡᠷᠡᠭᠦᠯᠬᠦ ᠪᠠᠭᠪᠠᠭ᠋ᠠᠶ ᠴᠡᠴᠡᠭ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠡᠪᠯᠡᠯ᠎ᠤᠨ ᠰᠤᠷᠭ᠋ᠠᠭᠤᠯᠢ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ ᠤᠯᠤᠰ ᠲᠥᠷᠦ ᠵᠢᠨ ᠳᠡᠭᠡᠳᠦ ᠰᠤᠷᠭ᠋ᠠᠭᠤᠯᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠠᠬᠢᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠵᠠᠮ ᠬᠠᠷᠢᠯᠴᠠᠭ᠋ᠠᠨ᠎ᠤ ᠳᠡᠭᠡᠳᠦ ᠰᠤᠷᠭ᠋ᠠᠭᠤᠯᠢ) ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠪᠠ
 
             蒙ICP备05000248号