ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠳᠦᠷᠢᠮᠵᠢᠭᠦᠯᠵᠦ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠠᠵᠢᠯ᠎ᠢ ᠴᠢᠩᠭ᠎ᠠ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠪᠠ᠃ ᠠᠯᠠᠱ᠌ᠠ ᠠᠶ᠋ᠢᠮᠠᠭ᠎ᠤᠨ ᠪᠣᠳᠠᠲᠠᠶ ᠠᠷᠭ᠎ᠠ ᠬᠡᠮᠵᠢᠶ᠎ᠡ ᠵᠢ ᠦᠵᠡᠵᠡᠭᠡᠶ᠎ᠡ!
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠰᠤᠷᠤᠭᠴᠢᠳ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠦᠵᠡᠯ ᠤᠬᠠᠮᠰᠠᠷ ᠪᠠ ᠭᠡᠷ᠎ᠤᠨ ᠠᠬᠠᠮᠠᠳ᠎ᠤᠨ ᠬᠠᠷᠢᠭᠤᠴᠠᠯᠭ᠋ᠠᠲᠤ ᠦᠵᠡᠯ ᠤᠬᠠᠮᠰᠠᠷ᠎ᠢ ᠦᠨᠡᠨ ᠬᠦ᠌ ᠴᠢᠩᠭ᠋ᠠᠳᠬᠠᠵᠤ᠂ ᠥᠷᠭᠡᠨ ᠣᠯᠠᠨ ᠪᠠᠭᠰᠢ ᠰᠤᠷᠤᠭᠴᠢ ᠵᠢᠨ ᠠᠮᠢ ᠨᠠᠰᠤᠨ᠎ᠤ ᠠᠮᠤᠷ ᠲᠦᠪᠰᠢᠨ ᠪᠠ ᠲᠣᠭᠲᠠᠭᠤᠨ᠎ᠢ ᠦᠨᠡᠨ ᠬᠦ᠌ ᠪᠠᠲᠤᠯᠠᠬᠤ ᠵᠢᠨ ᠲᠥᠯᠦᠭᠡ᠂ ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠡᠯ᠎ᠡ ᠬᠣᠰᠢᠭᠤᠨ (ᠲᠣᠭᠣᠷᠢᠭ)᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠢ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠠᠮᠤᠷ ᠲᠦᠪᠰᠢᠨ᠎ᠤ ᠪᠠᠶ᠋ᠢᠷᠢᠯᠠᠭᠤᠯᠤᠯᠲᠠ ᠪᠠ ᠠᠮᠤᠷ ᠲᠦᠪᠰᠢᠨ᠎ᠤ ᠮᠡᠳᠡᠯᠭᠡ ᠵᠢᠨ ᠤᠬᠠᠭᠤᠯᠭ᠎ᠠ ᠬᠥᠮᠦᠵᠢᠯ᠎ᠢ ᠰᠠᠶ᠋ᠢᠲᠤᠷ ᠬᠢᠵᠦ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠠᠶᠤᠯᠲᠠᠶ ᠤᠰᠤᠨ ᠣᠷᠣᠨ᠎ᠢ ᠲᠣᠭᠣᠷᠢᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠤᠷᠭ᠋ᠠᠨ ᠬᠥᠮᠦᠵᠢᠯ᠎ᠤᠨ ᠶᠠᠮᠤᠨ᠎ᠤ 《ᠪᠥᠬᠥ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠤ ᠠᠵᠢᠯ᠎ᠤᠨ ᠸᠢᠳᠢᠤ᠋ ᠬᠤᠷᠠᠯ》᠎ᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠰᠤᠷᠤᠭᠴᠢᠳ᠎ᠤᠨ ᠭᠡᠷ᠎ᠤᠨ ᠠᠬᠠᠮᠠᠳ᠎ᠯᠤᠭ᠎ᠠ ᠵᠢᠨ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠭᠡᠷ᠎ᠤᠨ ᠠᠬᠠᠮᠠᠳ᠎ᠢ ᠱᠠᠭ᠋ᠠᠷᠳᠠᠵᠤ ᠬᠢᠨᠠᠨ ᠬᠠᠮᠠᠭ᠋ᠠᠯᠠᠬᠤ ᠬᠠᠷᠢᠭᠤᠴᠠᠯᠭ᠎ᠠ ᠵᠢ ᠡᠭᠦᠷᠭᠡᠯᠡᠭᠦᠯᠵᠦ᠂ ᠰᠤᠷᠤᠭᠴᠢ ᠵᠢᠨ ᠵᠶ᠋ᠡᠨ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ 《ᠬᠠᠮᠢᠭ᠎ᠠ ᠪᠠᠢ᠌ᠬᠤ᠂ ᠶᠠᠭᠤ ᠬᠢᠵᠦ ᠪᠠᠢ᠌ᠬᠤ》 ᠵᠢ ᠮᠡᠳᠡᠵᠦ᠂ ᠬᠡᠦᠬᠡᠳ ᠵᠶ᠋ᠠᠨ ᠠᠶᠤᠯᠲᠠᠶ ᠤᠰᠤᠨ ᠣᠷᠣᠨ᠎ᠠᠴᠠ ᠬᠣᠯᠠ ᠪᠠᠢ᠌ᠯᠭ᠋ᠠᠬᠤ᠎ᠪᠠᠷ ᠵᠢᠯᠣᠭᠣᠳᠬᠤ ᠬᠡᠷᠡᠭᠲᠡᠢ ᠭᠡᠵᠦ ᠱᠠᠭ᠋ᠠᠷᠳᠠᠪᠠ᠃
ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠤᠰᠤᠨ᠎ᠳᠤ ᠤᠨᠠᠬᠤ᠎ᠠᠴᠠ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠢ ᠤᠯᠠᠮ ᠨᠢᠭᠡ ᠠᠯᠬᠤᠮ ᠴᠢᠩᠭ᠋ᠠᠳᠬᠠᠪᠠ
ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠰᠣᠷᠣᠭᠴᠢ ᠵᠢᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠢ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠤᠨ ᠴᠢᠬᠤᠯᠠ ᠭᠤᠤᠯᠳᠠᠯᠭ᠎ᠠ ᠪᠣᠯᠭ᠋ᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠥᠬᠥ ᠲᠠᠯ᠎ᠠ᠎ᠪᠠᠷ ᠪᠡᠬᠢᠵᠢᠭᠦᠯᠵᠦ᠂ ᠰᠤᠷᠤᠭᠴᠢᠳ᠎ᠤᠨ ᠠᠮᠢ ᠨᠠᠰᠤᠨ᠎ᠤ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠪᠠᠲᠤᠯᠠᠵᠤ᠂ ᠡᠶ᠎ᠡ ᠵᠣᠬᠢᠴᠠᠯᠲᠤ ᠲᠣᠭᠲᠠᠭᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠪᠠᠶ᠋ᠢᠳᠠᠯ᠎ᠢ ᠪᠥᠬᠥ ᠰᠡᠳᠬᠢᠯ ᠵᠶ᠋ᠠᠷ ᠵᠶ᠋ᠠᠨ ᠪᠠᠶ᠋ᠢᠭᠤᠯᠵᠤ᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠬᠡᠷ᠎ᠤᠨ ᠠᠬᠠᠮᠠᠳ᠂ ᠰᠤᠷᠭ᠋ᠠᠭᠤᠯᠢ ᠵᠢᠨ ᠳᠣᠲᠣᠭ᠋ᠠᠳᠤ ᠵᠢᠨ ᠤᠬᠠᠭᠤᠯᠭ᠎ᠠ ᠵᠢᠨ ᠪᠤᠯᠤᠩ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠢ ᠥᠷᠭᠡᠨ ᠵᠶ᠋ᠠᠷ ᠥᠷᠨᠢᠭᠦᠯᠪᠡ᠃ ᠨᠢᠭᠡ᠎ᠳᠤ᠂ ᠰᠦᠯᠵᠢᠶᠡᠨ᠎ᠳᠠᠬᠢ ᠤᠰᠤᠨ᠎ᠳᠤ ᠤᠨᠠᠬᠤ ᠵᠢ ᠰᠡᠷᠭᠡᠶ᠋ᠢᠯᠡᠬᠦ ᠲᠤᠰᠬᠠᠶ ᠰᠡᠳᠦᠪᠲᠦ ᠬᠥᠮᠦᠵᠢᠯ᠎ᠤᠨ ᠲᠠᠶ᠋ᠢᠯᠤᠮᠵᠢ ᠵᠢ ᠤᠷᠢᠳ ᠬᠣᠵᠢᠳ 4 ᠤᠳᠠᠭ᠎ᠠ ᠡᠷᠭᠢᠯᠡᠵᠦ᠂ ᠠᠵᠢᠯᠯᠠᠭ᠎ᠠ᠎ᠨᠢ ᠠᠯᠠᠱ᠌ᠠ ᠠᠶ᠋ᠢᠮᠠᠭ᠎ᠤᠨ ᠳᠤᠮᠳᠠᠳᠤ ᠪᠠᠭ᠎ᠠ ᠰᠤᠷᠭ᠋ᠠᠭᠤᠯᠢ ᠪᠠ ᠬᠡᠦᠬᠡᠳ᠎ᠤᠨ ᠴᠡᠴᠡᠷᠯᠢᠭ᠎ᠤᠨ ᠰᠣᠷᠣᠭᠴᠢ᠂ ᠪᠠᠭᠰᠢ ᠵᠢᠴᠢ ᠬᠡᠷ᠎ᠤᠨ ᠠᠬᠠᠮᠠᠳ᠎ᠢ ᠬᠠᠮᠤᠷᠴᠤ᠂ 3 ᠲᠦᠮᠡ ᠭᠠᠷᠤᠶ ᠰᠣᠷᠣᠭᠴᠢ ᠵᠢᠴᠢ ᠬᠡᠷ᠎ᠤᠨ ᠠᠬᠠᠮᠠᠳ ᠭᠥᠯᠢᠶᠡᠨ ᠠᠪᠴᠤ ᠦᠵᠡᠪᠡ᠃ ᠬᠣᠶᠠᠷ᠎ᠲᠤ᠂ ᠠᠯᠠᠱ᠌ᠠ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠤᠰᠤᠨ᠎ᠤ ᠶᠠᠪᠤᠳᠠᠯ᠎ᠤᠨ ᠲᠣᠪᠴᠢᠶ᠎ᠠ ᠵᠡᠷᠭᠡ ᠬᠣᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ ᠪᠠᠶᠠᠨᠲᠠᠯ᠎ᠠ ᠪᠠᠯᠭ᠋ᠠᠰᠤᠨ᠎ᠤ ᠭᠠᠵᠠᠷ ᠣᠷᠣᠨ᠎ᠤ ᠠᠷᠪᠠ ᠭᠠᠷᠤᠶ ᠤᠰᠤᠨ ᠴᠥᠭᠥᠷᠥᠮ᠎ᠢ ᠲᠣᠭᠣᠷᠢᠨ ᠪᠠᠶ᠋ᠢᠴᠠᠭ᠋ᠠᠵᠤ᠂ ᠪᠠᠢ᠌ᠴᠠᠭ᠋ᠠᠬᠤ ᠶᠠᠪᠤᠴᠠ᠎ᠳᠤ ᠢᠯᠡᠷᠡᠭᠦᠯᠦᠭᠰᠡᠨ ᠠᠮᠤᠷ ᠲᠦᠪᠰᠢᠨ᠎ᠤ ᠲᠤᠰᠠᠭ᠋ᠠᠷᠯᠠᠬᠤ ᠲᠤᠤᠷ ᠳᠤᠲᠠᠭᠳᠠᠭᠰᠠᠨ᠂ ᠡᠪᠳᠡᠭᠳᠡᠭᠰᠡᠨ᠂ ᠠᠮᠤᠷ ᠲᠦᠪᠰᠢᠨ᠎ᠤ ᠰᠡᠷᠡᠮᠵᠢ ᠵᠢᠨ ᠫᠠᠶ᠋ᠢᠰᠠ ᠡᠪᠳᠡᠷᠡᠭᠰᠡᠨ᠂ ᠬᠠᠷᠠᠬᠤ ᠬᠠᠮᠠᠭ᠋ᠠᠯᠠᠭᠴᠢ ᠥᠬᠡᠶ ᠪᠠ ᠲᠣᠭᠣᠷᠢᠨ ᠪᠠᠶ᠋ᠢᠴᠠᠭ᠋ᠠᠭᠴᠢ ᠥᠬᠡᠶ ᠵᠡᠷᠭᠡ ᠠᠮᠤᠷ ᠲᠦᠪᠰᠢᠨ᠎ᠤ ᠳᠠᠯᠳᠠ ᠬᠡᠮ᠎ᠳᠤ ᠴᠢᠭᠯᠡᠭᠦᠯᠦᠨ ᠬᠣᠯᠪᠤᠭᠳᠠᠬᠤ ᠰᠠᠯᠠᠭ᠎ᠠ ᠮᠥᠴᠢᠷ᠎ᠢ ᠵᠣᠬᠢᠴᠠᠭᠤᠯᠤᠨ ᠴᠡᠭᠴᠡᠯᠡᠨ ᠥᠭᠡᠷᠡᠴᠢᠯᠡᠬᠦ ᠠᠵᠢᠯ᠎ᠢ ᠨᠠᠶ᠋ᠢᠳᠠᠪᠤᠷᠢᠵᠢᠭᠤᠯᠪᠠ᠃ ᠭᠤᠷᠪᠠ᠎ᠳᠤ᠂ ᠵᠣᠨ᠎ᠤ ᠠᠮᠠᠷᠠᠯᠲᠠ᠎ᠠᠴᠠ ᠡᠮᠦᠨ᠎ᠡ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠢ ᠳᠠᠬᠢᠨᠲᠠ ᠥᠷᠨᠢᠭᠦᠯᠵᠦ᠂ ᠬᠡᠷ᠎ᠤᠨ ᠠᠬᠠᠮᠠᠳ᠎ᠤᠨ ᠬᠤᠷᠠᠯ ᠵᠢᠴᠢ ᠬᠡᠷ᠎ᠤᠨ ᠠᠬᠠᠮᠠᠳ᠎ᠲᠤ ᠨᠢᠭᠡ ᠬᠤᠪᠢ ᠵᠠᠬᠢᠳᠠᠯ ᠢᠯᠡᠭᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠰᠣᠷᠣᠭᠴᠢ ᠵᠢᠴᠢ ᠬᠡᠷ᠎ᠤᠨ ᠠᠬᠠᠮᠠᠳ᠎ᠲᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠢ ᠳᠠᠬᠢᠨ ᠳᠠᠪᠲᠠᠨ ᠬᠢᠵᠦ᠂ ᠬᠡᠷ᠎ᠤᠨ ᠠᠬᠠᠮᠠᠳ᠎ᠲᠤ ᠬᠡᠦᠬᠡᠳ᠎ᠤᠨ ᠵᠶ᠋ᠠᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠠ ᠬᠥᠮᠦᠵᠢᠯ᠎ᠢ ᠴᠢᠩᠭ᠋ᠠᠳᠬᠠᠬᠤ ᠬᠡᠷᠡᠭᠲᠡᠶ ᠭᠡᠵᠦ ᠰᠠᠨᠠᠭᠤᠯᠪᠠ᠃


ᠭᠡᠷ᠎ᠤᠨ ᠠᠬᠠᠮᠠᠳ᠎ᠲᠠᠢ ᠨᠢᠭᠲᠠ ᠬᠠᠷᠢᠯᠴᠠᠵᠤ᠂ ᠬᠠᠮᠲᠤ᠎ᠪᠠᠷ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠬᠡᠷᠡᠭᠵᠢᠭᠦᠯᠪᠡ
ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠰᠤᠷᠭ᠋ᠠᠭᠤᠯᠢ᠎ᠠᠴᠠ ᠬᠡᠷ᠎ᠤᠨ ᠠᠬᠠᠮᠠᠳ᠎ᠢ ᠬᠠᠪᠰᠤᠷᠤᠨ ᠵᠥᠪ ᠰᠤᠷᠭ᠋ᠠᠨ ᠬᠥᠮᠦᠵᠢᠯ᠎ᠤᠨ ᠦᠵᠡᠯᠲᠡ ᠵᠢ ᠪᠣᠶ ᠪᠣᠯᠭ᠋ᠠᠵᠤ᠂ ᠬᠡᠷ ᠪᠦᠯᠢ ᠪᠠ ᠰᠤᠷᠭ᠋ᠠᠭᠤᠯᠢ ᠬᠣᠯᠪᠣᠭ᠋ᠠᠯᠠᠨ ᠬᠥᠳᠡᠯᠦᠯᠴᠡᠬᠦ ᠵᠢ ᠢᠳᠡᠪᠬᠢᠲᠡᠶ ᠰᠠᠶ᠋ᠢᠲᠤᠷ ᠬᠢᠵᠦ᠂ 《ᠴᠠᠭ ᠢᠮᠠᠭᠲᠠ ᠰᠡᠳᠬᠢᠯ ᠠᠮᠤᠷ ᠪᠠᠶ᠋ᠢᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠨᠡᠪᠲᠡᠷᠡᠬᠦ ᠠᠭᠤᠯᠭ᠎ᠠ᠎ᠪᠠᠨ ᠨᠠᠷᠢᠯᠢᠭᠵᠢᠭᠤᠯᠵᠤ᠂ ᠨᠡᠪᠲᠡᠷᠡᠬᠦ ᠳᠠᠪᠲᠠᠮᠵᠢ᠂ ᠨᠡᠪᠲᠡᠷᠡᠬᠦ ᠬᠡᠯᠪᠡᠷᠢ᠎ᠪᠠᠨ ᠰᠢᠯᠤᠭᠤᠳᠬᠠᠵᠤ᠂ ᠨᠡᠪᠲᠡᠷᠡᠬᠦ ᠶᠠᠪᠤᠴᠠ᠎ᠪᠠᠨ ᠲᠡᠭᠦᠯᠳᠡᠷᠵᠢᠭᠦᠯᠪᠡ᠃ ᠠᠩᠭᠢ ᠵᠢᠨ ᠡᠷᠬᠢᠯᠡᠭᠴᠢ ᠪᠠᠭᠰᠢ ᠨᠠᠷ ᠬᠡᠷ᠎ᠲᠤ᠎ᠪᠠᠨ ᠬᠣᠴᠣᠷᠤᠭᠰᠠᠨ ᠬᠡᠦᠬᠡᠳ᠂ ᠥᠨᠥᠴᠢᠨ ᠥᠷᠥᠭᠡᠰᠦᠨ ᠬᠡᠷ ᠪᠦᠯᠢ ᠪᠣᠯᠤᠨ ᠳᠠᠬᠢᠨ ᠤᠷᠤᠭᠯᠠᠭᠰᠠᠨ ᠬᠡᠷ ᠪᠦᠯᠢ ᠵᠢᠨ ᠦᠷ᠎ᠡ ᠬᠡᠦᠬᠡᠳ᠂ ᠳᠠᠭ᠋ᠠᠵᠤ ᠨᠡᠭᠦᠭᠰᠡᠨ ᠦᠷ᠎ᠡ ᠬᠡᠦᠬᠡᠳ᠂ ᠰᠤᠷᠤᠯᠭ᠎ᠠ ᠠᠮᠢᠳᠤᠷᠠᠯ᠎ᠨᠢ ᠬᠦᠴᠢᠷᠳᠡᠯᠲᠡᠶ ᠰᠣᠷᠣᠭᠴᠢ ᠵᠡᠷᠭᠡ ᠣᠨᠴᠠᠭ᠋ᠠᠶ ᠬᠠᠮᠲᠤᠯᠢᠭ᠎ᠤᠨ ᠰᠤᠷᠤᠭᠴᠢᠳ᠎ᠤᠨ ᠠᠵᠢᠯ᠎ᠢ ᠪᠥᠬᠥ ᠲᠠᠯ᠎ᠠ᠎ᠪᠠᠷ ᠤᠶ᠋ᠢᠯᠠᠭ᠋ᠠᠨ ᠵᠢᠭᠰᠠᠭ᠋ᠠᠵᠤ᠂ ᠡᠯ᠎ᠡ ᠰᠤᠷᠭ᠋ᠠᠭᠤᠯᠢ᠎ᠨᠢ 《ᠨᠢᠭᠡ ᠲᠥᠷᠥᠯ ᠨᠢᠭᠡ ᠬᠡᠷᠡᠭ᠂ ᠨᠢᠭᠡ ᠬᠥᠮᠦᠨ ᠨᠢᠭᠡ ᠠᠷᠭ᠎ᠠ ᠪᠣᠳᠣᠯᠭ᠎ᠠ》 ᠵᠢᠨ ᠬᠥᠳᠡᠯᠦᠩᠭᠦᠶ ᠬᠠᠮᠢᠶᠠᠷᠤᠯᠲᠠ ᠵᠢ ᠦᠷᠭᠦᠯᠵᠢᠯᠡᠨ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠪᠠ ᠪᠠᠭᠰᠢ ᠵᠢ ᠵᠢᠯᠣᠭᠣᠳᠴᠤ 5 ᠲᠥᠷᠥᠯ᠎ᠤᠨ ᠰᠣᠷᠣᠭᠴᠢ᠎ᠳᠤ 《ᠨᠢᠭᠡ᠎ᠪᠠᠷ ᠨᠢᠭᠡ ᠵᠢ ᠳᠠᠭ᠋ᠠᠭᠤᠯᠬᠤ》᠎ᠪᠠᠷ ᠬᠣᠯᠪᠤᠭ᠋ᠠᠯᠠᠨ ᠳᠠᠭ᠋ᠠᠭ᠋ᠠᠴᠢᠯᠠᠭᠤᠯᠵᠤ᠂ ᠬᠠᠨᠳᠤᠯᠭ᠋ᠠᠲᠠᠢ᠎ᠪᠠᠷ ᠰᠡᠳᠬᠢᠴᠡ ᠵᠢᠨ ᠡᠷᠡᠭᠦᠯ ᠮᠡᠨᠳᠦ ᠵᠢ ᠬᠠᠪᠰᠤᠷᠤᠨ ᠵᠢᠯᠣᠭᠣᠳᠴᠤ᠂ ᠣᠨᠴᠠ ᠵᠠᠷᠢᠮ᠎ᠢ ᠬᠠᠪᠰᠤᠷᠤᠨ ᠳᠡᠳᠬᠦᠵᠦ᠂ ᠰᠡᠳᠬᠢᠯ᠎ᠤᠨ ᠦᠭᠡ᠎ᠪᠠᠨ ᠶᠠᠷᠢᠯᠴᠠᠵᠤ᠂ ᠬᠡᠷ ᠪᠦᠯᠢ ᠵᠢᠨ ᠰᠤᠷᠪᠤᠯᠵᠢᠯᠠᠭ᠎ᠠ ᠬᠢᠬᠦ ᠵᠡᠷᠭᠡ ᠠᠷᠭ᠎ᠠ ᠬᠡᠮᠵᠢᠶ᠎ᠡ ᠵᠢ ᠠᠪᠴᠤ᠂ ᠮᠥᠷᠳᠡᠨ ᠬᠠᠪᠰᠤᠷᠤᠨ ᠲᠡᠳᠬᠦᠵᠦ ᠬᠠᠯᠠᠮᠵᠢᠯᠠᠨ ᠬᠠᠶ᠋ᠢᠷᠠᠯᠠᠬᠤ ᠠᠵᠢᠯ᠎ᠢ ᠰᠠᠶ᠋ᠢᠲᠤᠷ ᠬᠢᠪᠠ᠃
