ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠮᠤᠷ ᠲᠦᠪᠰᠢᠨ᠎ᠤ ᠬᠥᠮᠦᠵᠢᠯ — ᠰᠢᠯᠢ ᠵᠢᠨ ᠭᠤᠤᠯ ᠠᠶ᠋ᠢᠮᠠᠭ᠎ᠤᠨ 2022 ᠣᠨ᠎ᠤ ᠵᠣᠨ᠎ᠤ ᠠᠮᠠᠷᠠᠯᠲᠠ ᠵᠢᠨ ᠠᠮᠤᠷ ᠲᠦᠪᠰᠢᠨ᠎ᠤ ᠠᠵᠢᠯ᠎ᠤᠨ ᠪᠠᠶ᠋ᠢᠷᠢᠯᠠᠭᠤᠯᠤᠯᠲᠠ
ᠨᠡᠶ᠋ᠢᠲᠡᠯᠡᠭᠰᠡᠨ ᠴᠠᠭ᠄ 2022-08-03


      ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠠᠵᠢᠯ᠎ᠢ ᠴᠢᠩᠭ᠎ᠠ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠪᠠ᠃ ᠰᠢᠯᠢ ᠵᠢᠨ ᠭᠤᠤᠯ ᠠᠶ᠋ᠢᠮᠠᠭ᠎ᠤᠨ ᠪᠣᠳᠠᠲᠠᠶ ᠠᠷᠭ᠎ᠠ ᠬᠡᠮᠵᠢᠶ᠎ᠡ ᠵᠢ ᠦᠵᠡᠵᠡᠭᠡᠶ᠎ᠡ!
      ᠠᠮᠠᠷᠠᠯᠲᠠ ᠵᠢᠨ ᠬᠤᠭᠤᠴᠠᠭ᠎ᠠ ᠬᠦᠷᠴᠦ ᠢᠷᠡᠬᠦ ᠲᠠᠰᠢᠷᠠᠮ᠎ᠳᠤ᠂ ᠰᠢᠯᠢ ᠵᠢᠨ ᠭᠤᠤᠯ ᠠᠶ᠋ᠢᠮᠠᠭ ᠣᠯᠠᠨ ᠵᠦᠢ᠍ᠯ᠎ᠤᠨ ᠬᠡᠯᠪᠡᠷᠢ᠎ᠪᠠᠷ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠬᠥᠮᠦᠵᠢᠯ᠎ᠢ ᠪᠥᠬᠥ ᠲᠠᠯ᠎ᠠ᠎ᠪᠠᠷ ᠨᠠᠷᠢᠯᠢᠭ ᠬᠢᠬᠦ ᠵᠢ ᠦᠨᠡᠨ ᠬᠦ᠌ ᠪᠠᠲᠤᠯᠠᠪᠠ᠃
      ᠳᠡᠭᠡᠳᠦ ᠱᠠᠲᠤᠨ᠎ᠤ ᠵᠤᠨ᠎ᠤ ᠠᠮᠠᠷᠠᠯᠲᠠ ᠵᠢᠨ ᠠᠵᠢᠯ᠎ᠤᠨ ᠲᠣᠬᠢᠷᠠᠭᠤᠯᠤᠯᠲᠠ ᠪᠠ ᠪᠠᠶ᠋ᠢᠷᠢᠯᠠᠭᠤᠯᠤᠯᠲᠠ ᠵᠢ ᠢᠳᠡᠪᠬᠢᠲᠡᠶ ᠨᠠᠢ᠌ᠳᠠᠪᠤᠷᠢᠵᠢᠭᠤᠯᠪᠠ᠃ ᠲᠦᠷᠦᠭᠦᠬᠡᠨ᠂ ᠪᠥᠬᠥ ᠠᠶ᠋ᠢᠮᠠᠭ᠎ᠤᠨ ᠪᠠᠭᠰᠢ ᠰᠣᠷᠣᠭᠴᠢ᠂ ᠬᠡᠷ᠎ᠤᠨ ᠠᠬᠠᠮᠠᠳ᠎ᠢ ᠵᠣᠬᠢᠶᠠᠨ ᠪᠠᠶ᠋ᠢᠭᠤᠯᠵᠤ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠢᠯᠡ ᠪᠣᠯᠭ᠋ᠠᠬᠤ ᠬᠢᠴᠢᠶᠡᠯ 《ᠪᠠᠶᠠᠷ ᠪᠠᠶᠠᠰᠤᠯᠲᠤ ᠵᠣᠨ᠎ᠤ ᠠᠮᠠᠷᠠᠯᠲᠠ᠎ᠳᠤ ᠠᠮᠤᠷ ᠲᠦᠪᠰᠢᠨ᠎ᠢ ᠤᠷᠢᠳ ᠵᠶ᠋ᠠᠷ ᠪᠣᠳᠣᠯᠬᠢᠯᠠᠬᠤ》 ᠵᠢ ᠬᠠᠮᠲᠤ᠎ᠪᠠᠷ ᠰᠣᠨᠢᠷᠬᠠᠵᠤ᠂ ᠪᠥᠬᠥ ᠠᠶ᠋ᠢᠮᠠᠭ᠎ᠲᠤ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ 11 ᠲᠦᠮᠡ ᠭᠠᠷᠤᠢ ᠰᠣᠷᠣᠭᠴᠢ ᠪᠠ 6 ᠲᠦᠮᠡ ᠭᠠᠷᠤᠶ ᠬᠡᠷ᠎ᠤᠨ ᠠᠬᠠᠮᠠᠳ ᠭᠥᠯᠢᠶᠡᠨ ᠠᠪᠴᠤ ᠦᠵᠡᠪᠡ᠃



      ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠴᠢᠯᠥᠭᠡ ᠲᠠᠯᠪᠢᠬᠤ᠎ᠠᠴᠠ ᠡᠮᠦᠨᠡᠬᠢ ᠠᠮᠤᠷ ᠲᠦᠪᠰᠢᠨ᠎ᠤ ᠬᠥᠮᠦᠵᠢᠯ᠎ᠤᠨ ᠪᠠᠶ᠋ᠢᠷᠢᠯᠠᠭᠤᠯᠤᠯᠲᠠ ᠵᠢ ᠢᠳᠡᠪᠬᠢᠲᠡᠶ ᠥᠷᠨᠢᠭᠦᠯᠪᠡ᠃ ᠵᠣᠨ᠎ᠤ ᠠᠮᠠᠷᠠᠯᠲᠠ ᠪᠣᠯᠬᠤ ᠭᠡᠵᠦ ᠪᠠᠶ᠋ᠢᠭ᠎ᠠ ᠲᠠᠰᠢᠷᠠᠮ᠎ᠳᠤ 《2022 ᠣᠨ᠎ᠤ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠬᠥᠮᠦᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 ᠪᠠ 《ᠰᠤᠷᠤᠭᠴᠢᠳ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠬᠥᠮᠦᠵᠢᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠲᠤ 《2022 ᠣᠨ᠎ᠤ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠤᠬᠠᠢ ᠬᠡᠷ᠎ᠤᠨ ᠠᠬᠠᠮᠠᠳ᠎ᠲᠤ ᠮᠡᠳᠡᠭᠳᠡᠬᠦ ᠪᠢᠴᠢᠭ》 ᠪᠠ 《ᠤᠰᠤᠨ᠎ᠳᠤ ᠤᠨᠠᠬᠤ ᠵᠢ ᠰᠡᠷᠭᠡᠶ᠋ᠢᠯᠡᠬᠦ ᠤᠬᠠᠭᠤᠯᠭ᠎ᠠ ᠬᠥᠮᠦᠵᠢᠯ᠎ᠤᠨ ᠸᠢᠳᠢᠣ᠋》 ᠵᠢ ᠨᠡᠶ᠋ᠢᠲᠡᠯᠡᠵᠦ᠂ ᠵᠣᠨ᠎ᠤ ᠠᠮᠠᠷᠠᠯᠲᠠ ᠵᠢᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠮᠡᠳᠡᠭᠳᠡᠯ᠎ᠢ ᠳᠠᠮᠵᠢᠭᠤᠯᠤᠨ ᠲᠠᠷᠬᠠᠭ᠋ᠠᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠴᠤ᠌ ᠲᠣᠰ ᠲᠣᠰ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠮᠡᠳᠡᠭᠳᠡᠯ ᠵᠡᠷᠭᠡ ᠠᠵᠢᠯᠯᠠᠭ᠎ᠠ ᠵᠢ     ᠥᠷᠨᠢᠭᠦᠯᠪᠡ᠃
      ᠡᠯ᠎ᠡ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ ᠠᠮᠠᠷᠠᠯᠲᠠ ᠲᠠᠯᠪᠢᠬᠤ᠎ᠠᠴᠠ ᠡᠮᠦᠨ᠎ᠡ ᠨᠢᠭᠡ ᠤᠳᠠᠭ᠋ᠠᠨ᠎ᠤ ᠠᠮᠤᠷ ᠲᠦᠪᠰᠢᠨ᠎ᠤ ᠬᠥᠮᠦᠵᠢᠯ᠎ᠢ ᠲᠥᠪᠯᠡᠷᠡᠭᠦᠯᠦᠨ ᠥᠷᠨᠢᠭᠦᠯᠵᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ᠂ ᠠᠶᠤᠩᠭ᠎ᠠ ᠴᠠᠬᠢᠯᠭ᠋ᠠᠨ᠎ᠢ ᠰᠡᠷᠭᠡᠶ᠋ᠢᠯᠡᠬᠦ᠂ ᠦᠶᠡᠷ᠎ᠤᠨ ᠤᠰᠤ ᠵᠢ ᠰᠡᠷᠭᠡᠶ᠋ᠢᠯᠡᠬᠦ᠂ ᠮᠡᠬᠡᠯᠡᠯ᠎ᠢ ᠰᠡᠷᠭᠡᠶ᠋ᠢᠯᠡᠬᠦ᠂ ᠳᠣᠷᠣᠮᠵᠢᠯᠠᠯ᠎ᠢ ᠰᠡᠷᠭᠡᠶ᠋ᠢᠯᠡᠬᠦ᠂ ᠰᠡᠳᠬᠢᠴᠡ ᠵᠢᠨ ᠡᠷᠡᠭᠦᠯ ᠮᠡᠨᠳᠦ᠂ ᠢᠳᠡᠭᠡᠨ᠎ᠤ ᠡᠷᠡᠭᠦᠯ ᠬᠠᠮᠠᠭ᠋ᠠᠯᠠᠯ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠭᠠᠯ᠎ᠢ ᠰᠡᠷᠭᠡᠢ᠌ᠯᠡᠬᠦ ᠠᠮᠤᠷ ᠲᠦᠪᠰᠢᠨ ᠵᠡᠷᠭᠡ ᠬᠣᠯᠪᠤᠭᠳᠠᠬᠤ ᠮᠡᠳᠡᠯᠭᠡ ᠵᠢᠨ ᠬᠥᠮᠦᠵᠢᠯ᠎ᠢ ᠭᠣᠣᠯᠳᠠᠯᠭ᠋ᠠᠲᠠᠢ ᠴᠢᠩᠭ᠋ᠠᠳᠬᠠᠵᠤ᠂ ᠰᠤᠷᠤᠭᠴᠢᠳ᠎ᠤᠨ ᠠᠮᠤᠷ ᠲᠦᠪᠰᠢᠨ᠎ᠤ ᠤᠬᠠᠮᠰᠠᠷ᠎ᠢ ᠴᠢᠩᠭ᠋ᠠᠳᠬᠠᠵᠤ᠂ ᠥᠪᠡᠷ᠎ᠢ᠎ᠪᠠᠨ ᠰᠡᠷᠭᠡᠶ᠋ᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠬᠡᠷ᠎ᠤᠨ ᠠᠬᠠᠮᠠᠳ᠎ᠲᠤ ᠬᠢᠨᠠᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠦᠨᠡᠨ ᠬᠦ᠌   ᠭᠦᠢ᠍ᠴᠡᠳᠭᠡᠵᠦ᠂ ᠰᠤᠷᠤᠭᠴᠢᠳ᠎ᠤᠨ ᠠᠮᠠᠷᠠᠯᠲᠠ ᠵᠢᠨ ᠬᠤᠭᠤᠴᠠᠭ᠋ᠠᠨ᠎ᠳᠠᠬᠢ ᠠᠮᠤᠷ ᠲᠦᠪᠰᠢᠨ᠎ᠤ ᠬᠥᠮᠦᠵᠢᠯ ᠪᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤᠨ᠎ᠳᠤ ᠤᠨᠠᠬᠤ᠂ ᠬᠡᠷᠡᠭᠦᠯ ᠵᠣᠳᠣᠭ᠋ᠠᠨ ᠬᠢᠬᠦ᠂ ᠳᠣᠷᠣᠮᠵᠢᠯᠠᠯ᠎ᠤᠨ ᠬᠡᠷᠡᠭ ᠡᠭᠦᠰᠭᠡᠬᠦ ᠵᠢ ᠡᠷᠡᠰ ᠬᠣᠷᠢᠭᠯᠠᠬᠤ ᠬᠡᠷᠡᠭᠲᠡᠶ ᠭᠡᠵᠦ ᠰᠠᠨᠠᠭᠤᠯᠪᠠ᠃



      ᠤᠰᠤᠨ᠎ᠳᠤ ᠤᠨᠠᠬᠤ ᠵᠢ ᠰᠡᠷᠭᠡᠶ᠋ᠢᠯᠡᠬᠦ ᠲᠤᠰᠬᠠᠶ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠤᠷᠬᠠᠢ᠌ᠯᠠᠪᠠ᠃ ᠬᠡᠷ᠎ᠤᠨ ᠠᠬᠠᠮᠠᠳ᠎ᠢ ᠬᠢᠨᠠᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠴᠠᠭ ᠢᠮᠠᠭᠲᠠ ᠳᠡᠭᠡᠳᠦ ᠬᠡᠮᠵᠢᠶᠡᠨ᠎ᠤ ᠰᠣᠨᠣᠷ ᠰᠡᠷᠡᠮᠵᠢ᠎ᠲᠠᠢ ᠪᠠᠶ᠋ᠢᠵᠤ᠂ ᠬᠡᠦᠬᠡᠳ᠎ᠤᠨ ᠵᠶ᠋ᠠᠨ ᠶᠠᠪᠤᠵᠤ ᠰᠠᠭᠤᠬᠤ ᠪᠠᠢ᠌ᠳᠠᠯ᠎ᠢ ᠴᠠᠭ ᠢᠮᠠᠭᠲᠠ ᠡᠵᠡᠮᠰᠢᠬᠦ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ ᠬᠡᠦᠬᠡᠳ ᠵᠶ᠋ᠠᠨ ᠭᠣᠣᠯ ᠮᠥᠷᠡᠨ ᠨᠠᠭᠤᠷ ᠴᠥᠭᠥᠷᠥᠮ ᠵᠡᠷᠭᠡ ᠤᠰᠤᠨ᠎ᠤ ᠬᠥᠪᠡᠭᠡ᠂ ᠤᠰᠤᠨ ᠬᠥᠪᠡᠭᠡᠨ ᠳᠡᠭᠡᠷᠡᠬᠢ ᠲᠠᠪᠴᠠᠩ᠂ ᠪᠠᠷᠢᠯᠭ᠎ᠠ ᠵᠢᠨ ᠭᠠᠵᠠᠷ᠎ᠤᠨ ᠤᠰᠤᠨ ᠨᠦᠬᠡ ᠵᠡᠷᠭᠡ ᠣᠷᠣᠨ ᠣᠷᠣᠨ᠎ᠳᠤ ᠨᠠᠭ᠋ᠠᠳᠬᠤ ᠦᠭᠡᠢ᠂ ᠠᠯᠢᠶᠠᠯᠠᠬᠤ ᠦᠭᠡᠢ᠂ ᠭᠣᠣᠯ ᠮᠥᠷᠡᠨ᠂ ᠤᠰᠤᠨ ᠴᠥᠭᠥᠷᠥᠮ ᠵᠡᠷᠭᠡ ᠤᠰᠤᠨ ᠣᠷᠣᠨ᠎ᠳᠤ ᠤᠨᠠᠭᠰᠠᠨ ᠪᠣᠳᠠᠰ᠎ᠢ ᠲᠡᠭᠦᠬᠦ ᠦᠭᠡᠢ᠂ ᠭᠣᠣᠯ ᠴᠥᠭᠥᠷᠥᠮ᠂ ᠤᠰᠤᠨ ᠴᠥᠭᠥᠷᠥᠮ᠎ᠳᠤ ᠭᠠᠷ ᠵᠶ᠋ᠠᠨ ᠤᠬᠢᠶᠠᠬᠤ ᠦᠭᠡᠢ᠂ ᠶᠠᠭᠤᠮ᠎ᠠ ᠤᠬᠢᠶᠠᠬᠤ ᠦᠭᠡᠢ᠂ ᠵᠢᠭ᠋ᠠᠰᠤ ᠮᠡᠯᠡᠬᠡᠢ   ᠪᠠᠷᠢᠵᠤ ᠪᠣᠯᠬᠤ ᠦᠭᠡᠢ ᠭᠡᠵᠦ ᠰᠤᠷᠭ᠋ᠠᠬᠤ ᠬᠡᠷᠡᠭᠲᠡᠢ᠃ ᠰᠤᠷᠭ᠋ᠠᠭᠤᠯᠢ᠂ ᠬᠡᠷ᠎ᠤᠨ ᠠᠬᠠᠮᠠᠳ ᠬᠠᠮᠲᠤᠷᠠᠨ ᠬᠥᠳᠡᠯᠦᠯᠴᠡᠬᠦ᠎ᠪᠠᠨ ᠴᠢᠩᠭ᠋ᠠᠳᠬᠠᠵᠤ᠂ ᠰᠤᠷᠤᠭᠴᠢᠳ᠎ᠲᠤ 《ᠵᠢᠷᠭᠤᠭ᠋ᠠᠨ ᠴᠢᠩᠭ᠎ᠠ ᠬᠣᠷᠢᠭᠯᠠᠬᠤ》 ᠵᠢ ᠮᠡᠳᠡᠭᠦᠯᠬᠦ ᠬᠡᠷᠡᠭᠲᠡᠶ ᠭᠡᠵᠦ ᠱᠠᠭ᠋ᠠᠷᠳᠠᠪᠠ᠄ ᠳᠤᠷ᠎ᠠ᠎ᠪᠠᠷ ᠵᠶ᠋ᠠᠨ ᠤᠰᠤᠨ᠎ᠳᠤ ᠣᠷᠣᠵᠤ ᠤᠮᠪᠠᠬᠤ ᠵᠢ ᠴᠢᠩᠭ᠎ᠠ ᠬᠣᠷᠢᠭᠯᠠᠵᠤ᠂ ᠳᠤᠷ᠎ᠠ᠎ᠪᠠᠷ ᠵᠶ᠋ᠠᠨ ᠪᠤᠰᠤᠳ᠎ᠲᠠᠢ ᠬᠠᠨᠢᠯᠠᠨ ᠤᠰᠤᠨ᠎ᠳᠤ ᠤᠮᠪᠠᠬᠤ ᠵᠢ ᠴᠢᠩᠭ᠎ᠠ ᠬᠣᠷᠢᠭᠯᠠᠵᠤ᠂ ᠬᠡᠷ᠎ᠤᠨ ᠠᠬᠠᠮᠠᠳ ᠪᠤᠶᠤ ᠪᠠᠭᠰᠢ ᠵᠢᠨ ᠳᠠᠭ᠋ᠠᠭᠤᠯᠭ᠎ᠠ ᠥᠬᠡᠶ᠎ᠪᠠᠷ ᠤᠰᠤᠨ᠎ᠳᠤ ᠤᠮᠪᠠᠬᠤ ᠵᠢ ᠴᠢᠩᠭ᠎ᠠ ᠬᠣᠷᠢᠭᠯᠠᠵᠤ᠂ ᠠᠮᠤᠷ ᠲᠦᠪᠰᠢᠨ᠎ᠤ ᠲᠥᠬᠥᠭᠡᠷᠦᠮᠵᠢ ᠥᠬᠡᠶ᠂ ᠠᠪᠤᠷᠠᠨ ᠲᠤᠰᠠᠯᠠᠬᠤ ᠬᠥᠮᠦᠨ ᠥᠬᠡᠶ᠎ᠪᠠᠷ ᠤᠰᠤᠨ᠎ᠳᠤ ᠤᠮᠪᠠᠬᠤ ᠵᠢ ᠴᠢᠩᠭ᠎ᠠ ᠬᠣᠷᠢᠭᠯᠠᠵᠤ᠂ ᠰᠠᠶ᠋ᠢᠨ ᠮᠡᠳᠡᠬᠦ ᠥᠬᠡᠶ ᠤᠰᠤᠨ᠎ᠳᠤ ᠤᠮᠪᠠᠬᠤ ᠵᠢ ᠴᠢᠩᠭ᠎ᠠ   ᠬᠣᠷᠢᠭᠯᠠᠨ᠎ᠠ᠃ ᠣᠨᠴᠠᠭ᠋ᠠᠢ᠌ᠯᠠᠨ ᠬᠠᠨᠢ ᠨᠥᠬᠥᠳ᠎ᠨᠢ ᠤᠰᠤᠨ᠎ᠳᠤ ᠤᠨᠠᠪᠠᠯ᠂ ᠰᠣᠬᠣᠷ ᠪᠠᠯᠠᠶ᠎ᠪᠠᠷ ᠭᠠᠷ ᠭᠠᠷ ᠵᠶ᠋ᠠᠨ ᠬᠣᠯᠪᠤᠨ ᠠᠪᠤᠷᠠᠬᠤ ᠪᠤᠶᠤ ᠤᠰᠤᠨ᠎ᠳᠤ ᠣᠷᠣᠵᠤ ᠠᠪᠤᠷᠠᠵᠤ ᠪᠣᠯᠬᠤ ᠥᠬᠡᠶ᠂ ᠳᠠᠷᠤᠶ ᠲᠦᠷᠭᠡᠨ ᠲᠣᠮᠣ ᠬᠥᠮᠦᠨ᠎ᠤ ᠬᠠᠪᠰᠤᠷᠤᠯᠭ᠎ᠠ ᠵᠢ ᠡᠷᠢᠬᠦ ᠬᠡᠷᠡᠭᠲᠡᠶ᠃
      ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠲᠠᠨᠢᠯᠲᠠ᠎ᠪᠠᠨ ᠤᠯᠠᠮ ᠴᠠᠭ᠋ᠠᠰᠢᠲᠠ ᠳᠡᠭᠡᠭᠰᠢᠯᠡᠭᠦᠯᠵᠦ᠂ ᠤᠰᠤᠨ᠎ᠳᠤ ᠤᠨᠠᠬᠤ ᠬᠡᠷᠡᠭ ᠣᠯᠠᠨ ᠡᠭᠦᠰᠬᠦ᠎ᠳᠤ ᠴᠢᠭᠯᠡᠭᠦᠯᠦᠨ᠂ ᠨᠢᠭᠡ᠎ᠠᠴᠠ ᠨᠥᠭᠥᠭᠡ ᠵᠢ ᠵᠦᠢ᠍ᠴᠢᠯᠡᠵᠦ᠂ ᠬᠠᠮᠢᠶᠠᠷᠤᠯᠲᠠ ᠵᠢᠨ ᠠᠷᠭ᠎ᠠ ᠪᠣᠳᠣᠯᠭ᠎ᠠ᠎ᠪᠠᠨ ᠴᠢᠩᠭ᠋ᠠᠳᠬᠠᠵᠤ᠂ ᠬᠠᠨᠳᠤᠯᠭ᠋ᠠᠲᠠᠢ᠎ᠪᠠᠷ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠠᠵᠢᠯ᠎ᠢ ᠥᠷᠨᠢᠭᠦᠯᠵᠦ᠂ ᠬᠣᠯᠪᠤᠭᠳᠠᠬᠤ ᠲᠣᠭᠲᠠᠭ᠋ᠠᠯ ᠪᠠ ᠠᠵᠢᠯ᠎ᠤᠨ ᠲᠥᠰᠦᠯ᠎ᠢ ᠤᠯᠠᠮ ᠨᠢᠭᠡ ᠠᠯᠬᠤᠮ ᠪᠦᠷᠢᠳᠦᠭᠦᠯᠦᠨ ᠲᠡᠭᠦᠯᠳᠡᠷᠵᠢᠭᠦᠯᠵᠦ᠂ ᠤᠷᠢᠳᠴᠢᠯᠠᠨ ᠰᠡᠷᠭᠡᠶ᠋ᠢᠯᠡᠬᠦ ᠬᠥᠮᠦᠵᠢᠯ ᠪᠠ ᠬᠠᠮᠢᠶᠠᠷᠤᠯᠲᠠ ᠵᠢ ᠪᠠᠢ᠌ᠩᠭᠤᠵᠢᠭᠤᠯᠬᠤ ᠵᠢ ᠰᠠᠶ᠋ᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢ ᠵᠢᠨ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠵᠦ᠂ ᠡᠯ᠎ᠡ ᠲᠥᠷᠥᠯ᠎ᠤᠨ ᠠᠮᠤᠷ ᠲᠦᠪᠰᠢᠨ᠎ᠤ ᠮᠡᠳᠡᠯᠭᠡ ᠪᠠ ᠤᠷ᠎ᠠ ᠴᠢᠳᠠᠪᠤᠷᠢ ᠵᠢ ᠡᠵᠡᠮᠰᠢᠵᠦ᠂ ᠰᠤᠷᠤᠭᠴᠢᠳ᠎ᠤᠨ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
      ᠶᠡᠷᠦᠩᠬᠡᠶ᠋ᠢᠯᠡᠪᠡᠯ᠂ ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠣᠷᠢᠭ᠎ᠠ ᠱᠤᠭᠤᠮ᠎ᠤᠨ ᠰᠡᠳᠬᠢᠮᠵᠢ᠎ᠪᠠᠨ ᠴᠢᠩᠭ᠋ᠠᠳᠬᠠᠵᠤ᠂ ᠠᠮᠤᠷ ᠲᠦᠪᠰᠢᠨ᠎ᠤ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠬᠥᠮᠦᠵᠢᠯ᠎ᠢ ᠲᠠᠰᠤᠷᠠᠯᠲᠠ ᠥᠬᠡᠶ ᠴᠢᠩᠭ᠋ᠠᠳᠬᠠᠵᠤ᠂ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠤᠬᠠᠮᠰᠠᠷ᠎ᠢ ᠪᠠᠲᠤ ᠪᠡᠬᠢ ᠪᠣᠶ ᠪᠣᠯᠭ᠋ᠠᠵᠤ᠂ ᠰᠤᠷᠤᠭᠴᠢᠳ᠎ᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠥᠪᠡᠷ᠎ᠢ᠎ᠪᠠᠨ ᠠᠪᠤᠷᠬᠠᠤ ᠥᠪᠡᠷ᠎ᠢ᠎ᠪᠠᠨ ᠬᠠᠮᠠᠭ᠋ᠠᠯᠠᠬᠤ ᠤᠷ᠎ᠠ ᠴᠢᠳᠠᠪᠤᠷᠢ ᠵᠢ ᠴᠢᠩᠭ᠋ᠠᠳᠬᠠᠵᠤ᠂ ᠬᠡᠷ᠎ᠤᠨ ᠠᠬᠠᠮᠠᠳ᠎ᠤᠨ ᠠᠮᠤᠷ ᠲᠦᠪᠰᠢᠨ᠎ᠢ ᠬᠢᠨᠠᠨ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠷᠭᠦᠯᠵᠢᠯᠡᠨ ᠪᠡᠬᠢᠵᠢᠭᠦᠯᠵᠦ᠂ ᠥᠷᠭᠡᠨ ᠣᠯᠠᠨ ᠪᠠᠭᠰᠢ ᠰᠤᠷᠤᠭᠴᠢ ᠵᠢᠨ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠰᠤᠷᠤᠭᠴᠢᠳ᠎ᠤᠨ ᠠᠮᠤᠷ ᠲᠦᠪᠰᠢᠨ ᠡᠷᠡᠭᠦᠯ ᠴᠢᠭᠢᠷᠠᠭ ᠦᠰᠦᠨ ᠪᠣᠶ᠋ᠢᠵᠢᠬᠤ ᠵᠢ ᠪᠠᠲᠤᠯᠠᠨ᠎ᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠠᠮᠤᠷ ᠲᠦᠪᠰᠢᠨ᠎ᠤ ᠬᠥᠮᠦᠵᠢᠯ — ᠬᠢᠩᠭ᠋ᠠᠨ ᠠᠶ᠋ᠢᠮᠠᠭ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠬᠥᠳᠡᠯᠦᠯᠴᠡᠬᠦ᠎ᠪᠠᠨ ᠴᠢᠩᠭ᠋ᠠᠳᠬᠠᠵᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠶ᠋ᠢᠭᠤᠯᠪᠠ
ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠡᠯᠪᠡᠭ ᠪᠠᠶᠠᠯᠢᠭ ᠠᠮᠢᠳᠤᠷᠠᠯ 《ᠡᠭᠦᠯᠡᠨᠴᠢᠷ ᠲᠠᠪᠴᠠᠩ》᠎ᠳᠠᠬᠢ ᠮᠥᠷᠦᠢ᠌ᠴᠡᠯᠳᠦᠭᠡᠨ — ᠪᠥᠬᠥ ᠣᠷᠣᠨ᠎ᠤ᠎ᠬᠢᠨ 《2022 ᠣᠨ᠎ᠤ ᠵᠣᠨ᠎ᠤ ᠠᠮᠠᠷᠠᠯᠲᠠ ᠵᠢᠨ 〈ᠬᠣᠶᠠᠷ᠎ᠢ ᠬᠥᠩᠭᠡᠷᠡᠭᠦᠯᠬᠦ〉 ᠠᠵᠢᠯᠯᠠᠭ᠎ᠠ — ᠠᠮᠠᠷᠠᠯᠲᠠ ᠵᠢᠨ ᠬᠤᠭᠤᠴᠠᠭ᠋ᠠᠨ᠎ᠤ ᠪᠠᠶᠠᠷ ᠪᠠᠶᠠᠰᠤᠯᠲᠤ ᠭᠤᠤᠯ ᠰᠡᠳᠦᠪᠲᠦ ᠰᠢᠷᠢᠰ ᠠᠵᠢᠯᠯᠠᠭ᠎ᠠ》 ᠵᠢ ᠬᠥᠷ ᠬᠥᠭᠵᠢᠶᠡᠨᠲᠡᠢ ᠥᠷᠨᠢᠭᠦᠯᠵᠦ ᠪᠣᠢ
《ᠬᠣᠶᠠᠷ᠎ᠢ ᠬᠥᠩᠭᠡᠷᠡᠭᠦᠯᠬᠦ》 ᠲᠤᠬᠠᠶ ᠣᠯᠠᠨ᠎ᠤ ᠶᠠᠷᠢᠯᠴᠠᠭ᠎ᠠ — 《ᠬᠣᠶᠠᠷ᠎ᠢ ᠬᠥᠩᠭᠡᠷᠡᠭᠦᠯᠬᠦ》 ᠠᠬᠤᠶ ᠪᠠᠶ᠋ᠢᠳᠠᠯ᠎ᠳᠠᠬᠢ ᠪᠠᠭᠰᠢ ᠵᠢᠨ ᠳᠦᠷᠢ
ᠰᠤᠷᠭ᠋ᠠᠨ ᠬᠦᠮᠦᠵᠢᠯ᠎ᠤᠨ ᠬᠦᠴᠦᠷᠬᠡᠭ ᠤᠯᠤᠰ      2024-2035  ㉒
ᠰᠤᠷᠭ᠋ᠠᠨ ᠬᠦᠮᠦᠵᠢᠯ᠎ᠤᠨ ᠬᠦᠴᠦᠷᠬᠡᠭ ᠤᠯᠤᠰ      2024-2035  ⑤
 
             蒙ICP备05000248号