ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠤᠭᠴᠢᠳ᠎ᠤᠨ ᠠᠮᠤᠷ ᠲᠦᠪᠰᠢᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢᠤᠬᠢᠨ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠠᠵᠢᠯ᠎ᠢ ᠴᠢᠩᠭ᠎ᠠ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠪᠠ᠃ ᠬᠢᠩᠭ᠋ᠠᠨ ᠠᠶ᠋ᠢᠮᠠᠭ᠎ᠤᠨ ᠪᠣᠳᠠᠲᠠᠶ ᠠᠷᠭ᠎ᠠ ᠬᠡᠮᠵᠢᠶ᠎ᠡ ᠵᠢ ᠬᠠᠮᠲᠤ᠎ᠳᠤ᠎ᠪᠠᠨ ᠦᠵᠡᠵᠡᠭᠡᠶ᠎ᠡ!
ᠨᠠᠰᠤᠨ᠎ᠳᠤ ᠥᠯᠥ ᠭᠦᠷᠦᠭᠰᠡᠳ ᠤᠰᠤᠨ᠎ᠳᠤ ᠤᠨᠠᠬᠤ ᠬᠡᠷᠡᠭ ᠡᠭᠦᠰᠬᠦ ᠵᠢ ᠦᠨᠡᠨ ᠬᠦ᠌ ᠪᠠᠭ᠋ᠠᠰᠬᠠᠵᠤ᠂ ᠪᠠᠭ᠋ᠠᠴᠤᠳ ᠬᠡᠦᠬᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠪᠠᠲᠤᠯᠠᠬᠤ ᠵᠢᠨ ᠲᠥᠯᠥᠭᠡ᠂ ᠬᠢᠩᠭ᠋ᠠᠨ ᠠᠶ᠋ᠢᠮᠠᠭ 《ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯᠯᠠᠭᠤᠯᠵᠤ᠂ ᠤᠷᠢᠳ ᠵᠶ᠋ᠠᠷ ᠰᠤᠷᠭ᠋ᠠᠨ ᠬᠥᠮᠦᠵᠢᠭᠦᠯᠬᠦ᠂ ᠣᠯᠠᠨ ᠲᠠᠯ᠎ᠠ᠎ᠪᠠᠷ ᠬᠠᠮᠲᠤᠷᠠᠨ ᠬᠥᠳᠡᠯᠦᠯᠴᠡᠬᠦ》 ᠵᠠᠷᠴᠢᠮ ᠪᠠ ᠰᠡᠳᠬᠢᠮᠵᠢ ᠵᠢ ᠪᠠᠷᠢᠮᠲᠠᠯᠠᠵᠤ᠂ ᠰᠢᠷᠢᠰ ᠬᠦᠴᠦᠲᠡᠶ ᠠᠷᠭ᠎ᠠ ᠬᠡᠮᠵᠢᠶ᠎ᠡ ᠠᠪᠴᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠵᠢᠯ᠎ᠤᠨ ᠠᠮᠤᠷ ᠲᠦᠪᠰᠢᠨ᠎ᠤ ᠲᠤᠤᠷ᠎ᠢ ᠪᠠᠲᠤ ᠪᠠᠬᠢ ᠪᠠᠶ᠋ᠢᠭᠤᠯᠵᠤ᠂ ᠬᠡᠦᠬᠡᠳ᠎ᠤᠨ ᠠᠮᠢ ᠨᠠᠰᠤᠨ᠎ᠤ ᠠᠮᠤᠷ ᠲᠦᠪᠰᠢᠨ᠎ᠢ ᠰᠠᠶ᠋ᠢᠲᠤᠷ ᠰᠠᠬᠢᠨ ᠬᠠᠮᠠᠭ᠋ᠠᠯᠠᠪᠠ᠃
ᠦᠵᠡᠯ ᠰᠠᠨᠠᠭ᠎ᠠ ᠲᠠᠨᠢᠯᠲᠠ᠎ᠪᠠᠨ ᠴᠢᠩᠭ᠋ᠠᠳᠬᠠᠵᠤ᠂ ᠰᠤᠷᠭ᠋ᠠᠭᠤᠯᠢ᠎ᠳᠤ ᠵᠢᠭ᠋ᠠᠬᠤ ᠶᠣᠰᠤᠲᠠᠢ ᠪᠦᠬᠦᠨ᠎ᠢ ᠵᠢᠭ᠋ᠠᠪᠠ᠃ ᠬᠢᠩᠭ᠋ᠠᠨ ᠠᠶ᠋ᠢᠮᠠᠭ᠎ᠤᠨ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ᠎ᠤᠨ᠎ᠬᠢᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠭᠤᠤᠯ ᠰᠡᠳᠦᠪᠲᠦ ᠠᠩᠭᠢ ᠵᠢᠨ ᠬᠤᠷᠠᠯ᠂ ᠭᠠᠷ ᠪᠢᠴᠢᠮᠡᠯ ᠰᠣᠨᠢᠨ᠎ᠤ ᠦᠵᠡᠭᠦᠯᠭᠡ᠂ ᠤᠯᠠᠭ᠋ᠠᠨ ᠪᠥᠴᠡᠲᠡᠨ᠎ᠤ ᠷᠠᠳᠢᠣ᠋ ᠨᠡᠪᠲᠡᠷᠡᠭᠦᠯᠭᠡ ᠵᠢᠨ ᠥᠷᠲᠡᠭᠡ᠂ ᠰᠠᠮᠪᠠᠷ᠎ᠠ ᠵᠢᠨ ᠰᠣᠨᠢᠨ᠂ ᠠᠮᠤᠷ ᠲᠦᠪᠰᠢᠨ᠎ᠤ ᠮᠡᠳᠡᠯᠭᠡ ᠵᠢᠨ ᠤᠷᠤᠯᠳᠤᠭ᠋ᠠᠨ ᠥᠷᠨᠢᠭᠦᠯᠬᠦ᠂ ᠰᠤᠷᠤᠭᠴᠢᠳ ᠪᠣᠯᠤᠨ ᠭᠡᠷ᠎ᠤᠨ ᠠᠬᠠᠮᠠᠳ᠎ᠢ ᠵᠣᠬᠢᠶᠠᠨ ᠪᠠᠶ᠋ᠢᠭᠤᠯᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠲᠤᠰᠬᠠᠶ ᠰᠡᠳᠦᠪᠲᠦ ᠬᠥᠮᠦᠵᠢᠯ᠎ᠤᠨ ᠸᠢᠳᠢᠤ᠋ ᠵᠢ ᠦᠵᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠮᠡᠳᠡᠯᠭᠡ ᠵᠢᠨ ᠰᠤᠷᠤᠯᠴᠠᠯᠭ᠎ᠠ ᠵᠢ ᠴᠢᠩᠭ᠋ᠠᠳᠬᠠᠵᠤ᠂ ᠲᠡᠳᠡᠨ᠎ᠤ ᠥᠪᠡᠷ᠎ᠢ᠎ᠪᠠᠨ ᠬᠠᠮᠠᠭ᠋ᠠᠯᠠᠵᠤ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠪᠡ᠃ ᠬᠡᠷ ᠪᠦᠯᠢ ᠪᠠ ᠰᠤᠷᠭ᠋ᠠᠭᠤᠯᠢ ᠬᠣᠯᠪᠣᠭ᠋ᠠᠯᠠᠨ ᠬᠥᠳᠡᠯᠦᠯᠴᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠲᠤᠬᠠᠶ ᠵᠢᠨ ᠭᠠᠵᠠᠷ᠎ᠤᠨ ᠰᠣᠨᠢᠨ ᠮᠡᠳᠡᠭᠡᠨ᠎ᠤ ᠵᠠᠭᠤᠴᠢᠯᠠᠭᠤᠷ᠂ ᠷᠠᠳᠢᠣ᠋ ᠲᠧᠯᠸᠢᠰ᠂ ᠰᠤᠷᠭ᠋ᠠᠭᠤᠯᠢ ᠵᠢᠨ ᠮᠡᠳᠡᠭᠡ ᠬᠣᠯᠪᠣᠭ᠎ᠠ᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠤᠬᠠᠭᠤᠯᠭ᠎ᠠ ᠵᠢᠨ ᠪᠤᠯᠤᠩ ᠵᠡᠷᠭᠡ ᠠᠴᠢᠶᠠᠯᠠᠪᠤᠷᠢ᠎ᠪᠠᠷ ᠳᠠᠮᠵᠢᠭᠤᠯᠤᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠤᠬᠠᠭᠤᠯᠭ᠎ᠠ ᠬᠥᠮᠦᠵᠢᠯ᠎ᠤᠨ ᠡᠷᠴᠢᠮ᠎ᠢ ᠣᠯᠠᠨ ᠵᠦᠢ᠍ᠯ᠎ᠤᠨ ᠬᠡᠯᠪᠡᠷᠢ᠎ᠪᠠᠷ ᠦᠷᠭᠦᠯᠵᠢᠯᠡᠨ ᠴᠢᠩᠭ᠋ᠠᠷᠠᠭᠤᠯᠵᠤ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠶᠡᠷᠦ ᠵᠢᠨ ᠮᠡᠳᠡᠯᠭᠡ ᠵᠢ ᠬᠥᠮᠦᠨ ᠪᠦᠬᠦᠨ᠎ᠳᠤ ᠮᠡᠳᠡᠭᠦᠯᠪᠡ᠃ 《ᠲᠦᠮᠡᠨ ᠪᠠᠭᠰᠢ ᠲᠦᠮᠡᠨ ᠡᠷᠦᠬᠡ ᠵᠢ ᠰᠤᠷᠪᠤᠯᠵᠢᠯᠠᠬᠤ》 ᠠᠵᠢᠯᠯᠠᠭ᠎ᠠ ᠵᠢ ᠥᠷᠨᠢᠭᠦᠯᠵᠦ᠂ ᠣᠨᠴᠠᠭ᠋ᠠᠢ᠌ᠯᠠᠨ ᠬᠥᠳᠡᠭᠡ ᠲᠣᠰᠬᠣᠨ᠎ᠤ ᠰᠣᠷᠣᠭᠴᠢ᠂ ᠬᠡᠷ᠎ᠲᠤ᠎ᠪᠠᠨ ᠬᠣᠴᠣᠷᠤᠭᠰᠠᠨ ᠬᠡᠦᠬᠡᠳ ᠵᠡᠷᠭᠡ ᠭᠣᠣᠯᠳᠠᠯᠭ᠋ᠠᠲᠠᠢ ᠬᠠᠮᠲᠤᠯᠢᠭ᠎ᠤᠨ ᠰᠣᠷᠣᠭᠴᠢ ᠵᠢᠨ ᠬᠢᠨᠠᠨ ᠬᠠᠮᠠᠭ᠋ᠠᠯᠠᠭᠴᠢ᠎ᠳᠤ ᠤᠰᠤᠨ᠎ᠳᠤ ᠤᠨᠠᠬᠤ᠎ᠠᠴᠠ ᠰᠡᠷᠭᠡᠶ᠋ᠢᠯᠡᠬᠦ ᠠᠩᠬᠠᠷᠬᠤ ᠵᠦᠢ᠍ᠯ᠎ᠢ ᠠᠩᠬᠠᠷᠤᠭᠤᠯᠵᠤ᠂ ᠬᠡᠷ᠎ᠤᠨ ᠠᠬᠠᠮᠠᠳ᠎ᠲᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠬᠢᠨᠠᠨ ᠬᠠᠮᠠᠭ᠋ᠠᠯᠠᠬᠤ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠭᠦᠯᠪᠡ᠃ ᠣᠳᠣ ᠪᠣᠯᠲᠠᠯ᠎ᠠ᠂ ᠪᠥᠬᠥ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠶᠡᠷᠦ ᠵᠢᠨ ᠮᠡᠳᠡᠯᠭᠡ ᠵᠢᠨ ᠤᠬᠠᠭᠤᠯᠭ᠎ᠠ ᠬᠥᠮᠦᠵᠢᠯ᠎ᠢ 705 ᠲᠠᠯᠠᠪᠤᠷ ᠤᠳᠠᠭ᠎ᠠ ᠥᠷᠨᠢᠭᠦᠯᠵᠦ᠂ 600 ᠭᠠᠷᠤᠶ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ 24 ᠲᠦᠮᠡ ᠭᠠᠷᠤᠶ ᠪᠠᠭᠰᠢ ᠰᠣᠷᠣᠭᠴᠢ ᠵᠢᠴᠢ 17 ᠲᠦᠮᠡ ᠭᠠᠷᠤᠶ ᠬᠡᠷ᠎ᠤᠨ ᠠᠬᠠᠮᠠᠳ᠎ᠢ ᠬᠠᠮᠤᠷᠴᠤ᠂ ᠰᠤᠷᠤᠭᠴᠢ᠂ ᠬᠡᠷ᠎ᠤᠨ ᠠᠬᠠᠮᠠᠳ᠂ ᠬᠢᠨᠠᠨ ᠬᠠᠮᠠᠭ᠋ᠠᠯᠠᠭᠴᠢ ᠨᠢᠭᠡ ᠪᠦᠷᠢ᠎ᠳᠤ ᠪᠦᠷᠬᠦᠭᠦᠯᠬᠦ ᠵᠢ ᠦᠨᠡᠨ ᠬᠦ᠌ ᠪᠠᠲᠤᠯᠠᠪᠠ᠃


ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠭᠠᠳᠠᠨᠠᠬᠢ ᠣᠯᠠᠨ ᠲᠠᠯ᠎ᠠ ᠵᠢ ᠬᠥᠲᠥᠯᠥᠨ ᠵᠢᠯᠣᠭᠣᠳᠪᠠ᠃ ᠤᠯᠠᠭ᠋ᠠᠨᠬᠣᠲᠠ ᠵᠢᠨ ᠵᠣᠯ ᠵᠢᠷᠭ᠋ᠠᠯᠲᠤ ᠨᠡᠶ᠋ᠢᠭᠡᠮ ᠲᠣᠭᠣᠷᠢᠭ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠪᠠᠭ᠋ᠠᠴᠤᠳ᠎ᠤᠨ ᠬᠣᠰᠢᠭᠤᠴᠢ ᠠᠩᠭᠢ ᠵᠢᠨ ᠬᠡᠰᠢᠭᠦᠨ᠎ᠤ ᠠᠵᠢᠯ᠎ᠤᠨ ᠵᠥᠪᠯᠡᠯ᠂ ᠲᠦᠴᠢᠦᠸᠠᠨ ᠰᠢᠶᠠᠨ᠎ᠤ ᠳ᠋ᠠ ᠵᠧᠩ ᠨᠣᠮ᠎ᠤᠨ ᠳᠡᠯᠭᠡᠭᠦᠷ ᠁ ᠭᠠᠵᠠᠷ ᠪᠣᠯᠭ᠋ᠠᠨ᠎ᠳᠤ ᠠᠮᠢᠳᠤᠯᠢᠭ ᠪᠥᠭᠡᠳ ᠰᠡᠳᠬᠢᠯ ᠳᠣᠭᠳᠤᠯᠤᠭᠤᠯᠤᠮᠠ ᠠᠮᠠᠷᠠᠯᠲᠠ ᠵᠢᠨ ᠬᠤᠭᠤᠴᠠᠭ᠋ᠠᠨ᠎ᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠤᠬᠠᠭᠤᠯᠭ᠎ᠠ ᠬᠥᠮᠦᠵᠢᠯ ᠭᠦᠨᠵᠡᠭᠡᠢ᠂ ᠪᠥᠲᠦᠮᠵᠢᠲᠡᠢ᠂ ᠪᠣᠳᠠᠲᠠᠢ ᠶᠠᠪᠤᠭᠳᠠᠪᠠ᠃ ᠷᠠᠰᠢᠶᠠᠨ᠎ᠤ ᠭᠠᠯ᠎ᠢ ᠰᠡᠷᠭᠡᠢ᠌ᠯᠡᠬᠦ ᠶᠡᠬᠡ ᠠᠩᠭᠢ᠎ᠳᠤ ᠭᠠᠯ᠎ᠢ ᠰᠡᠷᠭᠡᠢ᠌ᠯᠡᠬᠦ ᠰᠠᠶ᠋ᠢᠨ ᠳᠤᠷᠠᠴᠤᠤᠯ ᠠᠮᠢᠳᠤᠯᠢᠭ ᠬᠡᠷᠡᠭ᠎ᠤᠨ ᠵᠢᠱ᠌ᠢᠶ᠎ᠡ᠎ᠪᠠᠷ ᠬᠡᠦᠬᠡᠳ᠎ᠤᠳ᠎ᠲᠤ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ᠎ᠤᠨ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠪᠠᠭᠰᠢ ᠰᠤᠷᠤᠭᠴᠢᠳ᠎ᠲᠤ ᠵᠤᠨ᠎ᠤ ᠤᠯᠠᠷᠢᠯ᠎ᠤᠨ ᠤᠰᠤᠨ᠎ᠳᠤ ᠤᠨᠠᠭᠰᠠᠨ ᠬᠡᠷᠡᠭ᠎ᠤᠨ ᠬᠣᠣᠷ ᠬᠥᠨᠦᠭᠡᠯᠢ ᠳᠦᠷᠰᠦᠯᠢᠭ ᠵᠶ᠋ᠠᠷ ᠵᠠᠳᠠᠯᠤᠨ ᠥᠭᠴᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠪᠠ ᠠᠪᠤᠷᠠᠨ ᠲᠤᠰᠠᠯᠠᠬᠤ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠰᠤᠷᠤᠭᠴᠢᠳ᠎ᠢ ᠪᠠᠴᠢᠮ ᠠᠪᠤᠷᠠᠬᠤ ᠠᠵᠢᠯᠯᠠᠭ᠎ᠠ᠎ᠳᠤ ᠤᠷᠢᠨ ᠣᠷᠣᠯᠴᠠᠭᠤᠯᠵᠤ᠂ ᠰᠤᠷᠤᠭᠴᠢᠳ᠎ᠤᠨ ᠠᠮᠤᠷ ᠲᠦᠪᠰᠢᠨ᠎ᠤ ᠦᠵᠡᠯ ᠤᠬᠠᠮᠰᠠᠷ ᠪᠣᠯᠤᠨ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃ 《ᠤᠰᠤᠨ᠎ᠳᠤ ᠤᠨᠠᠬᠤ᠎ᠠᠴᠠ ᠰᠡᠷᠭᠡᠶ᠋ᠢᠯᠡᠬᠦ ᠠᠮᠤᠷ ᠲᠦᠪᠰᠢᠨ᠎ᠤ ᠬᠥᠮᠦᠵᠢᠯ ᠵᠶ᠋ᠠᠷ ᠳᠡᠮᠵᠢᠨ᠂ ᠠᠭ᠋ᠠᠭᠢᠮ᠎ᠠ ᠬᠠᠯᠠᠭᠤᠨ ᠵᠣᠨ᠎ᠤ ᠤᠯᠠᠷᠢᠯ᠎ᠳᠤ ᠲᠠᠨᠢᠯ ᠪᠤᠰᠤ ᠤᠰᠤᠨ᠎ᠳᠤ ᠣᠴᠢᠵᠤ ᠤᠮᠪᠠᠵᠤ ᠪᠣᠯᠬᠤ ᠥᠬᠡᠶ᠂ ᠤᠰᠤᠨ᠎ᠳᠤ ᠤᠮᠪᠠᠬᠤᠳᠤᠪᠠᠨ ᠵᠠᠪᠠᠯ ᠲᠣᠮᠣ ᠬᠥᠮᠦᠨ᠎ᠲᠠᠢ᠎ᠪᠠᠨ ᠬᠠᠮᠲᠤ ᠵᠢᠩᠬᠢᠨᠢ ᠤᠮᠪᠠᠯᠲᠠ ᠵᠢᠨ ᠭᠠᠵᠠᠷ᠎ᠲᠤ ᠣᠴᠢᠬᠤ ᠬᠡᠷᠡᠭᠲᠡᠶ᠂ ᠡᠩ᠎ᠤᠨ ᠦᠶ᠎ᠡ᠎ᠳᠤ ᠨᠠᠭ᠋ᠠᠳᠴᠤ ᠪᠠᠶ᠋ᠢᠭ᠋ᠠᠳ ᠳᠤᠷ᠎ᠠ᠎ᠪᠠᠷ ᠵᠶ᠋ᠠᠨ ᠤᠰᠤᠨ᠎ᠳᠤ ᠣᠷᠣᠵᠤ ᠪᠣᠯᠬᠤ ᠥᠬᠡᠶ᠂ ᠬᠡᠷᠪᠡ ᠬᠠᠵᠠᠭᠤ᠎ᠳᠤ ᠴᠢᠨᠢ ᠪᠣᠰᠤᠳ ᠬᠡᠦᠬᠡᠳ ᠬᠢᠴᠢᠶᠡᠮᠵᠢ ᠥᠬᠡᠶ᠎ᠪᠠᠷ ᠤᠰᠤᠨ᠎ᠳᠤ ᠤᠨᠠᠭᠰᠠᠨᠢ ᠣᠯᠵᠤ ᠮᠡᠳᠡᠪᠡᠯ᠂ ᠶᠡᠬᠡ ᠳᠠᠭᠤᠨ ᠵᠶ᠋ᠠᠷ ᠬᠠᠰᠬᠢᠷᠴᠤ ᠳᠡᠷᠭᠡᠳᠡᠬᠢ ᠨᠠᠰᠤᠨ᠎ᠳᠤ ᠭᠦᠷᠦᠭᠰᠡᠳ᠎ᠠᠴᠠ ᠬᠠᠪᠰᠤᠷᠤᠯᠭ᠎ᠠ ᠡᠷᠢᠬᠦ ᠵᠢᠨ ᠬᠠᠮᠲᠤ ᠵᠥᠪ ᠣᠨᠣᠪᠴᠢᠲᠠᠢ ᠠᠪᠤᠷᠠᠨ ᠲᠤᠰᠠᠯᠠᠬᠤ ᠲᠠᠰ ᠳᠠᠷᠠᠭ᠋ᠠᠯᠠᠯ᠂ ᠳᠦᠷᠢ ᠪᠠᠶ᠋ᠢᠳᠠᠯ᠂ ᠬᠦᠴᠦᠯᠡᠴᠡ ᠶᠣᠰᠤ᠎ᠪᠠᠷ ᠤᠰᠤᠨ᠎ᠳᠤ ᠤᠨᠠᠭᠰᠠᠳ᠎ᠲᠤ ᠲᠦᠷᠭᠡᠨ ᠠᠪᠤᠷᠠᠯᠳᠠ ᠬᠢᠬᠦ ᠬᠡᠷᠡᠭᠲᠡᠶ》 ᠭᠡᠵᠦ ᠷᠠᠰᠢᠶᠠᠨ ᠬᠣᠲᠠ ᠵᠢᠨ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠭᠤᠷᠪᠠᠳᠤᠭ᠋ᠠᠷ ᠣᠨ᠎ᠤ ᠨᠢᠭᠡᠳᠦᠭᠡᠷ ᠠᠩᠭᠢ ᠵᠢᠨ ᠯᠢ ᠢ ᠹᠸᠢ ᠶᠠᠷᠢᠪᠠ᠃
ᠲᠣᠭᠣᠷᠢᠨ ᠪᠠᠶ᠋ᠢᠴᠠᠭ᠋ᠠᠵᠤ ᠰᠡᠷᠭᠡᠶ᠋ᠢᠯᠡᠨ ᠬᠠᠮᠠᠭ᠋ᠠᠯᠠᠬᠤ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠬᠥᠳᠡᠯᠦᠯᠴᠡᠪᠡ᠃ 《ᠮᠠᠨ᠎ᠤ ᠲᠣᠰᠬᠣᠨ ᠨᠢᠭᠡᠨᠲᠡ ᠤᠰᠤᠨ᠎ᠳᠤ ᠤᠨᠠᠬᠤ ᠵᠢ ᠰᠡᠷᠭᠡᠶ᠋ᠢᠯᠡᠬᠦ ᠪᠠ ᠦᠶᠡᠷ᠎ᠢ ᠰᠡᠷᠭᠡᠶ᠋ᠢᠯᠡᠬᠦ ᠲᠣᠭᠣᠷᠢᠨ ᠪᠠᠶ᠋ᠢᠴᠠᠭ᠋ᠠᠬᠤ ᠠᠩᠭᠢ ᠵᠢ ᠪᠠᠶ᠋ᠢᠭᠤᠯᠵᠤ᠂ ᠲᠤᠰᠬᠠᠶ ᠬᠥᠮᠦᠨ ᠵᠣᠬᠢᠶᠠᠨ ᠪᠠᠢ᠌ᠭᠤᠯᠵᠤ ᠲᠣᠭᠣᠷᠢᠨ ᠪᠠᠶ᠋ᠢᠴᠠᠭ᠋ᠠᠵᠤ᠂ ᠲᠣᠰᠬᠣᠨ᠎ᠤ ᠠᠷᠠᠳ᠎ᠢ ᠬᠢᠨᠠᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠬᠦ ᠵᠢ ᠬᠥᠲᠥᠯᠥᠨ ᠵᠢᠯᠣᠭᠣᠳᠴᠤ ᠰᠠᠨᠠᠭᠤᠯᠵᠤ᠂ ᠬᠡᠦᠬᠡᠳ᠎ᠤᠨ ᠭᠤᠤᠯ᠎ᠤᠨ ᠵᠠᠮ᠂ ᠨᠦᠬᠡ ᠨᠠᠭᠤᠷ ᠴᠥᠭᠥᠷᠥᠮ᠎ᠤᠨ ᠬᠠᠵᠠᠭᠤ᠎ᠳᠤ ᠨᠠᠭ᠋ᠠᠳᠴᠤ ᠪᠠᠶ᠋ᠢᠬᠤ ᠵᠢ ᠣᠯᠵᠤ ᠮᠡᠳᠡᠪᠡᠯ ᠳᠠᠷᠤᠢ᠎ᠳᠤ᠎ᠨᠢ ᠢᠳᠬᠠᠨ ᠬᠣᠷᠢᠭᠯᠠᠵᠤ᠂ ᠤᠰᠤᠨ᠎ᠳᠤ ᠤᠨᠠᠬᠤ ᠡᠨᠳᠡᠯ ᠭᠠᠷᠬᠤ ᠵᠢ ᠡᠷᠡᠰ ᠬᠣᠷᠢᠭᠯᠠᠪᠠ》 ᠭᠡᠵᠦ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠢᠷᠭ᠎ᠠ ᠭᠠᠴᠠᠭ᠋ᠠᠨ᠎ᠤ ᠬᠣᠯᠪᠤᠭᠳᠠᠬᠤ ᠬᠠᠷᠢᠭᠤᠴᠠᠯᠭ᠋ᠠᠲᠠᠨ ᠶᠠᠷᠢᠪᠠ᠃ ᠬᠢᠩᠭ᠋ᠠᠨ ᠠᠢ᠌ᠮᠠᠭ᠎ᠤᠨ ᠰᠤᠷᠭ᠋ᠠᠨ ᠬᠥᠮᠦᠵᠢᠯ᠂ ᠳᠣᠲᠣᠭ᠋ᠠᠳᠤ ᠵᠢ ᠬᠠᠮᠠᠭ᠋ᠠᠯᠠᠬᠤ᠂ ᠠᠷᠠᠳ᠎ᠤᠨ ᠶᠠᠪᠤᠳᠠᠯ᠂ ᠤᠰᠤᠨ ᠠᠰᠢᠭᠯᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠨᠢᠭᠲᠠ ᠬᠠᠮᠵᠢᠯᠴᠠᠵᠤ᠂ ᠨᠠᠷᠢᠯᠢᠭ ᠣᠨᠣᠴᠠᠲᠠᠢ ᠬᠦᠴᠦᠯᠡᠵᠦ᠂ ᠤᠰᠤᠨ᠎ᠳᠤ ᠤᠨᠠᠬᠤ ᠵᠢ ᠰᠡᠷᠭᠡᠶ᠋ᠢᠯᠡᠬᠦ ᠪᠠᠶ᠋ᠢᠩᠭᠤ ᠵᠢᠨ ᠠᠵᠢᠯ᠎ᠤᠨ ᠲᠣᠭᠲᠠᠴᠠ ᠵᠢ ᠪᠠᠢ᠌ᠭᠤᠯᠵᠤ᠂ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠥᠮᠦᠨ᠎ᠤ ᠰᠡᠷᠭᠡᠶ᠋ᠢᠯᠡᠯᠲᠡ᠂ ᠪᠣᠳᠠᠰ᠎ᠤᠨ ᠬᠠᠮᠠᠭ᠋ᠠᠯᠠᠯᠲᠠ᠂ ᠮᠡᠷᠭᠡᠵᠢᠯ᠎ᠤᠨ ᠰᠡᠷᠭᠡᠶ᠋ᠢᠯᠡᠯᠲᠡ ᠵᠢ ᠴᠢᠩᠭ᠋ᠠᠳᠬᠠᠬᠤ ᠵᠡᠷᠭᠡ ᠡᠯᠧᠮᠧᠨ᠋ᠲ᠎ᠤᠨ ᠪᠡᠯᠡ ᠣᠷᠣᠭᠤᠯᠤᠯᠲᠠ ᠪᠠ ᠪᠠᠲᠤᠯᠠᠭ᠎ᠠ ᠵᠢ ᠴᠢᠩᠭ᠋ᠠᠷᠠᠭᠤᠯᠵᠤ᠂ ᠣᠶᠤᠲᠠᠨ ᠰᠠᠶ᠋ᠢᠨ ᠳᠤᠷᠠᠴᠤᠤᠯ᠂ ᠨᠡᠶ᠋ᠢᠭᠡᠮ ᠲᠣᠭᠣᠷᠢᠭ᠎ᠤᠨ ᠠᠵᠢᠯᠲᠠᠨ᠂ ᠨᠠᠮ᠎ᠤᠨ ᠭᠡᠰᠢᠭᠦᠨ ᠪᠠᠭᠰᠢ᠂ ᠵᠡᠭᠡᠯᠢ ᠭᠤᠳᠤᠮᠵᠢ ᠭᠠᠴᠠᠭ᠎ᠠ ᠲᠣᠰᠬᠣᠨ᠎ᠤ ᠺᠠᠳ᠋ᠷ ᠵᠡᠷᠭᠡ ᠵᠢ ᠨᠡᠢ᠌ᠯᠡᠭᠦᠯᠵᠦ ᠡᠬᠢ ᠪᠠᠶᠠᠯᠢᠭ᠎ᠤᠨ ᠬᠦᠴᠦᠨ᠎ᠢ ᠨᠡᠮᠡᠭᠳᠡᠭᠦᠯᠵᠦ᠂ ᠭᠣᠣᠯᠳᠠᠯᠭ᠋ᠠᠲᠠᠢ ᠴᠠᠭ ᠬᠤᠭᠤᠴᠠᠭ᠎ᠠ᠂ ᠭᠣᠣᠯᠳᠠᠯᠭ᠋ᠠᠲᠠᠢ ᠤᠰᠤᠨ ᠣᠷᠣᠨ᠎ᠢ ᠲᠣᠭᠣᠷᠢᠨ ᠪᠠᠶ᠋ᠢᠴᠠᠭ᠋ᠠᠬᠤ ᠡᠷᠴᠢᠮ ᠪᠠ ᠲᠣᠭᠣᠷᠢᠨ ᠰᠡᠷᠭᠡᠶ᠋ᠢᠯᠡᠬᠦ ᠳᠠᠪᠲᠠᠮᠵᠢ᠂ ᠬᠠᠷᠢᠶ᠎ᠠ ᠣᠷᠣᠨ᠎ᠤ ᠭᠤᠤᠯ᠎ᠤᠨ ᠵᠠᠮ᠂ ᠪᠠᠷᠲᠠᠭ᠋ᠠᠲᠤ ᠳᠠᠩ᠂ ᠴᠥᠭᠥᠷᠥᠮ ᠵᠡᠷᠭᠡ ᠤᠰᠤᠨ ᠣᠷᠣᠨ᠎ᠤ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠨᠡᠶ᠋ᠢᠳᠡᠮ ᠬᠢᠬᠦ ᠵᠢᠨ ᠬᠠᠮᠲᠤ ᠰᠤᠮᠤ ᠰᠢᠶᠠᠩ ᠪᠠᠯᠭ᠋ᠠᠰᠤ ᠭᠠᠴᠠᠭ᠎ᠠ ᠲᠣᠰᠬᠣᠨ᠎ᠢ ᠵᠣᠬᠢᠴᠠᠭᠤᠯᠵᠤ᠂ ᠠᠮᠤᠷ ᠲᠦᠪᠰᠢᠨ᠎ᠤ ᠳᠠᠯᠳᠠ ᠬᠡᠮ ᠣᠷᠣᠰᠢᠵᠤ ᠪᠠᠶ᠋ᠢᠭ᠎ᠠ ᠭᠣᠣᠯᠳᠠᠯᠭ᠋ᠠᠲᠠᠢ ᠤᠰᠤᠨ ᠣᠷᠣᠨ᠎ᠳᠤ ᠠᠮᠤᠷ ᠲᠦᠪᠰᠢᠨ᠎ᠤ ᠰᠡᠷᠡᠮᠵᠢᠯᠡᠭᠦᠯᠬᠦ ᠫᠠᠶ᠋ᠢᠰᠠ ᠵᠢ ᠲᠣᠬᠢᠷᠠᠭᠤᠯᠵᠤ᠂ ᠠᠮᠤᠷ ᠲᠦᠪᠰᠢᠨ᠎ᠤ ᠲᠤᠰᠠᠭ᠋ᠠᠷᠯᠠᠬᠤ ᠪᠦᠰᠡ ᠪᠠ ᠬᠠᠯᠬᠠᠪᠴᠢ ᠬᠡᠷᠡᠰᠬᠡ ᠪᠠᠢ᠌ᠭᠤᠯᠵᠤ᠂ ᠲᠣᠰᠬᠣᠨ᠎ᠤ ᠠᠷᠠᠳ ᠪᠠ ᠰᠤᠷᠤᠭᠴᠢᠳ᠎ᠢ ᠰᠡᠷᠡᠮᠵᠢᠯᠡᠭᠦᠯᠵᠦ᠂ ᠳᠤᠷ᠎ᠠ᠎ᠪᠠᠷ ᠵᠶ᠋ᠠᠨ ᠤᠰᠤᠨ᠎ᠳᠤ ᠣᠷᠣᠬᠤ ᠦᠭᠡᠢ᠂ ᠠᠶᠤᠯ᠎ᠠᠴᠠ ᠬᠣᠯᠠ ᠵᠠᠶ᠋ᠢᠯᠠᠬᠤ ᠵᠢ ᠱᠠᠭ᠋ᠠᠷᠳᠠᠵᠤ᠂ ᠲᠣᠰᠬᠣᠨ᠎ᠤ ᠠᠷᠠᠳ ᠪᠣᠯᠤᠨ ᠥᠷᠭᠡᠨ ᠣᠯᠠᠨ ᠰᠤᠷᠤᠭᠴᠢ ᠵᠢ ᠠᠶᠤᠯᠲᠠᠶ ᠤᠰᠤᠨ ᠣᠷᠣᠨ᠎ᠳᠤ ᠨᠠᠭ᠋ᠠᠳᠴᠤ ᠪᠠᠶ᠋ᠢᠭ᠋ᠠᠳ ᠤᠰᠤᠨ᠎ᠳᠤ ᠤᠨᠠᠬᠤ ᠬᠡᠷᠡᠭ ᠭᠠᠷᠬᠤ᠎ᠠᠴᠠ ᠵᠠᠢ᠌ᠯᠠᠭᠤᠯᠪᠠ᠃


ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠢ ᠦᠷᠭᠦᠯᠵᠢ ᠰᠠᠨᠠᠭᠤᠯᠵᠤ᠂ ᠦᠷᠭᠦᠯᠵᠢ ᠰᠤᠷᠭ᠋ᠠᠨ ᠬᠥᠮᠦᠵᠢᠭᠦᠯᠵᠦ᠂ ᠦᠷᠭᠦᠯᠵᠢ ᠠᠩᠬᠠᠷᠴᠤ᠂ ᠪᠢᠳᠡ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠬᠥᠪᠴᠢ᠎ᠪᠠᠨ ᠴᠢᠩᠭ᠋ᠠᠯᠠᠵᠤ᠂ ᠬᠡᠦᠬᠡᠳ᠎ᠤᠨ ᠠᠮᠠᠷᠠᠯᠲᠠ ᠵᠢᠨ ᠬᠤᠭᠤᠴᠠᠭ᠎ᠠ ᠵᠢ ᠠᠮᠤᠷ ᠲᠦᠪᠰᠢᠨ᠂ ᠪᠠᠶᠠᠷ ᠬᠥᠷᠲᠡᠢ ᠥᠩᠭᠡᠷᠡᠭᠦᠯᠦᠨ᠎ᠡ᠃