ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢ ᠲᠥᠯᠦᠭᠡᠯᠡᠨ ᠬᠢᠭᠰᠡᠨ ᠢᠯᠡᠳᠬᠡᠯ᠎ᠢ ᠭᠦᠨᠵᠡᠭᠡᠶ ᠣᠢ᠌ᠯᠠᠭ᠋ᠠᠨ᠂ ᠪᠦᠬᠦ ᠪᠠᠭᠰᠢ ᠰᠤᠷᠤᠭᠴᠢ ᠠᠵᠢᠯᠲᠠᠨ᠎ᠤ ᠦᠵᠡᠯ ᠰᠠᠨᠠᠭ᠎ᠠ ᠵᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠡᠳᠬᠡᠬᠦ ᠵᠢᠨ ᠲᠥᠯᠦᠭᠡ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠵᠠᠮ ᠬᠠᠷᠢᠯᠴᠠᠭ᠋ᠠᠨ᠎ᠤ ᠳᠡᠭᠡᠳᠦ ᠰᠤᠷᠭ᠋ᠠᠭᠤᠯᠢ) ᠵᠢᠨ ᠨᠠᠮ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠨᠠᠷᠢᠨ ᠨᠢᠮᠪᠠᠶ ᠵᠣᠬᠢᠶᠠᠨ ᠪᠠᠢ᠌ᠭᠤᠯᠵᠤ᠂ ᠡᠷᠡᠰ ᠪᠠᠲᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ᠎ᠪᠠᠷ ᠰᠤᠷᠭ᠋ᠠᠭᠤᠯᠢ ᠵᠢᠨ ᠳᠣᠲᠣᠨ᠎ᠠ ᠭᠠᠳᠠᠨᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠦᠬᠦᠯᠢ ᠴᠣᠭᠴᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠭᠰᠡᠨ᠎ᠤ ᠬᠠᠮᠲᠤ ᠠᠯᠢᠪᠠ ᠴᠠᠭ᠎ᠪᠠᠨ ᠰᠠᠶ᠋ᠢᠲᠤᠷ ᠠᠰᠢᠭᠯᠠᠨ᠂ ᠣᠯᠠᠨ ᠵᠦᠢ᠍ᠯ᠎ᠤᠨ ᠬᠡᠯᠪᠡᠷᠢ᠂ ᠤᠯᠠᠨ ᠵᠦᠢ᠍ᠯ᠎ᠤᠨ ᠠᠷᠭ᠎ᠠ ᠵᠠᠮ ᠵᠶ᠋ᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠲᠠᠰᠤᠷᠠᠯᠳᠠ ᠦᠭᠡᠢ ᠥᠷᠨᠢᠭᠦᠯᠪᠡ᠃

ᠪᠠᠭᠰᠢ ᠰᠤᠷᠤᠭᠴᠢᠳ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠦᠪᠡᠳᠡᠭᠰᠢ ᠶᠡᠬᠡ
ᠶᠣᠰᠤᠯᠠᠯ᠎ᠢ ᠬᠠᠯᠠᠭᠤᠨ ᠵᠶ᠋ᠠᠷ ᠤᠭᠲᠤᠵᠤ ᠨᠠᠷᠢᠨ ᠨᠢᠮᠪᠠᠢ ᠭᠥᠯᠢᠶᠡᠨ ᠠᠪᠴᠤ ᠰᠣᠨᠢᠷᠬᠠᠪᠠ
10 ᠰᠠᠷ᠎ᠠ ᠵᠢᠨ 16᠎ᠤ ᠦᠳᠡ ᠵᠢᠨ ᠡᠮᠦᠨᠡᠬᠢ 10 ᠴᠠᠭ᠎ᠲᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠠᠮᠵᠢᠯᠲᠠ᠎ᠲᠠᠢ ᠡᠬᠢᠯᠡᠵᠦ᠂ ᠪᠦᠬᠦ ᠰᠤᠷᠭ᠋ᠠᠭᠤᠯᠢ ᠵᠢᠨ ᠪᠠᠭᠰᠢ ᠰᠤᠷᠤᠭᠴᠢᠳ ᠲᠤᠶ᠋ᠢᠯ᠎ᠤᠨ ᠴᠢᠩᠭ᠎ᠠ ᠤᠯᠤᠰ ᠲᠦᠷᠦ ᠵᠢᠨ ᠪᠠᠲᠤ ᠵᠣᠭᠰᠣᠯᠲᠠ ᠪᠠ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠬᠠᠯᠠᠭᠤᠨ ᠰᠡᠳᠬᠢᠯᠭᠡ᠎ᠪᠠᠨ ᠢᠯᠡᠷᠡᠭᠦᠯᠵᠦ᠂ ᠺᠣᠮᠫᠢᠦ᠋ᠲ᠋ᠧᠷ᠂ ᠭᠠᠷ ᠤᠲᠠᠰᠤ ᠵᠡᠷᠭᠡ ᠡᠯᠧᠺᠲᠷᠣᠨ ᠲᠥᠬᠥᠭᠡᠷᠦᠮᠵᠢ ᠵᠢ ᠠᠰᠢᠭᠯᠠᠨ ᠰᠢᠭᠤᠳ ᠨᠡᠪᠲᠡᠷᠡᠭᠦᠯᠭᠡ ᠵᠢ ᠨᠠᠷᠢᠨ ᠬᠢᠨᠠᠮᠠᠭ᠋ᠠᠢ ᠬᠦᠯᠢᠶᠡᠨ ᠠᠪᠴᠤ ᠦᠵᠡᠨ᠂ ᠶᠡᠷᠦᠩᠬᠡᠢ ᠱᠦᠵᠢ ᠰᠢ ᠵᠢᠨ ᠫᠢᠩ᠎ᠤᠨ ᠢᠯᠡᠳᠬᠡᠯ ᠥᠷᠭᠡᠨ ᠤᠯᠠᠨ ᠪᠠᠭᠰᠢ ᠰᠤᠷᠤᠭᠴᠢᠳ᠎ᠤᠨ ᠳᠤᠮᠳᠠ ᠴᠢᠩᠭ᠎ᠠ ᠲᠤᠰᠬᠠᠯ ᠭᠠᠷᠭ᠋ᠠᠵᠠᠢ᠃ ᠡᠬᠢᠯᠡᠯᠲᠡ ᠵᠢᠨ ᠶᠣᠰᠣᠯᠠᠯ ᠳᠠᠭᠤᠰᠤᠭᠰᠠᠨ᠎ᠤ ᠳᠠᠷᠠᠭ᠎ᠠ᠂ ᠣᠯᠠᠨ ᠵᠶ᠋ᠠᠷ ᠵᠶ᠋ᠠᠨ ᠵᠠᠯᠭ᠋ᠠᠭ᠎ᠠ᠎ᠪᠠᠷ ᠣᠢ᠌ᠯᠠᠭ᠋ᠠᠯᠲᠠ᠎ᠪᠠᠨ ᠠᠭᠤᠵᠢᠷᠠᠲᠠᠯ᠎ᠠ ᠶᠠᠷᠢᠯᠴᠠᠵᠤ᠂ ᠲᠥᠷᠥᠭᠳᠡᠯ ᠵᠶ᠋ᠠᠨ ᠢᠯᠡᠳᠬᠡᠨ᠂ ᠬᠠᠯᠠᠭᠤᠨ ᠶᠠᠷᠢᠯᠴᠠᠭ᠎ᠠ ᠥᠷᠨᠢᠭᠦᠯᠪᠡ᠂ ᠣᠯᠠᠨ ᠵᠶ᠋ᠠᠷ ᠵᠶ᠋ᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠤᠭᠤᠯᠵᠤ᠂ ᠡᠬᠡ ᠤᠯᠤᠰ ᠪᠣᠯᠤᠨ ᠴᠠᠭ ᠦᠶ᠎ᠡ᠎ᠲᠠᠢ ᠬᠠᠮᠲᠤ ᠤᠷᠤᠭᠰᠢᠯᠠᠵᠤ᠂ ᠬᠤᠪᠢ ᠬᠥᠮᠦᠨ᠎ᠤ ᠬᠦᠰᠡᠯ ᠵᠶ᠋ᠠᠨ ᠳᠤᠮᠳᠠᠳᠤ ᠵᠢᠨ ᠬᠦᠰᠡᠯ᠎ᠢ ᠪᠡᠶᠡᠯᠡᠭᠦᠯᠬᠦ ᠠᠭᠤᠤ ᠶᠡᠬᠡ ᠦᠢ᠍ᠯᠡᠰ᠎ᠲᠤ ᠠᠭᠤᠰᠬᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠢᠷᠭ᠋ᠠᠭᠤ ᠬᠠᠲᠠᠭᠤᠵᠢᠯᠲᠠᠶ ᠠᠵᠢᠯᠯᠠᠨ᠂ ᠡᠷᠡᠮᠡᠬᠡᠶ᠋ᠢᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠥᠯᠥ ᠬᠥᠰᠡᠷᠳᠡᠭᠦᠯᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠨ᠎ᠡ ᠭᠡᠵᠦ ᠢᠯᠡᠳᠬᠡᠵᠡᠭᠡᠪᠡ!


ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠳᠡᠭᠡᠳᠦ ᠰᠤᠷᠭ᠋ᠠᠭᠤᠯᠢ ᠵᠢᠨ ᠨᠠᠮ
ᠤᠨ ᠬᠣᠷᠢᠶᠠᠨ᠎ᠤ ᠣᠨᠣᠯ᠎ᠤᠨ ᠰᠤᠷᠤᠯᠴᠠᠯᠭ᠎ᠠ ᠵᠢᠨ ᠭᠤᠤᠯ ᠳᠤᠭᠤᠶ᠋ᠢᠯᠠᠩ (ᠥᠷᠭᠡᠳᠬᠡᠭᠰᠡᠨ) ᠨᠠᠮ᠎ᠤᠨ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠳᠤᠰᠬᠠᠢ ᠰᠡᠳᠦᠪ ᠵᠶ᠋ᠡᠷ ᠰᠤᠷᠤᠯᠴᠠᠪᠠ
10 ᠰᠠᠷ᠎ᠠ ᠵᠢᠨ 28᠎ᠤ ᠦᠳᠡ ᠵᠢᠨ ᠡᠮᠦᠨ᠎ᠡ᠂ ᠳᠡᠭᠡᠳᠦ ᠰᠤᠷᠭ᠋ᠠᠭᠤᠯᠢ ᠨᠠᠮ᠎ᠤᠨ ᠬᠣᠷᠢᠶᠠᠨ᠎ᠤ ᠤᠨᠤᠯ᠎ᠤᠨ ᠰᠤᠷᠤᠯᠴᠠᠯᠭ᠎ᠠ ᠵᠢᠨ ᠭᠣᠣᠯ ᠳᠤᠭᠤᠶ᠋ᠢᠯᠠᠩ (ᠥᠷᠭᠡᠳᠬᠡᠭᠰᠡᠨ)᠎ᠤᠨ 7 ᠳ᠋ᠤᠭ᠋ᠠᠷ ᠤᠳᠠᠭ᠋ᠠᠨ᠎ᠤ ᠬᠤᠷᠠᠯ᠎ᠢ ᠬᠤᠷᠠᠯᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠠᠮᠲᠤ᠎ᠳᠤ᠎ᠪᠠᠨ ᠰᠤᠷᠤᠯᠴᠠᠬᠤ ᠠᠵᠢᠯᠯᠠᠭ᠎ᠠ ᠵᠢ ᠲᠤᠰᠬᠠᠢ ᠰᠡᠳᠦᠪ ᠵᠶ᠋ᠠᠷ ᠥᠷᠨᠢᠭᠦᠯᠪᠡ᠃
ᠬᠤᠷᠠᠯ᠎ᠠᠴᠠ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ᠎ᠪᠠᠨ ᠪᠣᠯᠭ᠋ᠠᠵᠤ᠂ ᠥᠷᠭᠡᠨ ᠣᠯᠠᠨ ᠺᠠᠳ᠋ᠷ ᠪᠠᠭᠰᠢ ᠰᠤᠷᠤᠭᠴᠢ ᠵᠢ ᠬᠥᠲᠥᠯᠥᠨ ᠵᠢᠯᠣᠭᠣᠳᠴᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ ᠪᠠ ᠨᠠᠮ᠎ᠤᠨ ᠲᠦᠷᠢᠮ᠎ᠢ ᠤᠭ ᠶᠣᠰᠤ᠎ᠪᠠᠷ᠎ᠨᠢ ᠰᠤᠷᠤᠯᠴᠠᠭᠤᠯᠵᠤ᠂ ᠰᠤᠷᠤᠯᠴᠠᠭᠰᠠᠨ ᠣᠯᠤᠯᠲᠠ ᠲᠥᠷᠥᠭᠳᠡᠯ ᠵᠶ᠋ᠠᠨ ᠨᠠᠷᠢᠨ ᠬᠢᠨᠠᠮᠠᠭ᠋ᠠᠶ ᠰᠤᠳᠤᠯᠤᠨ ᠶᠠᠷᠢᠯᠴᠠᠵᠤ ᠰᠣᠯᠢᠯᠴᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠳᠤᠷᠠᠳᠤᠭᠰᠠᠨ ᠰᠢᠨ᠎ᠡ ᠦᠵᠡᠯ ᠰᠠᠨᠠᠭ᠎ᠠ ᠰᠢᠨ᠎ᠡ ᠨᠤᠲᠠᠯᠠᠯᠲᠠ᠂ ᠳᠣᠭᠲᠠᠭ᠋ᠠᠭᠰᠠᠨ ᠰᠢᠨ᠎ᠡ ᠪᠠᠶ᠋ᠢᠷᠢᠯᠠᠭᠤᠯᠤᠯᠲᠠ ᠰᠢᠨ᠎ᠡ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠣᠨᠣᠪᠴᠢᠲᠠᠶ ᠤᠶ᠋ᠢᠯᠠᠭ᠋ᠠᠨ ᠡᠵᠡᠮᠰᠢᠭᠦᠯᠪᠡ᠃ ᠤᠯᠤᠰ ᠲᠦᠷᠦ᠂ ᠪᠠᠶ᠋ᠢᠯᠳᠤᠬᠤ ᠪᠤᠳᠤᠯᠭ᠎ᠠ᠂ ᠪᠦᠬᠦ ᠲᠠᠯ᠎ᠠ ᠵᠢᠨ ᠥᠨᠳᠦᠷᠴᠡ᠎ᠠᠴᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠴᠢᠬᠤᠯᠠ ᠶᠡᠬᠡ ᠲᠡᠦᠬᠡᠲᠦ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠤᠷᠢᠶᠠᠯᠠᠬᠤ ᠬᠦᠴᠦᠨ᠂ ᠨᠢᠭᠲᠠᠷᠠᠭᠤᠯᠬᠤ ᠬᠦᠴᠦᠨ᠂ ᠨᠥᠯᠥᠭᠡᠯᠡᠬᠦ ᠬᠦᠴᠦᠨ᠎ᠢ ᠦᠨᠡᠨ ᠬᠦ᠌ ᠴᠢᠩᠭ᠋ᠠᠳᠬᠠᠵᠤ᠂ ᠡᠷᠡᠰ ᠴᠢᠩᠭ᠎ᠠ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ᠎ᠪᠠᠷ᠂ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ ᠰᠠᠶ᠋ᠢᠲᠤᠷ ᠤᠬᠠᠭᠤᠯᠤᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠭᠡᠪᠡ᠃

ᠬᠤᠷᠠᠯ᠎ᠢ ᠰᠦᠯᠵᠢᠶᠡᠨ᠎ᠳᠠᠬᠢ ᠬᠡᠯᠪᠡᠷᠢ᠎ᠪᠠᠷ ᠬᠤᠷᠠᠯᠳᠤᠭᠤᠯᠪᠠ
ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠳᠡᠭᠡᠳᠦ ᠰᠤᠷᠭ᠋ᠠᠭᠤᠯᠢ
ᠵᠢᠨ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠬᠡᠰᠢᠭᠦᠨ ᠲᠦᠷᠦᠭᠦᠯᠡᠨ ᠣᠢ᠌ᠯᠠᠭ᠋ᠠᠯᠲᠠ
ᠪᠠᠨ ᠶᠠᠷᠢᠵᠤ᠂ ᠰᠤᠷᠤᠯᠴᠠᠭᠰᠠᠨ ᠣᠯᠤᠯᠲᠠ ᠪᠠᠨ ᠰᠣᠯᠢᠯᠴᠠᠪᠠ
ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠠᠮᠵᠢᠯᠲᠠ᠎ᠲᠠᠢ ᠬᠤᠷᠠᠯᠳᠤᠭᠤᠯᠤᠭᠰᠠᠨ᠎ᠤ ᠳᠠᠷᠠᠭ᠎ᠠ᠂ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠤᠳᠤᠷᠢᠳᠬᠤ ᠪᠠᠭ ᠳᠠᠷᠤᠶᠳᠤᠨᠢ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠵᠤ᠂ ᠰᠤᠷᠤᠯᠴᠠᠵᠤ ᠰᠤᠳᠤᠯᠤᠨ ᠶᠠᠷᠢᠯᠴᠠᠬᠤ ᠵᠢ ᠭᠦᠨᠵᠡᠭᠡᠶ ᠥᠷᠨᠢᠭᠦᠯᠵᠦ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠳᠡᠭᠡᠳᠦ ᠰᠤᠷᠭ᠋ᠠᠭᠤᠯᠢ ᠵᠢ ᠴᠢᠨᠠᠷᠯᠢᠭ ᠬᠥᠭᠵᠢᠭᠦᠯᠬᠦ ᠬᠠᠮᠲᠤ ᠵᠢᠨ ᠲᠠᠨᠢᠯᠲᠠ᠎ᠪᠠᠨ ᠤᠯᠠᠮ ᠨᠢᠭᠡ ᠠᠯᠬᠤᠮ ᠨᠢᠭᠲᠠᠷᠠᠭᠤᠯᠪᠠ᠃

ᠰᠤᠷᠤᠯᠴᠠᠯᠭ᠎ᠠ ᠵᠢᠨ ᠠᠷᠭ᠎ᠠ ᠵᠠᠮ᠎ᠢ ᠥᠷᠭᠡᠳᠬᠡᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ
ᠳᠡᠭᠡᠭᠰᠢᠯᠡᠭᠦᠯᠪᠡ
ᠠᠯᠪᠠᠨ᠎ᠤ ᠵᠠᠭᠤᠴᠢᠯᠠᠭᠤᠷ᠎ᠤᠨ ᠡᠷᠬᠡ ᠰᠦᠷᠲᠦ ᠲᠠᠶ᠋ᠢᠯᠤᠮᠵᠢ ᠪᠣᠯ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠬᠤ ᠴᠢᠬᠤᠯᠠ ᠠᠴᠢᠶᠠᠯᠠᠪᠤᠷᠢ ᠪᠣᠯᠤᠨ᠎ᠠ᠂ ᠳᠡᠭᠡᠳᠦ ᠰᠤᠷᠭ᠋ᠠᠭᠤᠯᠢ ᠵᠢᠨ ᠠᠯᠪᠠᠨ᠎ᠤ ᠸᠢᠴᠠᠲ᠎ᠤᠨ ᠳ᠋ᠤᠭ᠋ᠠᠷ᠎ᠨᠢ ᠲᠥᠪ᠎ᠤᠨ ᠵᠠᠭᠤᠴᠢᠯᠠᠭᠤᠷ᠂ ᠣᠷᠣᠨ᠎ᠤ ᠵᠠᠭᠤᠴᠢᠯᠠᠭᠤᠷ᠎ᠤᠨ ᠤᠨᠤᠯ᠎ᠤᠨ ᠲᠠᠶ᠋ᠢᠯᠪᠤᠷᠢᠯᠠᠯᠲᠠ ᠪᠣᠯᠤᠨ ᠡᠷᠬᠡ ᠰᠦᠷᠲᠦ ᠲᠠᠶ᠋ᠢᠯᠤᠮᠵᠢ ᠵᠢ 40 ᠭᠠᠷᠤᠢ ᠬᠤᠪᠢ ᠨᠠᠷᠢᠯᠢᠭ ᠰᠣᠩᠭᠤᠨ ᠳᠠᠮᠵᠢᠭᠤᠯᠵᠤ᠂ ᠰᠠᠢ᠍ᠢ᠍ᠨ ᠰᠠᠶ᠋ᠢᠬᠠᠨ ᠲᠠᠪᠴᠠᠩ᠎ᠢ ᠪᠠᠢ᠌ᠭᠤᠯᠤᠭᠰᠠᠨ᠎ᠤ ᠬᠠᠮᠲᠤ ᠥᠷᠭᠡᠨ ᠤᠯᠠᠨ ᠪᠠᠭᠰᠢ ᠰᠤᠷᠤᠭᠴᠢᠳ᠎ᠤᠨ ᠴᠠᠭ ᠲᠤᠬᠠᠢᠳᠤᠨᠢ ᠰᠤᠷᠤᠯᠴᠠᠬᠤ᠂ ᠴᠢᠳᠠᠮᠠᠭ᠋ᠠᠢ ᠰᠤᠷᠤᠯᠴᠠᠬᠤ᠂ ᠨᠠᠰᠤᠨ ᠲᠤᠷᠰᠢᠳᠠ ᠰᠤᠷᠤᠯᠴᠠᠬᠤ ᠣᠨᠣᠯᠵᠢᠬᠤᠨ᠎ᠢ ᠪᠦᠷᠢᠯᠳᠦᠭᠦᠯᠬᠦ ᠵᠢ ᠠᠬᠢᠭᠤᠯᠪᠠ᠃

ᠣᠳᠣᠬᠠᠨ᠎ᠳᠤ᠂ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶ᠎ᠠ᠎ᠠᠴᠠ ᠨᠢᠭᠡᠨᠲᠡ ᠤᠨᠤᠯ᠎ᠤᠨ ᠭᠣᠣᠯᠯᠠᠭᠴᠢ 2᠎ᠢ ᠰᠣᠩᠭᠣᠨ ᠲᠠᠨᠢᠯᠴᠠᠭᠤᠯᠵᠤ ᠭᠣᠣᠯ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠡᠭᠦᠷᠭᠡᠯᠡᠭᠦᠯᠵᠦ᠂ ᠤᠳᠤ ᠶᠠᠭ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠪᠠᠭᠰᠢ ᠰᠤᠷᠤᠬ᠍ᠴᠢ ᠵᠢᠨ ᠪᠦᠯᠬᠦᠮ᠎ᠢ ᠰᠣᠩᠭᠣᠨ ᠪᠠᠶ᠋ᠢᠭᠤᠯᠵᠤ᠂ ᠯᠧᠺᠲ᠋ᠣᠷ᠎ᠤᠨ ᠪᠦᠯᠬᠦᠮ᠎ᠤᠨ ᠪᠦᠷᠢᠯᠳᠦᠬᠦᠨ ᠬᠠᠮᠲᠤ᠎ᠪᠠᠷ ᠬᠢᠴᠢᠶᠡᠯ ᠪᠡᠯᠡᠳᠬᠡᠬᠦ᠎ᠪᠠᠷ ᠳᠠᠮᠵᠢᠨ ᠨᠡᠯᠢᠶᠡᠳ ᠥᠨᠳᠥᠷ ᠲᠦᠪᠰᠢᠨᠲᠦ ᠤᠬᠠᠭᠤᠯᠤᠨ ᠲᠠᠶ᠋ᠢᠯᠪᠤᠷᠢᠯᠠᠬᠤ ᠬᠢᠴᠢᠶᠡᠯ᠎ᠢ ᠪᠦᠷᠢᠯᠳᠦᠭᠦᠯᠵᠦ᠂ ᠪᠦᠬᠦ ᠰᠤᠷᠭ᠋ᠠᠭᠤᠯᠢ ᠵᠢᠨ ᠪᠠᠭᠰᠢ ᠰᠤᠷᠤᠬ᠍ᠴᠢ᠂ ᠨᠠᠮ᠎ᠤᠨ ᠭᠡᠰᠢᠭᠦᠨ ᠺᠠᠳ᠋ᠷ᠎ᠢ ᠪᠦᠬᠦᠨ᠎ᠢ ᠪᠥᠷᠬᠦᠭᠦᠯᠦᠭᠰᠡᠨ ᠰᠤᠷᠬᠤ ᠵᠢ ᠵᠢᠯᠣᠭᠣᠳᠬᠤ ᠭᠦᠨᠵᠡᠭᠡᠢ ᠰᠤᠷᠤᠯᠴᠠᠭᠤᠯᠬᠤ ᠠᠵᠢᠯᠯᠠᠭ᠎ᠠ ᠥᠷᠨᠢᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭ᠋ᠠᠢ᠎ᠳᠤᠨᠢ ᠬᠠᠳᠠᠩᠰᠢᠭᠤᠯᠬᠤ ᠵᠢ ᠢᠳᠡᠪᠬᠢᠲᠡᠢ ᠠᠬᠢᠭᠤᠯᠵᠤ ᠪᠣᠢ᠃ ᠵᠠᠯᠭ᠋ᠠᠭ᠋ᠠᠳ᠂ ᠳᠡᠭᠡᠳᠦ ᠰᠤᠷᠭ᠋ᠠᠭᠤᠯᠢ ᠨᠡᠩ ᠤᠯᠠᠨ ᠨᠡᠩ ᠠᠮᠢᠳᠤᠯᠢᠭ ᠠᠷᠭ᠎ᠠ ᠬᠡᠯᠪᠡᠷᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠴᠢᠩᠭ᠋ᠠᠳᠬᠠᠵᠤ᠂ ᠨᠠᠮ᠎ᠤᠨ ᠳᠠᠭᠤᠨ᠎ᠢ ᠥᠷᠭᠡᠨ ᠤᠯᠠᠨ ᠪᠠᠭᠰᠢ ᠰᠤᠷᠤᠭᠴᠢᠳ᠎ᠲᠤ ᠦᠨᠡᠨ ᠬᠦ᠌ ᠳᠠᠮᠵᠢᠭᠤᠯᠬᠤ᠎ᠪᠠᠷ ᠪᠠᠢ᠌ᠨ᠎ᠠ᠃