ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠡᠪᠯᠡᠯ᠎ᠤᠨ ᠰᠤᠷᠭ᠋ᠠᠭᠤᠯᠢ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ ᠤᠯᠤᠰ ᠲᠥᠷᠦ ᠵᠢᠨ ᠳᠡᠭᠡᠳᠦ ᠰᠤᠷᠭ᠋ᠠᠭᠤᠯᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2023-01-16


      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠬᠢᠭᠰᠡᠨ ᠮᠡᠳᠡᠭᠦᠯᠦᠯᠲᠡ ᠵᠢ ᠭᠦᠨᠵᠡᠭᠡᠢ ᠣᠶ᠋ᠢᠯᠠᠭ᠋ᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠰᠤᠷᠭ᠋ᠠᠭᠤᠯᠢ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ ᠤᠯᠤᠰ ᠲᠦᠷᠦ ᠵᠢᠨ ᠳᠡᠭᠡᠳᠦ ᠰᠤᠷᠭ᠋ᠠᠭᠤᠯᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠢ ᠲᠥᠰᠦᠪᠯᠡᠨ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠪᠠᠭᠰᠢ ᠰᠤᠷᠤᠭᠴᠢᠳ ᠰᠡᠳᠬᠢᠯ ᠨᠢᠭᠡᠳᠦᠨ ᠬᠢᠵᠢᠭ᠎ᠲᠠᠢ ᠲᠡᠮᠡᠴᠡᠵᠦ᠂ ᠡᠯ᠎ᠡ ᠵᠦᠢ᠍ᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠭᠰᠡᠨ ᠠᠬᠤᠢ ᠪᠠᠶ᠋ᠢᠳᠠᠯ ᠳᠣᠣᠷ᠎ᠠ ᠰᠤᠷᠤᠯᠴᠠᠯᠭ᠎ᠠ ᠵᠢᠨ ᠥᠷᠭᠡᠴᠡ ᠪᠣᠯᠤᠨ ᠭᠦᠨᠴᠡ᠎ᠪᠠᠨ ᠲᠠᠰᠤᠷᠠᠯᠲᠠ ᠦᠭᠡᠢ ᠥᠷᠭᠡᠳᠬᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠤᠢ ᠪᠣᠯᠭ᠋ᠠᠪᠠ᠃


      ᠦᠪᠡᠳᠡᠭᠰᠢ ᠶᠡᠬᠡ ᠡᠬᠢᠯᠡᠯᠲᠡ ᠵᠢᠨ ᠶᠣᠰᠤᠯᠠᠯ᠎ᠢ ᠲᠥᠪᠯᠡᠷᠡᠭᠦᠯᠦᠨ ᠦᠵᠡᠪᠡ
     10 ᠰᠠᠷ᠎ᠠ ᠵᠢᠨ 16᠎ᠤ ᠡᠳᠦᠷ᠂ ᠰᠤᠷᠭ᠋ᠠᠭᠤᠯᠢ᠎ᠳᠤ ᠪᠠᠶ᠋ᠢᠭ᠎ᠠ ᠤᠳᠤᠷᠢᠳᠬᠤ ᠪᠠᠭ᠎ᠤᠨ ᠬᠡᠰᠢᠭᠦᠳ᠂ ᠺᠠᠳ᠋ᠷ ᠠᠵᠢᠯᠲᠠᠨ ᠠᠵᠢᠯᠴᠢᠨ᠎ᠤ ᠲᠥᠯᠥᠭᠡᠯᠡᠭᠴᠢ ᠵᠢ ᠵᠣᠬᠢᠶᠠᠨ ᠪᠠᠶ᠋ᠢᠭᠤᠯᠵᠤ᠂ ᠦᠪᠡᠳᠡᠭᠰᠢ ᠶᠡᠬᠡ ᠡᠬᠢᠯᠡᠯᠲᠡ ᠵᠢᠨ ᠶᠣᠰᠤᠯᠠᠯ᠎ᠢ ᠲᠥᠪᠯᠡᠷᠡᠭᠦᠯᠦᠨ ᠦᠵᠡᠪᠡ᠃ ᠶᠡᠷᠦᠩᠬᠡᠢ ᠱᠦᠵᠢ ᠰᠢ ᠵᠢᠨ ᠫᠢᠩ᠎ᠤᠨ ᠬᠢᠭᠰᠡᠨ ᠢᠯᠡᠳᠬᠡᠯ᠎ᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠳᠠᠷᠠᠭ᠎ᠠ ᠪᠦᠭᠦᠳᠡᠭᠡᠷ ᠵᠶ᠋ᠠᠨ ᠮᠠᠰᠢ ᠤᠷᠮᠠᠰᠢᠵᠤ᠂ ᠶᠡᠬᠡᠳᠡ ᠵᠣᠷᠢᠭᠵᠢᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ  ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠥᠯᠬᠦᠮᠳᠡᠨ᠂ 《ᠬᠣᠶᠠᠷ᠎ᠢ ᠳᠣᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠦᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠤᠨ᠂ ᠰᠤᠷᠭ᠋ᠠᠭᠤᠯᠢ ᠵᠢᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠨᠠᠮ᠎ᠤᠨ ᠵᠠᠯᠠᠭᠤᠴᠤᠳ᠎ᠤᠨ ᠠᠵᠢᠯ᠎ᠤᠨ ᠬᠦᠷᠢᠶᠡᠨ᠎ᠳᠠᠬᠢ ᠣᠨᠴᠠᠯᠢᠭ ᠢᠯᠡ ᠲᠣᠳᠣ ᠤᠯᠤᠰ ᠲᠦᠷᠦ ᠵᠢᠨ ᠰᠤᠷᠭ᠋ᠠᠭᠤᠯᠢ ᠵᠢ ᠴᠢᠷᠮᠠᠶ᠋ᠢᠨ   ᠪᠠᠢ᠌ᠭᠤᠯᠤᠨ᠂ ᠨᠠᠩ ᠴᠤᠭ ᠪᠠᠳᠠᠷᠠᠩᠭᠤᠶ ᠳᠥᠷᠰᠦ ᠪᠠᠢ᠌ᠳᠠᠯ᠎ᠪᠠᠷ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠤᠨ᠎ᠠ ᠭᠡᠵᠦ ᠵᠠᠯᠭ᠋ᠠᠭ᠎ᠠ᠎ᠪᠠᠷ ᠢᠯᠡᠷᠬᠡᠢ᠌ᠯᠡᠵᠡᠭᠡᠪᠡ᠃



      ᠲᠤᠰᠬᠠᠶ ᠰᠡᠳᠦᠪᠲᠦ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
     10 ᠰᠠᠷ᠎ᠠ ᠵᠢᠨ 30᠎ᠤ ᠡᠳᠦᠷ ᠲᠤᠰᠬᠠᠶ ᠰᠡᠳᠦᠪᠲᠦ ᠬᠤᠷᠠᠯ᠎ᠢ ᠬᠤᠷᠠᠯᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ ᠵᠢᠴᠢ ᠬᠣᠯᠪᠣᠭᠳᠠᠯ ᠪᠦᠬᠦᠢ ᠬᠤᠷᠠᠯ᠎ᠤᠨ ᠰᠢᠢ᠍ᠳᠪᠦᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠬᠤᠷᠠᠯ᠎ᠠᠴᠠ᠂ ᠪᠦᠬᠦ ᠰᠤᠷᠭ᠋ᠠᠭᠤᠯᠢ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ ᠶᠡᠷᠦᠩᠬᠡᠢ ᠱᠦᠵᠢ ᠰᠢ ᠵᠢᠨ ᠫᠢᠩ᠎ᠤᠨ ᠳᠤᠷᠠᠳᠤᠭᠰᠠᠨ 《ᠲᠠᠪᠤ ᠵᠢ ᠪᠠᠲᠤ ᠡᠵᠡᠮᠳᠡᠬᠦ》 ᠱᠠᠭ᠋ᠠᠷᠳᠠᠯᠭ᠎ᠠ   ᠶᠣᠰᠤ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠵᠤ᠂ ᠠᠷᠠᠳ ᠲᠦᠮᠡᠨ ᠵᠶ᠋ᠠᠷ ᠭᠣᠣᠯᠯᠠᠭᠤᠯᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ᠎ᠢ ᠱᠤᠭᠤᠵᠤ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠢ ᠰᠤᠷᠤᠯᠴᠠᠨ ᠲᠤᠭᠤᠰᠢᠯᠠᠭᠤᠯᠬᠤ ᠵᠢ ᠬᠣᠶ᠋ᠢᠰᠢᠳᠠ ᠵᠢᠨ ᠠᠵᠢᠯ᠎ᠤᠨ ᠰᠡᠳᠬᠢᠮᠵᠢ ᠵᠢ ᠲᠥᠯᠦᠪᠯᠡᠬᠦ᠎ᠲᠠᠢ ᠤᠶᠠᠯᠳᠤᠭᠤᠯᠤᠨ᠂ ᠰᠤᠷᠴᠤ ᠣᠢ᠌ᠯᠠᠭ᠋ᠠᠨ ᠨᠡᠪᠲᠡᠷᠡᠲᠡᠯ᠎ᠡ ᠮᠡᠳᠡᠵᠦ ᠪᠣᠳᠠᠲᠠᠶ᠋ᠢᠵᠢᠭᠤᠯᠬᠤ ᠵᠢ ᠦᠨᠡᠨ ᠬᠦ᠌ ᠪᠡᠶᠡᠯᠡᠭᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠠ ᠶᠡᠬᠡ ᠬᠤᠷᠠᠯ᠎ᠤᠨ ᠱᠠᠭ᠋ᠠᠷᠳᠠᠯᠭ᠎ᠠ᠎ᠲᠠᠢ ᠦᠨᠡᠨ ᠬᠦ᠌ ᠨᠢᠭᠡᠳᠭᠡᠨ᠂ ᠪᠣᠳᠠᠲᠤ ᠠᠵᠢᠯᠯᠠᠭ᠎ᠠ᠎ᠪᠠᠷ ᠵᠶ᠋ᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠭ᠋ᠠᠭᠤᠯᠢ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠴᠢᠷᠮᠠᠶ᠋ᠢᠨ ᠠᠬᠢᠭᠤᠯᠬᠤ ᠭᠡᠷᠡᠭᠲᠡᠢ ᠭᠡᠵᠦ ᠱᠠᠭ᠋ᠠᠷᠳᠠᠪᠠ᠃



      ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠤᠨᠤᠯ᠎ᠤᠨ ᠰᠤᠷᠤᠯᠴᠠᠭ᠎ᠠ ᠵᠢᠨ ᠭᠣᠣᠯ ᠳᠤᠭᠤᠶ᠋ᠢᠯᠠᠩ

     《ᠲᠦᠷᠦᠭᠦᠯᠡᠨ ᠰᠤᠷᠤᠯᠴᠠᠪᠠ》
     11 ᠰᠠᠷ᠎ᠠ ᠵᠢᠨ 11᠎ᠤ ᠡᠳᠦᠷ᠂ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠤᠨᠤᠯ᠎ᠤᠨ ᠰᠤᠷᠤᠯᠴᠠᠯᠭ᠎ᠠ ᠵᠢᠨ ᠭᠣᠣᠯ ᠳᠤᠭᠤᠶ᠋ᠢᠯᠠᠩ᠎ᠠᠴᠠ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠤᠳᠤᠷᠢᠳᠬᠤ ᠺᠠᠳ᠋ᠷ᠎ᠤᠨ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠣᠭᠣᠷᠢᠨ᠎ᠳᠤ ᠲᠤᠰᠬᠠᠢ ᠰᠡᠳᠦᠪ ᠵᠶ᠋ᠠᠷ ᠰᠤᠳᠤᠯᠤᠨ ᠶᠠᠷᠢᠯᠴᠠᠵᠤ᠂ ᠰᠤᠷᠭ᠋ᠠᠭᠤᠯᠢ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠰᠤᠷᠤᠯᠴᠠᠨ ᠲᠤᠭᠤᠰᠢᠯᠠᠭᠤᠯᠬᠤ ᠶᠠᠪᠤᠴᠠ᠎ᠳᠤ ᠬᠣᠰᠢᠭᠤᠴᠢᠯᠠᠵᠤ᠂ ᠦᠯᠢᠭᠡᠷ ᠳᠠᠭᠤᠷᠢᠶᠠᠯ ᠦᠵᠡᠭᠦᠯᠪᠡ᠃ ᠬᠤᠷᠠᠯ᠎ᠠᠴᠠ᠂ ᠰᠤᠷᠭ᠋ᠠᠭᠤᠯᠢ ᠵᠢᠨ ᠡᠯ᠎ᠡ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠤᠯᠭ᠎ᠠ᠂ ᠡᠯ᠎ᠡ ᠰᠠᠯᠪᠤᠷᠢ ᠵᠢᠨ᠎ᠬᠢᠨ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠨᠠᠷᠢᠨ ᠬᠢᠨᠠᠮᠠᠭ᠋ᠠᠶ ᠪᠥᠬᠥ ᠲᠠᠯ᠎ᠠ᠎ᠪᠠᠷ ᠰᠠᠶ᠋ᠢᠲᠤᠷ ᠠᠳᠬᠤᠵᠤ᠂ ᠭᠤᠤᠯᠳᠠᠯᠭ᠎ᠠ᠎ᠲᠠᠢ᠂ ᠠᠯᠬᠤᠮ ᠳᠠᠷᠠᠭ᠎ᠠ᠎ᠲᠠᠢ᠂ ᠣᠯᠠᠨ ᠲᠠᠰ ᠳᠠᠪᠬᠤᠷᠭ᠎ᠠ᠎ᠲᠠᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠲᠣᠭ᠎ᠢ ᠥᠨᠳᠥᠷ ᠮᠠᠨᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠦᠨᠡᠨ ᠬᠦ᠌ ᠵᠢᠯᠣᠭᠣᠳᠤᠭᠤᠯᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠷᠴᠢ ᠵᠣᠷᠢᠭ ᠵᠶ᠋ᠠᠨ ᠬᠥᠪᠴᠢᠯᠡᠨ᠂ ᠰᠤᠷᠭ᠋ᠠᠭᠤᠯᠢ ᠵᠢᠨ ᠴᠢᠨᠠᠷᠯᠢᠭ ᠥᠭᠡᠷᠡᠴᠢᠯᠡᠯᠲᠡ ᠬᠥᠭᠵᠢᠯᠲᠡ ᠵᠢ ᠨᠠᠩ ᠴᠢᠷᠮᠠᠶ᠋ᠢᠨ ᠠᠬᠢᠭᠤᠯᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠱᠠᠭ᠋ᠠᠷᠳᠠᠪᠠ᠃



      ᠪᠦᠬᠦ ᠰᠤᠷᠭ᠋ᠠᠭᠤᠯᠢ ᠵᠢᠨ ᠪᠠᠭᠰᠢ ᠰᠤᠷᠤᠭᠴᠢ ᠣᠯᠠᠨ ᠶᠠᠩᠵᠤ ᠬᠡᠯᠪᠡᠷᠢ᠎ᠪᠠᠷ 《ᠥᠷᠭᠡᠳᠬᠡᠨ ᠰᠤᠷᠤᠯᠴᠠᠪᠠ》
      ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ᠂ ᠪᠦᠬᠦ ᠰᠤᠷᠭ᠋ᠠᠭᠤᠯᠢ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠡᠭᠦᠷ᠎ᠤᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠤᠨ᠂ ᠰᠤᠷᠤᠯᠴᠠᠬᠤ ᠰᠡᠳᠬᠢᠬᠦ ᠵᠢ ᠤᠶᠠᠯᠳᠤᠭᠤᠯᠤᠨ ᠠᠭᠤᠰᠬᠠᠨ ᠨᠡᠪᠲᠡᠷᠡᠭᠦᠯᠬᠦ ᠵᠢ ᠪᠠᠷᠢᠮᠲᠠᠯᠠᠵᠤ᠂ 《ᠰᠤᠷᠤᠯᠴᠠᠯᠭ᠎ᠠ ᠵᠢᠨ ᠬᠦᠴᠦᠷᠬᠡᠭ ᠤᠯᠤᠰ》᠂ ᠸᠢᠴᠠᠲ᠎ᠤᠨ ᠴᠤᠭᠯᠠᠷᠠᠯ ᠵᠡᠷᠭᠡ ᠲᠠᠪᠴᠠᠩ᠎ᠤᠨ ᠠᠴᠢᠶᠠᠯᠠᠪᠤᠷᠢ ᠵᠢ ᠰᠠᠢ᠌ᠲᠤᠷ ᠬᠡᠷᠡᠭᠯᠡᠨ᠂ ᠬᠠᠨᠳᠤᠯᠭ᠋ᠠᠲᠤ ᠴᠢᠨᠠᠷ᠎ᠢ ᠲᠣᠪᠤᠢ᠌ᠯᠭ᠋ᠠᠵᠤ᠂ ᠪᠣᠳᠠᠲᠤ ᠪᠦᠲᠦᠮᠵᠢᠲᠦ ᠴᠢᠨᠠᠷ᠎ᠢ ᠨᠡᠮᠡᠭᠳᠡᠭᠦᠯᠦᠨ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ 《ᠭᠤᠷᠪᠠᠨ ᠬᠤᠷᠠᠯ ᠨᠢᠭᠡ ᠬᠢᠴᠢᠶᠡᠯ》᠎ᠢ ᠢᠳᠡᠪᠬᠢᠲᠡᠶ ᠥᠷᠨᠢᠭᠦᠯᠦᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ ᠵᠡᠷᠭᠡ ᠴᠢᠬᠤᠯᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ 《ᠨᠢᠭᠡᠳᠦᠭᠡᠷ ᠬᠠᠷᠢᠭᠤᠴᠠᠯᠭ᠋ᠠᠲᠠᠨ》᠎ᠤ ᠲᠤᠰᠢᠶᠠᠯ ᠬᠠᠷᠢᠭᠤᠴᠠᠯᠭ᠎ᠠ᠎ᠪᠠᠨ ᠡᠷᠡᠰ ᠭᠦᠢ᠍ᠴᠡᠳᠭᠡᠵᠦ᠂ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠬᠤ ᠵᠢ ᠲᠦᠷᠦᠭᠦᠯᠡᠨ ᠥᠷᠨᠢᠭᠦᠯᠦᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠦᠳᠦᠯᠦᠨ ᠵᠢᠯᠣᠭᠣᠳᠴᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠭᠣᠣᠯ ᠴᠢᠬᠤᠯᠠ ᠠᠭᠤᠯᠭ᠎ᠠ ᠵᠢ ᠭᠦᠨᠵᠡᠭᠡᠢ ᠣᠢ᠌ᠯᠠᠭ᠋ᠠᠭᠤᠯᠵᠤ᠂ ᠭᠣᠣᠯᠳᠠᠯᠭ᠎ᠠ ᠵᠢᠨ ᠮᠥᠨ ᠴᠢᠨᠠᠷ᠎ᠢ ᠡᠵᠡᠮᠰᠢᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠵᠢ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭ᠋ᠠᠪᠠ᠃ ᠰᠤᠷᠭ᠋ᠠᠭᠤᠯᠢ ᠵᠢᠨ ᠳᠣᠲᠣᠭ᠋ᠠᠳᠤ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠣᠷᠣᠯᠴᠠᠭᠰᠠᠨ ᠡᠯ᠎ᠡ ᠲᠤᠰᠬᠠᠶ ᠳᠤᠭᠤᠶ᠋ᠢᠯᠠᠩ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠬᠣᠰᠢᠭᠤᠴᠢᠯᠠᠵᠤ᠂ ᠨᠠᠮ᠎ᠤᠨ ᠭᠡᠰᠢᠭᠦᠨ ᠪᠠᠭᠰᠢ ᠨᠠᠷ᠎ᠢ ᠵᠣᠬᠢᠶᠠᠨ ᠪᠠᠶ᠋ᠢᠭᠤᠯᠤᠨ ᠠᠮᠠᠷᠠᠬᠤ ᠴᠢᠯᠥᠭᠡ ᠵᠠᠪ᠎ᠢ ᠠᠰᠢᠭᠯᠠᠨ ᠵᠡᠷᠭᠡ᠎ᠪᠠᠷ ᠰᠤᠷᠤᠯᠴᠠᠵᠤ᠂ ᠰᠤᠷᠤᠯᠴᠠᠬᠤ ᠶᠣᠰᠤᠲᠠᠢ ᠵᠢ ᠪᠦᠬᠦᠨ᠎ᠢ ᠬᠠᠮᠤᠷᠬᠤ ᠵᠢ ᠦᠨᠡᠨ ᠬᠦ᠌ ᠪᠠᠲᠤᠯᠠᠪᠠ᠃ ᠡᠭᠦᠨ᠎ᠤ ᠬᠠᠮᠲᠤ ᠰᠤᠷᠤᠭᠴᠢᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠣᠳᠣᠯᠭ᠎ᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ 102 ᠰᠤᠷᠤᠭᠴᠢ ᠵᠢᠨ ᠡᠪᠯᠡᠯ᠎ᠤᠨ ᠡᠭᠦᠷ᠎ᠢ ᠵᠣᠬᠢᠶᠠᠨ ᠪᠠᠶ᠋ᠢᠭᠤᠯᠵᠤ᠂ ᠰᠦᠯᠵᠢᠶᠡᠨ᠎ᠳᠠᠬᠢ ᠸᠢᠳᠢᠣ᠋ ᠬᠤᠷᠠᠯ᠎ᠤᠨ ᠬᠡᠯᠪᠡᠷᠢ᠎ᠪᠠᠷ ᠳᠠᠮᠵᠢᠭᠤᠯᠤᠨ᠂ 《ᠬᠣᠷᠢᠳᠤᠭ᠋ᠠᠷ ᠶᠡᠬᠡ ᠬᠤᠷᠠᠯ᠎ᠢ ᠰᠤᠷᠤᠯᠴᠠᠵᠤ᠂ ᠡᠭᠦᠷᠢᠳᠡ ᠨᠠᠮ ᠵᠶ᠋ᠠᠨ᠎ᠲᠠᠭᠠᠨ᠂ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠶ᠎ᠠ》 ᠭᠡᠬᠦ ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠰᠤᠷᠭ᠋ᠠᠭᠤᠯᠢ ᠵᠢᠨ ᠡᠪᠯᠡᠯ᠎ᠤᠨ ᠭᠡᠰᠢᠭᠦᠨ ᠵᠠᠯᠠᠭᠤᠴᠤᠳ᠎ᠤᠨ ᠳᠤᠮᠳᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭ᠋ᠠᠪᠠ᠃



        ᠪᠢᠲᠡᠭᠦᠮᠵᠢᠯᠡᠭᠰᠡᠨ ᠬᠠᠮᠢᠶᠠᠷᠤᠯᠲᠠ ᠵᠢᠨ ᠬᠤᠭᠤᠴᠠᠭ᠋ᠠᠨ᠎ᠳᠤ ᠰᠤᠷᠭ᠋ᠠᠭᠤᠯᠢ᠎ᠳᠤ᠎ᠪᠠᠨ ᠰᠤᠷᠤᠯᠴᠠᠵᠤ

        ᠪᠠᠢ᠌ᠭ᠎ᠠ᠎ᠨᠢ




        ᠰᠤᠷᠭ᠋ᠠᠭᠤᠯᠢ ᠵᠢᠨ ᠭᠠᠳᠠᠨ᠎ᠠ ᠪᠠᠢ᠌ᠭ᠎ᠠ ᠪᠠᠭᠰᠢ ᠨᠠᠷ ᠭᠡᠷ᠎ᠲᠤ᠎ᠪᠠᠨ ᠰᠤᠷᠤᠯᠴᠠᠵᠤ ᠪᠠᠢ᠌ᠭ᠎ᠠ᠎ᠨᠢ



        《ᠬᠣᠷᠢᠳᠤᠭ᠋ᠠᠷ ᠶᠡᠬᠡ ᠬᠤᠷᠠᠯ᠎ᠠᠴᠠ ᠰᠤᠷᠤᠯᠴᠠᠵᠤ᠂ ᠨᠠᠮ ᠵᠶ᠋ᠠᠨ ᠡᠭᠦᠷᠢᠳᠡ᠎ᠲᠠᠭᠠᠨ᠂ ᠰᠢᠨ᠎ᠡ ᠠᠶᠠᠨ
       ᠎ᠳᠤ ᠡᠷᠡᠮᠡᠬᠡᠢ᠌ᠯᠡᠨ ᠤᠷᠤᠭᠰᠢᠯᠠᠶ᠎ᠠ》 ᠭᠡᠬᠦ ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ


      ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠢᠵᠢᠯ ᠳᠠᠪᠲᠠᠮᠵᠢᠲᠤ ᠬᠠᠮᠲᠤ ᠵᠢᠨ ᠰᠤᠷᠤᠯᠴᠠᠭ᠎ᠠ ᠵᠢ

      ᠪᠠᠷᠢᠮᠲᠠᠯᠠᠪᠠ
      ᠪᠦᠬᠦ ᠰᠤᠷᠭ᠋ᠠᠭᠤᠯᠢ ᠵᠢᠨ ᠺᠠᠳ᠋ᠷ ᠠᠵᠢᠯᠳᠠᠨ ᠠᠵᠢᠯᠴᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠪᠣᠳᠠᠲᠠᠢ ᠠᠵᠢᠯ᠎ᠲᠠᠢ᠎ᠪᠠᠨ ᠨᠢᠭᠲᠠ ᠤᠶᠠᠯᠳᠤᠭᠤᠯᠵᠤ᠂ ᠤᠬᠠᠮᠰᠠᠷ᠎ᠠᠴᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠡᠳᠬᠢᠯ᠎ᠳᠤ᠎ᠪᠠᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠤ᠎ᠪᠠᠨ ᠰᠢᠩᠭᠡᠭᠡᠵᠦ᠂ ᠨᠡᠩ ᠲᠡᠭᠦᠯᠳᠡᠷ ᠪᠠᠶᠠᠨ ᠤᠶᠤᠨ ᠰᠠᠨᠠᠭ᠋ᠠᠨ᠎ᠤ ᠳᠥᠷᠰᠦ ᠪᠠᠶ᠋ᠢᠳᠠᠯ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠠᠵᠢᠯ᠎ᠤᠨ ᠬᠠᠯᠠᠭᠤᠨ ᠰᠡᠳᠬᠢᠯᠭᠡ᠎ᠪᠠᠷ ᠠᠵᠢᠯ᠎ᠳᠤ᠎ᠪᠠᠨ ᠰᠢᠮᠳᠠᠪᠠ᠃ ᠰᠦᠯᠵᠢᠶᠡᠨ ᠭᠠᠳᠠᠨ᠎ᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠡᠷᠭᠡ ᠭᠣᠣᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠰᠤᠷᠤᠭᠰᠠᠨ ᠵᠶ᠋ᠠᠨ ᠬᠡᠷᠡᠭᠯᠡᠬᠦ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠠᠵᠢᠯ ᠭᠦᠢ᠍ᠴᠡᠳᠭᠡᠬᠦ ᠠᠵᠢᠯ ᠬᠢᠬᠦ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠠᠷᠠᠳ ᠲᠦᠮᠡᠨ᠎ᠳᠤ ᠦᠢ᠍ᠯᠡᠴᠢᠯᠡᠬᠦ ᠵᠡᠷᠭᠡ ᠪᠣᠳᠠᠲᠠᠢ ᠠᠵᠢᠯ᠎ᠤᠨ ᠶᠠᠪᠤᠴᠠ᠎ᠳᠤ ᠦᠵᠡᠯ ᠰᠠᠨᠠᠭ᠎ᠠ ᠲᠠᠨᠢᠯᠲᠠ᠎ᠪᠠᠨ ᠤᠯᠠᠮ ᠴᠠᠭ᠋ᠠᠰᠢᠲᠠ ᠴᠢᠩᠭ᠋ᠠᠳᠬᠠᠵᠤ᠂ ᠨᠠᠮ᠎ᠤᠨ ᠭᠡᠰᠢᠭᠦᠨ ᠺᠠᠳ᠋ᠷ᠎ᠢ ᠬᠠᠪᠰᠤᠷᠤᠨ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶ᠋ᠢᠯᠠᠭ᠋ᠠᠵᠤ᠂ ᠦᠨᠡᠨ ᠬᠦ᠌ ᠨᠡᠪᠳᠡᠷᠡᠳᠡᠯ᠎ᠠ ᠣᠶ᠋ᠢᠯᠠᠭ᠋ᠠᠵᠤ ᠪᠣᠳᠠᠲᠠᠢ᠌ᠵᠢᠭᠤᠯᠪᠠ᠃ ᠰᠦᠯᠵᠢᠶᠡᠨ᠎ᠳᠤ᠂ ᠰᠤᠷᠭ᠋ᠠᠭᠤᠯᠢ ᠵᠢᠨ ᠠᠯᠪᠠᠨ᠎ᠤ ᠰᠦᠯᠵᠢᠶ᠎ᠡ᠂ ᠠᠯᠪᠠᠨ᠎ᠤ ᠪᠢᠴᠢᠯ ᠪᠦᠷᠭᠡ᠎ᠳᠤ ᠲᠦᠰᠢᠭᠯᠡᠨ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ》 ᠲᠤᠰᠬᠠᠶ ᠲᠣᠭᠣᠷᠢᠭ ᠭᠠᠷᠭ᠋ᠠᠵᠤ᠂ ᠪᠥᠬᠥ ᠰᠤᠷᠭ᠋ᠠᠭᠤᠯᠢ ᠵᠢᠨ ᠨᠠᠮ᠎ᠤᠨ ᠭᠡᠰᠢᠭᠦᠨ᠎ᠤ ᠠᠵᠢᠯ᠎ᠤᠨ ᠪᠠᠶ᠋ᠢᠷᠢ᠎ᠳᠤ᠎ᠪᠠᠨ ᠰᠠᠭᠤᠷᠢᠯᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠢ ᠰᠣᠨᠣᠰᠤᠭᠰᠠᠨ᠎ᠤ ᠳᠠᠷᠠᠭ᠋ᠠᠬᠢ ᠣᠯᠤᠯᠲᠠ ᠪᠠ ᠲᠥᠷᠥᠭᠳᠡᠯ ᠵᠶ᠋ᠠᠨ ᠰᠤᠷᠤᠯᠴᠠᠵᠤ ᠰᠣᠯᠢᠯᠴᠠᠬᠤ᠎ᠳᠤ ᠲᠠᠪᠴᠠᠩ ᠬᠠᠩᠭ᠋ᠠᠨ ᠥᠭᠴᠦ᠂ ᠬᠠᠮᠲᠤ᠎ᠪᠠᠷ ᠣᠨᠣᠯ ᠰᠤᠷᠤᠯᠴᠠᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ᠂ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ 《ᠠᠳᠠᠯᠢᠳᠬᠠᠬᠤ ᠰᠤᠷᠤᠯᠴᠠᠬᠤ ᠬᠥᠭᠡᠭᠡᠬᠦ ᠳᠠᠪᠠᠬᠤ》 ᠰᠤᠷᠤᠯᠴᠠᠯᠭ᠎ᠠ ᠵᠢᠨ ᠭᠦᠨ ᠵᠤᠵᠠᠭ᠋ᠠᠨ ᠠᠭᠤᠷ ᠠᠮᠢᠰᠬᠤᠯ᠎ᠢ ᠪᠥᠬᠥ ᠬᠦᠴᠦᠨ ᠵᠶ᠋ᠠᠷ ᠵᠶ᠋ᠠᠨ ᠪᠣᠶ ᠪᠣᠯᠭ᠋ᠠᠵᠤ᠂ ᠣᠳᠣᠬᠠᠨ᠎ᠳᠤ ᠨᠢᠭᠡᠨᠲᠡ 90 ᠭᠠᠷᠤᠶ ᠵᠣᠬᠢᠶᠠᠯ ᠨᠡᠶ᠋ᠢᠲᠡᠯᠡᠵᠡᠶ᠃ ᠰᠤᠷᠭ᠋ᠠᠭᠤᠯᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ᠎ᠪᠠᠷ ᠳᠠᠮᠵᠢᠭᠤᠯᠤᠨ᠂ ᠰᠤᠷᠭ᠋ᠠᠭᠤᠯᠢ ᠵᠢᠨ ᠨᠠᠮ᠎ᠤᠨ ᠭᠡᠰᠢᠭᠦᠨ ᠺᠠᠳ᠋ᠷ᠂ ᠪᠠᠭᠰᠢ ᠠᠵᠢᠯᠲᠠᠨ ᠠᠵᠢᠯᠴᠢᠨ ᠪᠣᠯᠤᠨ ᠪᠦᠬᠦ ᠠᠩᠭᠢ ᠵᠢᠨ ᠰᠤᠷᠤᠭᠴᠢᠳ᠎ᠢ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭ᠋ᠠᠶ᠎ᠳᠤ ᠬᠠᠳᠠᠩᠰᠢᠭᠤᠯᠬᠤ ᠵᠢ ᠠᠬᠢᠭᠤᠯᠪᠠ᠃ ᠦᠵᠡᠯ ᠰᠠᠨᠠᠭ᠎ᠠ ᠤᠯᠤᠰ ᠲᠥᠷᠥ ᠵᠢᠨ ᠪᠠᠭᠰᠢ ᠵᠢᠨ ᠬᠠᠮᠲᠤ᠎ᠪᠠᠷ ᠬᠢᠴᠢᠶᠡᠯ ᠪᠡᠯᠡᠳᠬᠡᠬᠦ᠂ ᠬᠠᠮᠲᠤ᠎ᠪᠠᠷ ᠵᠢᠭ᠋ᠠᠬᠤ ᠵᠢ ᠰᠤᠳᠤᠯᠬᠤ ᠵᠢ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠳᠤ ᠠᠭᠤᠰᠬᠠᠨ ᠣᠷᠣᠭᠤᠯᠵᠤ᠂ ᠬᠢᠴᠢᠶᠡᠯ᠎ᠤᠨ ᠲᠠᠩᠬᠢᠮ᠎ᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠬᠤ ᠭᠤᠤᠯ ᠵᠢᠭᠰᠠᠭ᠋ᠠᠯ᠎ᠤᠨ ᠭᠠᠵᠠᠷ ᠪᠣᠯᠭ᠋ᠠᠵᠤ᠂ ᠬᠦᠰᠡᠯᠡᠩ᠎ᠲᠠᠢ᠂ ᠵᠣᠷᠢᠭᠲᠠᠶ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠠᠴᠠ ᠠᠶᠤᠬᠤ ᠥᠬᠡᠶ᠂ ᠵᠣᠷᠢᠭᠲᠠᠶ ᠲᠡᠮᠡᠴᠡᠬᠦ ᠰᠢᠨ᠎ᠡ ᠴᠠᠭ ᠦᠶ᠎ᠡ ᠵᠢᠨ ᠰᠠᠶ᠋ᠢᠨ ᠵᠠᠯᠠᠭᠤᠴᠤᠳ᠎ᠢ ᠬᠥᠮᠦᠵᠢᠭᠦᠯᠦᠨ᠎ᠡ᠃



        ᠰᠤᠷᠭ᠋ᠠᠭᠤᠯᠢ ᠵᠢᠨ ᠠᠯᠪᠠᠨ ᠰᠦᠯᠵᠢᠶ᠎ᠡ᠂ ᠠᠯᠪᠠᠨ ᠰᠦᠯᠵᠢᠶᠡᠨ᠎ᠤ ᠠᠭᠤᠯᠭ᠎ᠠ




        ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠬᠠᠮᠲᠤ᠎ᠪᠠᠷ ᠬᠢᠴᠢᠶᠡᠯ ᠪᠡᠯᠡᠡᠳᠭᠡᠵᠦ ᠪᠣᠢ


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠵᠠᠮ ᠬᠠᠷᠢᠯᠴᠠᠭ᠋ᠠᠨ᠎ᠤ ᠳᠡᠭᠡᠳᠦ ᠰᠤᠷᠭ᠋ᠠᠭᠤᠯᠢ) ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠵᠠᠬᠢᠷᠤᠯ ᠬᠠᠨ ᠿᠦᠢ ᠫᠢᠩ ᠲᠤᠰᠬᠠᠶ ᠰᠡᠳᠦᠪᠲᠦ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠰᠤᠷᠭ᠋ᠠᠭᠤᠯᠢ ᠵᠢᠨ ᠬᠦᠷᠢᠶᠡᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠲᠤᠰᠬᠠᠢ ᠰᠡᠳᠦᠪᠲᠦ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠣᠷᠣᠪᠠ
 
             蒙ICP备05000248号