ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠵᠠᠬᠢᠷᠤᠯ ᠬᠠᠨ ᠿᠦᠢ ᠫᠢᠩ ᠲᠤᠰᠬᠠᠶ ᠰᠡᠳᠦᠪᠲᠦ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠪᠠ
ᠨᠡᠶ᠋ᠢᠲᠡᠯᠡᠭᠰᠡᠨ ᠴᠠᠭ᠄ 2023-01-16


      ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠄ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠤᠨ᠎ᠠ》 ᠭᠡᠵᠦ ᠵᠢᠭ᠋ᠠᠵᠤ ᠭᠠᠷᠭ᠋ᠠᠪᠠ᠃
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠶ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ 11 ᠰᠠᠷ᠎ᠠ ᠵᠢᠨ 11᠎ᠤ ᠣᠷᠣᠶ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠵᠠᠬᠢᠷᠤᠯ ᠬᠠᠨ ᠿᠦᠢ ᠫᠢᠩ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠬᠡᠯᠪᠡᠷᠢ᠎ᠪᠠᠷ ᠳᠠᠮᠵᠢᠭᠤᠯᠤᠨ ᠳᠡᠭᠡᠳᠦ ᠰᠤᠷᠭ᠋ᠠᠭᠤᠯᠢ ᠵᠢᠨ ᠰᠣᠷᠣᠭᠴᠢ ᠨᠠᠮ᠎ᠤᠨ ᠭᠡᠰᠢᠭᠦᠨ᠂ 《ᠠᠨᠠᠷ᠎ᠤᠨ ᠦᠷ᠎ᠡ》 ᠠᠩᠭᠢ ᠪᠠ 2022 ᠣᠨ᠎ᠤ ᠪᠥᠬᠥ ᠰᠤᠷᠤᠭᠴᠢᠳ᠎ᠲᠤ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤ ᠴᠣᠭᠴᠠᠯᠠᠰᠤᠭ᠋ᠠᠢ》 ᠭᠡᠬᠦ ᠭᠤᠤᠯ ᠰᠡᠳᠦᠪᠲᠦ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠪᠠ᠃



      ᠬᠠᠨ ᠿᠦᠢ ᠫᠢᠩ ᠭᠤᠷᠪᠠᠨ ᠲᠠᠯ᠎ᠠ᠎ᠪᠠᠷ ᠠᠮᠢᠳᠤᠯᠢᠭ ᠪᠥᠭᠡᠳ ᠰᠢᠰᠲ᠋ᠧᠮᠲᠡᠢ ᠲᠣᠳᠣᠷᠬᠠᠶ᠋ᠢᠯᠠᠨ ᠥᠭᠦᠯᠡᠪᠡ᠃ ᠨᠢᠭᠡ᠎ᠳᠤ᠂ ᠡᠯ᠎ᠡ ᠦᠨᠳᠦᠰᠦᠲᠡᠨ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ᠂ ᠨᠠᠮ ᠪᠣᠯᠤᠨ ᠠᠷᠠᠳ ᠲᠦᠮᠡᠨ᠎ᠤ ᠵᠠᠭᠤᠨ ᠵᠢᠯ᠎ᠤᠨ ᠲᠡᠮᠡᠴᠡᠯ᠎ᠤᠨ ᠲᠡᠦᠬᠡ ᠵᠢ ᠬᠠᠮᠲᠤ᠎ᠪᠠᠷ ᠡᠭᠦᠳᠦᠭᠰᠡᠨ ᠵᠡᠷᠭᠡ ᠲᠠᠯ᠎ᠠ᠎ᠪᠠᠷ ᠡᠷᠲᠡᠨ᠎ᠠᠴᠠ ᠡᠳᠦᠭᠡ ᠪᠣᠯᠲᠠᠯᠠᠬᠢ ᠡᠯ᠎ᠡ ᠦᠨᠳᠦᠰᠦᠲᠡᠨ ᠠᠭᠤᠰᠤᠯᠴᠠᠵᠤ ᠨᠢᠭᠡ ᠴᠤᠬ᠍ᠴᠠᠵᠢᠬᠰᠠᠨ ᠳᠤᠮᠳᠠᠳᠤ ᠵᠢᠨ ᠦᠨᠳᠦᠰᠦᠲᠡᠨ᠎ᠤ   ᠪᠠᠢ᠌ᠷᠢᠰᠢᠭᠤᠯᠤᠯᠲᠠ ᠵᠢ ᠥᠭᠦᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ ᠪᠦᠯᠬᠦᠮᠳᠡᠯ ᠨᠢᠭᠡᠳᠦᠯ᠂ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠠᠷᠠᠳ ᠲᠦᠮᠡᠨ᠎ᠤ ᠴᠢᠯᠥᠭᠡᠯᠡᠯᠲᠡ᠂ ᠬᠠᠮᠲᠤ ᠵᠢᠨ ᠬᠥᠭᠵᠢᠯᠲᠡ ᠵᠢ ᠪᠡᠶᠡᠯᠡᠭᠦᠯᠦᠭᠰᠡᠨ ᠠᠤᠭ᠎ᠠ ᠲᠡᠦᠬᠡ ᠵᠢ ᠥᠭᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠣᠳᠤᠷᠬᠠᠢ᠌ᠯᠠᠪᠠ᠃ ᠬᠣᠶᠠᠷ᠎ᠲᠤ᠂ 《ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢ ᠪᠠᠢ᠌ᠭᠤᠯᠤᠭᠰᠠᠨ》᠂ 《ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠣᠷᠣᠭᠤᠯᠤᠭᠰᠠᠨ》 ᠵᠡᠷᠭᠡ ᠬᠡᠷᠡᠭ᠎ᠤᠨ ᠵᠢᠱ᠌ᠢᠶ᠎ᠡ ᠵᠢᠨ ᠲᠤᠬᠠᠢ ᠥᠭᠦᠯᠡᠯᠲᠡ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠬᠠᠮᠤᠭ᠎ᠤᠨ ᠡᠷᠲᠡ ᠬᠡᠷᠡᠭᠵᠢᠭᠦᠯᠦᠭᠰᠡᠨ ᠭᠠᠵᠠᠷ ᠣᠷᠣᠨ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠪᠣᠯᠤᠭᠰᠠᠨ᠎ᠤ ᠬᠤᠪᠢ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠶᠠᠪᠤᠴᠠ᠎ᠳᠠᠬᠢ ᠠᠮᠢᠳᠤᠯᠢᠭ ᠦᠢ᠍ᠯᠡᠳᠦᠯᠭᠡ ᠵᠢ ᠢᠯᠡᠷᠡᠭᠦᠯᠪᠡ᠃ ᠭᠤᠷᠪᠠ᠎ᠳᠤ᠂ ᠤᠯᠤᠰ ᠲᠥᠷᠥ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠬᠤ᠂ ᠨᠠᠮ᠎ᠤᠨ ᠪᠠᠶ᠋ᠢᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠬᠤ᠂ ᠬᠢᠴᠢᠶᠡᠯ᠎ᠤᠨ ᠪᠠᠶ᠋ᠢᠭᠤᠯᠤᠯᠲᠠ ᠵᠢ ᠠᠬᠢᠭᠤᠯᠬᠤ᠂ ᠬᠣᠶᠠᠳᠤᠭ᠋ᠠᠷ ᠬᠢᠴᠢᠶᠡᠯ᠎ᠤᠨ ᠲᠠᠩᠬᠢᠮ᠎ᠤᠨ ᠦᠢ᠍ᠯᠡᠳᠦᠯ᠎ᠢ ᠴᠢᠩᠭ᠋ᠠᠳᠬᠠᠬᠤ᠂ ᠰᠤᠷᠭ᠋ᠠᠨ ᠬᠥᠮᠦᠵᠢᠯ᠎ᠤᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠳᠡᠭᠡᠳᠦ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠬᠥᠭᠵᠢᠭᠦᠯᠬᠦ   ᠪᠣᠳᠠᠲᠠᠶ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃






      ᠬᠠᠨ ᠿᠦᠢ ᠫᠢᠩ ᠮᠡᠳᠡᠭᠦᠯᠦᠯᠲᠡ᠎ᠳᠤ᠎ᠪᠠᠨ᠂ ᠳᠡᠭᠡᠳᠦ ᠰᠤᠷᠭ᠋ᠠᠭᠤᠯᠢ ᠵᠢᠨ ᠪᠦᠬᠦ ᠵᠠᠯᠠᠭᠤ ᠰᠤᠷᠤᠭᠴᠢ ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ᠂ ᠬᠦᠰᠡᠯ ᠡᠷᠡᠮᠡᠯᠵᠡᠯ᠎ᠲᠠᠢ ᠮᠥᠷᠲᠡᠭᠡᠨ ᠯᠠᠪᠳᠠᠭᠤᠨ ᠲᠣᠭᠲᠠᠭᠤᠨ᠂ ᠵᠣᠷᠢᠭᠲᠠᠶ ᠪᠣᠳᠣᠵᠤ ᠵᠣᠷᠢᠭᠲᠠᠶ ᠬᠢᠳᠡᠭ ᠮᠥᠷᠲᠡᠭᠡᠨ ᠴᠢᠳᠠᠮᠠᠭ᠋ᠠᠶ ᠬᠢᠵᠦ ᠴᠢᠳᠠᠮᠠᠭ᠋ᠠᠶ ᠪᠥᠲᠦᠭᠡᠳᠡᠭ᠂ ᠬᠦᠰᠡᠯᠡᠩ᠎ᠲᠠᠢ᠂ ᠵᠣᠷᠢᠭᠲᠠᠶ ᠬᠠᠷᠢᠭᠤᠴᠠᠳᠠᠭ᠂ ᠬᠠᠯᠠ ᠳᠠᠭ᠋ᠠᠭ᠋ᠠᠳᠠᠭ᠂ ᠡᠷᠡᠮᠡᠬᠡᠢ᠌ᠯᠡᠨ ᠲᠡᠮᠡᠴᠡᠳᠡᠭ ᠰᠢᠨ᠎ᠡ ᠴᠠᠭ ᠦᠶ᠎ᠡ ᠵᠢᠨ ᠰᠠᠶ᠋ᠢᠨ ᠵᠠᠯᠠᠭᠤᠴᠤᠳ ᠪᠣᠯᠬᠤ᠎ᠪᠠᠷ ᠵᠣᠷᠢᠭ ᠰᠢᠭᠤᠳᠴᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠪᠣᠳᠠᠲᠠᠶ᠂ ᠲᠥᠷᠦᠭᠳᠡᠯᠲᠡᠢ᠂ ᠪᠦᠲᠦᠮᠵᠢᠲᠡᠶ ᠬᠢᠬᠦ᠎ᠪᠠᠷ   ᠴᠢᠷᠮᠠᠢ᠌ᠨ᠂ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠥᠯᠬᠦᠮᠳᠡᠵᠦ᠂ ᠨᠡᠭᠡᠭᠡᠨ ᠤᠷᠤᠭᠰᠢᠯᠠᠵᠤ᠂ ᠦᠨᠡᠨ ᠬᠦ᠌ ᠠᠳᠬᠤᠵᠤ ᠪᠣᠳᠠᠲᠠᠶ ᠬᠢᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠣᠰᠢᠭᠤᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠳᠡᠭᠡᠳᠦ ᠰᠤᠷᠭ᠋ᠠᠭᠤᠯᠢ ᠪᠣᠯ ᠴᠢᠳᠠᠪᠤᠷᠢᠲᠠᠨ᠎ᠢ ᠬᠥᠮᠦᠵᠢᠭᠦᠯᠬᠦ ᠴᠢᠬᠤᠯᠠ ᠵᠢᠭᠰᠠᠭ᠋ᠠᠯ᠎ᠤᠨ ᠭᠠᠵᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠬᠦ ᠥᠨᠳᠥᠷᠯᠢᠭ ᠪᠣᠯᠤᠨ᠎ᠠ᠃ ᠰᠢᠨ᠎ᠡ ᠲᠡᠦᠬᠡᠨ ᠨᠥᠬᠥᠴᠡᠯ᠎ᠳᠤ ᠳᠡᠭᠡᠳᠦ ᠰᠤᠷᠭ᠋ᠠᠭᠤᠯᠢ ᠵᠢᠨ᠎ᠬᠢᠨ ᠡᠷᠬᠡᠪᠰᠢ 《ᠬᠣᠶᠠᠷ ᠶᠡᠬᠡ ᠲᠠᠯ᠎ᠠ》 ᠵᠢ ᠰᠡᠳᠬᠢᠯ᠎ᠳᠤ᠎ᠪᠠᠨ ᠪᠠᠭᠲᠠᠭ᠋ᠠᠵᠤ᠂ 《ᠬᠣᠶᠠᠷ ᠶᠡᠬᠡ ᠪᠤᠳᠤᠯᠭ᠎ᠠ》᠎ᠲᠠᠢ ᠰᠡᠳᠬᠢᠯ ᠵᠢᠷᠦᠬᠡ᠎ᠪᠠᠨ ᠬᠣᠯᠪᠤᠨ᠂ 《ᠳᠥᠷᠪᠡᠨ ᠦᠢ᠍ᠯᠡᠴᠢᠯᠡᠭᠡ》 ᠵᠢ ᠨᠠᠢ᠌ᠳᠠᠪᠤᠷᠢᠵᠢᠭᠤᠯᠤᠨ᠂ 《ᠶᠠᠮᠠᠷ ᠬᠥᠮᠦᠨ᠎ᠢ ᠬᠥᠮᠦᠵᠢᠭᠦᠯᠬᠦ᠂ ᠶᠠᠭ᠋ᠠᠬᠢᠵᠤ ᠬᠥᠮᠦᠨ᠎ᠢ ᠬᠥᠮᠦᠵᠢᠭᠦᠯᠬᠦ᠂ ᠬᠡᠨ᠎ᠤ ᠲᠥᠯᠥᠭᠡ ᠬᠥᠮᠦᠨ᠎ᠢ ᠬᠥᠮᠦᠵᠢᠭᠦᠯᠬᠦ》 ᠭᠡᠬᠦ ᠦᠨᠳᠦᠰᠦᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠬᠤ ᠴᠢᠬᠤᠯᠠ ᠶᠡᠬᠡ ᠤᠯᠤᠰ ᠲᠦᠷᠦ ᠵᠢᠨ ᠡᠭᠦᠷᠭᠡ᠂ ᠰᠤᠷᠭ᠋ᠠᠭᠤᠯᠢ ᠵᠢᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠠᠵᠢᠯ᠎ᠤᠨ ᠦᠷ᠎ᠡ ᠪᠦᠲᠦᠮᠵᠢ ᠵᠢ ᠰᠢᠯᠭ᠋ᠠᠬᠤ ᠴᠢᠬᠤᠯᠠ ᠪᠠᠷᠢᠮᠵᠢᠶ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯ᠎ᠢ ᠪᠡᠶᠡᠯᠡᠭᠦᠯᠬᠦ ᠲᠣᠭᠣᠷᠢᠨ᠎ᠳᠤ ᠢᠮᠠᠭᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠬᠦᠢ᠌ᠴᠡ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠴᠠᠭ ᠦᠶ᠎ᠡ᠎ᠲᠠᠢ ᠵᠡᠷᠭᠡᠴᠡᠨ ᠤᠷᠤᠭᠰᠢᠯᠠᠬᠤ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠤᠨ ᠰᠢᠨ᠎ᠡ ᠪᠠᠶ᠋ᠢᠳᠠᠯ᠎ᠢ ᠪᠤᠢ ᠪᠣᠯᠭ᠋ᠠᠨ᠎ᠠ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠰᠤᠷᠭ᠋ᠠᠭᠤᠯᠢ ᠵᠢᠨ ᠬᠦᠷᠢᠶᠡᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠲᠤᠰᠬᠠᠢ ᠰᠡᠳᠦᠪᠲᠦ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠣᠷᠣᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠰᠢᠨᠵᠢᠯᠡᠭᠡ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠪᠤᠭᠤᠲᠤ ᠵᠢᠨ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠨᠠᠮ᠎ᠤᠨ ᠬᠣᠷᠢᠶᠠᠨ᠎ᠤ ᠭᠤᠤᠯ ᠳᠤᠭᠤᠶ᠋ᠢᠯᠠᠩ᠎ᠤᠨ ᠲᠥᠪᠯᠡᠷᠡᠭᠦᠯᠦᠨ ᠰᠤᠷᠤᠯᠴᠠᠬᠤ ᠬᠤᠷᠠᠯ᠎ᠢ ᠬᠤᠷᠠᠯᠳᠤᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠬᠤᠷᠠᠯᠳᠤᠭᠤᠯᠪᠠ
 
             蒙ICP备05000248号