ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-01-16


      ᠣᠶ᠋ᠢᠷ᠎ᠠ᠎ᠳᠤ᠂ ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ 2022 ᠣᠨ᠎ᠤ ᠠᠷᠪᠠᠨ ᠬᠣᠶᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠬᠢᠪᠠ᠃



            ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠶᠠᠨ ᠹᠧᠩ ᠮᠢᠩ ᠬᠤᠷᠠᠯ ᠡᠷᠭᠢᠯᠡᠪᠡ


      ᠬᠠᠮᠲᠤ ᠵᠢᠨ ᠰᠤᠷᠤᠯᠴᠠᠯᠭ᠎ᠠ᠎ᠤᠨ ᠶᠠᠪᠤᠴᠠ᠎ᠳᠤ᠂ ᠣᠯᠠᠨ ᠵᠶ᠋ᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠥᠷᠥᠭᠳᠡᠯ ᠪᠠ ᠲᠥᠯᠥᠪᠯᠡᠭᠡ᠎ᠪᠠᠨ ᠶᠠᠷᠢᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠰᠡᠳᠬᠢᠮᠵᠢ ᠪᠠ ᠠᠷᠭ᠎ᠠ ᠬᠡᠮᠵᠢᠶ᠎ᠡ᠎ᠪᠠᠨ ᠲᠣᠳᠣᠷᠬᠠᠶ᠋ᠢᠯᠠᠪᠠ᠃ ᠬᠠᠮᠲᠤ ᠵᠢᠨ ᠰᠤᠷᠤᠯᠴᠠᠯᠭ᠎ᠠ ᠵᠢᠨ ᠶᠠᠪᠤᠴᠠ᠎ᠳᠤ᠂ ᠰᠤᠷᠭ᠋ᠠᠭᠤᠯᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠵᠢᠴᠢ ᠡᠯ᠎ᠡ ᠰᠠᠯᠪᠤᠷᠢ ᠵᠢᠨ ᠨᠠᠮ᠎ᠤᠨ ᠶᠡᠷᠦᠩᠬᠡᠶ ᠡᠭᠦᠷ᠎ᠤᠨ ᠱᠦᠵᠢ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠰᠡᠳᠬᠢᠮᠵᠢ ᠪᠠ ᠠᠷᠭ᠎ᠠ ᠬᠡᠮᠵᠢᠶ᠎ᠡ᠎ᠪᠠᠨ ᠲᠣᠳᠣᠷᠬᠠᠶ᠋ᠢᠯᠠᠵᠤ᠂ ᠲᠤᠰᠬᠠᠶ ᠮᠡᠷᠭᠡᠵᠢᠯ᠎ᠢ ᠭᠡᠷᠡᠴᠢᠯᠡᠬᠦ᠂ ᠴᠢᠳᠠᠪᠤᠷᠢᠲᠠᠨ᠎ᠢ ᠬᠥᠮᠦᠵᠢᠭᠦᠯᠬᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠶᠠᠭ᠋ᠠᠬᠢᠵᠤ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠦᠢ᠍ᠯᠡᠰ᠎ᠤᠨ ᠬᠥᠭᠵᠢᠯᠲᠡ ᠵᠢ ᠶᠠᠭ᠋ᠠᠬᠢᠵᠤ ᠠᠬᠢᠭᠤᠯᠬᠤ ᠲᠤᠬᠠᠶ ᠥᠪᠡᠷ ᠥᠪᠡᠷ᠎ᠤᠨ ᠲᠥᠷᠥᠭᠳᠡᠯ ᠪᠠ ᠪᠣᠳᠣᠯ ᠰᠠᠨᠠᠯ ᠵᠶ᠋ᠠᠨ ᠶᠠᠷᠢᠪᠠ᠃ ᠬᠤᠷᠠᠯ᠎ᠠᠴᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠤᠨ᠎ᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠣᠳᠠᠲᠠᠢ ᠪᠥᠭᠡᠳ ᠨᠠᠷᠢᠯᠢᠭ ᠨᠠᠶ᠋ᠢᠳᠠᠪᠤᠷᠢᠵᠢᠭᠤᠯᠵᠤ᠂ ᠨᠠᠮ᠎ᠤᠨ ᠲᠡᠷᠢᠭᠦᠨ᠎ᠤ ᠤᠨᠤᠯ᠎ᠤᠨ ᠰᠤᠷᠤᠯᠴᠠᠯᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠰᠤᠷᠤᠯᠴᠠᠨ ᠲᠤᠭᠤᠰᠢᠯᠠᠭᠤᠯᠬᠤ ᠵᠢ ᠠᠵᠢᠯ᠎ᠤᠨ ᠬᠥᠭᠵᠢᠯᠲᠡ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠶᠡᠬᠡ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠥᠮᠦᠨ᠎ᠢ ᠬᠥᠮᠦᠵᠢᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ᠎ᠤᠨ ᠲᠥᠪ ᠬᠣᠷᠢᠶᠠᠨ᠎ᠤ ᠶᠡᠬᠡ ᠳᠡᠭᠡᠳᠦ ᠰᠤᠷᠭ᠋ᠠᠭᠤᠯᠢ ᠵᠢᠨ ᠠᠵᠢᠯ᠎ᠤᠨ ᠲᠤᠬᠠᠢ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢᠨ ᠲᠣᠭᠣᠷᠢᠨ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠪᠠᠷ ᠳᠠᠮᠵᠢᠭᠤᠯᠤᠨ᠂ ᠶᠡᠬᠡ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ ᠠᠵᠢᠯ᠎ᠢ ᠠᠬᠢᠭᠤᠯᠬᠤ᠂ ᠬᠥᠮᠦᠨ᠎ᠢ ᠬᠥᠮᠦᠵᠢᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ᠂ ᠴᠢᠳᠠᠪᠤᠷᠢᠲᠠᠨ ᠬᠥᠮᠦᠵᠢᠭᠦᠯᠬᠦ ᠦᠷ᠎ᠡ ᠠᠰᠢᠭ᠎ᠢ ᠴᠢᠩᠭ᠋ᠠᠳᠬᠠᠬᠤ ᠵᠡᠷᠭᠡ ᠲᠠᠯ᠎ᠠ᠎ᠪᠠᠷ ᠰᠠᠶ᠋ᠢᠲᠤᠷ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠪᠣᠯᠪᠠᠰᠤᠷᠠᠭᠤᠯᠬᠤ ᠠᠵᠢᠯ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠠᠳᠬᠤᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠠᠯᠪᠤᠷᠢ ᠵᠢᠨ᠎ᠬᠢᠨ ᠠᠳᠠᠯᠢ ᠪᠤᠰᠤ ᠳᠠᠪᠬᠤᠷᠭ᠎ᠠ᠎ᠠᠴᠠ ᠤᠯᠠᠨ ᠶᠠᠩᠵᠤ ᠵᠢᠨ ᠬᠡᠯᠪᠡᠷᠢ᠎ᠪᠠᠷ ᠰᠤᠷᠤᠯᠴᠠᠨ ᠤᠬᠠᠭᠤᠯᠵᠤ ᠰᠤᠳᠤᠯᠤᠨ ᠶᠠᠷᠢᠯᠴᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠨᠡᠨ ᠬᠦ᠌ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠯᠡᠭᠦᠯᠦᠨ ᠰᠣᠶᠣᠭ᠋ᠠᠯᠠᠭᠤᠯᠵᠤ᠂ ᠴᠡᠴᠡᠭᠯᠡᠭᠦᠯᠦᠨ ᠵᠢᠮᠢᠰᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠲᠤᠰᠬᠠᠢ ᠰᠡᠳᠦᠪᠲᠦ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠣᠷᠣᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠰᠢᠨᠵᠢᠯᠡᠭᠡ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠪᠤᠭᠤᠲᠤ ᠵᠢᠨ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠨᠠᠮ᠎ᠤᠨ ᠬᠣᠷᠢᠶᠠᠨ᠎ᠤ ᠭᠤᠤᠯ ᠳᠤᠭᠤᠶ᠋ᠢᠯᠠᠩ᠎ᠤᠨ ᠲᠥᠪᠯᠡᠷᠡᠭᠦᠯᠦᠨ ᠰᠤᠷᠤᠯᠴᠠᠬᠤ ᠬᠤᠷᠠᠯ᠎ᠢ ᠬᠤᠷᠠᠯᠳᠤᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠬᠤᠷᠠᠯᠳᠤᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ》 ᠵᠢ ᠰᠤᠷᠭ᠋ᠠᠭᠤᠯᠢ᠎ᠳᠤ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠡᠬᠢᠯᠡᠭᠦᠯᠪᠡ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠪᠣᠷᠣᠲᠣᠬᠣᠶ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠬᠤᠷᠠᠯᠳᠤᠭᠤᠯᠪᠠ
 
             蒙ICP备05000248号